《ᠠᠢᠯ ᠰᠠᠭᠠᠬᠠᠯᠳᠠ ᠶ᠋ᠢᠨ ᠵᠢᠷᠬᠢᠶ᠎ᠠ ᠴᠤᠭᠯᠠᠷᠠᠯ ᠳ᠋ᠦ〈ᠠᠰᠠᠷ ᠤ᠋ᠨ ᠬᠤᠩᠬᠢᠯ ᠤ᠋ᠨ ᠳ᠋ᠧᠩ ᠡᠪᠳᠡᠷᠡᠴᠢᠬᠡᠭᠰᠡᠨ〉 ᠭᠡᠵᠦ ᠬᠡᠯᠡᠭᠡᠳ ᠬᠠᠭᠠᠰ ᠴᠠᠭ ᠪᠣᠯᠤᠯ ᠦᠭᠡᠢ ᠪᠡᠷ ᠵᠠᠰᠠᠪᠤᠷᠢᠴᠢᠨ ᠬᠦᠷᠴᠦ ᠢᠷᠡᠭᠡᠳ ᠵᠠᠰᠠᠴᠢᠬᠠᠨ᠎ᠠ ᠭᠡᠵᠦ ᠪᠣᠳᠣᠵᠤ ᠣᠯᠣᠭᠰᠠᠨ ᠦᠭᠡᠢ!》 ᠬᠡᠵᠤ ᠪᠤᠭᠤᠲᠤ ᠬᠤᠲᠠ ᠶ᠋ᠢᠨ ᠬᠥᠨᠳᠡᠯᠡᠨ ᠲᠣᠭᠣᠷᠢᠭ᠋ ᠤ᠋ᠨ ᠪᠦᠯᠬᠦᠮᠳᠡᠯ ᠵᠡᠭᠡᠯᠢ ᠶ᠋ᠢᠨ 21 ᠳ᠋ᠤᠭᠡᠷ ᠨᠡᠢᠭᠡᠮ ᠲᠣᠭᠣᠷᠢᠭ᠋ ᠤ᠋ᠨ ᠸᠠᠩ ᠠᠨᠢᠶ᠎ᠠ ᠰᠠᠶᠢᠬᠠᠨ ᠵᠠᠰᠠᠭᠰᠠᠨ ᠳᠠᠭᠤᠨ ᠡᠵᠡᠮᠰᠢᠯᠲᠦ ᠳ᠋ᠧᠩ ᠢ᠋ ᠵᠢᠭᠠᠵᠦ ᠢᠨᠢᠶᠡᠮᠰᠦᠭᠯᠡᠨ ᠬᠡᠯᠡᠨ᠎ᠠ᠃ ᠡᠨᠡ ᠬᠦ᠌ ᠵᠢᠵᠢᠬᠭᠡᠨ ᠬᠤᠪᠢᠷᠠᠯᠲᠠ ᠨᠢ ᠪᠦᠯᠬᠦᠮᠳᠡᠯ ᠵᠡᠭᠡᠯᠢ ᠶ᠋ᠢᠨ ᠨᠠᠮ ᠤ᠋ᠨ ᠭᠡᠰᠢᠭᠦᠨ ᠺᠠᠳ᠋ᠷ ᠤ᠋ᠨ ᠵᠠᠰᠠᠭ ᠤ᠋ᠨ ᠠᠵᠢᠯ ᠤ᠋ᠨ ᠪᠦᠲᠦᠮᠵᠢ ᠶ᠋ᠢᠨ ᠲᠤᠬᠠᠢ ᠵᠦᠪ ᠦᠵᠡᠯᠲᠡ ᠵᠢ ᠪᠤᠢ ᠪᠣᠯᠭᠠᠨ ᠦᠢᠯᠡᠳᠦᠯᠭᠡᠵᠢᠭᠦᠯᠬᠦ ᠭᠦᠨ ᠳᠠᠪᠬᠤᠷᠭ᠎ᠠ ᠶ᠋ᠢᠨ ᠯᠣᠭᠢᠭ᠋ — ᠤᠯᠠᠨ ᠲᠦᠮᠡᠨ ᠤ᠋ 《ᠪᠠᠭ᠎ᠠ ᠶᠠᠪᠤᠳᠠᠯ》 ᠢ᠋ ᠪᠤᠳᠤᠯ ᠰᠡᠳᠬᠢᠯᠬᠡᠨ ᠤ᠋ ᠪᠠᠨ 《ᠶᠡᠬᠡ ᠶᠠᠪᠤᠳᠠᠯ》 ᠪᠣᠯᠭᠠᠵᠤ᠂ ᠵᠠᠰᠠᠯᠲᠠ ᠵᠢ ᠠᠷᠠᠳ ᠤᠯᠠᠨ ᠤ᠋ ᠡᠭᠦᠳᠡᠨ ᠳ᠋ᠦ ᠦᠨᠡᠨ ᠬᠦ᠌ ᠬᠦᠷᠭᠡᠭᠰᠡᠨ ᠢ᠋ ᠬᠠᠷᠠᠭᠤᠯᠵᠤ ᠪᠠᠢᠨ᠎ᠠ᠃
ᠡᠨᠡ ᠵᠢᠯ ᠤ᠋ᠨ ᠨᠢᠭᠡᠨ ᠤᠳᠠᠭ᠎ᠠ ᠵᠢᠨ ᠲᠤᠰᠬᠠᠢ ᠰᠡᠳᠦᠪᠲᠦ ᠰᠤᠷᠤᠯᠴᠠᠯᠭ᠎ᠠ ᠶ᠋ᠢᠨ ᠬᠤᠷᠠᠯ ᠳᠡᠭᠡᠷ᠎ᠡ᠂ ᠪᠦᠯᠬᠦᠮᠳᠡᠯ ᠵᠡᠭᠡᠯᠢ ᠶ᠋ᠢᠨ ᠨᠠᠮ ᠤ᠋ᠨ ᠠᠵᠢᠯᠯᠠᠬᠤ ᠬᠤᠷᠢᠶᠠᠵᠢᠨ ᠬᠢᠨᠨᠠᠮ ᠤ᠋ᠨ ᠭᠡᠰᠢᠭᠦᠨ ᠺᠠᠳ᠋ᠷᠴᠤᠳᠵᠢᠡᠨ ᠵᠣᠬᠢᠶᠠᠨ ᠪᠠᠢᠭᠤᠯᠵᠤ 《ᠵᠢᠩᠬᠢᠨᠢ ᠵᠠᠰᠠᠭ ᠤ᠋ᠨ ᠠᠵᠢᠯ ᠤ᠋ᠨ ᠪᠦᠲᠦᠮᠵᠢ ᠭᠡᠵᠤ ᠶᠠᠭᠤ ᠪᠤᠢ》 ᠭᠡᠬᠦ ᠠᠰᠠᠭᠤᠳᠠᠯᠤᠨ ᠲᠣᠭᠣᠷᠢᠨ ᠳ᠋ᠦ ᠶᠠᠷᠢᠯᠴᠠᠭ᠎ᠠ ᠥᠷᠨᠢᠭᠦᠯᠪᠡ᠃ ᠣᠯᠠᠨ ᠢ᠋ᠶ᠋ᠠᠷ ᠢ᠋ᠶ᠋ᠠᠨ᠂ ᠵᠠᠰᠠᠭ ᠤ᠋ᠨ ᠠᠵᠢᠯ ᠤ᠋ᠨ ᠪᠦᠲᠦᠮᠵᠢ ᠨᠢ ᠬᠡᠯᠪᠡᠷᠢ ᠵᠢ ᠬᠦᠬᠡᠬᠡᠴᠡᠯᠳᠦᠭᠰᠡᠨ 《ᠦᠩᠬᠡᠪᠴᠢ ᠠᠵᠢᠯ》 ᠳ᠋ᠥ ᠪᠠᠢᠬᠤ ᠪᠢᠰᠢ᠂ ᠬᠠᠷᠢᠨ ᠠᠰᠠᠷ ᠤ᠋ᠨ ᠬᠣᠩᠭᠢᠯ ᠤ᠋ᠨ ᠳ᠋ᠧᠩ ᠤ᠋ᠨ ᠬᠡᠷᠡᠯᠳᠦᠬᠦᠯᠬᠡ᠂ ᠰᠠᠭᠤᠭᠠᠯᠢ ᠠᠷᠠᠳ ᠤ᠋ᠨ ᠪᠠᠶᠠᠰᠤᠩᠭᠤᠢ ᠢᠨᠢᠶᠡᠮᠰᠦᠭᠯᠡᠯ ᠳ᠋ᠦ ᠪᠠᠢᠳᠠᠭ ᠭᠡᠵᠦ ᠰᠠᠨᠠᠯ ᠨᠢᠭᠡᠳᠡᠢ ᠦᠵᠡᠵᠡᠭᠡᠵᠡᠢ᠃ ᠬᠠᠮᠲᠤ ᠶ᠋ᠢᠨ ᠲᠠᠨᠢᠯᠲᠠ ᠳᠣᠣᠷ᠎ᠠ᠂ ᠨᠠᠮ ᠤ᠋ᠨ ᠠᠵᠢᠯᠯᠠᠬᠤ ᠬᠤᠷᠢᠶᠠᠵᠢᠨ ᠬᠠᠷᠢᠭᠤᠴᠠᠯᠭᠠᠲᠠᠨ ᠲᠦᠷᠦᠭᠦᠯᠡᠨ ᠠᠵᠢᠯᠯᠠᠬᠤ ᠬᠤᠷᠢᠶᠠᠵᠢᠨ ᠢ᠋ᠶ᠋ᠡᠨ 21 ᠨᠡᠢᠭᠡᠮ ᠲᠣᠭᠣᠷᠢᠭ ᠲᠦ᠍ ᠭᠦᠨᠵᠡᠭᠡᠢᠷᠡᠨ 《ᠲᠣᠭᠣᠷᠢᠨ ᠣᠨᠣᠰᠢᠯᠠᠵᠤ》 ᠪᠠᠢᠴᠠᠭᠠᠨ ᠰᠤᠳᠤᠯᠤᠯᠲᠠ ᠬᠢᠵᠦ᠂ ᠬᠠᠭᠤᠴᠢᠨ ᠰᠠᠭᠤᠭᠠᠯᠢ ᠠᠷᠠᠳ ᠤ᠋ᠨ ᠲᠣᠭᠣᠷᠢᠭ ᠲᠦ᠍ 《ᠠᠳᠠᠯ ᠠᠬᠤᠢ ᠶ᠋ᠢᠨ ᠬᠢᠨ ᠬᠤᠢᠷᠭᠤᠰᠢᠬᠤ᠂ ᠴᠠᠭ ᠲᠤᠬᠠᠢ ᠳ᠋ᠤᠨᠢ ᠪᠡᠶᠡᠯᠡᠬᠦᠯᠬᠦ ᠦᠭᠡᠢ᠂ ᠪᠠᠭ᠎ᠠ ᠶᠠᠪᠤᠳᠠᠯ ᠢ᠋ ᠤᠳᠠᠭᠠᠰᠢᠷᠠᠭᠤᠯᠵᠤ ᠪᠤᠬᠢᠨᠢᠳᠤᠯ ᠪᠤᠯᠭᠠᠬᠤ》 ᠭᠡᠬᠦ ᠮᠠᠳᠤᠵᠢᠨ ᠲᠦᠪᠡᠭ ᠶᠠᠪᠤᠳᠠᠯ ᠨᠡᠢᠳᠡᠮ ᠤᠷᠤᠰᠢᠵᠦ᠂ ᠠᠰᠠᠭᠤᠳᠠᠯ ᠤ᠋ᠨ ᠵᠠᠩᠭᠢᠯᠠᠭ᠎ᠠ ᠨᠢ ᠤᠯᠠᠮᠵᠢᠯᠠᠯᠲᠤ ᠨᠡᠢᠭᠡᠮ ᠲᠣᠭᠣᠷᠢᠭ᠋ ᠤ᠋ᠨ ᠲᠣᠮᠣ᠌ ᠲᠣᠣᠷᠵᠢᠯ ᠤ᠋ᠨ ᠪᠦᠷᠬᠦᠴᠡ ᠨᠠᠷᠢᠯᠢᠭ ᠪᠤᠰᠤ᠂ ᠲᠤᠰᠬᠠᠯ ᠤᠳᠠᠭᠠᠨ ᠪᠠᠢᠬᠤ ᠳ᠋ᠦ ᠣᠷᠣᠰᠢᠵᠦ ᠪᠠᠢᠬᠤ ᠵᠢ ᠤᠬᠠᠵᠠᠢ᠃
