ᠬᠥᠬᠡᠡᠡᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠬᠠᠮᠤᠭ᠎ᠤᠨ ᠪᠠᠭ᠎ᠠ ᠪᠠᠶ᠋ᠢᠯᠳᠤᠭᠠᠨ᠎ᠤ ᠨᠢᠬᠡᠴᠢ ᠵᠢᠨ ᠪᠠᠴᠢᠮ ᠪᠠᠶ᠋ᠢᠳᠠᠯ᠎ᠢ ᠠᠷᠭᠠᠴᠠᠭᠠᠬᠤ ᠰᠣᠷᠢᠯᠲᠠ ᠥᠷᠨᠢᠭᠦᠯᠵᠡᠢ
2026-07-23 11:12:10
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠬᠥᠬᠡᠡᠡᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠠᠮᠤᠷ᠎ᠢ ᠬᠠᠮᠠᠭᠠᠯᠠᠬᠤ ᠬᠠᠮᠢᠶᠠᠷᠤᠯᠲᠠ ᠪᠠ ᠣᠨᠴᠠ ᠲᠦᠷᠦᠯ ᠤ᠋ᠨ ᠴᠠᠬᠳᠠᠭ᠎ᠠ ᠬᠢᠬᠡᠳ ᠴᠠᠬᠳᠠᠨ ᠲᠤᠭᠤᠷᠢᠬᠤ ᠴᠠᠬᠳᠠᠭ᠎ᠠ ᠵᠢᠨ ᠰᠠᠯᠪᠤᠷᠢ ᠠᠩᠬᠢ ᠵᠢᠨ ᠪᠤᠯᠪᠠᠰᠤᠷᠠᠯ ᠤ᠋ᠨ ᠰᠠᠭᠤᠷᠢᠨ᠎ᠳᠦ᠂  ᠪᠠᠶ᠋ᠢᠯᠳᠤᠭᠠᠨ᠎ᠤ ᠬᠡᠩᠭᠡᠷᠭᠡ ᠬᠦᠩᠬᠢᠨᠡᠵᠦ᠂ ᠰᠡᠷᠡᠮᠵᠢ᠎ᠶᠢᠨ ᠳ᠋ᠧᠩ ᠭᠢᠯᠠᠯᠵᠠᠨ᠂ ᠬᠥᠬᠡᠡᠡᠣᠲᠠ᠎ᠶᠢᠨ ᠣᠨᠴᠠ ᠲᠦᠷᠦᠯ ᠤ᠋ᠨ ᠴᠠᠬᠳᠠᠭ᠎ᠠ ᠬᠢᠬᠡᠳ ᠴᠠᠬᠳᠠᠨ ᠲᠤᠭᠤᠷᠢᠬᠤ ᠴᠠᠬᠳᠠᠭ᠎ᠠ ᠵᠢᠨ ᠬᠠᠮᠤᠭ᠎ᠤᠨ ᠪᠠᠭ᠎ᠠ ᠪᠠᠶ᠋ᠢᠯᠳᠤᠭᠠᠨ᠎ᠤ ᠨᠢᠭᠡᠴᠢ᠎ᠶᠢᠨ ᠪᠠᠴᠢᠮ ᠪᠠᠶ᠋ᠢᠳᠠᠯ᠎ᠢ ᠠᠷᠭᠠᠴᠠᠭᠠᠨ ᠬᠡᠨᠡᠳᠳᠡ ᠵᠢᠨ ᠬᠡᠷᠡᠭ᠎ᠢ ᠰᠢᠢᠳᠪᠦᠷᠢᠯᠡᠬᠦ ᠰᠣᠷᠢᠯᠲᠠ ᠢᠳᠡ ᠬᠦᠭ ᠳᠡᠢ ᠶᠠᠪᠤᠭᠳᠠᠪᠠ᠃

