— ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠣᠬᠢᠶᠠᠮᠠᠯ ᠤᠶᠤᠨ᠎ᠴᠢᠳᠠᠪᠤᠷᠢ᠎ᠶᠢᠨ ᠵᠠᠰᠠᠯᠲᠠ᠎ᠶᠢᠨ ᠰᠢᠰᠲ᠋ᠧᠮ᠎ᠢ ᠭᠠᠷ ᠬᠣᠯᠪᠣᠯᠴᠠᠨ ᠪᠠᠶ᠋ᠢᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠬᠤᠶᠠᠷ)
ᠣᠳᠣᠬᠠᠨ᠎ᠳᠤ ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ ᠡᠳᠦᠷ᠎ᠡᠴᠡ ᠡᠳᠦᠷ ᠰᠢᠨᠡᠳᠴᠦ᠍᠂ ᠦᠢᠯᠡᠳᠪᠦᠷᠢᠯᠡᠯ ᠠᠮᠢᠳᠤᠷᠠᠯ᠎ᠤᠨ ᠡᠯ᠎ᠡ ᠬᠦᠷᠢᠶᠡᠨ᠎ᠳᠦ ᠭᠦᠨᠵᠡᠭᠡᠶ ᠠᠭᠤᠰᠤᠯᠴᠠᠵᠤ ᠪᠠᠶ᠋ᠢᠨ᠎ᠠ᠃ ᠵᠣᠬᠢᠶᠠᠮᠠᠯ ᠣᠶᠤᠨ ᠴᠢᠳᠠᠪᠤᠷᠢ᠎ᠶᠢ ᠲᠦᠷᠭᠡᠨ ᠰᠢᠨᠡᠴᠢᠯᠡᠨ ᠲᠡᠰ ᠲᠡᠪᠰᠢᠭᠦᠯᠬᠦ ᠶᠠᠪᠤᠴᠠ᠎ᠳᠤ᠂ ᠮᠡᠷᠭᠡᠵᠢᠯ᠎ᠦᠨ ᠡᠰᠢ ᠶᠣᠰᠣ᠂ ᠲᠣᠭ᠎ᠠ ᠪᠠᠷᠢᠮᠲᠠ᠎ᠶᠢᠨ ᠠᠮᠤᠷ ᠲᠦᠪᠰᠢᠨ᠂ ᠬᠢᠨᠠᠯᠲᠠ ᠬᠠᠮᠢᠶᠠᠷᠤᠯᠲᠠ᠎ᠶᠢᠨ ᠰᠢᠰᠲ᠋ᠧᠮ ᠵᠡᠷᠭᠡ ᠳᠣᠲᠣᠭᠠᠳᠤ ᠵᠢᠨ ᠪᠠ ᠡᠭᠦᠰᠦᠮᠡᠯ ᠠᠶᠤᠯ ᠲᠦᠭᠰᠢᠭᠦᠷᠢ ᠴᠦ᠍ ᠳᠠᠭᠠᠯᠳᠤᠨ ᠲᠣᠪᠣᠶ᠋ᠢᠮ᠎ᠠ ᠢᠯᠡᠷᠡᠪᠡ᠃
7 ᠰᠠᠷ᠎ᠠ᠎ᠶᠢᠨ 17 ᠤ᠋ ᠡᠳᠦᠷ᠂ 2026 ᠳᠡᠯᠡᠬᠡᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ᠌ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯ᠎ᠤᠨ ᠡᠬᠢᠯᠡᠯᠲᠡ᠎ᠶᠢᠨ ᠶᠣᠰᠣᠯᠠᠯ ᠳᠡᠭᠡᠷ᠎ᠡ᠂ ᠲᠡᠷᠢᠭᠦᠯᠡᠭᠴᠢ ᠰᠢ ᠵᠢᠨ ᠫᠢᠩ ᠭᠣᠣᠯ ᠵᠤᠷᠢᠯᠳᠡᠳᠤ ᠶᠠᠷᠢᠶ᠎ᠠ ᠲᠠᠯᠪᠢᠵᠤ᠂ ᠲᠥᠪ ᠭᠣᠣᠯᠴᠢ ᠵᠦᠢ ᠵᠣᠬᠢᠰᠲᠠᠢ ᠪᠦᠬᠦ᠌ ᠪᠥᠮᠪᠥᠷᠴᠡᠭ᠎ᠦᠨ ᠵᠣᠬᠢᠶᠠᠮᠠᠯ ᠤᠶᠤᠨ ᠴᠢᠳᠠᠪᠤᠷᠢ᠎ᠶᠢᠨ ᠵᠠᠰᠠᠯᠲᠠ᠎ᠶᠢᠨ ᠰᠢᠰᠲᠸᠮ᠎ᠢ ᠭᠠᠷ ᠬᠣᠯᠪᠣᠯᠴᠠᠨ ᠪᠠᠶ᠋ᠢᠭᠤᠯᠬᠤ᠎ᠶᠢᠨ ᠲᠣᠭᠣᠷᠢᠨ᠎ᠳᠤ ᠲᠥᠪ ᠬᠢᠴᠢᠶᠡᠩᠭᠦᠢ᠎ᠪᠡᠷ 4 ᠰᠠᠨᠠᠯ ᠳᠤᠷᠠᠳᠪᠠ᠂ ᠡᠭᠦᠨ᠎ᠳᠦ《ᠠᠶᠤᠯ ᠲᠦᠭᠰᠢᠭᠦᠷᠢ᠎ᠶᠢᠨ ᠤᠬᠠᠮᠰᠠᠷ᠎ᠢᠶᠠᠨ ᠴᠢᠩᠭᠠᠳᠬᠠᠵᠤ᠂ ᠠᠮᠤᠷ ᠲᠦᠪᠰᠢᠨ ᠪᠥᠭᠡᠤᠨ ᠡᠵᠡᠮᠳᠡᠵᠦ᠍ ᠲᠠᠢᠯᠬᠥ᠎ᠶᠢ ᠪᠠᠲᠤᠯᠠᠬᠤ》 ᠠᠰᠠᠭᠤᠳᠠᠯ ᠪᠠᠭᠲᠠᠵᠤ ᠪᠤᠢ᠃
ᠡᠨᠡ ᠬᠦ᠌ ᠴᠢᠬᠤᠯᠠ ᠨᠤᠲᠠᠯᠠᠯᠲᠠ ᠨᠢ ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ᠎ᠶᠢᠨ ᠬᠠᠨᠳᠤᠰᠢ ᠪᠠ ᠵᠢᠮ᠎ᠡ ᠶᠣᠰᠣ᠎ᠶᠢ ᠰᠢᠨᠵᠢᠯᠡᠬᠦ᠌ ᠤᠬᠠᠭᠠᠨᠴᠢ᠎ᠪᠠᠷ ᠡᠵᠡᠮᠳᠡᠵᠦ᠍᠂ ᠣᠳᠣᠬᠠᠨ᠎ᠤ ᠪᠥᠬᠥ᠌ ᠪᠥᠮᠪᠥᠷᠴᠡᠭ᠎ᠦᠨ ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ ᠪᠠ ᠵᠠᠰᠠᠯᠲᠠ᠎ᠶᠢᠨ ᠴᠢᠬᠤᠯᠠ ᠶᠡᠬᠡ ᠰᠡᠳᠦᠪᠲᠦ᠍ ᠭᠦᠨᠵᠡᠭᠡᠶ ᠬᠠᠷᠢᠭᠤᠯᠲᠠ ᠥᠭᠴᠡᠶ᠃ ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ᠎ᠦᠨ ᠬᠥᠭᠵᠢᠯᠲᠡ ᠬᠡᠳᠦᠶ ᠲᠦᠷᠭᠡᠨ ᠪᠣᠯᠬᠤ ᠲᠤᠲᠤᠮ᠂ ᠥᠭᠡᠳᠡᠷᠬᠡᠭ ᠴᠠᠶ᠋ᠢᠯᠭᠠᠨ᠂ ᠬᠥᠮᠦᠨ ᠲᠥᠷᠥᠯᠬᠢᠲᠡᠨ᠎ᠳᠦ ᠪᠤᠶᠠᠨ ᠦᠢᠯᠡᠳᠬᠦ᠌ ᠴᠢᠭᠯᠡᠯ᠎ᠢ ᠵᠥᠪ ᠵᠢᠡᠷ ᠪᠠᠳᠤ ᠡᠵᠡᠮᠳᠡᠵᠦ᠂ ᠵᠣᠬᠢᠶᠠᠮᠠᠯ ᠣᠶᠤᠨ ᠴᠢᠳᠠᠪᠤᠷᠢ᠎ᠶᠢᠨ ᠠᠮᠤᠷ ᠲᠦᠪᠰᠢᠨ᠂ ᠨᠠᠶ᠋ᠢᠳᠠᠪᠤᠷᠢᠲᠠᠶ᠂ ᠡᠵᠡᠮᠳᠡᠵᠦ᠍ ᠲᠠᠢᠯᠬᠥ᠎ᠶᠢ ᠢᠮᠠᠭᠲᠠ ᠦᠨᠡᠨ ᠬᠦ᠌ ᠪᠠᠲᠤᠯᠠᠬᠤ ᠬᠡᠷᠡᠭᠲᠡᠶ᠃
《ᠬᠢᠨᠠᠨ ᠬᠠᠮᠢᠶᠠᠷᠴᠤ᠌ ᠵᠠᠰᠠᠬᠤ ᠪᠠᠷᠢᠮᠵᠢᠶ᠎ᠠ᠎ᠶᠢ ᠤᠯᠠᠮ ᠣᠨᠣᠪᠴᠢᠲᠠᠢ ᠡᠵᠡᠮᠳᠡᠵᠦ᠂ ᠡᠵᠡᠮᠳᠡᠯ᠎ᠢᠶᠡᠨ ᠠᠯᠳᠠᠬᠤ᠎ᠶᠢ ᠰᠡᠷᠭᠡᠶ᠋ᠢᠯᠡᠬᠦ᠌ ᠠᠷᠭ᠎ᠠ ᠬᠡᠮᠵᠢᠶ᠎ᠡ᠎ᠶᠢ ᠤᠯᠠᠮ ᠴᠠᠭ ᠲᠤᠬᠠᠢᠳᠤᠨᠢ ᠲᠡᠭᠦᠯᠳᠡᠷᠵᠢᠭᠦᠯᠬᠦ᠌ ᠬᠡᠷᠡᠭᠲᠡᠢ》᠂ 《ᠵᠣᠬᠢᠶᠠᠮᠠᠯ ᠣᠶᠤᠨ ᠴᠢᠳᠠᠪᠤᠷᠢ ᠭᠡᠬᠦ ᠡᠨᠡ ᠬᠦ᠌ ᠡᠷᠳᠡᠨᠢ ᠵᠢᠨ ᠬᠦᠯᠦᠭ ᠲᠦᠷᠭᠡᠨ ᠪᠥᠭᠡᠳ ᠯᠠᠪᠳᠠᠭᠤᠨ ᠤᠷᠤᠭᠰᠢᠯᠠᠵᠤ ᠴᠢᠳᠠᠨ᠎ᠠ》᠂ ᠲᠡᠷᠢᠭᠦᠯᠡᠭᠴᠢ ᠰᠢ ᠵᠢᠨ ᠫᠢᠩ᠎ᠦᠨ ᠴᠢᠬᠤᠯᠠ ᠥᠭᠦᠯᠡᠯᠲᠡ ᠨᠢ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ᠌ ᠰᠢᠨᠵᠢᠯᠡᠬᠦ᠌ ᠤᠬᠠᠭᠠᠨᠴᠢ ᠠᠷᠭ᠎ᠠ᠎ᠶᠢ ᠢᠯᠡᠷᠡᠭᠦᠯᠪᠡ᠃
《ᠲᠦᠷᠭᠡᠨ》 ᠪᠣᠯᠤᠨ 《ᠲᠣᠭᠲᠠᠭᠤᠨ》 ᠬᠠᠷᠢᠯᠴᠠᠨ ᠲᠤᠯᠭᠠᠭᠤᠷᠢᠯᠠᠪᠠᠯ ᠰᠠᠶᠢ ᠬᠠᠷᠢᠯᠴᠠᠨ ᠠᠬᠢᠭᠤᠯᠵᠤ᠂ ᠬᠠᠷᠢᠯᠴᠠᠨ ᠠᠮᠵᠢᠯᠲᠠ ᠣᠯᠵᠤ ᠴᠢᠳᠠᠨ᠎ᠠ᠃ 《 ᠲᠦᠷᠭᠡᠨ ᠭᠦᠶᠦᠬᠦ᠌》 ᠬᠥᠭᠵᠢᠯᠲᠡ᠎ᠶᠢᠨ ᠬᠥᠳᠡᠯᠭᠡᠬᠦ᠌ ᠬᠦᠴᠦᠨ᠎ᠢ ᠬᠥᠭᠵᠢᠭᠡᠬᠦ᠌᠎ᠪᠡᠷ ᠪᠠᠷᠠᠬᠤ ᠦᠭᠡᠢ ᠪᠠᠰᠠ 《ᠯᠠᠪᠳᠠᠭᠤᠨ ᠭᠦᠶᠦᠬᠦ᠌》 ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ᠌ ᠴᠣᠭᠴᠠᠯᠠᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠢᠮᠠᠭᠲᠠ ᠠᠰᠢᠭᠲᠠᠢ᠂ ᠠᠮᠤᠷ ᠲᠦᠪᠰᠢᠨ᠂ ᠡᠷᠬᠡ ᠲᠡᠭᠰᠢ ᠴᠢᠭᠯᠡᠯ ᠲᠡᠶ᠋ᠢᠰᠢ ᠡᠷᠡᠭᠦᠯ ᠡᠮᠬᠢ ᠵᠢᠷᠤᠮ᠎ᠲᠠᠶ ᠬᠥᠭᠵᠢᠬᠦ᠌᠎ᠶᠢ ᠠᠬᠢᠭᠤᠯᠬᠤ ᠬᠡᠷᠡᠭᠲᠡᠢ᠃
ᠣᠷᠣᠨ ᠪᠠᠶ᠋ᠢᠷᠢ᠎ᠶᠢ ᠣᠨᠣᠪᠴᠢᠲᠠᠶ ᠡᠵᠡᠮᠳᠡᠵᠦ᠍᠂ ᠵᠣᠬᠢᠶᠠᠮᠠᠯ ᠣᠶᠤᠨ ᠴᠢᠳᠠᠪᠤᠷᠢ᠎ᠶᠢ《ᠢᠲᠡᠭᠡᠮᠵᠢᠳᠡᠢ ᠪᠠᠭᠠᠵᠢ》 ᠪᠣᠯᠭᠠᠨ᠎ᠠ —