ᠠᠰᠠᠭᠤᠳᠠᠯ ᠢ᠋ ᠰᠢᠢᠳᠪᠦᠷᠢᠯᠡᠬᠦ ᠨᠢ ᠬᠠᠮᠢᠶᠠᠷᠤᠯᠳᠠ ᠵᠢ ᠳᠠᠬᠢᠨ ᠰᠢᠯᠢᠳᠡᠭᠵᠢᠬᠦᠯᠵᠦ ᠨᠠᠷᠢᠯᠢᠭᠵᠢᠭᠤᠯᠬᠤᠡᠴᠡ ᠡᠬᠢᠯᠡᠳᠡᠭ᠃ ᠵᠡᠭᠡᠯᠢ ᠭᠤᠳᠤᠮᠵᠢ ᠶ᠋ᠢᠨ ᠬᠢᠨ ᠵᠠᠰᠠᠯᠳᠠ ᠬᠢᠬᠦ ᠳ᠋ᠡᠭᠡᠨ ᠬᠡᠪᠰᠢᠯ ᠢ᠋ ᠡᠪᠳᠡᠨ᠂ ᠵᠠᠰᠠᠯᠲᠠ ᠶ᠋ᠢᠨ ᠭᠣᠣᠯᠳᠠᠯᠭ᠎ᠠ ᠪᠠᠨ ᠨᠠᠷᠢᠯᠢᠭᠵᠢᠭᠤᠯᠤᠨ ᠠᠰᠠᠷ ᠤ᠋ᠨ ᠤᠷᠤᠴᠠ ᠬᠦᠷᠳᠡᠯ᠎ᠠ ᠨᠠᠢᠳᠠᠪᠤᠷᠢᠵᠢᠭᠤᠯᠵᠤ᠂ 《ᠲᠡᠷᠢᠬᠦᠨ ᠬᠠᠮᠢᠶᠠᠷᠤᠭᠴᠢ + ᠲᠤᠰᠬᠠᠢ ᠬᠠᠮᠢᠶᠠᠷᠤᠭᠴᠢ + ᠰᠠᠢᠨ ᠳᠤᠷᠠᠴᠤᠳ》 ᠤ᠋ᠨ ᠭᠤᠷᠪᠠᠨ ᠱᠠᠲᠤ ᠬᠣᠯᠪᠤᠭᠠᠯᠠᠨ ᠬᠥᠳᠡᠯᠦᠯᠴᠡᠭᠰᠡᠨ 《ᠪᠢᠴᠢᠯ ᠲᠤᠤᠷᠵᠢᠯ ᠤ᠋ᠨ ᠬᠠᠮᠢᠶᠠᠷᠤᠭ᠍ᠴᠢ ᠵᠢᠨ ᠪᠦᠯᠬᠦᠮ》 ᠢ᠋ ᠵᠣᠬᠢᠶᠠᠨ ᠪᠠᠢᠭᠤᠯᠵᠤ᠂ 《ᠨᠢᠭᠡ ᠬᠡᠰᠡᠭ ᠲᠦ᠍ ᠨᠢᠭᠡ ᠪᠦᠯᠬᠦᠮ ᠨᠡᠶ᠋ᠢᠲᠡ ᠨᠢᠭᠡ ᠠᠰᠠᠷ ᠲᠦ᠍ ᠨᠢᠭᠡ ᠬᠠᠮᠢᠶᠠᠷᠤᠭ᠍ᠴᠢ》 ᠵᠢᠨ ᠨᠠᠷᠢᠯᠢᠭ᠍ᠵᠢᠭᠤᠯᠤᠭᠰᠠᠨ ᠰᠢᠰᠲᠧᠮ ᠢ᠋ ᠪᠠᠢᠭᠤᠯᠵᠠᠢ᠃ ᠣᠳᠣᠬᠠᠨ ᠳ᠋ᠦ ᠲᠣᠰ ᠵᠠᠭᠪᠤᠷ ᠨᠢ ᠨᠢᠭᠡᠨᠲᠡ 6 ᠨᠡᠢᠭᠡᠮ ᠲᠣᠭᠣᠷᠢᠭ᠋ ᠢ᠋ ᠬᠠᠮᠤᠷᠴᠤ᠂ 20 ᠨᠠᠮ ᠤ᠋ᠨ ᠡᠭᠦᠷ ᠨᠢ ᠣᠷᠣᠨ ᠪᠦᠰᠡ ᠬᠤᠪᠢᠶᠠᠨ 91 ᠬᠠᠮᠢᠶᠠᠷᠤᠭ᠍ᠴᠢ ᠶ᠋ᠢᠨ ᠪᠦᠯᠬᠦᠮ ᠭᠠᠷᠭᠠᠪᠠ᠂ ᠡᠭᠦᠨ ᠳ᠋ᠦ 60% ᠭᠠᠷᠤᠢ ᠶ᠋ᠢᠨ ᠬᠠᠮᠢᠶᠠᠷᠤᠭ᠍ᠴᠢ ᠨᠢ ᠨᠠᠮ ᠤ᠋ᠨ ᠭᠡᠰᠢᠭᠦᠨ ᠪᠤᠶᠤ ᠴᠡᠷᠢᠭ ᠤ᠋ᠨ ᠠᠯᠪᠠ ᠡᠴᠡ ᠬᠠᠯᠠᠭᠳᠠᠭᠰᠠᠳ ᠪᠣᠯᠣᠨ᠎ᠠ᠃ ᠵᠡᠭᠡᠯᠢ ᠭᠤᠳᠤᠮᠵᠢ ᠶ᠋ᠢᠨ ᠨᠠᠮ ᠤ᠋ᠨ ᠠᠵᠢᠯᠯᠠᠬᠤ ᠬᠤᠷᠢᠶ᠎ᠠ᠄ 《ᠵᠠᠰᠠᠭ ᠤ᠋ᠨ ᠠᠵᠢᠯ ᠤ᠋ᠨ ᠪᠦᠳᠦᠮᠵᠢ ᠵᠢ ᠣᠯᠠᠨ ᠲᠦᠮᠡᠨ ᠤ᠋ ᠡᠭᠦᠳᠡᠨ ᠳᠡᠭᠡᠷ᠎ᠡ ᠪᠢᠴᠢᠭᠯᠡᠵᠦ᠂ ᠠᠷᠠᠳ ᠣᠯᠠᠨ ᠤ᠋ ᠰᠡᠳᠬᠢᠯ ᠳ᠋ᠦ ᠬᠠᠳᠠᠩᠰᠢᠭᠤᠯᠤᠨ᠎ᠠ》 ᠬᠡᠵᠦ ᠲᠤᠳᠤᠷᠬᠠᠢ ᠲᠤᠷᠠᠳᠴᠠᠢ᠃
《ᠨᠢᠭᠡ ᠠᠰᠠᠷ ᠤ᠋ᠨ ᠤᠴᠢᠷ ᠪᠣᠯ ᠥᠪᠡᠷ ᠤ᠋ᠨ ᠭᠡᠷ ᠤ᠋ᠨ ᠶᠠᠪᠤᠳᠠᠯ!》 ᠪᠦᠯᠬᠦᠮᠳᠡᠯ ᠲᠤᠭᠤᠷᠢᠭ ᠤ᠋ᠨ ᠬᠦᠬᠡ 16 ᠳ᠋ᠤᠭᠠᠷ ᠨᠡᠢᠭᠡᠮ ᠲᠣᠭᠣᠷᠢᠭ᠋ ᠤ᠋ᠨ ᠲᠡᠷᠢᠭᠦᠨ ᠬᠠᠮᠢᠶᠠᠷᠤᠭ᠍ᠴᠢ᠂ 74 ᠨᠠᠰᠤᠲᠠᠢ ᠠᠬᠠᠮᠠᠳ ᠨᠠᠮ ᠤ᠋ᠨ ᠭᠡᠰᠢᠭᠦᠨ ᠵᠠᠩ ᠭᠤᠧᠠᠢ ᠡᠨᠡ ᠦᠭᠡ ᠵᠢ ᠦᠷᠭᠦᠯᠵᠢ ᠶᠠᠷᠢᠳᠠᠭ᠃ ᠭᠠᠷᠠᠭ ᠤ᠋ᠨ ᠬᠣᠶᠠᠷ ᠤ᠋ᠨ ᠦᠳᠡ ᠶ᠋ᠢᠨ ᠬᠣᠢᠨ᠎ᠠ᠂ ᠲᠡᠷᠡ ᠵᠤᠷᠰᠢᠯ ᠶᠣᠰᠣᠭᠠᠷ ᠠᠷᠠᠳ ᠤ᠋ᠨ ᠪᠠᠢᠳᠠᠯ ᠤ᠋ᠨ ᠡᠳᠦᠷ ᠤ᠋ᠨ ᠲᠡᠮᠳᠡᠭᠯᠡᠯ ᠢ᠋ᠶ᠋ᠡᠨ ᠠᠪᠴᠤ ᠲᠤᠭᠤᠷᠢᠨ ᠦᠵᠡᠯ᠎ᠠ᠃ 2 ᠳ᠋ᠤᠭᠠᠷ ᠤᠷᠤᠴᠠ ᠶ᠋ᠢᠨ ᠯᠢ ᠨᠠᠰᠤᠲᠠᠨ ᠶᠠᠪᠤᠵᠤ ᠰᠠᠭᠤᠬᠤᠳᠤ ᠳᠥᠭᠥᠮ ᠦᠭᠡᠢ ᠡᠴᠡ ᠪᠣᠯᠵᠤ᠂ ᠨᠠᠰᠤᠵᠢᠯ ᠤ᠋ᠨ ᠠᠰᠠᠷᠠᠮᠵᠢ ᠶ᠋ᠢᠨ ᠭᠡᠷᠡᠴᠢᠯᠡᠯ ᠢ᠋ᠶ᠋ᠡᠨ ᠤᠳᠠᠲᠠᠯ᠎ᠠ ᠬᠢᠭᠡᠳᠤᠢ ᠪᠠᠢᠬᠤ ᠵᠢ ᠣᠯᠵᠤ ᠮᠡᠳᠡᠭᠡᠳ ᠵᠠᠩ ᠭᠤᠧᠠᠢ ᠲᠡᠷᠡ ᠳᠣᠣᠷ᠎ᠠ ᠨᠢ ᠬᠠᠪᠰᠤᠷᠤᠨ ᠭᠦᠢᠴᠡᠳᠬᠡᠪᠡ᠃ 《ᠪᠢᠴᠢᠯ ᠲᠤᠤᠷᠵᠢᠯ ᠤ᠋ᠨ ᠬᠠᠮᠢᠶᠠᠷᠤᠭ᠍ᠴᠢ》 ᠪᠦᠬᠦᠨ ᠠᠯᠪᠠᠨ ᠭᠡᠷ ᠲᠡᠬᠡᠨ ᠰᠠᠭᠤᠳᠠᠭ ᠦᠭᠡᠢ᠂ ᠭᠠᠷᠠᠭ ᠪᠦᠷᠢ ᠠᠳᠠᠭ ᠲᠠᠭᠠᠨ 2 ᠤᠳᠠᠭ᠎ᠠ ᠠᠢᠯ ᠡᠷᠦᠬᠡᠪᠡᠷ ᠶᠠᠪᠤᠵᠤ᠂ ᠭᠡᠮ ᠰᠤᠭᠤᠭ ᠢ᠋ ᠵᠢᠭ᠍ᠰᠠᠭᠠᠨ ᠪᠠᠢᠴᠠᠭᠠᠵᠤ᠂ ᠵᠦᠷᠢᠴᠡᠯ ᠵᠠᠭᠤᠷᠠᠯᠳᠤᠭᠠᠨ ᠢ᠋ ᠡᠶᠡᠳᠡᠭᠦᠯᠦᠨ᠂ ᠲᠥᠷᠥ ᠶ᠋ᠢᠨ ᠪᠣᠳᠣᠯᠭ᠎ᠠ ᠵᠢ ᠳᠠᠮᠵᠢᠭᠤᠯᠵᠤ᠂ ᠠᠵᠢᠯ ᠶᠠᠪᠤᠳᠠᠯ ᠢ᠋ ᠬᠠᠪᠰᠤᠷᠤᠨ ᠭᠦᠢᠴᠡᠳᠬᠡᠨ᠎ᠠ᠃ ᠵᠡᠭᠡᠯᠢ ᠭᠤᠳᠤᠮᠵᠢ ᠶ᠋ᠢᠨ ᠨᠠᠮ ᠤ᠋ᠨ ᠠᠵᠢᠯᠯᠠᠬᠤ ᠬᠤᠷᠢᠶᠠᠵᠢᠨ ᠬᠢᠨ 《ᠡᠭᠦᠳᠡ ᠪᠡᠨ ᠨᠡᠭᠡᠭᠡᠵᠦ ᠬᠥᠮᠦᠵᠢᠯ ᠬᠢᠬᠦ》 ᠵᠢ ᠢᠮᠠᠭᠲᠠ ᠲᠤᠭᠤᠰᠢᠯᠠᠭᠤᠯᠤᠨ᠂ 《ᠺᠣᠳ᠋ ᠢ᠋ᠶ᠋ᠡᠷ ᠨᠡᠪᠳᠡᠷᠡᠬᠦ》 ᠵᠢᠵᠢᠭ ᠫᠷᠣᠭ᠌ᠷᠠᠮ ᠭᠠᠷᠭᠠᠵᠤ᠂ ᠰᠠᠭᠤᠭᠠᠯᠢ ᠠᠷᠠᠳ ᠦᠢᠯᠡᠴᠢᠯᠡᠭᠡ ᠳ᠋ᠦ ᠴᠠᠭ ᠢᠮᠠᠭᠲᠠ ᠰᠠᠨᠠᠯ ᠳᠤᠷᠠᠳᠴᠤ᠂ ᠬᠠᠨᠤᠮᠵᠢ ᠶ᠋ᠢᠨ ᠬᠡᠮᠵᠢᠶ᠎ᠡ ᠨᠢ ᠢᠯᠡᠳᠲᠡ ᠳᠡᠭᠡᠭᠰᠢᠯᠡᠵᠡᠢ᠃
