ᠲᠠᠸᠠᠷ ᠤ᠋ᠨ ᠲᠡᠮᠳᠡᠭ ᠢ᠋ ᠳᠠᠩᠰᠠᠯᠠᠭᠤᠯᠤᠨ ᠬᠡᠷᠡᠭᠯᠡᠬᠦ᠌ ᠡᠮᠬᠢ ᠵᠢᠷᠦᠮ ᠢ᠋ ᠦᠷᠭᠦᠯᠵᠢᠯᠡᠨ ᠵᠢᠷᠤᠮᠵᠢᠭᠤᠯᠵᠤ᠂ ᠲᠠᠸᠠᠷ ᠤ᠋ᠨ ᠲᠡᠮᠳᠡᠭ ᠤ᠋ᠨ ᠡᠷᠬᠡ ᠳ᠋ᠤ ᠬᠠᠯᠳᠠᠭᠰᠠᠨ ᠦᠵᠡᠭᠳᠡᠯ ᠳ᠋ᠤ ᠴᠢᠩᠭ᠎ᠠ ᠴᠣᠬᠢᠯᠲᠠ ᠥᠭᠬᠦ᠌ ᠶ᠋ᠢᠨ ᠲᠥᠯᠥᠭᠡ᠂ 7 ᠰᠠᠷ᠎ᠠ ᠡᠴᠡ ᠡᠬᠢᠯᠡᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ (ᠮᠡᠳᠡᠯᠭᠡ ᠶ᠋ᠢᠨ ᠥᠮᠴᠢᠯᠡᠯ ᠤ᠋ᠨ ᠡᠷᠬᠡ ᠶ᠋ᠢᠨ ᠲᠣᠪᠴᠢᠶ᠎ᠠ) ᠶ᠋ᠢᠨ ᠬᠢᠨ ᠪᠦᠬᠦ᠌ ᠣᠷᠣᠨ ᠳ᠋ᠤ ᠲᠠᠸᠠᠷ ᠤ᠋ᠨ ᠲᠡᠮᠳᠡᠭ ᠤ᠋ᠨ ᠵᠠᠰᠠᠭ ᠵᠠᠬᠢᠷᠭᠠᠨ ᠤ᠋ ᠬᠠᠮᠠᠭᠠᠯᠠᠯᠲᠠ ᠶ᠋ᠢᠨ ᠲᠤᠰᠬᠠᠢ ᠠᠵᠢᠯᠯᠠᠭ᠎ᠠ ᠵᠢ ᠪᠠᠶ᠋ᠢᠷᠢᠯᠠᠭᠤᠯᠤᠨ ᠥᠷᠨᠢᠭᠦᠯᠪᠡ᠃
ᠲᠣᠰ ᠤᠳᠠᠭᠠᠨ ᠤ᠋ ᠲᠤᠰᠬᠠᠶ ᠠᠵᠢᠯᠯᠠᠭ᠎ᠠ ᠳ᠋ᠤ ᠲᠠᠸᠠᠷ ᠤ᠋ᠨ ᠲᠡᠮᠳᠡᠭ ᠢ᠋ ᠳᠠᠩᠰᠠᠯᠠᠬᠤ᠂ ᠲᠠᠸᠠᠷ ᠤ᠋ᠨ ᠲᠡᠮᠳᠡᠭ ᠢ᠋ ᠬᠡᠷᠡᠭᠯᠡᠬᠦ᠌᠂ ᠲᠣᠭᠲᠠᠭᠠᠯ ᠳ᠋ᠤ ᠨᠡᠶ᠋ᠢᠴᠡᠭᠦᠯᠦᠨ ᠬᠠᠮᠢᠶᠠᠷᠬᠤ ᠵᠡᠷᠭᠡ ᠵᠠᠩᠭᠢᠯᠠᠭ᠎ᠠ ᠶ᠋ᠢᠨ ᠭᠣᠭᠴᠣᠭ᠎ᠠ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠲᠠᠸᠠᠷ ᠤ᠋ᠨ ᠲᠡᠮᠲᠡᠭ ᠢ᠋ ᠮᠠᠭᠤ ᠰᠠᠨᠠᠭ᠎ᠠ ᠲᠠᠢ ᠪᠠᠷ ᠬᠤᠷᠠᠮᠳᠤᠭᠤᠯᠤᠨ ᠳᠠᠷᠤᠬᠤ᠂ ᠲᠠᠸᠠᠷ ᠤ᠋ᠨ ᠲᠡᠮᠳᠡᠭ ᠢ᠋ ᠪᠥᠭᠡᠮ ᠢ᠋ᠶ᠋ᠡᠷ ᠵᠠᠪᠳᠤᠨ ᠳᠠᠩᠰᠠᠯᠠᠭᠤᠯᠬᠤ ᠠᠵᠢᠯᠯᠠᠭ᠎ᠠ ᠳ᠋ᠤ ᠬᠦᠴᠦᠲᠡᠶ ᠴᠣᠬᠢᠯᠲᠠ ᠥᠭᠴᠦ᠍᠂ ᠣᠯᠠᠨ ᠨᠡᠶ᠋ᠢᠲᠡ ᠶ᠋ᠢᠨ ᠡᠬᠢ ᠪᠠᠶᠠᠯᠢᠭ ᠢ᠋ ᠵᠠᠪᠳᠤᠨ ᠳᠠᠩᠰᠠᠯᠠᠭᠤᠯᠬᠤ᠂ ᠪᠤᠰᠤᠳ ᠤ᠋ᠨ ᠤᠷᠢᠳ ᠢ᠋ᠶ᠋ᠡᠷ ᠪᠠᠢᠭ᠎ᠠ ᠬᠠᠤᠯᠢ ᠶᠣᠰᠣᠨ ᠤ᠋ ᠡᠷᠬᠡ ᠠᠰᠢᠭ ᠢ᠋ ᠡᠵᠡᠯᠡᠬᠦ᠌ ᠵᠡᠷᠭᠡ ᠦᠨᠡᠨᠴᠢ ᠢᠲᠡᠭᠡᠮᠵᠢ ᠶ᠋ᠢᠨ ᠵᠠᠷᠴᠢᠮ ᠪᠠ ᠨᠡᠢᠲᠡ ᠶ᠋ᠢᠨ ᠲᠢᠭᠯᠢᠮ ᠰᠠᠶ᠋ᠢᠨ ᠵᠠᠩᠰᠢᠯ ᠡᠴᠡ ᠵᠥᠷᠢᠴᠡᠭᠰᠡᠨ ᠳᠠᠩᠰᠠᠯᠠᠭᠤᠯᠬᠤ ᠠᠵᠢᠯᠯᠠᠭ᠎ᠠ ᠵᠢ ᠴᠢᠩᠭ᠎ᠠ ᠪᠠᠶ᠋ᠢᠴᠠᠭᠠᠨ ᠰᠢᠢᠳᠪᠦᠷᠢᠯᠡᠵᠦ ᠪᠠᠢᠨ᠎ᠠ᠃ ᠡᠭᠦᠨ ᠤ᠋ ᠬᠠᠮᠲᠤ᠌ ᠲᠠᠸᠠᠷ ᠤ᠋ᠨ ᠲᠡᠮᠳᠡᠭ ᠢ᠋ ᠭᠥᠯᠢᠶᠡᠨ ᠠᠪᠴᠤ᠌ ᠰᠢᠢᠳᠪᠦᠷᠢᠯᠡᠬᠦ ᠴᠣᠩᠬᠤᠪᠴᠢ ᠶ᠋ᠢᠨ ᠲᠦᠭᠰᠢᠭᠦᠷᠢ ᠵᠢ ᠰᠢᠭᠰᠢᠨ ᠪᠠᠶ᠋ᠢᠴᠠᠭᠠᠬᠤ ᠵᠢ ᠴᠢᠨᠭᠭᠠᠳᠬᠠᠵᠤ᠂ ᠲᠠᠸᠠᠷ ᠤ᠋ᠨ ᠲᠡᠮᠳᠡᠭ ᠤ᠋ᠨ ᠣᠷᠣᠯᠠᠨ ᠭᠦᠢᠴᠡᠳᠭᠡᠬᠦ ᠪᠠᠶ᠋ᠢᠭᠤᠯᠤᠮᠵᠢ ᠵᠢ ᠪᠠᠶ᠋ᠢᠩᠭᠤᠵᠢᠭᠤᠯᠤᠨ ᠬᠢᠨᠠᠨ ᠬᠠᠮᠢᠶᠠᠷᠴᠤ᠌᠂ ᠮᠠᠭᠤ ᠰᠠᠨᠠᠭ᠎ᠠ ᠪᠡᠷ ᠳᠠᠩᠰᠠᠯᠠᠭᠤᠯᠬᠤ᠂ ᠬᠤᠳᠠᠯ ᠬᠠᠭᠤᠷᠮᠠᠭ ᠢ᠋ᠶ᠋ᠡᠷ ᠳᠠᠩᠰᠠᠯᠠᠭᠤᠯᠬᠤ᠂ ᠲᠠᠸᠠᠷ ᠤ᠋ᠨ ᠲᠡᠮᠲᠡᠭ ᠢ᠋ ᠪᠥᠭᠡᠮ ᠢ᠋ᠶ᠋ᠡᠷ ᠬᠤᠷᠠᠮᠳᠤᠭᠤᠯᠤᠨ ᠳᠠᠷᠤᠬᠤ ᠵᠡᠷᠭᠡ ᠵᠡᠷᠭᠡ ᠲᠣᠭᠲᠠᠭᠠᠯ ᠡᠴᠡ ᠵᠥᠷᠢᠴᠡᠨ ᠠᠵᠢᠯ ᠡᠷᠭᠢᠯᠡᠬᠦ ᠠᠵᠢᠯᠯᠠᠭ᠎ᠠ ᠵᠢ ᠴᠢᠩᠭ᠎ᠠ ᠪᠠᠶ᠋ᠢᠴᠠᠭᠠᠵᠤ ᠪᠠᠢᠨ᠎ᠠ᠃
ᠡᠭᠦᠨ ᠡᠴᠡ ᠭᠠᠳᠠᠨ᠎ᠠ᠂ ᠥᠪᠥᠷ ᠮᠣᠩᠭᠣᠯ ᠡᠵᠡᠩᠨᠡᠯᠲᠡ ᠶ᠋ᠢᠨ ᠭᠤᠤᠯ ᠴᠣᠭᠴᠠ ᠶ᠋ᠢᠨ ᠲᠠᠸᠠᠷ ᠤ᠋ᠨ ᠲᠡᠮᠳᠡᠭ ᠤ᠋ᠨ ᠲᠣᠭᠲᠠᠭᠠᠯ ᠳ᠋ᠤ ᠨᠡᠶ᠋ᠢᠴᠡᠭᠦᠯᠬᠦ ᠬᠠᠮᠢᠶᠠᠷᠤᠯᠲᠠ ᠶ᠋ᠢᠨ ᠬᠠᠷᠢᠭᠤᠴᠠᠯᠭ᠎ᠠ ᠵᠢ ᠦᠷᠭᠦᠯᠵᠢᠯᠡᠨ ᠪᠣᠳᠠᠲᠠᠶ᠋ᠢᠵᠢᠭᠤᠯᠵᠤ᠂ ᠠᠵᠤ ᠠᠬᠤᠶ᠋ᠢᠯᠠᠯ ᠤ᠋ᠨ ᠬᠢᠨᠠᠨ ᠲᠣᠭᠲᠠᠭᠠᠭᠰᠠᠨ ᠲᠥᠷᠥᠯ ᠢᠯᠭᠠᠯ᠂ ᠬᠢᠨᠠᠨ ᠲᠣᠭᠲᠠᠭᠠᠭᠰᠠᠨ ᠬᠡᠪᠴᠢᠶᠡᠨ ᠳᠣᠲᠣᠷ᠎ᠠ ᠲᠠᠸᠠᠷ ᠤ᠋ᠨ ᠲᠡᠮᠳᠡᠭ ᠬᠡᠷᠡᠭᠯᠡᠵᠦ᠂ ᠳᠣᠲᠣᠭᠠᠳᠤ ᠶ᠋ᠢᠨ ᠲᠠᠸᠠᠷ ᠤ᠋ᠨ ᠲᠡᠮᠳᠡᠭ ᠤ᠋ᠨ ᠬᠠᠮᠢᠶᠠᠷᠤᠯᠲᠠ ᠶ᠋ᠢᠨ ᠲᠦᠷᠢᠮ ᠢ᠋ ᠪᠦᠷᠢᠨᠰᠢᠭᠦᠯᠬᠦ ᠵᠢ ᠱᠠᠯᠠᠪᠳᠠᠭᠤᠯᠵᠤ ᠪᠠᠢᠨ᠎ᠠ᠃ ᠬᠠᠮᠲᠤ ᠶ᠋ᠢᠨ ᠲᠠᠸᠠᠷ ᠤ᠋ᠨ ᠲᠡᠮᠳᠡᠭ᠂ ᠭᠡᠷᠡᠴᠢᠯᠡᠬᠦ᠌ ᠲᠠᠸᠠᠷ ᠤ᠋ᠨ ᠲᠡᠮᠳᠡᠭ ᠪᠣᠯᠤᠨ ᠣᠷᠣᠨ ᠪᠦᠰᠡ ᠶ᠋ᠢᠨ ᠨᠡᠶ᠋ᠢᠲᠡ ᠶ᠋ᠢᠨ ᠬᠡᠷᠡᠭᠯᠡᠭᠡᠨ ᠤ᠋ ᠲᠦᠷᠦᠯ ᠲᠡᠮᠲᠡᠭ ᠤ᠋ᠨ ᠬᠢᠨᠠᠯᠲᠠ ᠬᠠᠮᠢᠶᠠᠷᠤᠯᠲᠠ ᠵᠢ ᠴᠢᠩᠭᠠᠷᠠᠭᠤᠯᠵᠤ᠂ ᠬᠡᠷᠡᠭᠯᠡᠬᠦ᠌ ᠭᠤᠤᠯ ᠴᠣᠭᠴᠠ ᠶ᠋ᠢᠨ ᠬᠢᠷᠢ ᠭᠡᠮ ᠢ᠋ ᠬᠢᠨᠠᠨ ᠰᠢᠯᠭᠠᠬᠤ᠂ ᠦᠢᠯᠡᠳᠬᠦᠨ ᠤ᠋ ᠶᠠᠰᠤ ᠴᠢᠨᠠᠷ ᠢ᠋ ᠰᠤᠭᠤᠴᠢᠨ ᠪᠠᠶ᠋ᠢᠴᠠᠭᠠᠬᠤ ᠵᠢ ᠪᠠᠶ᠋ᠢᠩᠭᠤᠵᠢᠭᠤᠯᠤᠨ ᠥᠷᠨᠢᠭᠦᠯᠵᠦ᠍᠂ ᠲᠣᠭᠲᠠᠭᠠᠯ ᠡᠴᠡ ᠵᠥᠷᠢᠴᠡᠭᠰᠡᠨ ᠬᠡᠷᠡᠭᠯᠡᠭᠴᠢ ᠵᠢᠨ ᠬᠡᠷᠡᠭᠯᠡᠬᠦ ᠡᠷᠬᠡ ᠵᠢ ᠴᠠᠭ ᠲᠤᠬᠠᠶ ᠳ᠋ᠤᠨᠢ ᠪᠤᠴᠠᠭᠠᠨ ᠠᠪᠬᠤ ᠪᠤᠯᠤᠨ᠎ᠠ᠃ ᠬᠠᠭᠤᠴᠢᠨ ᠨᠡᠷᠡᠲᠦ᠍ ᠲᠠᠸᠠᠷ ᠤ᠋ᠨ ᠲᠡᠮᠳᠡᠭ ᠢ᠋ ᠬᠠᠮᠠᠭᠠᠯᠠᠬᠤ ᠡᠷᠴᠢᠮ ᠢ᠋ᠶ᠋ᠡᠨ ᠴᠢᠨᠭᠭᠠᠷᠠᠭᠤᠯᠵᠤ᠂ ᠡᠷᠬᠡ ᠳ᠋ᠤ ᠬᠠᠯᠳᠠᠵᠤ ᠬᠤᠳᠠᠯ ᠬᠠᠭᠤᠷᠮᠠᠭ ᠦᠢᠯᠡᠳᠬᠦ᠌ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭᠴᠦ᠍᠂ ᠬᠠᠭᠤᠴᠢᠨ ᠨᠡᠷᠡᠲᠦ᠍ ᠠᠵᠤ ᠠᠬᠤᠶ᠋ᠢᠯᠠᠯ ᠤ᠋ᠨ ᠭᠠᠳᠠᠭᠠᠳᠤ ᠳ᠋ᠡᠬᠢ ᠮᠡᠳᠡᠯᠭᠡ ᠶ᠋ᠢᠨ ᠦᠮᠴᠢᠯᠡᠯ ᠤ᠋ᠨ ᠡᠷᠬᠡ ᠶ᠋ᠢᠨ ᠪᠠᠶ᠋ᠢᠷᠢᠰᠢᠭᠤᠯᠤᠯᠲᠠ ᠪᠠᠨ ᠲᠡᠭᠦᠯᠳᠡᠷᠵᠢᠭᠦᠯᠬᠦ᠌ ᠵᠢ ᠳᠡᠮᠵᠢᠵᠦ ᠪᠠᠢᠨ᠎ᠠ᠃
ᠡᠯ᠎ᠡ ᠠᠶ᠋ᠢᠮᠠᠭ ᠬᠣᠲᠠ ᠶ᠋ᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠰᠦᠯᠵᠢᠶᠡᠨ ᠳᠡᠭᠡᠷ᠎ᠡ ᠬᠢᠨᠠᠨ ᠰᠢᠨᠵᠢᠬᠦ᠌᠂ ᠲᠤᠬᠠᠢ ᠶ᠋ᠢᠨ ᠲᠠᠯᠠᠪᠤᠷ ᠲᠦ᠍ ᠵᠢᠭᠰᠠᠭᠠᠨ ᠪᠠᠶ᠋ᠢᠴᠠᠭᠠᠬᠤ ᠵᠢ ᠤᠶᠠᠯᠳᠤᠭᠤᠯᠬᠤ ᠠᠷᠭ᠎ᠠ ᠬᠡᠯᠪᠡᠷᠢ ᠵᠢ ᠠᠪᠴᠤ᠂ 12315 ᠵᠠᠭᠠᠯᠳᠤᠬᠤ ᠢᠯᠡᠴᠢᠯᠡᠨ ᠮᠡᠳᠡᠭᠦᠯᠬᠦ᠌ ᠠᠷᠭ᠎ᠠ ᠵᠠᠮ ᠳ᠋ᠤ ᠲᠦᠰᠢᠭᠯᠡᠨ ᠣᠯᠠᠨ ᠲᠦᠮᠡᠨ᠂ ᠠᠵᠢᠯ ᠲᠥᠷᠥᠯ ᠤ᠋ᠨ ᠢᠯᠡᠴᠢᠯᠡᠨ ᠮᠡᠳᠡᠭᠦᠯᠬᠦ᠌ ᠰᠦᠪᠡᠭᠴᠢ ᠵᠢ ᠥᠷᠭᠡᠨ ᠢ᠋ᠶ᠋ᠡᠷ ᠴᠤᠭᠯᠠᠭᠤᠯᠵᠤ᠂ ᠴᠢᠨᠭᠭ᠎ᠠ ᠬᠢᠨᠠᠯᠲᠠ ᠬᠠᠮᠢᠶᠠᠷᠤᠯᠲᠠ ᠪᠠᠷ ᠥᠪᠥᠷ ᠮᠣᠩᠭᠣᠯ ᠤ᠋ᠨ ᠲᠠᠸᠠᠷ ᠤ᠋ᠨ ᠲᠡᠮᠳᠡᠭ ᠤ᠋ᠨ ᠵᠠᠬ᠎ᠠ ᠳᠡᠯᠭᠡᠭᠦᠷ ᠢ᠋ ᠵᠢᠷᠤᠮᠵᠢᠭᠤᠯᠤᠨ ᠡᠮᠬᠢ ᠵᠢᠷᠤᠮᠲᠠᠶ ᠬᠥᠭᠵᠢᠭᠦᠯᠬᠦ᠌ ᠵᠢ ᠪᠠᠳᠤᠯᠠᠵᠤ ᠪᠠᠢᠨ᠎ᠠ᠃