ᠬᠥᠬᠡᠡᠡᠣᠲᠠ᠎ᠶᠢᠨ 10 ᠬᠣᠰᠢᠭᠤ ᠰᠢᠶᠠᠨ ᠲᠣᠭᠣᠷᠢᠭ᠎ᠤᠨ ᠳᠣᠲᠣᠭᠠᠳᠤ᠎ᠶᠢ ᠬᠠᠮᠠᠭᠠᠯᠠᠬᠤ (ᠬᠤᠪᠢᠶᠠᠷᠢ) ᠲᠣᠪᠴᠢᠶ᠎ᠠ᠎ᠶᠢᠨ ᠰᠦᠷᠳᠡᠭᠦᠯᠦᠯ᠎ᠢ ᠡᠰᠡᠷᠭᠦᠴᠡᠬᠦ᠌ ᠤᠨᠴᠠ ᠲᠦᠷᠦᠯ ᠤ᠋ᠨ ᠴᠠᠬᠳᠠᠭ᠎ᠠ ᠬᠢᠬᠡᠳ ᠴᠠᠬᠳᠠᠨ  ᠲᠤᠭᠤᠷᠢᠬᠤ ᠴᠠᠬᠳᠠᠭ᠎ᠠ ᠵᠢᠨ ᠡᠩᠨᠡᠬᠡ᠂ ᠬᠥᠬᠡᠡᠡᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠠᠮᠤᠷ᠎ᠢ ᠬᠠᠮᠠᠭᠠᠯᠠᠬᠤ ᠬᠠᠮᠢᠶᠠᠷᠤᠯᠲᠠ ᠪᠠ ᠣᠨᠴᠠ ᠲᠦᠷᠦᠯ ᠤ᠋ᠨ ᠴᠠᠬᠳᠠᠭ᠎ᠠ ᠬᠢᠬᠡᠳ ᠴᠠᠬᠳᠠᠨ ᠲᠤᠭᠤᠷᠢᠬᠤ ᠴᠠᠬᠳᠠᠭ᠎ᠠ ᠵᠢᠨ ᠰᠠᠯᠪᠤᠷᠢ ᠠᠩᠬᠢ ᠵᠢᠨ ᠰᠢᠯᠢᠳᠡᠭ ᠴᠠᠭᠳᠠᠭ᠎ᠠ ᠨᠠᠷ ᠪᠦᠬᠦᠨ᠎ᠢᠶᠡᠷ᠎ᠢᠶᠡᠨ ᠴᠤᠭᠯᠠᠷᠠᠵᠤ᠂ ᠪᠣᠳᠠᠲᠤ᠌ ᠦᠵᠡᠭᠳᠡᠯ᠂ ᠪᠣᠳᠠᠲᠤ᠌ ᠪᠠᠢᠳᠠᠯ᠂ ᠪᠣᠳᠠᠲᠤ᠌ ᠲᠠᠢᠯᠠᠯᠳᠤᠭᠠᠨ᠎ᠤ ᠪᠠᠷᠢᠮᠵᠢᠶ᠎ᠠ᠎ᠪᠠᠷ ᠪᠦᠬᠦ᠌ ᠲᠥᠷᠥᠯ᠎ᠦᠨ ᠪᠠᠴᠢᠮ ᠪᠠᠶ᠋ᠢᠳᠠᠯ᠎ᠢ ᠠᠷᠭᠠᠴᠠᠭᠠᠨ ᠰᠢ᠌ᠳᠪᠦᠷᠢᠯᠡᠬᠦ᠌ ᠰᠣᠷᠢᠯᠲᠠ ᠥᠷᠨᠢᠭᠦᠯᠪᠡ᠃ ᠰᠤᠷᠢᠯᠳᠠ ᠡᠬᠢᠯᠡᠮᠡᠭᠴᠡ᠂ ᠡᠯ᠎ᠡ ᠬᠣᠰᠢᠭᠤ ᠰᠢᠶᠠᠨ ᠲᠣᠭᠣᠷᠢᠭ᠎ᠡᠴᠨ ᠬᠦᠷᠦᠯᠴᠡᠨ ᠢᠷᠡᠭᠰᠡᠨ ᠴᠠᠬᠳᠠᠭ᠎ᠠ ᠨᠠᠷ ᠲᠡᠰ ᠳᠠᠷᠠᠭᠠᠯᠠᠨ ᠲᠠᠯᠠᠪᠠᠶ᠎ᠳᠤ ᠭᠠᠷᠴᠤ᠌᠂ ᠬᠢᠲᠤᠭ᠎ᠠ ᠪᠠᠷᠢᠨ  ᠴᠠᠪᠴᠢᠬᠤ᠂ ᠬᠥᠮᠦᠨ᠎ᠢ ᠬᠠᠷ᠎ᠠ ᠬᠤᠤᠷᠲᠠᠶ᠎ᠪᠠᠷ ᠰᠢᠷᠬᠠᠲᠤᠭᠤᠯᠬᠤ᠂ ᠬᠤᠤᠷᠲᠤ᠌ ᠡᠳ᠋᠎ᠲᠦ᠍ ᠬᠣᠯᠪᠣᠭᠳᠠᠭᠰᠠᠨ ᠮᠠᠰᠢᠨ ᠲᠡᠷᠬᠡ ᠵᠢᠨ ᠬᠣᠷᠢᠭ᠎ᠠ᠎ᠶᠢ ᠡᠪᠳᠡᠬᠦ᠌᠂ ᠤᠯᠠᠨ ᠲᠦᠮᠡᠨ ᠤ᠋  ᠴᠢᠨᠠᠷᠲᠠᠶ ᠮᠥᠷᠭᠥᠯᠳᠦᠭᠡᠨ ᠡᠬᠦᠰᠬᠦ ᠵᠡᠷᠭᠡ 10 ᠲᠥᠷᠥᠯ᠎ᠦᠨ ᠭᠡᠨᠡᠳᠲᠡ᠎ᠶᠢᠨ ᠬᠡᠷᠡᠭ᠎ᠦᠨ ᠳᠠᠭᠤᠷᠢᠶᠠᠮᠠᠯ ᠪᠠᠶ᠋ᠢᠳᠠᠯ᠎ᠤᠨ ᠲᠣᠭᠣᠷᠢᠨ᠎ᠳᠤ᠂ ᠵᠠᠷᠯᠢᠭ ᠵᠠᠬᠢᠶ᠎ᠠ᠎ᠶᠢ ᠳᠠᠮᠵᠢᠭᠤᠯᠤᠭᠰᠠᠨ᠂ ᠲᠦᠷᠭᠡᠨ ᠴᠤᠭᠯᠠᠭᠤᠯᠤᠭᠰᠠᠨ᠂ ᠱᠠᠲᠤ᠌ ᠬᠤᠪᠢᠶᠠᠨ ᠪᠢᠲᠡᠭᠦᠮᠵᠢᠯᠡᠨ ᠡᠵᠡᠮᠳᠡᠭᠰᠡᠨ᠂ ᠬᠠᠮᠵᠢᠯᠴᠠᠨ ᠪᠠᠷᠢᠪᠴᠢᠯᠠᠭᠰᠠᠨ ᠪᠥᠬᠥ᠌ ᠬᠡᠯᠬᠢᠶ᠎ᠡ᠎ᠵᠢᠨ ᠬᠡᠷᠡᠭ ᠰᠢᠢᠳᠪᠦᠷᠢᠯᠡᠬᠦ ᠶᠠᠪᠤᠴᠠ᠎ᠶᠢ ᠪᠠᠷᠢᠮᠵᠢᠶ᠎ᠠ ᠶᠤᠰᠤᠭᠠᠷ ᠪᠦᠷᠢᠨ ᠬᠦᠢᠴᠡᠳ ᠢᠯᠡᠷᠡᠭᠦᠯᠪᠡ᠃ ᠰᠣᠷᠢᠯᠲᠠ᠎ᠶᠢᠨ ᠪᠦᠬᠦ᠌ ᠶᠠᠪᠤᠴᠠ ᠨᠢ ᠪᠣᠳᠠᠲᠠᠶ᠎ᠳᠤ ᠰᠠᠭᠤᠷᠢᠯᠠᠵᠤ᠂  ᠴᠠᠬᠳᠠᠭ᠎ᠠ ᠨᠠᠷ ᠤᠮᠤᠬ ᠵᠤᠷᠢᠬ ᠲᠡᠬᠦᠯᠳᠡᠷ᠂ ᠰᠠᠬᠢᠯᠭ᠎ᠠ ᠪᠠᠲᠤ᠌ ᠴᠢᠩᠭ᠎ᠠ ᠪᠡᠷ ᠰᠤᠷᠢᠯᠳᠠ ᠳ᠋ᠸ᠋ ᠤᠷᠤᠯᠴᠠᠪᠠ᠃

ᠬᠥᠬᠡᠡᠡᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠠᠮᠤᠷ᠎ᠢ ᠬᠠᠮᠠᠭᠠᠯᠠᠬᠤ ᠬᠠᠮᠢᠶᠠᠷᠤᠯᠲᠠ ᠪᠠ ᠣᠨᠴᠠ ᠲᠦᠷᠦᠯ ᠤ᠋ᠨ ᠴᠠᠬᠳᠠᠭ᠎ᠠ ᠬᠢᠬᠡᠳ ᠴᠠᠬᠳᠠᠨ ᠲᠤᠭᠤᠷᠢᠬᠤ ᠴᠠᠬᠳᠠᠭ᠎ᠠ ᠵᠢᠨ ᠰᠠᠯᠪᠤᠷᠢ ᠠᠩᠬᠢ ᠵᠢᠨ ᠬᠠᠷᠢᠭᠤᠴᠠᠯᠭᠠᠳᠠᠨ᠂ ᠬᠥᠬᠡᠡᠡᠣᠲᠠ ᠵᠢᠨ ᠤᠨᠴᠠ ᠲᠦᠷᠦᠯ ᠤ᠋ᠨ ᠴᠠᠬᠳᠠᠭ᠎ᠠ ᠪᠠ ᠴᠠᠬᠳᠠᠨ ᠲᠤᠭᠤᠷᠢᠬᠤ ᠴᠠᠬᠳᠠᠭ᠎ᠠ ᠵᠢᠨ ᠰᠢᠰᠲᠸᠮ ᠤ᠋ᠨ ᠬᠢᠨ ᠬᠤᠢᠰᠢᠳᠠ ᠬᠠᠮᠤᠭ᠎ᠤᠨ ᠪᠠᠭ᠎ᠠ ᠪᠠᠶ᠋ᠢᠯᠳᠤᠭᠠᠨ᠎ᠤ ᠨᠢᠭᠡᠴᠢ᠎ᠶᠢᠨ ᠪᠠᠷᠢᠮᠵᠢᠶᠠᠵᠢᠭᠰᠠᠨ ᠪᠠᠶ᠋ᠢᠭᠤᠯᠤᠯᠲᠠ᠎ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠪᠣᠳᠠᠲᠤ᠌ ᠪᠠᠶ᠋ᠢᠯᠳᠤᠭᠠᠨ᠎ᠤ ᠪᠣᠯᠪᠠᠰᠤᠷᠠᠯ᠎ᠢ ᠪᠠᠶ᠋ᠢᠩᠭᠤᠵᠢᠭᠤᠯᠤᠨ ᠦᠷᠨᠢᠬᠦᠯᠦᠨ᠎ᠡ ᠬᠡᠵᠦ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号