ᠵᠠᠰᠠᠯᠳᠠ ᠨᠢ ᠠᠷᠠᠳ ᠲᠦ᠍ ᠬᠠᠨᠤᠮᠵᠢᠳᠠᠢ ᠪᠠᠢᠵᠤ᠂ ᠵᠥᠪᠯᠡᠯᠬᠡ ᠨᠢ ᠣᠯᠠᠨ ᠲᠦᠮᠡᠨ ᠲᠠᠢ ᠣᠢᠷᠠᠳᠴᠠᠢ᠃ ᠰᠠᠷ᠎ᠠ ᠪᠦᠷᠢ ᠶ᠋ᠢᠨ 15 ᠤ᠋ ᠡᠳᠦᠷ ᠪᠣᠯ ᠵᠡᠭᠡᠯᠢ ᠭᠤᠳᠤᠮᠵᠢ ᠶ᠋ᠢᠨ 《ᠬᠠᠮᠢᠶᠠᠷᠤᠭ᠍ᠴᠢᠳ ᠤ᠋ᠨ ᠶᠠᠷᠢᠯᠴᠠᠬᠤ ᠡᠳᠦᠷ》 ᠪᠣᠯᠣᠨ᠎ᠠ᠃ ᠬᠤᠷᠠᠯ ᠤ᠋ᠨ ᠭᠡᠷ ᠭᠡᠵᠦ ᠪᠠᠢᠳᠠᠭ ᠦᠬᠡᠢ᠂ ᠠᠰᠠᠷ ᠤ᠋ᠨ ᠬᠤᠭᠤᠷᠤᠨᠳᠤᠬᠢ ᠳᠥᠷᠪᠡᠯᠵᠢᠨ ᠰᠢᠷᠡᠭᠡ᠂ ᠰᠠᠭᠤᠭᠠᠯᠢ ᠲᠣᠭᠣᠷᠢᠭ᠋ ᠤ᠋ᠨ ᠰᠠᠷᠠᠪᠴᠢ ᠶ᠋ᠢᠨ ᠴᠢᠯᠠᠭᠤᠨ ᠰᠠᠨᠳᠠᠯᠢ ᠪᠣᠯ ᠣᠯᠠᠨ ᠲᠦᠮᠡᠨ ᠲᠠᠢ ᠬᠠᠮᠤᠭ ᠤ᠋ᠨ ᠣᠢᠷᠠᠲᠤᠭᠰᠠᠨ ᠬᠡᠷᠡᠭ ᠵᠥᠪᠯᠡᠬᠦ ᠭᠠᠵᠠᠷ᠃ ᠦᠳᠡ ᠶ᠋ᠢᠨ ᠬᠣᠢᠨᠠᠬᠢ 3 ᠴᠠᠭ ᠲᠦ᠍᠂ ᠨᠠᠮ ᠤ᠋ᠨ ᠡᠭᠦᠷ ᠲᠦᠷᠦᠭᠦᠯᠡᠨ᠂ ᠰᠠᠭᠤᠭᠠᠯᠢ ᠠᠷᠠᠳ ᠨᠠᠷ ᠬᠦᠷᠢᠶᠡᠯᠡᠨ ᠰᠠᠭᠤᠵᠤ᠂ ᠴᠠᠢ ᠤᠤᠭᠤᠬᠤ ᠶ᠋ᠢᠨ ᠳᠠᠭᠠᠤ ᠬᠦᠰᠡᠯ ᠱᠠᠭᠠᠷᠳᠠᠯᠭ᠎ᠠ ᠪᠠᠨ ᠳᠤᠷᠠᠳᠴᠤ᠂ ᠠᠷᠭ᠎ᠠ ᠪᠣᠳᠣᠯᠭ᠎ᠠ ᠪᠠᠨ ᠵᠥᠪᠳᠡᠯᠴᠡᠨᠠ᠃ ᠪᠦᠯᠬᠦᠮᠳᠡᠯ 17 ᠳ᠋ᠤᠭᠠᠷ ᠨᠡᠢᠭᠡᠮ ᠲᠣᠭᠣᠷᠢᠭ᠋ ᠤ᠋ᠨ ᠬᠣᠭ ᠨᠣᠪᠰᠢ ᠶ᠋ᠢᠨ ᠲᠦᠩᠰᠡ ᠵᠢ ᠲᠠᠯᠪᠢᠭ᠍ᠰᠠᠨ ᠨᠢ ᠵᠦᠢ ᠵᠣᠬᠢᠰ ᠦᠭᠡᠢ ᠡᠴᠡ ᠪᠣᠯᠵᠤ ᠵᠣᠨ ᠪᠣᠯᠣᠭᠰᠠᠭᠠᠷ ᠦᠮᠡᠬᠡᠢ ᠦᠨᠦᠷ ᠬᠠᠮᠠᠷ ᠴᠣᠷᠭᠢᠵᠤ᠂ ᠰᠠᠭᠤᠭᠠᠯᠢ ᠠᠷᠠᠳ ᠰᠠᠨᠠᠯ ᠭᠠᠷᠴᠤ ᠡᠬᠢᠯᠡᠵᠡᠢ᠃ ᠵᠦᠪᠯᠡᠬᠦ ᠬᠤᠷᠠᠯ ᠳᠡᠭᠡᠷ᠎ᠡ᠂ ᠣᠯᠠᠨ ᠢ᠋ᠶ᠋ᠠᠷ ᠢ᠋ᠶ᠋ᠠᠨ ᠲᠤᠭᠤᠰᠢᠳᠠᠢ ᠶᠠᠷᠢᠯᠴᠠᠨ᠂ ᠠᠷᠠᠳᠴᠢᠯᠠᠯ ᠢ᠋ᠶ᠋ᠠᠷ ᠵᠥᠪᠳᠡᠯᠴᠡᠵᠦ᠂ ᠡᠴᠦᠰ ᠲᠡᠬᠡᠨ ᠪᠢᠯᠧᠲ ᠥᠭᠴᠦ ᠲᠥᠰᠥᠯ ᠲᠣᠭᠲᠠᠭᠠᠨ᠂ ᠬᠣᠭ ᠨᠣᠪᠰᠢ ᠶ᠋ᠢᠨ ᠲᠦᠩᠰᠡ ᠵᠢ 30 ᠮᠧᠲᠷ ᠤ᠋ᠨ ᠭᠠᠳᠠᠨᠠᠬᠢ ᠨᠣᠭᠣᠭᠠᠷᠠᠭᠤᠯᠤᠯᠲᠠ ᠶ᠋ᠢᠨ ᠪᠦᠰᠡ ᠳ᠋ᠦ ᠰᠢᠯᠵᠢᠭᠦᠯᠬᠦ ᠶ᠋ᠢᠨ ᠬᠠᠮᠲᠤ ᠬᠠᠪᠬᠠᠭᠠᠰᠤ ᠲᠠᠢ ᠲᠦᠩᠰᠡ ᠪᠣᠯᠭᠠᠨ ᠨᠢᠭᠡᠳᠦᠯᠲᠡᠢ ᠲᠠᠰ ᠳᠡᠪᠰᠢᠭᠦᠯᠪᠡ᠃ ᠬᠦᠰᠡᠯ ᠱᠠᠭᠠᠷᠳᠠᠯᠭ᠎ᠠ ᠵᠢ ᠳᠤᠷᠠᠳᠤᠭᠰᠠᠨ ᠡᠴᠡ ᠴᠡᠭᠴᠡᠯᠡᠨ ᠰᠠᠢᠵᠢᠷᠠᠭᠤᠯᠬᠤ ᠵᠢ ᠨᠠᠢᠳᠠᠪᠤᠷᠢᠵᠢᠭᠤᠯᠬᠤ ᠬᠦᠷᠲᠡᠯ᠎ᠡ ᠭᠤᠷᠪᠠᠬᠠᠨ ᠡᠳᠦᠷ ᠬᠡᠷᠡᠭᠰᠡᠪᠡ᠃ ᠥᠩᠭᠡᠷᠡᠭᠰᠡᠨ ᠳ᠋ᠦ ᠨᠢᠭᠡ ᠤᠷᠤᠴᠠᠨ ᠳ᠋ᠦ ᠰᠠᠭᠤᠵᠤ ᠪᠠᠢᠭᠰᠠᠨ ᠪᠣᠯᠪᠠᠴᠤ ᠲᠡᠮᠡᠢ ᠬᠠᠷᠢᠯᠴᠠᠵᠦ ᠶᠠᠪᠤᠯᠴᠠᠳᠠᠭ ᠦᠬᠡᠢ ᠬᠥᠷᠰᠢ ᠵᠡᠷᠭᠡᠯᠡᠳᠡᠭᠡ ᠶ᠋ᠢᠨ ᠬᠢᠨ ᠤᠳᠤ ᠵᠦᠪᠯᠡᠬᠦ ᠬᠤᠷᠠᠯ ᠳᠡᠭᠡᠷ᠎ᠡ ᠶᠠᠷᠢᠯᠴᠠᠨ ᠰᠤᠯᠢᠯᠴᠠᠵᠦ᠂ ᠬᠠᠷᠢᠯᠴᠠᠨ ᠠᠷᠭ᠎ᠠ ᠤᠬᠠᠭᠠᠨ ᠭᠠᠷᠭᠠᠵᠤ᠂ ᠬᠥᠷᠰᠢ ᠵᠡᠷᠭᠡᠯᠡᠳᠡᠭᠡ ᠶ᠋ᠢᠨ ᠬᠠᠷᠢᠯᠴᠠᠭ᠎ᠠ ᠤᠯᠠᠮ ᠨᠢᠭᠳᠠᠷᠠᠨ᠂ ᠨᠡᠢᠭᠡᠮ ᠲᠣᠭᠣᠷᠢᠭ᠋ ᠤ᠋ᠨ ᠠᠭᠤᠷ ᠠᠮᠢᠰᠬᠤᠯ ᠡᠪ ᠪᠦᠯᠬᠦᠮᠳᠡᠯ ᠲᠠᠢ ᠪᠤᠯᠵᠠᠢ᠃
ᠵᠡᠭᠡᠯᠢ ᠭᠤᠳᠤᠮᠵᠢ ᠶ᠋ᠢᠨ ᠨᠠᠮ ᠤ᠋ᠨ ᠠᠵᠢᠯᠯᠠᠬᠤ ᠬᠤᠷᠢᠶᠠᠵᠢᠨ ᠬᠢᠨ ᠦᠩᠬᠡᠨ ᠳᠠᠯ᠎ᠠ ᠶ᠋ᠢᠨ ᠠᠵᠢᠯ ᠬᠢᠬᠦ ᠦᠭᠡᠢ᠂ ᠬᠠᠷᠢᠨ 《ᠬᠤᠪᠢ ᠬᠤᠷᠠᠮᠳᠤᠭᠤᠯᠵᠤ ᠤᠷᠮᠠᠰᠢᠭᠤᠯᠬᠤ + ᠰᠢᠯᠢᠳᠡᠭ ᠪᠠ ᠲᠡᠷᠢᠭᠦᠨ ᠤ᠋ ᠬᠢ ᠵᠢ ᠰᠢᠯᠭᠠᠷᠠᠭᠤᠯᠬᠤ》 ᠲᠣᠭᠲᠠᠴᠠ ᠵᠢ ᠪᠠᠢᠭᠤᠯᠵᠤ᠂ ᠦᠨᠡᠯᠡᠨ ᠲᠣᠭᠲᠠᠭᠠᠬᠤ ᠡᠷᠬᠡ ᠵᠢ ᠣᠯᠠᠨ ᠲᠦᠮᠡᠨ ᠳ᠋ᠦ ᠲᠤᠰᠢᠶᠠᠪᠠ᠃ ᠨᠡᠢᠭᠡᠮ ᠲᠣᠭᠣᠷᠢᠭ᠋ ᠨᠢᠭᠡᠪᠦᠷᠢ ᠵᠢᠯ ᠪᠦᠷᠢ 2 ᠲᠦᠮᠡᠨ ᠲᠥᠭᠥᠷᠢᠭ ᠡᠴᠡ ᠳᠡᠭᠡᠭᠰᠢᠬᠢ ᠲᠤᠰᠬᠠᠢ ᠵᠠᠷᠤᠳᠠᠯ ᠭᠠᠷᠭᠠᠨ ᠬᠤᠪᠢ ᠬᠤᠷᠠᠮᠳᠤᠭᠤᠯᠭ᠎ᠠ ᠵᠢ ᠰᠣᠯᠢᠬᠤ ᠳ᠋ᠦ ᠬᠡᠷᠡᠭᠯᠡᠵᠦ᠂ ᠵᠢᠯ ᠪᠦᠷᠢ 《ᠠᠯᠲᠠᠨ ᠮᠧᠳᠠᠯᠳᠦ ᠬᠠᠮᠢᠶᠠᠷᠤᠭ᠍ᠴᠢ》᠂ 《ᠣᠳᠣᠨ ᠨᠠᠮ ᠤ᠋ᠨ ᠳᠤᠭᠤᠢᠯᠠᠩ》 ᠢ᠋ ᠰᠢᠯᠭᠠᠷᠠᠭᠤᠯᠤᠨ᠂ ᠢᠷᠠᠭᠤ ᠠᠯᠳᠠᠷ ᠤ᠋ᠨ ᠰᠠᠮᠪᠠᠷ᠎ᠠ ᠵᠢ ᠠᠰᠠᠷ ᠲᠦ᠍ ᠨᠠᠭᠠᠵᠤ᠂ ᠬᠡᠨ ᠰᠠᠢᠨ ᠠᠵᠢᠯᠯᠠᠵᠦ ᠪᠠᠢᠭ᠎ᠠ ᠵᠢ ᠬᠥᠷᠰᠢ ᠵᠡᠷᠭᠡᠯᠡᠳᠡᠭᠡ ᠶ᠋ᠢᠨ ᠬᠢᠨ ᠬᠠᠷᠠᠮᠠᠭᠴᠠ ᠲᠣᠪ ᠲᠣᠳᠣᠷᠬᠠᠢ ᠮᠡᠳᠡᠵᠦ ᠪᠠᠢᠳᠠᠭ᠃ ᠢᠳᠡᠪᠬᠢᠳᠡᠢ ᠤᠷᠮᠠᠰᠢᠭᠤᠯᠤᠯ ᠳᠣᠣᠷ᠎ᠠ ᠤᠯᠠᠮ ᠡᠴᠡ ᠤᠯᠠᠨ ᠰᠠᠭᠤᠭᠠᠯᠢ ᠠᠷᠠᠳ 《ᠬᠥᠨᠳᠡᠯᠡᠨ ᠡᠴᠡ ᠬᠠᠷᠠᠭ᠍ᠴᠢ》 ᠪᠠᠢᠭᠰᠠᠨ ᠡᠴᠡ ᠪᠠᠨ 《ᠣᠷᠣᠯᠴᠠᠭ᠍ᠴᠢ》 ᠪᠣᠯᠪᠠ᠄ ᠮᠢᠩ ᠿᠢ ᠰᠢᠩ ᠴᠧᠩ ᠨᠡᠢᠭᠡᠮ ᠲᠣᠭᠣᠷᠢᠭ᠋ ᠤ᠋ᠨ ᠠᠵᠢᠯ ᠡᠴᠡ ᠪᠠᠨ ᠠᠮᠠᠷᠠᠭᠰᠠᠨ ᠴᠠᠬᠢᠯᠭᠠᠨ ᠤ᠋ ᠠᠵᠢᠯᠴᠢᠨ ᠵᠤᠤ ᠭᠤᠧᠠᠢ ᠰᠠᠨᠠᠭᠠᠴᠢᠯᠠᠭ᠎ᠠ ᠡᠴᠡ ᠪᠠᠨ ᠰᠠᠢᠨ ᠳᠤᠷ᠎ᠠ ᠶ᠋ᠢᠨ ᠠᠵᠢᠯᠯᠠᠭ᠍ᠴᠢ ᠪᠣᠯᠬᠤ ᠪᠠᠷ ᠨᠡᠷ᠎ᠡ ᠮᠡᠳᠡᠭᠦᠯᠵᠦ᠂ ᠬᠥᠷᠰᠢ ᠵᠡᠷᠭᠡᠯᠡᠳᠡᠭᠡ ᠪᠡᠨ ᠬᠠᠪᠰᠤᠷᠤᠨ ᠵᠢᠵᠢᠭ ᠴᠠᠬᠢᠯᠭᠠᠨ ᠬᠡᠷᠡᠭᠰᠡᠯ ᠢ᠋ ᠰᠡᠯᠪᠢᠨ ᠵᠠᠰᠠᠵᠤ ᠪᠠᠢᠨ᠎ᠠ; ᠪᠦᠯᠬᠦᠮᠳᠡᠯ 18 ᠳ᠋ᠤᠭᠠᠷ ᠨᠡᠢᠭᠡᠮ ᠲᠣᠭᠣᠷᠢᠭ᠋ ᠤ᠋ᠨ 6 ᠵᠠᠯᠠᠭᠤ ᠰᠠᠨᠠᠭᠠᠴᠢᠯᠠᠭ᠎ᠠ ᠡᠴᠡ ᠪᠠᠨ 《ᠵᠠᠷᠤᠭᠳᠠᠭᠴᠢ》 ᠪᠤᠯᠵᠦ᠂ ᠥᠨᠳᠥᠷ ᠨᠠᠰᠤᠲᠠᠨ ᠳ᠋ᠦ ᠨᠣᠭᠣᠭ᠎ᠠ ᠪᠤᠳᠠᠭ᠎ᠠ ᠪᠠ ᠡᠮ ᠲᠠᠩ ᠬᠤᠳᠠᠯᠳᠤᠨ ᠠᠪᠴᠤ ᠥᠭᠬᠦᠨ᠎ᠠ᠃ ᠡᠳᠦᠭᠡ ᠵᠡᠭᠡᠯᠢ ᠭᠤᠳᠤᠮᠵᠢ ᠵᠢᠨ ᠨᠠᠮ ᠤ᠋ᠨ ᠭᠡᠰᠢᠭᠦᠳ ᠳᠠᠭᠠᠭᠤᠯᠤᠨ᠂ ᠭᠣᠣᠯᠯᠠᠬᠤ ᠬᠥᠮᠥᠰ ᠬᠤᠰᠢᠭᠤᠴᠢᠯᠠᠵᠦ᠂ ᠤᠯᠠᠨ ᠲᠦᠮᠡᠨ ᠣᠷᠣᠯᠴᠠᠭᠰᠠᠨ ᠬᠠᠮᠲᠤ ᠪᠠᠷ ᠵᠠᠰᠠᠬᠤ ᠥᠷᠨᠢᠯᠲᠡ ᠨᠢᠭᠡᠨᠲᠡ ᠬᠡᠪ ᠵᠠᠩᠰᠢᠯ ᠪᠣᠯᠵᠠᠢ᠃ ᠶᠠᠭ ᠵᠡᠭᠡᠯᠢ ᠭᠤᠳᠤᠮᠵᠢ ᠵᠢᠨ ᠨᠠᠮ ᠤ᠋ᠨ ᠠᠵᠢᠯᠯᠠᠬᠤ ᠬᠤᠷᠢᠶᠠᠵᠢᠨ ᠬᠠᠷᠢᠭᠤᠴᠠᠯᠭᠠᠲᠠᠨ ᠤ᠋ ᠣᠢᠷ᠎ᠠ ᠶ᠋ᠢᠨ ᠬᠤᠭᠤᠴᠠᠭᠠᠨ ᠤ᠋ 《ᠱᠦᠵᠢ ᠲᠣᠭᠣᠷᠢᠨ ᠦᠵᠡᠬᠦ》 ᠶᠠᠷᠢᠯᠴᠠᠬᠤ ᠬᠤᠷᠠᠯ ᠳᠡᠭᠡᠷ᠎ᠡ ᠬᠡᠯᠡᠭᠰᠡᠨᠴᠢᠯᠡᠨ᠂ ᠵᠠᠰᠠᠭ ᠤ᠋ᠨ ᠠᠵᠢᠯ ᠤ᠋ᠨ ᠪᠦᠲᠦᠮᠵᠢ ᠰᠠᠢᠨ ᠡᠰᠡᠬᠦ ᠵᠢ ᠪᠢᠳᠡ ᠬᠡᠯᠡᠭᠡᠳ ᠪᠣᠯᠬᠤ ᠪᠢᠰᠢ᠂ ᠬᠠᠷᠢᠨ ᠰᠠᠭᠤᠭᠠᠯᠢ ᠠᠷᠠᠳ ᠤ᠋ᠨ ᠭᠡᠷ ᠲᠡᠬᠡᠨ ᠬᠠᠷᠢᠬᠤ ᠵᠠᠮ ᠤ᠋ᠨ ᠳ᠋ᠧᠩ ᠭᠡᠷᠡᠯᠲᠦᠵᠦ ᠪᠠᠢᠬᠤ ᠡᠰᠡᠬᠦ᠂ ᠠᠮᠢᠳᠤᠷᠠᠯ ᠵᠤᠯ ᠵᠢᠷᠭᠠᠯ ᠳᠠᠢ ᠪᠠᠢᠬᠤ ᠡᠰᠡᠬᠦ ᠵᠢ ᠦᠵᠡᠬᠦ ᠬᠡᠷᠡᠭᠲᠡᠢ ᠶᠤᠮ᠃
ᠪᠤᠭᠤᠲᠤ ᠬᠤᠳᠠ ᠶ᠋ᠢᠨ ᠬᠥᠨᠳᠡᠯᠡᠨ ᠲᠣᠭᠣᠷᠢᠭ᠋ ᠤ᠋ᠨ ᠪᠦᠯᠬᠦᠮᠳᠡᠯ ᠵᠡᠭᠡᠯᠢ ᠶ᠋ᠢᠨ 《ᠪᠢᠴᠢᠯ ᠲᠤᠤᠷᠵᠢᠯ ᠤ᠋ᠨ ᠬᠠᠮᠢᠶᠠᠷᠤᠭ᠍ᠴᠢ ᠵᠢᠨ ᠪᠦᠯᠬᠦᠮ》 ᠨᠢ ᠨᠠᠮ ᠤ᠋ᠨ ᠪᠠᠢᠭᠤᠯᠤᠯᠲᠠ ᠪᠠᠷ ᠬᠥᠲᠥᠯᠥᠨ ᠳᠠᠭᠠᠭᠤᠯᠬᠤ ᠪᠠᠷ ᠭᠣᠣᠯ ᠪᠣᠯᠭᠠᠨ᠂ ᠨᠠᠷᠢᠯᠢᠭ᠍ᠵᠢᠭᠤᠯᠤᠭᠰᠠᠨ ᠦᠢᠯᠡᠴᠢᠯᠡᠭᠡ ᠪᠡᠷ ᠭᠠᠷᠳᠠᠴᠠ ᠪᠣᠯᠭᠠᠵᠤ᠂ 《ᠪᠢᠴᠢᠯ ᠲᠣᠣᠷ》 ᠢ᠋ᠶ᠋ᠠᠷ ᠲᠦᠭ ᠲᠦᠮᠡᠨ ᠠᠢᠯ ᠡᠷᠦᠬᠡ ᠶ᠋ᠢᠨ ᠵᠣᠯ ᠵᠢᠷᠭᠠᠯᠳᠦ ᠠᠮᠢᠳᠤᠷᠠᠯ ᠢ᠋ ᠬᠣᠯᠪᠣᠵᠠᠢ᠃ ᠪᠦᠯᠬᠦᠮᠳᠡᠯ ᠵᠡᠭᠡᠯᠢ ᠶ᠋ᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠣᠷᠪᠤᠯᠵᠢᠯᠠᠭ᠎ᠠ ᠬᠦᠯᠢᠶᠡᠬᠦ ᠳ᠋ᠡᠬᠡᠨ᠂ ᠬᠣᠢᠰᠢᠳᠠ ᠦᠢᠯᠡᠴᠢᠯᠡᠭᠡᠨ ᠤ᠋ ᠵᠠᠭᠪᠤᠷ ᠢ᠋ᠶ᠋ᠠᠨ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠯᠲᠠ ᠶ᠋ᠢᠨ ᠰᠢᠰᠲᠧᠮ ᠢ᠋ᠶ᠋ᠡᠨ ᠲᠠᠰᠤᠷᠠᠯᠲᠠ ᠦᠭᠡᠢ ᠲᠡᠭᠦᠯᠳᠡᠷᠵᠢᠭᠦᠯᠤᠨ᠂ ᠦᠢᠯᠡᠴᠢᠯᠡᠭᠡᠨ ᠤ᠋ ᠠᠭᠤᠯᠭ᠎ᠠ ᠪᠠᠨ ᠥᠷᠭᠡᠳᠬᠡᠵᠦ᠂ ᠦᠢᠯᠡᠴᠢᠯᠡᠭᠡᠨ ᠤ᠋ ᠦᠷ᠎ᠡ ᠪᠦᠲᠦᠮᠵᠢ ᠪᠡᠨ ᠳᠡᠭᠡᠭᠰᠢᠯᠡᠭᠦᠯᠵᠦ᠂ ᠰᠠᠭᠤᠭᠠᠯᠢ ᠠᠷᠠᠳ ᠲᠦ᠍ ᠦᠨᠡᠨ ᠪᠣᠳᠠᠲᠠᠢ ᠬᠦᠷᠲᠡᠮᠵᠢ ᠶ᠋ᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ᠋ ᠲᠥᠷᠥᠭᠳᠡᠯ ᠤᠯᠭᠤᠨ᠎ᠠ ᠭᠡᠵᠦ ᠢᠯᠡᠳᠬᠡᠪᠡ᠃