ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ ᠡᠴᠡ ᠳᠠᠭᠠᠭᠠᠴᠢᠯᠠᠨ ᠡᠷᠭᠢᠯᠡᠭᠰᠡᠨ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠰᠫᠢᠷᠠᠨᠲ᠎ᠤᠨ ᠣᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠬᠡᠷᠡᠭ᠎ᠦᠨ ᠵᠢᠱ᠌ᠢᠶ᠎ᠠ ᠵᠢᠨ ᠤᠷᠤᠯᠳᠤᠭᠠᠨ ᠲᠦᠷᠦᠬᠦᠬᠡᠨ ᠬᠦᠬᠡᠬᠤᠳᠠ ᠳ᠋ᠤ ᠶᠠᠪᠤᠭᠳᠠᠪᠠ᠃ ᠥᠪᠥᠷ ᠮᠣᠩᠭᠣᠯ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠦᠨᠳᠦᠰᠦᠲᠡᠨ ᠦ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠨᠠᠭᠠᠬᠤ ᠤᠬᠠᠭᠠᠨ᠎ᠤ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ ᠵᠡᠷᠭᠡ ᠥᠪᠡᠷᠲᠡᠭᠡᠨ ᠵᠠᠰᠠᠬᠤ ᠣᠷᠣᠨ ᠤ MPA ᠬᠥᠮᠥᠵᠢᠭᠦᠯᠬᠦ 6 ᠶᠡᠬᠡ ᠳᠡᠭᠡᠳᠦ ᠰᠤᠷᠭᠠᠭᠤᠯᠢ᠎ᠶᠢᠨ 120 ᠭᠠᠷᠤᠢ ᠰᠤᠷᠤᠭᠴᠢ ᠤᠷᠤᠯᠳᠤᠭᠠᠨ᠎ᠳᠤ ᠣᠷᠣᠯᠴᠠᠵᠠᠢ ᠃
ᠣᠢᠯᠠᠭᠠᠭᠰᠠᠨ᠎ᠢᠶᠠᠷ᠂ ᠪᠥᠬᠥ ᠣᠷᠣᠨ ᠤ 6 ᠶᠡᠬᠡ ᠳᠡᠭᠡᠳᠦ ᠰᠤᠷᠭᠠᠭᠤᠯᠢ᠎ᠶᠢᠨ 12 ᠪᠦᠯᠬᠦᠮ ᠰᠢᠢᠳᠪᠦᠷᠢᠲᠦ ᠤᠷᠤᠯᠳᠤᠭᠠᠨ ᠳᠤ ᠤᠷᠤᠯᠴᠠᠪᠠ᠃ ᠤᠷᠤᠯᠳᠤᠭᠠᠨ ᠨᠢ ᠠᠵᠤ ᠦᠢᠯᠡᠰ᠎ᠦᠨ ᠬᠡᠯᠪᠡᠷᠢ᠎ᠪᠠᠨ ᠬᠤᠪᠢᠷᠠᠭᠤᠯᠬᠤ᠂ ᠠᠮᠢ ᠠᠬᠤᠢ᠎ᠶᠢᠨ ᠦᠷᠳᠡᠭ᠎ᠢ ᠬᠤᠪᠢᠷᠠᠭᠤᠯᠬᠤ᠂ ᠤᠯᠠᠨ ᠨᠡᠶ᠋ᠢᠲᠡ᠎ᠶᠢᠨ ᠵᠠᠰᠠᠯᠲᠠ᠎ᠶᠢᠨ ᠥᠭᠡᠷᠡᠴᠢᠯᠡᠯᠲᠡ᠂ ᠦᠨᠳᠦᠰᠦᠨ ᠱᠠᠲᠤᠨ᠎ᠤ ᠵᠥᠷᠢᠴᠡᠯ᠎ᠢ ᠨᠠᠮᠳᠠᠭᠤᠯᠬᠤ ᠵᠡᠷᠭᠡ ᠤᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠬᠠᠯᠠᠮᠰᠢᠯ ᠰᠡᠳᠦᠪ᠎ᠦᠨ ᠲᠣᠭᠣᠷᠢᠨ᠎ᠳᠤ ᠰᠢᠷᠦᠭᠦᠨ ᠥᠷᠢᠰᠦᠯᠳᠦᠪᠠ᠃ ᠰᠢᠢᠳᠪᠦᠷᠢᠲᠦ ᠤᠷᠤᠯᠳᠤᠭᠠᠨ᠎ᠤ ᠲᠤᠬᠠᠢ᠎ᠶᠢᠨ ᠲᠠᠯᠠᠪᠤᠷ᠎ᠲᠤ᠂ ᠤᠷᠤᠯᠳᠤᠭᠠᠨ᠎ᠳᠤ ᠣᠷᠣᠯᠴᠠᠭᠰᠠᠨ ᠡᠯ᠎ᠡ ᠪᠦᠯᠬᠦᠮ᠎ᠤᠨ ᠬᠢᠨ ᠥᠪᠡᠷ᠎ᠦᠨ ᠲᠣᠭᠠᠴᠢᠯᠲᠠ᠂ ᠠᠰᠠᠭᠤᠯᠲᠠ ᠳᠤᠷᠠᠳᠬᠤ᠂ ᠴᠢᠯᠦᠭᠡᠲᠡᠢ ᠮᠠᠷᠭᠤᠯᠳᠤᠬᠤ᠂ ᠳ᠋ᠦᠩᠨᠡᠯᠲᠡᠬᠢᠬᠦ ᠵᠡᠷᠭᠡ ᠳᠥᠷᠪᠡᠨ ᠭᠣᠭᠴᠣᠭ᠎ᠠ᠎ᠪᠡᠷ ᠳᠡᠮᠵᠢᠨ᠂ ᠣᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠠᠰᠫᠢᠷᠠᠨᠲ᠎ᠤᠨ ᠯᠠᠪᠳᠠᠭᠤᠨ ᠪᠠᠲᠤᠲᠠᠢ ᠲᠤᠰᠬᠠᠢ ᠮᠡᠷᠭᠡᠵᠢᠯ᠎ᠦᠨ ᠰᠠᠭᠤᠷᠢ ᠪᠠ ᠭᠠᠷᠮᠠᠭᠠᠢ ᠦᠢᠯᠡᠳᠦᠯᠭᠡ᠎ᠶᠢᠨ ᠴᠢᠳᠠᠪᠤᠷᠢ᠎ᠶᠢ ᠭᠦᠢᠴᠡᠳ ᠢᠯᠡᠷᠡᠭᠦᠯᠦᠭᠰᠡᠨ ᠪᠠᠢᠨ᠎ᠠ᠃
ᠬᠤᠷᠴᠠ ᠰᠢᠷᠦᠭᠦᠨ ᠥᠷᠢᠰᠦᠯᠳᠦᠭᠡᠨ ᠪᠠ ᠴᠢᠩᠭ᠎ᠠ ᠰᠢᠯᠭᠠᠷᠠᠭᠤᠯᠤᠯᠲᠠ᠎ᠪᠠᠷ ᠳᠡᠮᠵᠢᠨ᠂ ᠥᠪᠥᠷ ᠮᠣᠩᠭᠣᠯ ᠤᠨ ᠠᠨᠠᠭᠠᠬᠤ ᠤᠬᠠᠭᠠᠨ ᠤ ᠶᠡᠬᠡ ᠰᠤᠷᠭᠠᠭᠤᠯᠢ ᠡᠴᠡ ᠤᠷᠤᠯᠴᠠᠭᠰᠠᠨ ᠪᠦᠯᠬᠦᠮ ᠨᠢᠭᠡᠳᠦᠭᠡᠷ ᠳᠡᠰ᠎ᠤᠨ ᠱᠠᠩᠨᠠᠯ᠂ ᠪᠠᠢᠴᠠᠭᠠᠨ ᠰᠤᠳᠤᠯᠤᠯᠲᠠ᠎ᠶᠢᠨ ᠮᠡᠳᠡᠭᠦᠯᠦᠯᠲᠡ᠎ᠶᠢᠨ ᠨᠢᠭᠡᠳᠦᠭᠡᠷ ᠳᠡᠰ᠎ᠤᠨ ᠱᠠᠩᠨᠠᠯ ᠵᠢᠴᠢ ᠬᠠᠮᠤᠭ᠎ᠤᠨ ᠰᠠᠢᠨ ᠬᠡᠷᠡᠭ᠎ᠦᠨ ᠵᠢᠱ᠌ᠢᠶ᠎ᠡ᠎ᠶᠢᠨ ᠱᠠᠩᠨᠠᠯ ᠢ ᠭᠥᠷᠳᠡᠪᠡ᠃ ᠲᠣᠰ ᠬᠤᠭᠤᠴᠠᠭᠠᠨ᠎ᠤ ᠣᠯᠠᠨ ᠨᠡᠶ᠋ᠢᠲᠡ᠎ᠶᠢᠨ ᠬᠠᠮᠢᠶᠠᠷᠤᠯᠲᠠ᠎ᠶᠢᠨ ᠬᠡᠷᠡᠭ ᠦᠨ ᠵᠢᠱ᠌ᠢᠶ᠎ᠡ ᠶᠢᠨ ᠤᠷᠤᠯᠳᠤᠭᠠᠨ ᠪᠣᠯ ᠥᠪᠥᠷ ᠮᠣᠩᠭᠣᠯ᠎ᠤᠨ ᠣᠯᠠᠨ ᠨᠡᠶ᠋ᠢᠲᠡ᠎ᠶᠢᠨ ᠬᠠᠮᠢᠶᠠᠷᠤᠯᠲᠠ ᠶᠢᠨ ᠠᠰᠫᠢᠷᠠᠨᠲ ᠤᠨ ᠰᠤᠷᠭᠠᠨ ᠬᠥᠮᠦᠵᠢᠯ᠎ᠦᠨ ᠬᠦᠷᠢᠶᠡᠨ ᠳ᠋ᠡᠬᠢ ᠲᠦᠯᠦᠬᠡᠯᠡᠬᠦ ᠴᠢᠨᠠᠷᠳᠠᠢ ᠲᠦᠷᠦᠯ ᠳᠡᠮᠳᠡᠭᠳᠤ ᠤᠷᠤᠯᠳᠤᠭᠠᠨ ᠪᠤᠯᠤᠨ᠎ᠠ᠃