ᠮᠠᠰᠢᠨ ᠡᠬᠢᠯᠡᠨ 《ᠪᠡᠶ᠎ᠡ᠎ᠪᠡᠨ ᠳᠠᠭᠠᠭᠠᠵᠤ ᠰᠡᠳᠬᠢᠬᠦ᠌》 ᠦᠶ᠎ᠡ᠎ᠳᠦ᠂ ᠪᠤᠳᠤᠯᠲᠠ ᠵᠢᠨ ᠠᠷᠭ᠎ᠠ ᠨᠢ ᠣᠯᠠᠨ ᠨᠡᠶ᠋ᠢᠲᠡ᠎ᠶᠢᠨ ᠰᠢᠢᠳᠪᠦᠷᠢᠲᠦ᠍ ᠪᠣᠳᠣᠯᠭ᠎ᠠ᠎ᠳᠤ ᠭᠦᠨᠵᠡᠭᠡᠶ ᠣᠷᠣᠯᠴᠠᠵᠤ᠂ ᠵᠥᠪᠬᠡᠨ ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ᠎ᠦᠨ ᠠᠰᠢᠭ᠎ᠢ ᠬᠠᠷᠠᠭᠠᠳ ᠠᠶᠤᠯ ᠲᠦᠭᠰᠢᠭᠦᠷᠢ᠎ᠶᠢ ᠰᠡᠷᠭᠡᠶ᠋ᠢᠯᠡᠨ ᠡᠵᠡᠮᠳᠡᠬᠦ᠌᠎ᠶᠢ ᠣᠮᠲᠣᠭᠠᠶ᠋ᠢᠯᠠᠪᠠᠯ᠂ ᠯᠤᠲᠤ᠌ ᠶᠡᠬᠡ ᠳᠠᠯᠳᠠ ᠬᠡᠮ᠎ᠳᠦ ᠲᠤᠯᠭᠠᠷᠠᠬᠤ ᠪᠣᠯᠤᠨ᠎ᠠ᠄ ᠪᠤᠳᠤᠯᠲᠠ ᠵᠢᠨ ᠠᠷᠭ᠎ᠠ᠎ᠶᠢᠨ ᠬᠡᠯᠪᠡᠶ᠋ᠢᠭᠦᠦ ᠦᠵᠡᠯᠲᠡ ᠨᠢ ᠲᠤᠭᠠᠴᠢᠯᠠᠯᠳᠠ ᠵᠢᠨ ᠵᠦᠷᠢᠶ᠎ᠠ᠎ᠶᠢ ᠶᠡᠬᠡᠰᠬᠡᠵᠦ᠍ ᠮᠡᠳᠡᠨ᠎ᠡ᠂ ᠮᠡᠳᠡᠭᠡ ᠵᠠᠩᠭᠢ᠎ᠶᠢᠨ ᠬᠦᠷᠢ ᠵᠢᠨ ᠲᠤᠭᠳᠤᠢ ᠨᠢ ᠬᠥᠮᠦᠨ᠎ᠢ ᠠᠮᠠᠷᠬᠠᠨ ᠰᠢᠬᠠᠵᠤ᠂ ᠲᠣᠭ᠎ᠠ ᠪᠠᠷᠢᠮᠲᠠ᠎ᠶᠢ ᠳᠤᠷ᠎ᠠ᠎ᠪᠠᠷ᠎ᠢᠶᠠᠨ ᠬᠡᠷᠡᠭᠯᠡᠬᠦ᠌ ᠨᠢ ᠪᠠᠰᠠ ᠬᠤᠪᠢ᠎ᠶᠢᠨ ᠨᠢᠭᠤᠴᠠ᠎ᠳᠤ ᠬᠠᠯᠳᠠᠵᠤ᠂ ᠠᠮᠤᠷ ᠲᠦᠪᠰᠢᠨ᠎ᠢ ᠰᠦᠷᠳᠡᠭᠦᠯᠵᠦ᠍ ᠮᠡᠳᠡᠨ᠎ᠡ᠃
《ᠵᠣᠬᠢᠶᠠᠮᠠᠯ ᠤᠶᠤᠨ ᠴᠢᠳᠠᠪᠤᠷᠢ ᠨᠢ ᠬᠥᠮᠦᠨ ᠲᠥᠷᠥᠯᠬᠢᠲᠡᠨ᠎ᠦ ᠢᠲᠡᠭᠡᠮᠵᠢᠲᠦ᠍ ᠪᠠᠭᠠᠵᠢ ᠪᠣᠯᠪᠠᠯ ᠵᠣᠬᠢᠨ᠎ᠠ》᠃ ᠲᠡᠷᠢᠭᠦᠯᠡᠭᠴᠢ ᠰᠢ ᠵᠢᠨ ᠫᠢᠩ ᠭᠤᠤᠯ ᠵᠤᠷᠢᠯᠳᠠᠳᠤ ᠶᠠᠷᠢᠶᠠᠨ᠎ᠳᠠᠭᠠᠨ ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ᠎ᠶᠢᠨ ᠪᠠᠶ᠋ᠢᠷᠢ ᠲᠣᠭᠲᠠᠭᠠᠯᠲᠠ ᠪᠠ ᠥᠷᠲᠡᠭ᠎ᠦᠨ ᠵᠣᠷᠢᠯᠭ᠎ᠠ᠎ᠶᠢ ᠲᠣᠳᠣᠷᠬᠠᠶ ᠵᠢᠭᠠᠵᠤ ᠭᠠᠷᠭᠠᠪᠠ᠃
《ᠢᠲᠡᠭᠡᠮᠵᠢᠲᠡᠶ》 ᠭᠡᠳᠡᠭ ᠨᠢ ᠵᠣᠬᠢᠶᠠᠮᠠᠯ ᠣᠶᠤᠨ ᠴᠢᠳᠠᠪᠤᠷᠢ᠎ᠶᠢᠨ ᠠᠮᠤᠷ ᠲᠦᠪᠰᠢᠨ᠂ ᠨᠠᠶ᠋ᠢᠳᠠᠪᠤᠷᠢᠲᠠᠶ᠂ ᠡᠵᠡᠮᠳᠡᠵᠦ᠍ ᠲᠠᠢᠯᠬᠥ ᠵᠢ ᠦᠨᠡᠨ ᠬᠦ᠌ ᠪᠠᠲᠤᠯᠠᠬᠤ ᠶᠠᠪᠤᠳᠠᠯ ᠪᠣᠯᠤᠨ᠎ᠠ᠃ ᠡᠨᠡ ᠨᠢ ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ᠎ᠶᠢ ᠬᠦᠯᠢᠶᠡᠰᠦᠯᠡᠵᠦ ᠪᠠᠶ᠋ᠢᠭ᠎ᠠ ᠶᠠᠪᠤᠳᠠᠯ ᠪᠢᠰᠢ᠂ ᠬᠠᠷᠢᠨ ᠵᠣᠬᠢᠶᠠᠮᠠᠯ ᠣᠶᠤᠨ ᠴᠢᠳᠠᠪᠤᠷᠢ᠎ᠶᠢᠨ ᠡᠷᠡᠭᠦᠯ᠂ ᠠᠮᠤᠷ ᠲᠦᠪᠰᠢᠨ᠂ ᠡᠮᠬᠢ ᠵᠢᠷᠤᠮ᠎ᠲᠠᠶ ᠬᠥᠭᠵᠢᠬᠦ᠌᠎ᠶᠢ ᠨᠠᠩ ᠰᠠᠶ᠋ᠢᠲᠤᠷ ᠠᠬᠢᠭᠤᠯᠬᠤ᠎ᠶᠢᠨ ᠲᠥᠯᠥᠭᠡ ᠶᠤᠮ᠃
ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠶᠢ ᠢᠳᠡᠪᠬᠢᠲᠡᠢ ᠴᠢᠬᠤᠯᠠᠴᠢᠯᠠᠬᠤ ᠵᠢᠨ ᠬᠠᠮᠲᠤ᠌᠂ ᠳᠤᠮᠳᠠᠳᠤ ᠤᠯᠤᠰ ᠢᠮᠠᠭᠲᠠ ᠨᠡᠭᠡᠭᠡᠯᠲᠡᠲᠦ᠍ ᠣᠪᠣᠷ ᠪᠠ ᠪᠣᠳᠠᠲᠠᠢ᠎ᠶᠢ ᠡᠷᠬᠢᠮᠯᠡᠭᠰᠡᠨ ᠠᠵᠢᠯᠯᠠᠭ᠎ᠠ᠎ᠪᠠᠷ ᠂ ᠠᠶᠤᠯ ᠲᠦᠭᠰᠢᠭᠦᠷᠢ᠎ᠶᠢᠨ ᠵᠠᠰᠠᠯᠲᠠ᠎ᠪᠠᠷ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ᠌ ᠴᠣᠭᠴᠠᠯᠠᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠦᠨ ᠡᠵᠡᠮᠳᠡᠯ᠎ᠢᠶᠡᠨ ᠠᠯᠳᠠᠵᠤ ᠬᠥᠮᠦᠨ ᠲᠥᠷᠥᠯᠬᠢᠲᠡᠨ᠎ᠦ ᠠᠵᠠ ᠵᠢᠷᠭᠠᠯ᠎ᠢ ᠵᠠᠯᠭᠢᠬᠤ᠎ᠶᠢ ᠰᠡᠷᠭᠡᠶ᠋ᠢᠯᠡᠪᠡ᠃
2023 ᠣᠨ᠎ᠤ 10 ᠰᠠᠷ᠎ᠠ᠎ᠳᠤ᠂ ᠲᠡᠷᠢᠭᠦᠯᠡᠭᠴᠢ ᠰᠢ ᠵᠢᠨ ᠫᠢᠩ᠎ᠦᠨ ᠳᠠᠭᠠᠭᠤᠯᠭ᠎ᠠ ᠳᠤᠤᠷ᠎ᠠ᠂ ᠳᠤᠮᠳᠠᠳᠤ ᠤᠯᠤᠰ《ᠪᠥᠬᠥ᠌ ᠪᠥᠮᠪᠥᠷᠴᠡᠭ᠎ᠦᠨ ᠵᠣᠬᠢᠶᠠᠮᠠᠯ ᠣᠶᠤᠨ ᠴᠢᠳᠠᠪᠤᠷᠢ᠎ᠶᠢᠨ ᠵᠠᠰᠠᠯᠲᠠ᠎ᠶᠢᠨ ᠰᠠᠨᠠᠭᠠᠴᠢᠯᠠᠭ᠎ᠠ》 ᠵᠢ ᠨᠡᠶ᠋ᠢᠲᠡᠯᠡᠪᠡ᠃ ᠡᠨᠡ ᠬᠦ᠌ ᠰᠠᠨᠠᠭᠠᠴᠢᠯᠠᠭᠠᠳᠤ 《ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ᠎ᠦᠨ ᠠᠮᠤᠷ ᠲᠦᠪᠰᠢᠨ ᠴᠢᠨᠠᠷ᠂ ᠨᠠᠶ᠋ᠢᠳᠠᠪᠤᠷᠢᠲᠤ᠌ ᠴᠢᠨᠠᠷ᠂ ᠡᠵᠡᠮᠳᠡᠵᠦ᠍ ᠲᠠᠢᠯᠬᠥ ᠴᠢᠨᠠᠷ᠂ ᠲᠥᠪ ᠭᠤᠤᠯᠴᠢ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ》 ᠭᠡᠵᠦ᠍ ᠲᠣᠳᠣᠷᠬᠠᠶ ᠳᠤᠷᠠᠳᠴᠠᠶ᠃
ᠲᠣᠰ ᠬᠤᠭᠤᠴᠠᠭᠠᠨ᠎ᠤ ᠶᠡᠬᠡ ᠬᠤᠷᠠᠯ᠎ᠤᠨ ᠬᠤᠭᠤᠴᠠᠭᠠᠨ᠎ᠳᠤ᠂ 《ᠵᠣᠬᠢᠶᠠᠮᠠᠯ ᠣᠶᠤᠨ ᠴᠢᠳᠠᠪᠤᠷᠢ᠎ᠶᠢᠨ ᠬᠠᠮᠲᠤᠷᠠᠯᠴᠠᠨ ᠬᠥᠭᠵᠢᠬᠦ᠌ ᠠᠵᠢᠯᠯᠠᠭᠠᠨ᠎ᠤ ᠲᠥᠯᠥᠪᠯᠡᠭᠡ》᠂《ᠣᠯᠠᠨ ᠤᠯᠤᠰ᠎ᠤᠨ ᠵᠣᠬᠢᠶᠠᠮᠠᠯ ᠣᠶᠤᠨ ᠴᠢᠳᠠᠪᠤᠷᠢ᠎ᠶᠢᠨ ᠶᠣᠰᠣ ᠰᠤᠷᠲᠠᠬᠤᠨ᠎ᠤ ᠵᠠᠰᠠᠯᠲᠠ᠎ᠶᠢᠨ ᠠᠵᠢᠯᠯᠠᠭᠠᠨ᠎ᠤ ᠲᠥᠯᠥᠪᠯᠡᠭᠡ》ᠵᠡᠷᠭᠡ ᠠᠯᠢ ᠣᠯᠠᠨ ᠦᠷ᠎ᠡ ᠪᠦᠲᠦᠭᠡᠯ᠎ᠦᠨ ᠪᠢᠴᠢᠭ ᠮᠠᠲ᠋ᠧᠷᠢᠶᠠᠯ᠎ᠢ ᠬᠣᠶ᠋ᠢᠨ᠎ᠠ ᠬᠣᠶ᠋ᠢᠨ᠎ᠠ ᠡᠴᠡ᠎ᠨᠢ ᠨᠡᠶ᠋ᠢᠲᠡᠯᠡᠵᠦ᠍᠂ ᠵᠣᠬᠢᠶᠠᠮᠠᠯ ᠣᠶᠤᠨ ᠴᠢᠳᠠᠪᠤᠷᠢ᠎ᠶᠢᠨ ᠪᠥᠬᠥ᠌ ᠪᠥᠮᠪᠥᠷᠴᠡᠭ᠎ᠦᠨ ᠵᠠᠰᠠᠯᠲᠠ᠎ᠶᠢ ᠠᠬᠢᠭᠤᠯᠬᠤ᠎ᠳᠤ ᠴᠢᠬᠤᠯᠠ ᠣᠯᠠᠨ ᠤᠯᠤᠰ᠎ᠤᠨ ᠣᠯᠠᠨ ᠨᠡᠶ᠋ᠢᠲᠡ᠎ᠶᠢᠨ ᠦᠢᠯᠡᠳᠬᠦᠨ ᠬᠠᠩᠭᠠᠪᠠ᠃
《ᠵᠣᠬᠢᠶᠠᠮᠠᠯ ᠣᠶᠤᠨ ᠴᠢᠳᠠᠪᠤᠷᠢ᠎ᠶᠢ ᠳᠤᠷ᠎ᠠ᠎ᠪᠠᠷ ᠬᠡᠷᠡᠭᠯᠡᠬᠦ᠌᠎ᠶᠢ ᠰᠡᠷᠭᠡᠶ᠋ᠢᠯᠡᠶᠡ》᠂《ᠰᠢᠨ᠎ᠡ᠎ᠶᠢ ᠡᠭᠦᠳᠬᠦ᠌ ᠬᠥᠭᠵᠢᠯᠲᠡ ᠬᠢᠭᠡᠳ ᠠᠮᠤᠷ ᠲᠦᠪᠰᠢᠨ᠎ᠦ ᠵᠠᠰᠠᠯᠲᠠ ᠵᠢ ᠲᠡᠩᠴᠡᠭᠦᠷᠢᠰᠢᠭᠦᠯᠦᠶᠡ》᠂ 《ᠠᠮᠤᠷ ᠲᠦᠪᠰᠢᠨ ᠡᠵᠡᠮᠳᠡᠵᠦ᠍ ᠪᠣᠯᠬᠤ ᠣᠷᠴᠢᠨ ᠨᠥᠬᠥᠴᠡᠯ ᠳᠤᠤᠷ᠎ᠠ ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ᠎ᠶᠢ ᠠᠬᠢᠭᠤᠯᠤᠶ᠎ᠠ》᠁ ᠬᠤᠷᠠᠯ᠎ᠤᠨ ᠲᠠᠯᠠᠪᠠᠶ᠎ᠶᠢᠨ ᠳᠣᠲᠣᠨ᠎ᠠ ᠭᠠᠳᠠᠨ᠎ᠠ᠂ 《ᠠᠶᠤᠯ ᠲᠦᠭᠰᠢᠭᠦᠷᠢ᠎ᠶᠢᠨ ᠤᠬᠠᠮᠰᠠᠷ᠎ᠢᠶᠠᠨ ᠴᠢᠩᠭᠠᠳᠬᠠᠵᠤ᠂ ᠠᠮᠤᠷ ᠲᠦᠪᠰᠢᠨ ᠪᠥᠭᠡᠤᠨ ᠡᠵᠡᠮᠳᠡᠵᠦ᠍ ᠲᠠᠢᠯᠬᠥ᠎ᠶᠢ ᠪᠠᠲᠤᠯᠠᠬᠤ》ᠬᠠᠮᠲᠤ᠎ᠶᠢᠨ ᠲᠠᠨᠢᠯᠲᠠ ᠤᠯᠠᠮ ᠨᠢᠭᠡ ᠠᠯᠬᠤᠮ ᠨᠢᠭᠲᠠᠷᠠᠵᠤ ᠪᠠᠶ᠋ᠢᠨ᠎ᠠ᠃
