ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠣᠯᠠᠨ ᠤᠯᠤᠰ᠎ᠤᠨ ᠵᠣᠨ᠎ᠤ ᠠᠮᠠᠷᠠᠯᠲᠠ᠎ᠶᠢᠨ ᠰᠤᠷᠭᠠᠭᠤᠯᠢ ᠬᠢᠴᠢᠶᠡᠯ ᠡᠬᠢᠯᠡᠪᠡ
2026-07-24 10:14:10
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ 《ᠬᠥᠭᠵᠢᠮ·ᠪᠥᠵᠢᠭ·ᠵᠦᠴᠦᠭᠡ》 ᠵᠢ ᠠᠭᠤᠰᠤᠯᠴᠠᠭᠤᠯᠤᠨ ᠰᠢᠨ᠎ᠡ᠎ᠶᠢ ᠡᠭᠦᠳᠬᠦ ᠦᠢᠯᠡᠳᠦᠯᠭᠡ ᠵᠢᠴᠢ ᠰᠤᠶᠤᠯ ᠪᠣᠯᠪᠠᠰᠤᠨ ᠠᠯᠤᠰᠯᠠᠭᠰᠠᠨ ᠲᠣᠭᠯᠠᠯᠲᠠ᠎ᠶᠢᠨ ᠭᠤᠤ᠎ᠠ ᠵᠦᠢ᠎ᠶᠢᠨ ