ᠣᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠠ 《ᠰᠢᠨ᠎ᠡ ᠴᠠᠭ ᠦᠶ᠎ᠡ᠎ᠶᠢᠨ ᠨᠡᠢᠭᠡᠮ᠎ᠦᠨ ᠠᠵᠢᠯ᠎ᠢ ᠴᠢᠩᠭᠠᠳᠬᠠᠬᠤ ᠲᠤᠬᠠᠢ ᠰᠠᠨᠠᠯ》 (ᠳᠣᠷᠣᠭ᠍ᠰᠢ 《ᠰᠠᠨᠠᠯ》 ᠭᠡᠵᠦ ᠲᠦᠬᠦᠮᠴᠢᠯᠡᠨ᠎ᠡ) ᠢ᠋ ᠳᠠᠷᠤᠮᠠᠯᠯᠠᠨ ᠲᠠᠷᠬᠠᠭᠠᠵᠤ᠂ ᠰᠢᠨ᠎ᠡ ᠴᠠᠭ ᠦᠶ᠎ᠡ᠎ᠶᠢᠨ ᠨᠡᠢᠭᠡᠮ᠎ᠦᠨ ᠠᠵᠢᠯ᠎ᠢ ᠴᠢᠩᠭᠠᠳᠬᠠᠬᠤ ᠲᠤᠬᠠᠢ ᠪᠠᠢᠷᠢᠯᠠᠭᠤᠯᠤᠯᠲᠠ ᠬᠢᠪᠡ᠃
《ᠰᠠᠨᠠᠯ》 ᠳ᠋ᠤ᠂ ᠨᠡᠢᠭᠡᠮ᠎ᠦᠨ ᠠᠵᠢᠯ ᠪᠣᠯ ᠨᠠᠮ ᠪᠠ ᠤᠯᠤᠰ᠎ᠤᠨ ᠠᠵᠢᠯ᠎ᠤᠨ ᠴᠢᠬᠤᠯᠠ ᠪᠦᠷᠢᠯᠳᠦᠭᠦᠨ ᠬᠡᠰᠡᠭ ᠪᠠᠢᠵᠤ᠂ ᠨᠠᠮ᠎ᠤᠨ ᠤᠷᠲᠤ ᠬᠤᠭᠤᠴᠠᠭ᠎ᠠ᠎ᠪᠠᠷ ᠲᠥᠷᠥ ᠪᠠᠷᠢᠬᠤ ᠪᠠ ᠤᠯᠤᠰ᠎ᠤᠨ ᠥᠨᠢ ᠤᠳᠠᠭᠠᠨ ᠠᠮᠤᠷ ᠲᠦᠪᠰᠢᠨ ᠪᠠᠢᠬᠤ᠎ᠳᠤ ᠬᠣᠯᠪᠣᠭᠳᠠᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭᠲᠠᠭᠤᠨ ᠪᠠ ᠠᠷᠠᠳ ᠲᠦᠮᠡᠨ᠎ᠦ ᠵᠣᠯ ᠵᠢᠷᠭᠠᠯ ᠠᠮᠤᠷ ᠠᠮᠤᠭᠤᠯᠠᠩᠳᠤ ᠬᠣᠯᠪᠣᠭᠳᠠᠵᠤ ᠪᠠᠢᠳᠠᠭ᠃ ᠰᠢᠨ᠎ᠡ ᠴᠠᠭ ᠦᠶ᠎ᠡ᠎ᠶᠢᠨ ᠨᠡᠢᠭᠡᠮ᠎ᠦᠨ ᠠᠵᠢᠯ᠎ᠢ ᠴᠢᠩᠭᠠᠳᠬᠠᠬᠤ᠎ᠳᠦ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶᠢᠨ ᠪᠥᠬᠥᠳᠡ ᠬᠤᠷᠠᠯ᠎ᠤᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠳᠥᠷᠪᠡᠳᠦᠭᠡᠷ ᠪᠥᠬᠥᠳᠡ ᠬᠤᠷᠠᠯ᠎ᠤᠨ ᠪᠠᠢᠷᠢᠯᠠᠭᠤᠯᠤᠯᠲᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠨᠡᠢᠭᠡᠮ᠎ᠦᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠨᠠᠮ᠎ᠤᠨ ᠨᠡᠢᠭᠡᠮ᠎ᠦᠨ ᠠᠵᠢᠯ᠎ᠳᠠᠬᠢ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶᠢ ᠪᠠᠷᠢᠮᠲᠠᠯᠠᠵᠤ᠂ ᠰᠢᠨ᠎ᠡ ᠴᠠᠭ ᠦᠶ᠎ᠡ᠎ᠶᠢᠨ ᠨᠠᠮ᠎ᠤᠨ ᠣᠯᠠᠨ ᠲᠦᠮᠡᠨᠴᠢ ᠱᠤᠭᠤᠮ᠎ᠢᠶᠠᠷ ᠰᠠᠢᠲᠤᠷ ᠵᠠᠮᠨᠠᠵᠤ᠂ ᠰᠢᠨ᠎ᠡ ᠴᠠᠭ ᠦᠶ᠎ᠡ᠎ᠶᠢᠨ 《ᠹᠸᠩᠴᠢᠶᠤᠤ ᠵᠢᠨ ᠲᠤᠷᠰᠢᠯᠭ᠎ᠠ》 ᠶ᠋ᠢ ᠪᠠᠷᠢᠮᠲᠠᠯᠠᠨ ᠬᠥᠭᠵᠢᠭᠦᠯᠵᠦ᠂ ᠬᠠᠮᠲᠤ᠎ᠪᠠᠷ ᠪᠠᠶ᠋ᠢᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ ᠨᠡᠢᠭᠡᠮ᠎ᠦᠨ ᠵᠠᠰᠠᠯᠲᠠ᠎ᠶᠢᠨ ᠳᠦᠷᠢᠮ᠎ᠢ ᠲᠡᠭᠦᠯᠳᠡᠷᠵᠢᠭᠦᠯᠵᠦ᠂ ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂ ᠰᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠂ ᠰᠢᠨ᠎ᠡ ᠠᠵᠢᠯ ᠣᠯᠭᠣᠯᠲᠠ᠎ᠶᠢᠨ ᠬᠦᠮᠦᠰ᠎ᠤᠨ ᠨᠠᠮ᠎ᠤᠨ ᠪᠠᠢᠭᠤᠯᠤᠯᠲᠠ᠎ᠶᠢ ᠳᠤᠪᠤᠢᠮ᠎ᠠ ᠰᠠᠢᠲᠤᠷ ᠠᠳᠬᠤᠵᠤ᠂ ᠨᠠᠮ᠎ᠤᠨ ᠰᠢᠨ᠎ᠡ᠎ᠪᠡᠷ ᠮᠠᠨᠳᠤᠭᠰᠠᠨ ᠬᠦᠷᠢᠶᠡᠨ᠎ᠳᠡᠬᠢ ᠤᠷᠢᠶᠠᠯᠠᠬᠤ ᠬᠦᠴᠦᠨ ᠨᠢᠭ᠍ᠲᠠᠷᠠᠭᠤᠯᠬᠤ ᠬᠦᠴᠦᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠴᠢᠩᠭᠠᠳᠬᠠᠵᠤ᠂ ᠨᠠᠮ᠎ᠤᠨ ᠪᠠᠢᠭᠤᠯᠤᠯᠲᠠ᠎ᠪᠡᠷ ᠦᠨᠳᠦᠰᠦᠨ ᠱᠠᠲᠤᠨ᠎ᠤ ᠵᠠᠰᠠᠯᠲᠠ ᠪᠣᠯᠣᠨ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶᠢᠨ ᠪᠠᠢᠭᠤᠯᠤᠯᠲᠠ᠎ᠶᠢ ᠬᠥᠲᠥᠯᠥᠨ ᠳᠠᠭᠠᠭᠤᠯᠬᠤ ᠵᠢ ᠰᠠᠢᠳᠤᠷ ᠠᠳᠬᠤᠵᠦ᠂ ᠤᠯᠠᠨ ᠲᠦᠮᠡᠨ᠎ᠢ ᠨᠢᠭ᠍ᠲᠠᠷᠠᠭᠤᠯᠤᠨ ᠤᠯᠠᠨ ᠲᠦᠮᠡᠨ᠎ᠳᠦ ᠦᠢᠯᠡᠴᠢᠯᠡᠬᠦ ᠠᠵᠢᠯ᠎ᠢ ᠰᠠᠢᠲᠤᠷ ᠠᠳᠬᠤᠵᠤ᠂ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠨᠡᠢᠭᠡᠮ᠎ᠦᠨ ᠵᠠᠰᠠᠯᠲᠠ᠎ᠶᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠰᠢᠨ᠎ᠡ ᠴᠠᠭ ᠦᠶ᠎ᠡ᠎ᠶᠢᠨ ᠨᠡᠢᠭᠡᠮ᠎ᠦᠨ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠥᠨᠳᠥᠷ ᠪᠦᠲᠦᠮᠵᠢᠲᠡᠢ ᠵᠠᠰᠠᠯᠲᠠ᠎ᠪᠠᠷ ᠴᠢᠨᠠᠷ ᠰᠠᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ᠎ᠦ ᠰᠠᠢᠨ ᠬᠤᠷᠰᠢᠯᠴᠠᠯ᠎ᠢ ᠠᠬᠢᠭᠤᠯᠵᠤ᠂ ᠨᠠᠮ ᠪᠣᠯᠣᠨ ᠤᠯᠤᠰ᠎ᠤᠨ ᠠᠵᠢᠯ ᠦᠢᠯᠡᠰ᠎ᠤᠨ ᠶᠡᠬᠡ ᠲᠠᠯ᠎ᠠ᠎ᠳᠤ ᠨᠡᠩ ᠰᠠᠢᠨ ᠦᠢᠯᠡᠴᠢᠯᠡᠵᠦ ᠪᠠᠲᠤᠯᠠᠬᠤ ᠬᠡᠷᠡᠭᠲᠡᠢ ᠵᠢᠭᠠᠵᠤ ᠭᠠᠷᠭᠠᠪᠠ᠃
《ᠰᠠᠨᠠᠯ》 ᠳ᠋ᠤ᠌᠂ ᠨᠠᠮ ᠡᠴᠡ ᠨᠡᠢᠭᠡᠮ᠎ᠦᠨ ᠠᠵᠢᠯ᠎ᠢ ᠤᠳᠤᠷᠢᠳᠬᠤ ᠪᠠᠢᠭᠤᠯᠤᠯ ᠲᠣᠭᠲᠡᠴᠡ᠎ᠶᠢ ᠪᠦᠷᠢᠨᠰᠢᠭᠦᠯᠦᠨ᠎ᠡ᠃ ᠨᠠᠮ᠎ᠤᠨ ᠲᠥᠪ ᠬᠣᠷᠢᠶ᠎ᠡ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠡ ᠵᠢᠨ ᠨᠡᠢᠭᠡᠮ᠎ᠦᠨ ᠠᠵᠢᠯ᠎ᠤᠨ ᠲᠤᠬᠠᠢ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢᠨ ᠠᠵᠢᠯ᠎ᠤᠨ ᠲᠣᠭᠲᠡᠴᠡ᠎ᠶᠢ ᠪᠦᠷᠢᠨᠰᠢᠭᠦᠯᠦᠨ ᠨᠠᠢᠳᠠᠪᠤᠷᠢᠵᠢᠭᠤᠯᠤᠨ᠎ᠠ᠃ ᠨᠠᠮ᠎ᠤᠨ ᠰᠢᠨ᠎ᠡ ᠡᠭᠦᠳᠦᠯᠳᠡ ᠵᠢᠨ ᠤᠨᠤᠯ᠎ᠤᠨ ᠳᠦᠷᠢᠮ᠎ᠢ ᠪᠦᠷᠢᠨᠰᠢᠭᠦᠯᠵᠤ ᠰᠤᠷᠤᠯᠴᠠᠨ ᠳᠤᠭᠤᠰᠢᠯᠠᠭᠤᠯᠵᠤ᠂ ᠶᠡᠷᠦᠩᠬᠡᠢ ᠱᠦᠵᠢ ᠰᠢ᠎ᠶᠢᠨ ᠫᠢᠩ᠎ᠤᠨ ᠨᠡᠢᠭᠡᠮ᠎ᠦᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠵᠢᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠎ᠶᠢᠨ ᠴᠢᠬᠤᠯᠠ ᠠᠭᠤᠯᠭ᠎ᠠ ᠪᠣᠯᠭᠠᠵᠤ᠂ ᠺᠠᠳ᠋ᠷ᠎ᠤᠨ ᠬᠥᠮᠦᠵᠢᠯ ᠪᠣᠯᠪᠠᠰᠤᠷᠠᠯ ᠪᠠ ᠨᠡᠢᠭᠡᠮ᠎ᠦᠨ ᠠᠵᠢᠯᠲᠠᠨ᠎ᠤ ᠪᠣᠯᠪᠠᠰᠤᠷᠠᠯ᠎ᠤᠨ ᠠᠭᠤᠯᠭ᠎ᠠ᠎ᠳᠤ ᠣᠷᠣᠭᠤᠯᠤᠨ᠎ᠠ᠃ ᠨᠡᠢᠭᠡᠮ᠎ᠦᠨ ᠠᠵᠢᠯ᠎ᠤᠨ ᠬᠦᠷᠢᠶᠡᠨ᠎ᠳᠡᠬᠢ ᠤᠨᠤᠯ᠎ᠢ ᠤᠬᠠᠭᠤᠯᠤᠨ ᠲᠠᠢᠯᠪᠤᠷᠢᠯᠠᠬᠤ ᠲᠣᠭᠲᠡᠴᠡ᠎ᠶᠢ ᠲᠡᠭᠦᠯᠳᠡᠷᠵᠢᠭᠦᠯᠵᠦ᠂ ᠬᠥᠳᠡᠭᠡ ᠲᠣᠰᠬᠣᠨ᠂ ᠨᠡᠢᠭᠡᠮ ᠲᠣᠭᠣᠷᠢᠭ᠋᠂ ᠠᠵᠤ ᠠᠬᠤᠢᠯᠠᠯ᠂ ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ ᠪᠠ ᠰᠢᠨ᠎ᠡ ᠨᠡᠢᠭᠡᠮ᠎ᠦᠨ ᠵᠣᠬᠢᠶᠠᠨ ᠪᠠᠢᠭᠤᠯᠤᠯᠲᠠ᠂ ᠰᠢᠨ᠎ᠡ ᠠᠵᠢᠯ ᠣᠯᠭᠣᠯᠲᠠ᠎ᠶᠢᠨ ᠬᠦᠮᠦᠰ ᠵᠡᠷᠭᠡ᠎ᠳᠦ ᠣᠷᠣᠬᠤ᠎ᠶᠢ ᠠᠬᠢᠭᠤᠯᠤᠨ᠎ᠠ᠃ ᠨᠠᠮ᠎ᠤᠨ ᠬᠣᠷᠢᠶ᠎ᠠ ᠡᠴᠡ ᠨᠢᠭᠡᠳᠦᠯᠲᠡᠢ ᠤᠳᠤᠷᠢᠳᠤᠭᠰᠠᠨ᠂ ᠨᠠᠮ᠎ᠤᠨ ᠬᠣᠷᠢᠶ᠎ᠡ ᠵᠢᠨ ᠨᠡᠢᠭᠡᠮ᠎ᠦᠨ ᠠᠵᠢᠯ᠎ᠤᠨ ᠰᠠᠯᠠᠭ᠎ᠠ ᠮᠥᠴᠢᠷ ᠡᠴᠡ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠭᠰᠠᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠬᠠᠮᠲᠤᠷᠠᠯᠴᠠᠨ ᠬᠠᠮᠵᠢᠯᠴᠠᠭᠰᠠᠨ᠂ ᠨᠡᠢᠭᠡᠮ᠎ᠦᠨ ᠬᠦᠴᠦᠨ ᠥᠷᠭᠡᠨ᠎ᠢᠶᠡᠷ ᠣᠷᠣᠯᠴᠠᠭᠰᠠᠨ ᠠᠵᠢᠯ᠎ᠤᠨ ᠪᠠᠢᠷᠢᠰᠢᠯ᠎ᠢ ᠪᠠᠢᠭᠤᠯᠤᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠨᠡᠢᠭᠡᠮ᠎ᠦᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠤᠳᠤᠯᠤᠨ ᠪᠠᠢᠷᠢᠯᠠᠭᠤᠯᠵᠤ᠂ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠢ ᠰᠢᠢᠳᠪᠦᠷᠢᠯᠡᠬᠦ ᠬᠡᠷᠡᠭᠲᠡᠢ ᠭᠡᠵᠤ ᠱᠠᠭᠠᠷᠳᠠᠪᠠ᠃
《ᠰᠠᠨᠠᠯ》 ᠳ᠋ᠤ᠌᠂ ᠰᠢᠨ᠎ᠡ᠎ᠪᠡᠷ ᠮᠠᠨᠳᠤᠭᠰᠠᠨ ᠬᠦᠷᠢᠶᠡᠨ᠎ᠳᠠᠬᠢ ᠨᠠᠮ᠎ᠤᠨ ᠪᠠᠢᠭᠤᠯᠤᠯᠲᠠ᠎ᠶᠢ ᠴᠢᠩᠭᠠᠳᠬᠠᠨ᠎ᠠ᠃ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠦᠷᠬᠦᠴᠠ ᠪᠠ ᠠᠵᠢᠯ᠎ᠤᠨ ᠪᠦᠷᠬᠦᠴᠠ᠎ᠶᠢᠨ ᠢᠯᠡ ᠪᠥᠭᠡᠳ ᠪᠦᠲᠦᠮᠵᠢᠲᠡᠢ ᠪᠠᠢᠬᠤ᠎ᠶᠢ ᠠᠬᠢᠭᠤᠯᠤᠨ᠎ᠠ᠃ ᠰᠢᠨ᠎ᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠴᠢᠩᠭᠠᠳᠬᠠᠵᠤ᠂ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠂ ᠢᠨᠲᠧᠷ ᠰᠦᠯᠵᠢᠶᠡᠨ᠎ᠦ ᠲᠠᠪᠴᠠᠩ᠎ᠤᠨ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠰᠠᠢᠲᠤᠷ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠭᠡᠯᠪᠡᠷᠢ᠎ᠶᠢᠨ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠰᠢᠨ᠎ᠡ ᠠᠷᠭ᠎ᠠ ᠵᠠᠮ᠎ᠢ ᠰᠦᠪᠡᠭᠴᠢᠯᠡᠨ᠂ ᠬᠣᠯᠢᠮᠠᠭ ᠥᠮᠴᠢᠯᠡᠯ᠎ᠦᠨ ᠠᠵᠤ ᠠᠬᠤᠢᠯᠠᠯ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠲᠥᠷᠥᠯ ᠬᠤᠪᠢᠶᠠᠨ ᠵᠢᠯᠤᠭᠣᠳᠬᠤ᠎ᠶᠢ ᠴᠢᠩᠭᠠᠳᠬᠠᠵᠤ᠂ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠪᠠᠭ᠎ᠠ ᠵᠢᠵᠢᠭ ᠠᠵᠤ ᠠᠬᠤᠢᠯᠠᠯ᠂ ᠬᠤᠪᠢ᠎ᠶᠢᠨ ᠦᠢᠯᠡᠳᠪᠦᠷᠢ ᠬᠤᠳᠠᠯᠳᠤᠭᠠᠨ᠎ᠤ ᠡᠷᠦᠭᠡ᠂ ᠲᠤᠰᠬᠠᠢ ᠵᠠᠬ᠎ᠠ ᠳᠡᠯᠭᠡᠭᠦᠷ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠠᠬᠢᠭᠤᠯᠤᠨ᠎ᠠ᠃ ᠨᠡᠢᠭᠡᠮ᠎ᠦᠨ ᠰᠢᠨ᠎ᠡ ᠵᠣᠬᠢᠶᠠᠨ ᠪᠠᠢᠭᠤᠯᠤᠯᠲᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠴᠢᠩᠭᠠᠳᠬᠠᠵᠤ᠂ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ᠂ ᠨᠡᠢᠭᠡᠮ᠎ᠦᠨ ᠪᠦᠯᠭᠦᠮ᠂ ᠰᠠᠭᠤᠷᠢ ᠮᠥᠩᠭᠥᠨ᠎ᠦ ᠨᠡᠢᠭᠡᠮᠯᠢᠭ᠂ ᠨᠡᠢᠭᠡᠮ᠎ᠦᠨ ᠦᠢᠯᠡᠴᠢᠯᠡᠭᠡᠨ᠎ᠦ ᠪᠠᠢᠭᠤᠯᠤᠮᠵᠢ᠂ ᠨᠡᠢᠭᠡᠮ᠎ᠦᠨ ᠵᠠᠭᠤᠴᠢ ᠵᠣᠬᠢᠶᠠᠨ ᠪᠠᠢᠭᠤᠯᠤᠯᠲᠠ᠎ᠶᠢᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠴᠢᠩᠭᠠᠳᠬᠠᠵᠤ᠂ ᠬᠤᠳᠠ ᠬᠥᠳᠡᠭᠡ᠎ᠶᠢᠨ ᠨᠡᠢᠭᠡᠮ ᠲᠣᠭᠣᠷᠢᠭ᠋᠎ᠤᠨ ᠨᠡᠢᠭᠡᠮ᠎ᠦᠨ ᠵᠣᠬᠢᠶᠠᠨ ᠪᠠᠢᠭᠤᠯᠤᠯᠲᠠ᠎ᠶᠢᠨ ᠰᠢᠶᠠᠩ ᠪᠠᠯᠭᠠᠰᠤ (ᠵᠡᠭᠡᠯᠢ ᠭᠤᠳᠤᠮᠵᠢ)᠂ ᠲᠣᠰᠬᠣᠨ (ᠨᠡᠢᠭᠡᠮ ᠲᠣᠭᠣᠷᠢᠭ᠋) ᠤ᠋ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠤᠯᠭ᠎ᠠ ᠳᠣᠣᠷ᠎ᠠ᠂ ᠦᠨᠳᠦᠰᠦᠨ ᠱᠠᠲᠤᠨ᠎ᠤ ᠵᠠᠰᠠᠯᠲᠠ᠎ᠳᠤ ᠣᠷᠤᠯᠴᠠᠬᠤ ᠪᠠ ᠤᠯᠠᠨ ᠲᠦᠮᠡᠨ᠎ᠳᠦ ᠦᠢᠯᠡᠴᠢᠯᠡᠬᠦ᠎ᠶᠢ ᠲᠡᠮᠵᠢᠨ᠎ᠡ᠃ ᠠᠵᠢᠯ ᠲᠥᠷᠥᠯ᠎ᠦᠨ ᠨᠡᠢᠭᠡᠮᠯᠢᠭ ᠬᠤᠳᠠᠯᠳᠤᠭᠠᠨ᠎ᠤ ᠡᠪᠯᠡᠯ᠎ᠦᠨ ᠬᠤᠭᠤᠴᠠᠭ᠎ᠠ ᠰᠣᠯᠢᠬᠤ ᠵᠢᠷᠤᠮᠵᠢᠯ ᠪᠠ ᠬᠠᠷᠢᠭᠤᠴᠠᠯᠭᠠᠲᠠᠨ᠎ᠤ ᠬᠠᠮᠢᠶᠠᠷᠤᠯᠲᠠ᠎ᠶᠢ ᠴᠢᠩᠭᠠᠳᠬᠠᠵᠤ᠂ ᠠᠵᠢᠯ ᠲᠥᠷᠥᠯ᠎ᠦᠨ ᠰᠤᠷᠳᠠᠯ᠎ᠤᠨ ᠵᠠᠰᠠᠯᠲᠠ᠎ᠶᠢ ᠦᠷᠭᠦᠯᠵᠢᠯᠡᠨ ᠶᠠᠪᠤᠭᠳᠠᠭᠤᠯᠤᠨ᠎ᠠ᠃ ᠰᠢᠨ᠎ᠡ ᠪᠡᠷ ᠠᠵᠢᠯ ᠣᠯᠤᠬᠰᠠᠨ ᠬᠦᠮᠦᠰ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠢ ᠴᠢᠩᠭᠠᠳᠬᠠᠵᠤ᠂ ᠰᠢᠨ᠎ᠡ ᠪᠡᠷ ᠠᠵᠢᠯ ᠣᠯᠤᠬᠰᠠᠨ ᠬᠦᠮᠦᠰ᠎ᠤᠨ ᠨᠠᠮ᠎ᠤᠨ ᠪᠠᠢᠭᠤᠯᠤᠯᠲᠠ᠎ᠶᠢ ᠴᠢᠩᠭᠠᠳᠬᠠᠬᠤ ᠪᠦᠲᠦᠮᠵᠢᠲᠡᠶ ᠠᠷᠭ᠎ᠠ ᠵᠠᠮ᠎ᠢ ᠰᠦᠪᠡᠭᠴᠢᠯᠡᠵᠦ᠂ ᠰᠢᠨ᠎ᠡ ᠪᠡᠷ ᠠᠵᠢᠯ ᠤᠯᠤᠬᠰᠠᠨ ᠬᠦᠮᠦᠰ᠎ᠢ ᠬᠠᠯᠠᠮᠵᠢᠯᠠᠨ ᠬᠠᠢᠷᠠᠯᠠᠵᠤ ᠨᠢᠭ᠍ᠲᠠᠷᠠᠭᠤᠯᠬᠤ ᠪᠠ ᠦᠢᠯᠡᠴᠢᠯᠡᠭᠡ ᠬᠠᠮᠢᠶᠠᠷᠤᠯᠲᠠ᠎ᠶᠢ ᠴᠢᠩᠭᠠᠳᠬᠠᠵᠤ᠂ ᠢᠨᠲᠧᠷ ᠰᠦᠯᠵᠢᠶᠡᠨ᠎ᠦ ᠲᠠᠪᠴᠠᠩ᠎ᠤᠨ ᠪᠤᠳᠤᠯᠲᠠ ᠵᠢᠨ ᠠᠷᠭ᠎ᠠ᠎ᠶᠢᠨ ᠵᠠᠰᠠᠯᠲᠠ᠎ᠶᠢ ᠴᠢᠩᠭᠠᠳᠬᠠᠵᠤ᠂ ᠰᠢᠨ᠎ᠡ ᠪᠡᠷ ᠠᠵᠢᠯ ᠤᠯᠤᠬᠰᠠᠨ ᠬᠦᠮᠦᠰ᠎ᠤᠨ ᠣᠨᠴᠠᠯᠢᠭ᠋᠎ᠲᠤ ᠨᠡᠢᠴᠡᠭᠰᠡᠨ ᠨᠡᠢᠭᠡᠮ᠎ᠦᠨ ᠪᠠᠲᠤᠯᠠᠭ᠎ᠠ᠎ᠶᠢᠨ ᠳᠦᠷᠢᠮ᠎ᠦᠨ ᠰᠢᠰᠲᠧᠮ᠎ᠢ ᠪᠦᠷᠢᠨᠰᠢᠭᠦᠯᠬᠦ ᠭᠡᠷᠡᠭᠲᠡᠢ ᠭᠡᠵᠦ ᠱᠠᠭᠠᠷᠳᠠᠪᠠ᠃