ᠰᠡᠷᠭᠡᠶ᠋ᠢᠯᠡᠯᠲᠡ᠎ᠶᠢᠨ ᠱᠤᠭᠤᠮ᠎ᠢ ᠪᠠᠲᠤ᠌ ᠴᠣᠭᠴᠠᠯᠠᠵᠤ᠂ ᠵᠣᠬᠢᠶᠠᠮᠠᠯ ᠣᠶᠤᠨ ᠴᠢᠳᠠᠪᠤᠷᠢ᠎ᠶᠢ 《ᠢᠮᠠᠭᠲᠠ ᠬᠥᠮᠦᠨ ᠲᠥᠷᠥᠯᠬᠢᠲᠡᠨ᠎ᠦ ᠡᠵᠡᠮᠰᠢᠯ ᠳᠤᠤᠷ᠎ᠠ ᠪᠠᠶ᠋ᠢᠯᠭᠠᠶᠠ》 —
ᠮᠡᠷᠭᠡᠵᠢᠯ ᠨᠢᠭᠡ ᠠᠯᠬᠤᠮ ᠤᠷᠤᠭᠰᠢᠯᠠᠬᠤ ᠪᠦᠷᠢ ᠵᠠᠰᠠᠯᠲᠠ ᠨᠢ ᠨᠢᠭᠡ ᠠᠯᠬᠤᠮ ᠠᠬᠢᠬᠤ ᠬᠡᠷᠡᠭᠲᠡᠶ᠃
ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ ᠶᠠᠭ ᠲᠦᠭ ᠲᠦᠮᠡᠨ ᠠᠶ᠋ᠢᠯ ᠡᠷᠦᠬᠡ᠎ᠳᠦ ᠬᠦᠷᠴᠦ᠍᠂ ᠤᠯᠠᠨ ᠠᠵᠢᠯ ᠲᠦᠷᠦᠯ᠎ᠳᠦ ᠬᠦᠴᠦᠨ ᠤᠯᠭᠤᠵᠤ᠂ ᠵᠣᠬᠢᠶᠠᠮᠠᠯ ᠤᠶᠤᠨ ᠴᠢᠳᠠᠪᠤᠷᠢ᠎ᠡᠴᠡ ᠪᠣᠯᠤᠭᠰᠠᠨ ᠡᠯ᠎ᠡ ᠲᠦᠷᠦᠯ᠎ᠦᠨ ᠳᠣᠲᠣᠭᠠᠳᠤ ᠵᠢᠨ ᠪᠠ ᠡᠭᠦᠰᠦᠮᠡᠯ ᠠᠶᠤᠯ ᠲᠦᠭᠰᠢᠭᠦᠷᠢ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠪᠦᠬᠦ᠌ ᠲᠠᠯ᠎ᠠ᠎ᠪᠠᠷ ᠠᠷᠭ᠎ᠠ ᠪᠤᠳᠤᠯᠭ᠎ᠠ ᠬᠡᠷᠡᠭᠵᠢᠭᠦᠯᠪᠡᠯ ᠰᠠᠶ᠍ᠢ ᠮᠡᠷᠭᠡᠵᠢᠯ᠎ᠢ ᠲᠦᠷᠢᠮ᠎ᠦᠨ ᠬᠥᠷᠥᠰᠥ᠍ ᠰᠢᠷᠣᠢ᠎ᠳᠤ ᠢᠳᠡᠷᠡᠭᠦᠨ᠎ᠢᠶᠡᠷ ᠪᠣᠶ᠋ᠢᠵᠢᠭᠤᠯᠵᠤ ᠴᠢᠳᠠᠨ᠎ᠠ᠃
ᠭᠣᠣᠯ ᠵᠤᠷᠢᠯᠳᠠᠳᠦ ᠶᠠᠷᠢᠶᠠᠨ᠎ᠳᠠᠭᠠᠨ᠂ ᠲᠡᠷᠢᠭᠦᠯᠡᠭᠴᠢ ᠰᠢ ᠵᠢᠨ ᠫᠢᠩ 《ᠵᠣᠬᠢᠶᠠᠮᠠᠯ ᠤᠶᠤᠨ ᠴᠢᠳᠠᠪᠤᠷᠢ ᠢᠮᠠᠭᠲᠠ ᠬᠥᠮᠦᠨ ᠲᠥᠷᠥᠯᠬᠢᠲᠡᠨ᠎ᠦ ᠡᠵᠡᠮᠰᠢᠯᠳᠦ ᠪᠠᠶ᠋ᠢᠬᠤ᠎ᠶᠢ ᠪᠠᠲᠤᠯᠠᠬᠤ ᠬᠡᠷᠡᠭᠲᠡᠢ》 ᠭᠡᠵᠦ᠍ ᠭᠦᠨᠵᠡᠭᠡᠢ ᠵᠢᠭᠠᠨ ᠭᠠᠷᠭᠠᠵᠤ᠂ 《ᠬᠠᠤᠯᠢ ᠴᠠᠭᠠᠵᠠ ᠬᠠᠤᠯᠢ ᠲᠣᠭᠲᠠᠭᠠᠯ᠂ ᠮᠡᠷᠭᠡᠵᠢᠯ᠎ᠦᠨ ᠬᠢᠨᠠᠨ ᠬᠡᠮᠵᠢᠯᠲᠡ᠂ ᠠᠶᠤᠯ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠬᠦ᠌᠂ ᠪᠠᠴᠢᠮ ᠪᠠᠶ᠋ᠢᠳᠠᠯ᠎ᠢ ᠠᠷᠭᠠᠴᠠᠭᠠᠬᠤ᠎ᠶᠢ ᠴᠤᠤᠷᠢᠶᠠᠳᠤᠨ ᠳᠠᠭᠠᠬᠤ ᠰᠢᠰᠲ᠋ᠧᠮ᠎ᠢ ᠪᠠᠶ᠋ᠢᠭᠤᠯᠬᠤ᠎ᠶᠢ ᠠᠬᠢᠭᠤᠯᠵᠤ᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ᠌ ᠴᠣᠭᠴᠠᠯᠠᠵᠤ᠂ ᠳᠤᠷ᠎ᠠ᠎ᠪᠠᠷ᠎ᠢᠶᠠᠨ ᠬᠡᠷᠡᠭᠯᠡᠵᠦ᠍ ᠮᠠᠭᠤ ᠵᠤᠷᠢᠯᠭ᠎ᠠ ᠲᠠᠢ ᠪᠡᠷ ᠬᠡᠷᠡᠭᠯᠡᠬᠦ᠌᠎ᠶᠢ ᠰᠡᠷᠭᠡᠶ᠋ᠢᠯᠡᠬᠦ᠌ ᠬᠡᠷᠡᠭᠲᠡᠢ》ᠭᠡᠵᠦ᠍ ᠴᠢᠬᠤᠯᠠᠴᠢᠯᠠᠵᠤ᠂ ᠵᠣᠬᠢᠶᠠᠮᠠᠯ ᠤᠶᠤᠨ ᠴᠢᠳᠠᠪᠤᠷᠢᠭᠡᠬᠦ ᠡᠨᠡ ᠬᠦ᠌ ᠡᠷᠳᠡᠨᠢ ᠵᠢᠨ ᠬᠦᠯᠦᠭ ᠢ᠋ ᠰᠠᠶ᠋ᠢᠲᠤᠷ ᠡᠵᠡᠮᠳᠡᠬᠦ᠌᠎ᠳᠤ ᠴᠢᠭᠯᠡᠯ ᠪᠠ ᠠᠷᠭ᠎ᠠ ᠵᠠᠮ᠎ᠢ ᠤᠯᠠᠮ ᠨᠢᠭᠡ ᠠᠯᠬᠤᠮ ᠲᠣᠳᠣᠷᠬᠠᠢ ᠵᠢᠭᠠᠵᠤ ᠥᠭᠴᠡᠢ᠃
ᠰᠢᠨ᠎ᠡ᠎ᠪᠡᠷ ᠵᠠᠰᠠᠪᠤᠷᠢ ᠣᠷᠣᠭᠤᠯᠤᠭᠰᠠᠨ ᠰᠦᠯᠵᠢᠶᠡᠨ᠎ᠦ ᠠᠮᠤᠷ ᠲᠦᠪᠰᠢᠨ᠎ᠦ ᠬᠠᠤᠯᠢ ᠨᠢ ᠵᠣᠬᠢᠶᠠᠮᠠᠯ ᠣᠶᠤᠨ ᠴᠢᠳᠠᠪᠤᠷᠢ᠎ᠶᠢ ᠬᠠᠤᠯᠢ ᠴᠠᠭᠠᠵᠠ᠎ᠶᠢᠨ ᠬᠡᠯᠪᠡᠷᠢ᠎ᠪᠡᠷ ᠤᠯᠤᠰ᠎ᠤᠨ ᠰᠦᠯᠵᠢᠶᠡᠨ᠎ᠦ ᠠᠮᠤᠷ ᠲᠦᠪᠰᠢᠨ᠎ᠦ ᠬᠠᠤᠯᠢ ᠴᠠᠭᠠᠵᠠ᠎ᠶᠢᠨ ᠰᠢᠰᠲ᠋ᠧᠮ᠎ᠳᠦ ᠣᠷᠣᠭᠤᠯᠪᠠ; ᠭᠦᠨᠵᠡᠭᠡᠶ ᠨᠡᠶ᠋ᠢᠯᠡᠯᠭᠡ᠂ ᠡᠭᠦᠰᠭᠡᠯ ᠵᠣᠬᠢᠶᠠᠮᠠᠯ ᠣᠶᠤᠨ ᠴᠢᠳᠠᠪᠤᠷᠢ ᠵᠡᠷᠭᠡ ᠣᠨᠴᠠᠭᠠᠶ ᠠᠶᠤᠯ ᠲᠦᠭᠰᠢᠭᠦᠷᠢ᠎ᠳᠦ ᠴᠢᠭᠯᠡᠭᠦᠯᠦᠨ ᠲᠤᠰᠬᠠᠶ ᠲᠦᠷᠢᠮ ᠲᠣᠭᠲᠠᠭᠠᠯ ᠭᠠᠷᠭᠠᠪᠠ; ᠬᠣᠯᠪᠣᠭᠳᠠᠯ ᠪᠥᠬᠥᠶ ᠪᠠᠷᠢᠮᠵᠢᠶ᠎ᠠ᠎ᠶᠢ ᠨᠡᠶ᠋ᠢᠲᠡᠯᠡᠵᠦ᠍ ᠵᠣᠬᠢᠶᠠᠮᠠᠯ ᠣᠶᠤᠨ ᠴᠢᠳᠠᠪᠤᠷᠢ ᠵᠢᠨ ᠡᠰᠢ ᠶᠣᠰᠣᠨ᠎ᠤ ᠠᠮᠤᠷ ᠲᠦᠪᠰᠢᠨ᠎ᠦ ᠵᠠᠭᠠᠭ ᠬᠢᠵᠠᠭᠠᠷ ᠪᠣᠯᠤᠨ ᠬᠣᠷᠢᠭ᠎ᠠ ᠱᠤᠭᠤᠮ᠎ᠢ ᠵᠠᠭᠠᠭᠯᠠᠨ ᠲᠣᠭᠲᠠᠭᠠᠪᠠ ᠁ ᠳᠤᠮᠳᠠᠳᠤ ᠤᠯᠤᠰ ᠬᠣᠯᠪᠣᠭᠳᠠᠯ ᠪᠥᠬᠥᠶ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ᠎ᠶᠢᠨ ᠪᠣᠳᠣᠯᠭ᠎ᠠ ᠲᠦᠷᠢᠮ ᠲᠣᠭᠲᠠᠭᠠᠯ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠬᠡᠷᠡᠭᠯᠡᠯᠲᠡ ᠵᠢᠨ ᠵᠢᠷᠤᠮᠵᠢᠯ᠂ ᠶᠣᠰᠣ ᠰᠤᠷᠲᠠᠬᠤᠨ᠎ᠤ ᠪᠠᠷᠢᠮᠵᠢᠶ᠎ᠠ᠎ᠶᠢ ᠲᠣᠭᠲᠠᠭᠠᠵᠤ᠂《ᠴᠢᠳᠠᠮᠠᠭᠠᠶ ᠵᠠᠰᠠᠯᠲᠡ》 ᠪᠡᠷ 《ᠴᠢᠳᠠᠮᠠᠭᠠᠢ ᠤᠶᠤᠨᠴᠢᠯᠠᠯᠲᠠ》 ᠵᠢ ᠠᠬᠢᠭᠤᠯᠤᠨ᠎ᠠ᠃
《2026 ᠳᠡᠯᠡᠬᠡᠶ᠎ᠶᠢᠨ ᠵᠣᠬᠢᠶᠠᠮᠠᠯ ᠣᠶᠤᠨ ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠣᠶᠤᠨ ᠴᠢᠳᠠᠪᠤᠷᠢ᠎ᠶᠢᠨ ᠪᠥᠬᠥ᠌ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠠᠰ᠎ᠤᠨ ᠬᠤᠷᠠᠯ᠎ᠤᠨ ᠲᠡᠷᠢᠭᠦᠯᠡᠭᠴᠢ᠎ᠶᠢᠨ ᠢᠯᠡᠷᠬᠡᠶ᠋ᠢᠯᠡᠯᠲᠡ》᠎ᠳ᠋ᠤ᠂《ᠠᠶᠤᠯ ᠲᠦᠭᠰᠢᠭᠦᠷᠢ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠪᠤᠰᠢᠭᠤ ᠱᠠᠯᠠᠮᠠᠭᠠᠶ᠎ᠪᠠᠷ ᠵᠠᠰᠠᠵᠤ᠂ ᠲᠥᠷᠥᠯ ᠬᠤᠪᠢᠶᠠᠨ ᠲᠠᠰ ᠬᠤᠪᠢᠶᠠᠨ ᠬᠠᠮᠢᠶᠠᠷᠬᠤ᠎ᠶᠢ ᠬᠠᠶ᠋ᠢᠨ ᠰᠦᠪᠡᠭᠴᠢᠯᠡᠵᠦ᠍᠂ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ᠌ ᠴᠣᠭᠴᠠᠯᠠᠨ᠎ᠠ》᠂《ᠠᠮᠤᠷ ᠲᠦᠪᠰᠢᠨ᠂ ᠠᠵᠤ ᠦᠢᠯᠡᠰ᠂ ᠶᠣᠰᠣ ᠰᠤᠷᠲᠠᠬᠤᠨ᠎ᠤ ᠪᠠᠷᠢᠮᠵᠢᠶ᠎ᠠ᠎ᠶᠢ ᠲᠣᠭᠲᠠᠭᠠᠨ ᠵᠠᠰᠠᠪᠤᠷᠢ ᠣᠷᠣᠭᠤᠯᠬᠤ᠎ᠶᠢ ᠲᠦᠷᠭᠡᠳᠬᠡᠨ᠎ᠡ》 ᠭᠡᠵᠦ᠍ ᠳᠤᠷᠠᠳᠴᠤ᠌᠂ ᠳᠡᠯᠡᠬᠡᠶ ᠨᠡᠶ᠋ᠢᠲᠡ᠎ᠶᠢᠨ ᠥᠷᠭᠡᠨ ᠳᠡᠯᠭᠡᠷ ᠳᠡᠮᠵᠢᠯᠭᠡ ᠪᠠ ᠬᠦᠷᠢᠶᠡᠯᠡᠯ᠎ᠢ ᠣᠯᠵᠤ᠂ ᠪᠥᠬᠥ᠌ ᠪᠥᠮᠪᠥᠷᠴᠡᠭ᠎ᠦᠨ ᠵᠣᠬᠢᠶᠠᠮᠠᠯ ᠣᠶᠤᠨ ᠴᠢᠳᠠᠪᠤᠷᠢ᠎ᠶᠢᠨ ᠠᠮᠤᠷ ᠲᠦᠪᠰᠢᠨ ᠬᠥᠭᠵᠢᠯᠲᠡ᠎ᠶᠢ ᠠᠬᠢᠭᠤᠯᠬᠤ᠎ᠳᠤ ᠬᠦᠴᠦᠨ ᠴᠢᠳᠠᠯ᠎ᠢ ᠨᠢᠭᠲᠠᠷᠠᠭᠤᠯᠪᠠ᠃
ᠨᠡᠭᠡᠭᠡᠯᠲᠡ ᠬᠢᠵᠦ᠍ ᠬᠠᠮᠲᠤᠷᠠᠯᠴᠠᠵᠤ᠂ ᠬᠠᠮᠲᠤ᠎ᠶᠢᠨ ᠴᠡᠴᠡᠭᠯᠡᠯ ᠬᠥᠭᠵᠢᠯ᠂ ᠬᠠᠮᠲᠤ᠎ᠶᠢᠨ ᠠᠮᠤᠷ ᠲᠦᠪᠰᠢᠨ᠎ᠢ ᠬᠠᠮᠠᠭᠠᠯᠠᠬᠤ ᠵᠢ ᠠᠬᠢᠭᠤᠯᠤᠨ᠎ᠠ —
ᠶᠡᠬᠡ ᠶᠤᠰᠤ ᠠᠨ᠎ᠤ ᠭᠠᠵᠠᠷᠳᠠᠬᠤ ᠦᠭᠡᠢ᠂ ᠵᠦᠪ ᠵᠠᠮ ᠳ᠋ᠤᠷ ᠭᠠᠭᠴᠠᠭᠠᠷᠳᠠᠬᠤ ᠦᠭᠡᠢ᠃ ᠯᠠᠪᠳᠠᠭᠤᠨ ᠤᠷᠤᠭᠰᠢᠯᠠᠬᠤ ᠨᠢ ᠨᠢᠭᠡ ᠤᠯᠤᠰ᠎ᠤᠨ ᠲᠣᠭᠲᠠᠭᠤᠨ ᠪᠠᠶ᠋ᠢᠬᠤ᠎ᠵᠢ ᠪᠠᠳᠤᠯᠠᠬᠤ ᠪᠠᠷ ᠪᠠᠷᠠᠬᠤ ᠦᠭᠡᠢ ᠨᠡᠩ ᠴᠤ᠌ ᠳᠡᠯᠡᠬᠡᠢ ᠳ᠋ᠠᠬᠢᠨ᠎ᠤ ᠲᠣᠭᠲᠠᠭᠤᠨ ᠪᠠᠶ᠋ᠢᠳᠠᠯ᠎ᠢ ᠪᠤᠢ ᠪᠣᠯᠭᠠᠵᠤ ᠴᠢᠳᠠᠨ᠎ᠠ᠃
《ᠵᠣᠬᠢᠶᠠᠮᠠᠯ ᠣᠶᠤᠨ ᠴᠢᠳᠠᠪᠤᠷᠢ᠎ᠶᠢᠨ ᠬᠦᠷᠢᠶᠡᠨ᠎ᠳᠦ ᠤᠯᠤᠰ᠎ᠤᠨ ᠠᠮᠤᠷ ᠲᠦᠪᠰᠢᠨ᠎ᠦ ᠤᠬᠠᠭᠳᠠᠬᠤᠨ᠎ᠢ ᠦᠷᠭᠡᠳᠭᠡᠬᠦ᠂ ᠲᠣᠰ ᠤᠯᠤᠰ᠎ᠤᠨ᠎ᠢᠶᠠᠨ ᠠᠮᠤᠷ ᠲᠦᠪᠰᠢᠨ᠎ᠢ ᠪᠤᠰᠤᠳ ᠤᠯᠤᠰ᠎ᠤᠨ ᠠᠮᠤᠷ ᠲᠦᠪᠰᠢᠨ ᠳᠡᠭᠡᠷ᠎ᠡ ᠲᠡᠭᠡᠷᠡᠯᠭᠡᠬᠦᠶᠢ ᠬᠠᠮᠲᠤ᠎ᠪᠠᠷ ᠡᠰᠡᠷᠭᠦᠴᠡᠪᠡᠯ ᠵᠣᠬᠢᠨ᠎ᠠ》᠃ ᠲᠡᠷᠢᠭᠦᠯᠡᠭᠴᠢ ᠰᠢ ᠵᠢᠨ ᠫᠢᠩ ᠭᠣᠣᠯ ᠵᠤᠷᠢᠯᠳᠠᠳᠦ ᠶᠠᠷᠢᠶᠠᠨ᠎ᠳᠠᠭᠠᠨ᠂ ᠣᠳᠣᠬᠠᠨ᠎ᠤ ᠪᠦᠬᠦ᠌ ᠪᠥᠮᠪᠥᠷᠴᠡᠭ᠎ᠦᠨ ᠵᠣᠬᠢᠶᠠᠮᠠᠯ ᠤᠶᠤᠨ᠎ᠴᠢᠳᠠᠪᠤᠷᠢ᠎ᠶᠢᠨ ᠵᠠᠰᠠᠯᠲᠠ᠎ᠶᠢᠨ ᠬᠦᠷᠢᠶᠡᠨ᠎ᠳᠡᠬᠢ ᠵᠠᠩᠭᠢᠯᠠᠭ᠎ᠠ᠎ᠶᠢᠨ ᠵᠠᠩᠭᠢᠯᠠᠭ᠎ᠠ᠎ᠶᠢ ᠰᠢᠭᠤᠳ ᠵᠢᠭᠠᠪᠠ᠃
ᠣᠳᠣᠬᠠᠨ᠎ᠳᠤ᠂ ᠪᠦᠬᠦ᠌ ᠪᠥᠮᠪᠥᠷᠴᠡᠭ᠎ᠦᠨ ᠵᠤᠬᠢᠶᠠᠮᠠᠯ ᠤᠶᠤᠨᠯᠢᠭ᠎ᠤᠨ ᠵᠠᠭᠠᠭ ᠮᠥᠨ ᠬᠦ᠌ ᠣᠷᠣᠰᠢᠵᠤ᠂ ᠮᠠᠰᠢ ᠤᠯᠠᠨ ᠬᠥᠭᠵᠢᠵᠦ᠍ ᠪᠠᠶ᠋ᠢᠭ᠎ᠠ ᠤᠯᠤᠰ ᠪᠤᠳᠤᠯᠲᠠ ᠵᠢᠨ ᠬᠦᠴᠦᠨ᠂ ᠳ᠋ᠠᠢᠲ᠋ᠠ᠂ ᠴᠢᠳᠠᠪᠤᠷᠢᠲᠠᠨ ᠵᠡᠷᠭᠡ ᠲᠠᠯ᠎ᠠ᠎ᠪᠠᠷ ᠢᠯᠡᠳᠲᠡ ᠬᠢᠵᠠᠭᠠᠷᠯᠠᠭᠳᠠᠵᠤ ᠪᠠᠶ᠋ᠢᠨ᠎ᠠ᠃ ᠵᠣᠷᠢᠭᠤᠳᠠ ᠮᠡᠷᠭᠡᠵᠢᠯ᠎ᠦᠨ ᠪᠡᠬᠢᠯᠡᠯᠲᠡ ᠭᠠᠷᠭᠠᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠠᠮᠲᠤᠷᠠᠯᠴᠠᠭ᠎ᠠ᠎ᠶᠢ ᠤᠯᠤᠰ ᠲᠦᠷᠦᠴᠢᠯᠡᠬᠦ᠌ ᠨᠢ ᠵᠥᠷᠢᠢ᠎ᠡ᠎ᠶᠢ ᠤᠯᠠᠮ ᠥᠷᠭᠡᠳᠬᠡᠵᠦ᠍᠂ ᠠᠶᠤᠯ ᠲᠦᠭᠰᠢᠭᠦᠷᠢ᠎ᠶᠢ ᠨᠡᠮᠡᠭᠳᠡᠭᠦᠯᠬᠦ᠌ ᠲᠡᠳᠦᠢ ᠶᠤᠮ᠃
《ᠡᠯ᠎ᠡ ᠤᠯᠤᠰ᠎ᠤᠨ᠎ᠬᠢᠨ ᠬᠥᠮᠦᠨ᠎ᠢᠶᠡᠷ ᠦᠨᠳᠦᠰᠦ ᠪᠣᠯᠭᠠᠬᠤ᠂ ᠥᠭᠡᠳᠡᠷᠬᠡᠭ ᠴᠠᠶ᠋ᠢᠯᠭᠠᠨ ᠪᠠᠶ᠋ᠢᠬᠤ ᠣᠶ᠋ᠢᠯᠠᠭᠠᠭᠳᠠᠬᠤᠨ᠎ᠢ ᠪᠠᠷᠢᠮᠲᠠᠯᠠᠵᠤ᠂ ᠵᠣᠬᠢᠶᠠᠮᠠᠯ ᠣᠶᠤᠨ ᠴᠢᠳᠠᠪᠤᠷᠢ᠎ᠶᠢ ᠬᠠᠮᠲᠤ᠎ᠶᠢᠨ ᠬᠥᠭᠵᠢᠯ ᠴᠡᠴᠡᠭᠯᠡᠯ᠎ᠢ ᠠᠬᠢᠭᠤᠯᠬᠤ᠂ ᠬᠠᠮᠲᠤ᠎ᠶᠢᠨ ᠠᠮᠤᠷ ᠲᠦᠪᠰᠢᠨ᠎ᠢ ᠬᠠᠮᠠᠭᠠᠯᠠᠬᠤ ᠴᠢᠬᠤᠯᠠ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠪᠣᠯᠭᠠᠵᠤ᠂ ᠲᠥᠪ ᠭᠤᠤᠯᠴᠢ ᠵᠦᠶ ᠵᠣᠬᠢᠰᠲᠠᠶ ᠪᠥᠬᠥ᠌ ᠪᠥᠮᠪᠥᠷᠴᠡᠭ᠎ᠦᠨ ᠵᠣᠬᠢᠶᠠᠮᠠᠯ ᠣᠶᠤᠨ ᠴᠢᠳᠠᠪᠤᠷᠢ᠎ᠶᠢᠨ ᠵᠠᠰᠠᠯᠲᠠ᠎ᠶᠢᠨ ᠰᠢᠰᠲ᠋ᠧᠮ᠎ᠢ ᠭᠠᠷ ᠬᠣᠯᠪᠣᠯᠴᠠᠨ ᠪᠠᠶ᠋ᠢᠭᠤᠯᠪᠠᠯ ᠵᠣᠬᠢᠨ᠎ᠠ》᠃ ᠲᠡᠷᠢᠭᠦᠯᠡᠭᠴᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠳᠡᠯᠡᠬᠡᠢ ᠳ᠋ᠠᠬᠢᠨ᠎ᠤ ᠭᠦᠨ ᠵᠤᠵᠠᠭᠠᠨ ᠬᠠᠶ᠋ᠢᠷ᠎ᠠ ᠰᠡᠳᠬᠢᠯᠭᠡ ᠪᠠ ᠬᠠᠷᠢᠭᠤᠴᠠᠯᠭ᠎ᠠ᠎ᠲᠠᠶ ᠶᠡᠬᠡ ᠤᠯᠤᠰ᠎ᠤᠨ ᠴᠠᠭ ᠦᠶ᠎ᠡ᠎ᠶᠢᠨ ᠡᠭᠦᠷᠭᠡᠯᠡᠯ᠎ᠢ ᠢᠯᠡᠷᠡᠭᠦᠯᠪᠡ᠃
ᠵᠣᠬᠢᠶᠠᠮᠠᠯ ᠣᠶᠤᠨ ᠴᠢᠳᠠᠪᠤᠷᠢ᠎ᠶᠢᠨ ᠢᠷᠡᠭᠡᠳᠦᠶ ᠨᠢ ᠡᠴᠦᠰ᠎ᠦᠨ ᠡᠴᠦᠰ᠎ᠲᠡᠬᠡᠨ ᠬᠥᠮᠦᠨ ᠲᠥᠷᠥᠯᠬᠢᠲᠡᠨ ᠥᠨᠥᠳᠦᠷ ᠶᠠᠮᠠᠷ ᠰᠣᠩᠭᠣᠯᠲᠠ ᠬᠢᠭᠰᠡᠨ᠎ᠢᠶᠡᠷ ᠲᠣᠭᠳᠠᠭᠠᠭᠳᠠᠨ᠎ᠠ᠃ ᠬᠥᠭᠵᠢᠯᠲᠡ ᠪᠠ ᠠᠮᠤᠷ ᠲᠦᠪᠰᠢᠨ᠎ᠢ ᠵᠡᠷᠭᠡ᠎ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ ᠵᠣᠬᠢᠶᠠᠮᠠᠯ ᠤᠶᠤᠨ᠎ᠴᠢᠳᠠᠪᠤᠷᠢ᠎ᠶᠢᠨ ᠬᠥᠭᠵᠢᠯᠲᠡ᠎ᠶᠢᠨ ᠬᠠᠨᠳᠤᠰᠢ ᠪᠠ ᠵᠢᠮ᠎ᠡ ᠶᠣᠰᠣ᠎ᠶᠢ ᠰᠠᠶ᠋ᠢᠲᠤᠷ ᠡᠵᠡᠮᠳᠡᠵᠦ᠍ ᠪᠦᠬᠦ᠌ ᠪᠥᠮᠪᠥᠷᠴᠡᠭ᠎ᠦᠨ ᠵᠠᠰᠠᠯᠲᠠ᠎ᠶᠢ ᠲᠡᠭᠦᠯᠳᠡᠷᠵᠢᠭᠦᠯᠪᠡᠯ᠂ ᠵᠣᠬᠢᠶᠠᠮᠠᠯ ᠤᠶᠤᠨ᠎ᠴᠢᠳᠠᠪᠤᠷᠢ᠎ᠶᠢᠨ ᠡᠨᠡ ᠬᠦ᠌ ᠡᠷᠳᠡᠨᠢ ᠵᠢᠨ ᠬᠦᠯᠦᠭ ᠲᠦᠷᠭᠡᠨ ᠪᠥᠭᠡᠳ ᠯᠠᠪᠳᠠᠭᠤᠨ ᠭᠦᠶᠦᠵᠦ᠍᠂ ᠪᠦᠬᠦ᠌ ᠬᠥᠮᠦᠨ ᠲᠥᠷᠥᠯᠬᠢᠲᠡᠨ᠎ᠦ ᠠᠵᠠ ᠵᠢᠷᠭᠠᠯ᠎ᠢ ᠨᠡᠮᠡᠭᠳᠡᠭᠦᠯᠬᠦ᠌᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠲᠠᠪᠰᠢᠯᠳᠠ᠎ᠶᠢ ᠠᠬᠢᠭᠤᠯᠬᠤ᠎ᠳᠤ ᠲᠠᠰᠤᠷᠠᠯᠳᠠ ᠦᠭᠡᠢ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠬᠦ᠌ ᠪᠣᠯᠤᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 7 ᠰᠠᠷ᠎ᠠ ᠵᠢᠨ 19 ᠤ᠋ ᠴᠠᠬᠢᠯᠭᠠᠨ ᠮᠡᠳᠡᠭᠡ)