《ᠰᠠᠨᠠᠯ》 ᠳ᠋ᠤ᠌᠂ ᠨᠠᠮ᠎ᠤᠨ ᠪᠠᠢᠭᠤᠯᠤᠯᠲᠠ᠎ᠶᠢ ᠴᠢᠩᠭᠠᠳᠬᠠᠵᠤ ᠦᠨᠳᠦᠰᠦᠨ ᠱᠠᠲᠤᠨ᠎ᠤ ᠵᠠᠰᠠᠯᠲᠠ ᠪᠣᠯᠣᠨ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶᠢᠨ ᠪᠠᠢᠭᠤᠯᠤᠯᠲᠠ᠎ᠶᠢ ᠬᠥᠲᠥᠯᠥᠨ ᠳᠠᠭᠠᠭᠤᠯᠤᠨ᠎ᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠦᠢᠯᠡᠳᠦᠯ᠎ᠢ ᠴᠢᠩᠭᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠰᠠᠢᠲᠤᠷ ᠪᠠᠢᠭᠤᠯᠤᠨ ᠬᠦᠴᠦᠷᠬᠡᠭᠵᠢᠭᠦᠯᠵᠦ᠂ ᠦᠨᠳᠦᠰᠦᠨ ᠱᠠᠲᠤᠨ᠎ᠤ ᠲᠤᠷᠤᠢ ᠪᠠᠭᠤᠷᠠᠢ ᠰᠤᠯᠠ ᠵᠠᠳᠠᠭᠠᠢ ᠨᠠᠮ᠎ᠤᠨ ᠵᠣᠬᠢᠶᠠᠨ ᠪᠠᠢᠭᠤᠯᠤᠯᠲᠠ᠎ᠶᠢ ᠦᠷᠭᠦᠯᠵᠢᠯᠡᠨ ᠴᠡᠭᠴᠡᠯᠡᠵᠦ᠂ ᠦᠨᠳᠦᠰᠦᠨ ᠱᠠᠲᠤᠨ᠎ᠤ ᠬᠢᠨᠠᠯᠲᠠ ᠲᠠᠯᠪᠢᠬᠤ ᠰᠢᠰᠲᠧᠮ᠎ᠢ ᠲᠡᠭᠦᠯᠳᠡᠷᠵᠢᠭᠦᠯᠦᠨ᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠨ᠎ᠠ᠃ ᠦᠨᠳᠦᠰᠦᠨ ᠱᠠᠲᠤᠨ᠎ᠤ ᠵᠠᠰᠠᠭ᠎ᠤᠨ ᠡᠷᠬᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠨᠠᠮ᠎ᠤᠨ ᠬᠣᠷᠢᠶ᠎ᠠ ᠤᠳᠤᠷᠢᠳᠤᠭᠰᠠᠨ᠂ ᠨᠠᠮ ᠵᠠᠰᠠᠭ ᠨᠢᠭᠡᠳᠦᠯᠲᠡᠢ ᠲᠥᠯᠥᠪᠵᠢᠭᠦᠯᠦᠭᠰᠡᠨ᠂ ᠡᠷᠴᠢᠮᠵᠢᠭᠰᠡᠨ ᠥᠨᠳᠥᠷ ᠪᠦᠲᠦᠮᠵᠢᠲᠡᠶ ᠠᠷᠠᠳ᠎ᠲᠤ ᠲᠦᠭᠦᠮ ᠦᠵᠡᠭᠦᠯᠦᠭᠰᠡᠨ ᠰᠢᠶᠠᠩ ᠪᠠᠯᠭᠠᠰᠤ (ᠵᠡᠭᠡᠯᠢ ᠭᠤᠳᠤᠮᠵᠢ) ᠵᠢᠨ ᠬᠠᠮᠢᠶᠠᠷᠤᠯᠲᠠ᠎ᠶᠢᠨ ᠪᠠᠢᠭᠤᠯᠤᠯ᠎ᠢ ᠪᠠᠢᠭᠤᠯᠵᠤ᠂ ᠵᠠᠰᠠᠭ ᠵᠠᠬᠢᠷᠭᠠᠨ᠎ᠤ ᠭᠦᠢᠴᠡᠳᠬᠡᠬᠦ᠂ ᠠᠷᠠᠳ᠎ᠲᠤ ᠦᠢᠯᠡᠴᠢᠯᠡᠬᠦ᠂ ᠬᠡᠷᠡᠭ ᠵᠥᠪᠯᠡᠵᠦ ᠵᠥᠪᠳᠡᠯᠴᠡᠬᠦ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠠᠮᠤᠷ ᠠᠮᠤᠭᠤᠯᠠᠩ᠎ᠤᠨ ᠪᠠᠢᠭᠤᠯᠤᠯᠲᠠ᠎ᠶᠢᠨ ᠴᠢᠳᠠᠪᠤᠷᠢ᠎ᠶᠢ ᠴᠢᠩᠭᠠᠳᠬᠠᠨ᠎ᠠ᠃ ᠦᠷᠭᠦᠯᠵᠢᠯᠡᠨ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠬᠦᠯᠤᠨ ᠬᠦᠴᠦᠨ ᠣᠯᠭᠣᠵᠤ᠂ ᠰᠢᠶᠠᠩ ᠪᠠᠯᠭᠠᠰᠤ (ᠵᠡᠭᠡᠯᠢ ᠭᠤᠳᠤᠮᠵᠢ) ᠵᠢᠨ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠵᠦᠢᠯᠡᠰ᠎ᠦᠨ ᠨᠠᠷᠢᠨ ᠬᠠᠭᠤᠳᠠᠰᠤ᠎ᠶᠢ ᠪᠦᠭᠦ ᠲᠠᠯ᠎ᠠ᠎ᠪᠠᠷ ᠬᠡᠷᠡᠭᠵᠢᠭᠦᠯᠦᠨ᠂ ᠲᠣᠰᠬᠣᠨ (ᠨᠡᠢᠭᠡᠮ ᠲᠣᠭᠣᠷᠢᠭ᠋) ᠤ᠋ ᠠᠵᠢᠯ᠎ᠤᠨ ᠵᠦᠢᠯᠡᠰ᠎ᠲᠦ ᠵᠥᠪᠰᠢᠶᠡᠷᠡᠨ ᠣᠷᠣᠭᠤᠯᠬᠤ ᠳᠦᠷᠢᠮ᠎ᠢ ᠪᠦᠷᠢᠨᠰᠢᠭᠦᠯᠵᠦ᠂ ᠦᠨᠳᠦᠰᠦᠨ ᠱᠠᠲᠤᠨ᠎ᠤ ᠡᠯ᠎ᠡ ᠲᠥᠷᠥᠯ᠎ᠦᠨ ᠲᠣᠣᠷᠵᠢᠯ᠎ᠤᠨ 《ᠣᠯᠠᠨ ᠲᠤᠤᠷᠵᠢᠯ᠎ᠢ ᠨᠢᠭᠡᠳᠬᠡᠬᠦ》 ᠶ᠋ᠢ ᠠᠬᠢᠭᠤᠯᠵᠤ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶᠢᠨ 《ᠳᠤᠷ᠎ᠠ᠎ᠪᠠᠷ᠎ᠢᠶᠠᠨ ᠫᠠᠢᠰᠠ ᠡᠯᠭᠦᠬᠦ》 ᠵᠢ ᠠᠷᠢᠯᠭᠠᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠭᠦᠨᠵᠡᠭᠡᠢᠷᠡᠭᠦᠯᠦᠨ᠎ᠡ᠃ ᠨᠠᠮ᠎ᠤᠨ ᠵᠣᠬᠢᠶᠠᠨ ᠪᠠᠢᠭᠤᠯᠤᠯᠲᠠ᠎ᠡᠴᠡ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ᠎ᠪᠠᠷ ᠵᠠᠰᠠᠬᠤ᠂ ᠮᠣᠷᠠᠯ᠎ᠢᠶᠠᠷ ᠵᠠᠰᠠᠬᠤ᠎ᠶᠢ ᠤᠶᠠᠯᠳᠤᠭᠤᠯᠤᠭᠰᠠᠨ ᠬᠤᠳᠠ ᠬᠥᠳᠡᠭᠡ᠎ᠶᠢᠨ ᠦᠨᠳᠦᠰᠦᠨ ᠱᠠᠲᠤᠨ᠎ᠤ ᠵᠠᠰᠠᠯᠲᠠ᠎ᠶᠢᠨ ᠰᠢᠰᠲᠧᠮ᠎ᠢ ᠪᠦᠷᠢᠨᠰᠢᠭᠦᠯᠵᠦ᠂ ᠬᠥᠳᠡᠭᠡ ᠲᠣᠰᠬᠣᠨ᠎ᠤ ᠵᠠᠰᠠᠯᠲᠠ᠎ᠶᠢ ᠴᠢᠩᠭᠠᠳᠬᠠᠵᠤ᠂ ᠨᠡᠢᠭᠡᠮ ᠲᠣᠭᠣᠷᠢᠭ᠋᠎ᠤᠨ ᠵᠠᠰᠠᠯᠲᠠ᠎ᠶᠢ ᠲᠡᠭᠦᠯᠳᠡᠷᠵᠢᠭᠦᠯᠵᠦ᠂ ᠬᠤᠳᠠ᠎ᠶᠢᠨ ᠠᠷᠠᠳ᠎ᠤᠨ ᠨᠡᠶ᠋ᠢᠲᠡ᠎ᠶᠢᠨ ᠭᠡᠷ᠎ᠡ᠂ ᠰᠠᠭᠤᠭᠠᠯᠢ ᠠᠷᠠᠳ᠎ᠤᠨ ᠨᠡᠶ᠋ᠢᠲᠡ᠎ᠶᠢᠨ ᠭᠡᠷ᠎ᠡ᠂ ᠲᠣᠰᠬᠣᠨ᠎ᠤ ᠳᠦᠷᠢᠮ ᠠᠷᠠᠳ᠎ᠤᠨ ᠭᠡᠷ᠎ᠡ ᠵᠡᠷᠭᠡ᠎ᠶᠢᠨ ᠦᠢᠯᠡᠳᠦᠯ᠎ᠢ ᠪᠦᠲᠦᠮᠵᠢᠲᠡᠢ ᠪᠠᠳᠠᠷᠠᠭᠤᠯᠵᠤ᠂ ᠭᠡᠷ ᠪᠦᠯᠢ ᠭᠡᠷ᠎ᠦᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶᠢᠨ ᠦᠢᠯᠡᠳᠦᠯ᠎ᠢ ᠪᠠᠳᠠᠷᠠᠭᠤᠯᠬᠤ ᠲᠣᠭᠲᠠᠴᠠ᠎ᠶᠢ ᠪᠦᠷᠢᠨᠰᠢᠭᠦᠯᠬᠦ ᠭᠡᠷᠡᠭᠲᠡᠢ ᠭᠡᠵᠦ ᠱᠠᠭᠠᠷᠳᠠᠪᠠ᠃
《ᠰᠠᠨᠠᠯ》᠎ᠳ᠋ᠤ᠂ ᠤᠯᠠᠨ ᠲᠦᠮᠡᠨ᠎ᠢ ᠨᠢᠭᠲᠠᠷᠠᠭᠤᠯᠵᠤ ᠤᠯᠠᠨ ᠲᠦᠮᠡᠨ᠎ᠳᠦ ᠦᠢᠯᠡᠴᠢᠯᠡᠬᠦ᠌ ᠠᠵᠢᠯ᠎ᠢ ᠰᠠᠶ᠋ᠢᠲᠤᠷ ᠬᠢᠨ᠎ᠡ᠃ ᠠᠷᠠᠳ᠎ᠤᠨ ᠵᠠᠬᠢᠳᠠᠯ ᠰᠤᠷᠪᠤᠯᠵᠢᠯᠠᠯᠤᠨᠠᠵᠢᠯᠢ ᠴᠢᠩᠭᠠᠳᠬᠠᠨ ᠰᠠᠶ᠋ᠢᠵᠢᠷᠠᠭᠤᠯᠵᠤ᠂ ᠵᠠᠬᠢᠳᠠᠯ ᠰᠤᠷᠪᠤᠯᠵᠢᠯᠠᠯ᠎ᠤᠨ ᠲᠦᠷᠢᠮ᠎ᠦᠨ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠦᠨ᠂ ᠵᠠᠬᠢᠳᠠᠯ ᠰᠤᠷᠪᠤᠯᠵᠢᠯᠠᠯ᠎ᠤᠨ ᠠᠵᠢᠯ᠎ᠢ ᠬᠠᠤᠯᠢ᠎ᠪᠠᠷ ᠵᠠᠰᠠᠬᠤ᠎ᠶᠢ ᠠᠬᠢᠭᠤᠯᠵᠤ᠂ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠡᠬᠢ ᠡᠭᠦᠰᠦᠯ᠎ᠡᠴᠡ ᠨᠢ ᠵᠠᠰᠠᠬᠤ ᠪᠠ ᠳᠠᠷᠤᠭᠳᠠᠮᠠᠯ ᠬᠡᠷᠡᠭ᠎ᠢ ᠰᠢ᠌ᠳᠪᠦᠷᠢᠯᠡᠬᠦ᠌ ᠠᠵᠢᠯ᠎ᠢ ᠦᠷᠭᠦᠯᠵᠢᠯᠡᠨ ᠠᠬᠢᠭᠤᠯᠤᠨ᠎ᠠ᠃ ᠨᠡᠶ᠋ᠢᠭᠡᠮ᠎ᠦᠨ ᠪᠦᠯᠦᠭ ᠬᠦᠮᠦᠰ᠎ᠤᠨ ᠦᠢᠯᠡᠴᠢᠯᠡᠭᠡ ᠬᠠᠮᠢᠶᠠᠷᠤᠯᠲᠠ᠎ᠶᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠦᠳᠤᠯᠤᠨ ᠲᠠᠭᠠᠭᠤᠯᠭ᠎ᠠ᠎ᠶᠢ ᠴᠢᠩᠭᠠᠳᠬᠠᠨ᠂ ᠨᠡᠶ᠋ᠢᠭᠡᠮ᠎ᠦᠨ ᠡᠯ᠎ᠡ ᠲᠦᠷᠦᠯ᠎ᠦᠨ ᠪᠦᠯᠦᠭ ᠬᠦᠮᠦᠰ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭᠠᠷ ᠪᠠᠲᠤᠯᠠᠵᠤ᠂ ᠠᠰᠢᠭ ᠲᠤᠰᠠ᠎ᠶᠢᠨ ᠬᠦᠰᠡᠯ ᠱᠠᠭᠠᠷᠳᠠᠯᠭ᠎ᠠ᠎ᠶᠢ ᠲᠤᠰᠬᠠᠬᠤ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠵᠦ᠍᠂ ᠨᠡᠶ᠋ᠢᠭᠡᠮ᠎ᠦᠨ ᠠᠳᠠᠯᠢ ᠪᠤᠰᠤ ᠪᠦᠯᠦᠭ ᠬᠦᠮᠦᠰ᠎ᠤᠨ ᠠᠩᠬᠠᠷᠤᠯ ᠲᠠᠯᠪᠢᠵᠤ ᠪᠠᠶ᠋ᠢᠭ᠎ᠠ ᠠᠰᠠᠭᠤᠳᠠᠯ᠎ᠳᠤ ᠴᠠᠭ ᠲᠤᠬᠠᠢᠳᠤᠨᠢ ᠬᠠᠷᠢᠭᠤᠯᠲᠠ ᠥᠭᠴᠦ᠍᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ᠍ ᠪᠠᠶ᠋ᠢᠭ᠎ᠠ ᠠᠰᠠᠭᠤᠳᠠᠯ᠎ᠢ ᠦᠨᠡᠨ ᠰᠡᠳᠬᠢᠯ᠎ᠡᠴᠡ᠎ᠪᠡᠨ ᠰᠢ᠌ᠳᠪᠦᠷᠢᠯᠡᠨᠡ᠃ ᠤᠯᠠᠨ ᠲᠦᠮᠡᠨ᠎ᠲᠡᠶ ᠬᠠᠷᠢᠯᠴᠠᠬᠤ ᠪᠠᠶ᠋ᠢᠩᠭᠤᠵᠢᠭᠰᠠᠨ ᠠᠷᠭ᠎ᠠ ᠵᠠᠮ᠎ᠢ ᠥᠷᠭᠡᠳᠬᠡᠵᠦ᠍᠂ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠨᠠᠮ᠎ᠤᠨ ᠭᠡᠰᠢᠭᠦᠨ᠂ ᠤᠯᠠᠨ ᠲᠦᠮᠡᠨ᠎ᠦ ᠪᠦᠯᠬᠦᠮ᠎ᠦᠨ ᠵᠣᠬᠢᠶᠠᠨ ᠪᠠᠶ᠋ᠢᠭᠤᠯᠤᠯᠲᠠ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠵᠡᠷᠭᠡ᠎ᠶᠢᠨ ᠦᠢᠯᠡᠳᠦᠯ᠎ᠢ ᠪᠠᠳᠠᠷᠠᠭᠤᠯᠵᠤ᠂ ᠵᠥᠷᠢᠴᠡᠯ᠎ᠢ ᠴᠤᠬᠤᠶ᠋ᠢᠵᠤ ᠪᠠᠶ᠋ᠢᠬᠤ᠎ᠳᠤ᠎ᠨᠢ ᠰᠢ᠌ᠳᠪᠦᠷᠢᠯᠡᠵᠦ᠍᠂ ᠦᠨᠳᠦᠰᠦᠨ ᠱᠠᠲᠤᠨ᠎ᠳᠤᠨᠢ ᠰᠢ᠌ᠳᠪᠦᠷᠢᠯᠡᠨᠡ᠃ ᠠᠷᠠᠳ᠎ᠤᠨ ᠰᠠᠨᠠᠭᠤᠯᠭ᠎ᠠ᠎ᠶᠢ ᠬᠤᠷᠢᠶᠠᠨ ᠴᠤᠭᠯᠠᠭᠤᠯᠬᠤ ᠠᠵᠢᠯ᠎ᠢ ᠰᠠᠶ᠋ᠢᠲᠤᠷ ᠬᠢᠵᠦ᠍᠂ ᠠᠷᠠᠳ᠎ᠤᠨ ᠰᠠᠨᠠᠭᠤᠯᠭ᠎ᠠ᠎ᠶᠢ ᠬᠤᠷᠢᠶᠠᠨ ᠴᠤᠭᠯᠠᠭᠤᠯᠬᠤ ᠠᠵᠢᠯ᠎ᠤᠨ ᠳᠦᠷᠢᠮ᠎ᠢ ᠱᠠᠲᠤ᠌ ᠳᠠᠪᠬᠤᠷᠭ᠎ᠠ ᠬᠤᠪᠢᠶᠠᠨ ᠪᠦᠷᠢᠨᠰᠢᠭᠦᠯᠵᠦ᠍᠂ ᠬᠤᠷᠢᠶᠠᠨ ᠴᠤᠭᠯᠠᠭᠤᠯᠬᠤ ᠠᠷᠭ᠎ᠠ ᠵᠠᠮ᠎ᠢ ᠰᠠᠭᠠᠳ ᠦᠭᠡᠢ ᠨᠡᠪᠲᠡᠷᠡᠭᠦᠯᠦᠨ ᠥᠷᠭᠡᠳᠬᠡᠵᠦ᠍᠂ ᠦᠷ᠎ᠡ ᠪᠦᠲᠦᠭᠡᠯ᠎ᠢ ᠤᠨᠳᠤᠤᠰᠢᠭᠤᠯᠬᠤ ᠲᠣᠭᠲᠠᠴᠠ᠎ᠶᠢ ᠲᠡᠭᠦᠯᠳᠡᠷᠵᠢᠭᠦᠯᠦᠨ᠎ᠡ᠃ ᠰᠠᠶ᠋ᠢᠨ ᠳᠤᠷ᠎ᠠ᠎ᠶᠢᠨ ᠦᠢᠯᠡᠴᠢᠯᠡᠭᠡᠨ᠎ᠦ ᠦᠢᠯᠡᠰ᠎ᠢ ᠬᠥᠭᠵᠢᠭᠦᠯᠵᠦ᠍᠂ ᠰᠠᠶ᠋ᠢᠨ ᠳᠤᠷ᠎ᠠ᠎ᠶᠢᠨ ᠦᠢᠯᠡᠴᠢᠯᠡᠭᠡᠨ᠎ᠦ ᠰᠢᠰᠲ᠋ᠧᠮ᠎ᠢ ᠪᠦᠷᠢᠨᠰᠢᠭᠦᠯᠦᠨ᠂ ᠰᠠᠶ᠋ᠢᠨ ᠳᠤᠷ᠎ᠠ᠎ᠶᠢᠨ ᠰᠣᠶᠣᠯ᠎ᠢ ᠪᠣᠶ᠋ᠢᠵᠢᠭᠤᠯᠵᠤ᠂ ᠰᠢᠯᠢᠳᠡᠭ ᠨᠡᠶ᠋ᠢᠲᠡᠯᠢᠭ ᠵᠢᠱ᠌ᠢᠶ᠎ᠡ᠎ᠶᠢ ᠰᠣᠩᠭᠣᠨ ᠪᠣᠶ ᠪᠣᠯᠭᠠᠵᠤ ᠤᠬᠠᠭᠤᠯᠤᠨ᠂ ᠤᠷᠮᠠᠰᠢᠭᠤᠯᠵᠤ ᠰᠠᠶ᠋ᠢᠰᠢᠶᠠᠨ ᠬᠥᠬᠢᠭᠦᠯᠬᠦ᠌ ᠠᠷᠭ᠎ᠠ ᠬᠡᠮᠵᠢᠶ᠎ᠡ᠎ᠶᠢ ᠲᠡᠭᠦᠯᠳᠡᠷᠵᠢᠭᠦᠯᠵᠦ᠍᠂ ᠰᠠᠶ᠋ᠢᠨ ᠳᠤᠷ᠎ᠠ᠎ᠶᠢᠨ ᠦᠢᠯᠡᠴᠢᠯᠡᠭᠡᠨ᠎ᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠭᠡᠷᠡᠭᠲᠡᠢ ᠭᠡᠵᠦ ᠱᠠᠭᠠᠷᠳᠠᠪᠠ᠃
《ᠰᠠᠨᠠᠯ》 ᠳ᠋ᠤ᠂ ᠰᠠᠭᠤᠷᠢ ᠪᠠᠲᠤᠯᠠᠭ᠎ᠠ᠎ᠶᠢ ᠴᠢᠩᠭᠠᠳᠬᠠᠨ᠎ᠠ᠃ ᠰᠢᠰᠲ᠋ᠧᠮ ᠨᠢ ᠪᠦᠷᠢᠨ ᠲᠡᠭᠦᠯᠳᠡᠷ᠂ ᠰᠢᠨᠵᠢᠯᠡᠬᠦ᠌ ᠤᠬᠠᠭᠠᠨᠴᠢ ᠪᠥᠭᠡᠳ ᠵᠢᠷᠤᠮᠵᠢᠭᠤᠨ᠂ ᠪᠣᠳᠠᠲᠤ᠌ ᠠᠵᠢᠯᠯᠠᠭ᠎ᠠ᠎ᠶᠢ ᠡᠷᠬᠢᠮᠯᠡᠭᠰᠡᠨ ᠪᠥᠭᠡᠳ ᠲᠤᠰᠠᠲᠠᠢ᠂ ᠠᠵᠢᠯᠯᠠᠭᠠᠨ ᠨᠢ ᠪᠦᠲᠦᠮᠵᠢᠲᠡᠢ ᠪᠠᠶ᠋ᠢᠬᠤ ᠨᠡᠶ᠋ᠢᠭᠡᠮ᠎ᠦᠨ ᠠᠵᠢᠯ᠎ᠤᠨ ᠬᠠᠤᠯᠢ ᠲᠣᠭᠲᠠᠭᠠᠯ ᠲᠦᠷᠢᠮ᠎ᠢ ᠲᠡᠭᠦᠯᠳᠡᠷᠵᠢᠭᠦᠯᠦᠨ᠎ᠡ᠃ ᠵᠢᠭᠰᠠᠭᠠᠯ᠎ᠤᠨ ᠭᠠᠵᠠᠷ᠎ᠤᠨ ᠪᠠᠶ᠋ᠢᠭᠤᠯᠤᠯᠲᠠ᠎ᠶᠢ ᠴᠢᠩᠭᠠᠳᠬᠠᠵᠤ᠂ ᠬᠤᠳᠠ ᠬᠥᠳᠡᠭᠡ᠎ᠶᠢᠨ ᠦᠨᠳᠦᠰᠦᠨ ᠱᠠᠲᠤᠨ᠎ᠤ ᠦᠢᠯᠡᠴᠢᠯᠡᠭᠡᠨ᠎ᠦ ᠰᠢᠰᠲ᠋ᠧᠮ᠎ᠢ ᠲᠡᠭᠦᠯᠳᠡᠷᠵᠢᠭᠦᠯᠦᠨ᠂ ᠰᠢᠨ᠎ᠡ᠎ᠪᠡᠷ ᠠᠵᠢᠯ ᠣᠯᠤᠭᠰᠠᠨ ᠬᠦᠮᠦᠰ ᠵᠡᠷᠭᠡ ᠳ᠋ᠠᠬᠢ ᠦᠢᠯᠡᠴᠢᠯᠡᠭᠡᠨ᠎ᠦ ᠴᠢᠳᠠᠮᠵᠢ᠎ᠶᠢ ᠴᠢᠩᠭᠠᠷᠠᠭᠤᠯᠵᠤ᠂ ᠨᠡᠶ᠋ᠢᠭᠡᠮ᠎ᠦᠨ ᠠᠵᠢᠯ᠎ᠤᠨ ᠦᠢᠯᠡᠴᠢᠯᠡᠭᠡᠨ᠎ᠦ ᠲᠠᠪᠴᠠᠩ᠎ᠢ ᠥᠷᠭᠡᠳᠬᠡᠨ᠂ ᠨᠡᠶ᠋ᠢᠭᠡᠮ᠎ᠦᠨ ᠠᠵᠢᠯ᠎ᠤᠨ ᠦᠢᠯᠡᠴᠢᠯᠡᠭᠡᠨ᠎ᠦ ᠪᠠᠶ᠋ᠢᠭᠤᠯᠤᠮᠵᠢ᠎ᠶᠢᠨ ᠬᠥᠭᠵᠢᠯᠲᠡ᠎ᠶᠢ ᠳᠡᠮᠵᠢᠵᠦ᠍᠂ ᠵᠢᠷᠤᠮᠵᠢᠭᠤᠯᠵᠤ᠂ ᠬᠦᠳᠦᠯᠦᠨ ᠵᠢᠯᠣᠭᠣᠳᠤᠨ᠎ᠠ᠃ ᠮᠡᠳᠡᠭᠡ ᠵᠠᠩᠭᠢᠵᠢᠯᠲᠠ᠎ᠶᠢᠨ ᠠᠷᠭ᠎ᠠ ᠪᠠᠷᠢᠯ᠎ᠢ ᠰᠠᠶ᠋ᠢᠲᠤᠷ ᠬᠡᠷᠡᠭᠯᠡᠵᠦ᠍᠂ ᠤᠶᠤᠨᠴᠢ ᠨᠡᠶ᠋ᠢᠭᠡᠮ ᠲᠣᠭᠣᠷᠢᠭ᠂ ᠲᠣᠭᠠᠴᠢᠯᠠᠭᠰᠠᠨ ᠬᠥᠳᠡᠭᠡ ᠲᠣᠰᠬᠣᠨ᠎ᠤ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠵᠤ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠴᠤᠤᠷᠢᠶᠠᠲᠤᠨ ᠳᠠᠭᠠᠵᠤ ᠰᠢᠢᠳᠪᠦᠷᠢᠯᠡᠬᠦ᠌ ᠲᠣᠭᠲᠠᠴᠠ᠎ᠶᠢ ᠲᠡᠭᠦᠯᠳᠡᠷᠵᠢᠭᠦᠯᠵᠦ᠍᠂ ᠨᠡᠶ᠋ᠢᠭᠡᠮ᠎ᠦᠨ ᠠᠵᠢᠯ᠎ᠤᠨ ᠲᠣᠭᠠᠴᠢᠯᠠᠯᠲᠠ ᠤᠶᠤᠨᠴᠢᠯᠠᠯᠲᠠ᠎ᠶᠢ ᠠᠬᠢᠭᠤᠯᠤᠨ᠎ᠠ᠃ ᠨᠡᠶ᠋ᠢᠭᠡᠮ᠎ᠦᠨ ᠠᠵᠢᠯᠲᠠᠨ᠎ᠤ ᠡᠩᠨᠡᠭᠡ᠎ᠶᠢᠨ ᠪᠠᠶ᠋ᠢᠭᠤᠯᠤᠯᠲᠠ᠎ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠨᠡᠶ᠋ᠢᠭᠡᠮ ᠲᠣᠭᠣᠷᠢᠭ᠎ᠤᠨ ᠠᠵᠢᠯᠲᠠᠨ᠂ ᠨᠡᠶ᠋ᠢᠭᠡᠮ᠎ᠦᠨ ᠠᠵᠢᠯ᠎ᠤᠨ ᠲᠤᠰᠬᠠᠶ ᠠᠵᠢᠯᠲᠠᠨ᠂ ᠰᠠᠶ᠋ᠢᠨ ᠳᠤᠷᠠᠴᠤᠳ᠂ ᠨᠡᠶ᠋ᠢᠭᠡᠮ᠎ᠦᠨ ᠠᠵᠢᠯ᠎ᠤᠨ ᠬᠦᠷᠢᠶᠡᠨ᠎ᠳᠡᠬᠢ ᠨᠠᠮ᠎ᠤᠨ ᠠᠵᠢᠯᠲᠠᠨ ᠵᠡᠷᠭᠡ᠎ᠶᠢᠨ ᠦᠢᠯᠡᠳᠦᠯ᠎ᠢ ᠪᠠᠳᠠᠷᠠᠭᠤᠯᠵᠤ᠂ ᠨᠡᠶ᠋ᠢᠭᠡᠮ᠎ᠦᠨ ᠠᠵᠢᠯ᠎ᠤᠨ ᠲᠤᠰᠬᠠᠶ᠋ᠢᠵᠢᠭᠰᠠᠨ ᠦᠢᠯᠡᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠦᠨ᠎ᠡ᠃ ᠨᠡᠶ᠋ᠢᠭᠡᠮ᠎ᠦᠨ ᠠᠵᠢᠯ᠎ᠤᠨ ᠰᠠᠯᠠᠭ᠎ᠠ ᠮᠥᠴᠢᠷ᠎ᠦᠨ ᠲᠤᠰ ᠪᠡᠶ᠎ᠡ᠎ᠶᠢᠨ ᠪᠠᠶ᠋ᠢᠭᠤᠯᠤᠯᠲᠠ᠎ᠶᠢ ᠴᠢᠩᠭᠠᠳᠬᠠᠵᠤ᠂ ᠤᠯᠤᠰ ᠲᠦᠷᠦ᠎ᠶᠢᠨ ᠲᠠᠯ᠎ᠠ᠎ᠪᠠᠷ ᠪᠠᠲᠤ᠌ ᠴᠢᠩᠭ᠎ᠠ᠂ ᠬᠡᠪ ᠪᠤᠯᠪᠠᠰᠤᠷᠠᠯ ᠰᠢᠯᠢᠳᠡᠭ ᠰᠠᠢ᠌ᠨ᠂ ᠤᠯᠠᠨ ᠲᠦᠮᠡᠨ᠎ᠲᠡᠶ ᠰᠡᠳᠬᠢᠯ ᠵᠢᠷᠦᠬᠡ᠎ᠪᠡᠨ ᠬᠣᠯᠪᠣᠭᠰᠠᠨ᠂ ᠨᠡᠶ᠋ᠢᠭᠡᠮ᠎ᠳᠦ ᠦᠢᠯᠡᠴᠢᠯᠡᠭᠰᠡᠨ᠂ ᠣᠪᠣᠷ ᠰᠤᠷᠲᠠᠯ ᠰᠢᠯᠢᠳᠡᠭ ᠰᠠᠢ᠌ᠨ ᠨᠡᠶ᠋ᠢᠭᠡᠮ᠎ᠦᠨ ᠠᠵᠢᠯ᠎ᠤᠨ ᠺᠠᠳ᠋ᠷ᠎ᠤᠨ ᠡᠩᠨᠡᠭᠡ᠎ᠶᠢ ᠪᠠᠶ᠋ᠢᠭᠤᠯᠤᠨ᠎ᠠ ᠭᠡᠵᠦ ᠴᠢᠬᠤᠯᠠᠴᠢᠯᠠᠪᠠ᠃
(ᠰᠢᠨᠬᠤᠸᠠ ᠬᠣᠷᠢᠶ᠎ᠡ ᠵᠢᠨ ᠪᠡᠭᠡᠵᠢᠩ᠎ᠦᠨ 7 ᠰᠠᠷ᠎ᠠ᠎ᠶᠢᠨ 23᠎ᠤ᠋ ᠴᠠᠬᠢᠯᠭᠠᠨ ᠮᠡᠳᠡᠭᠡ)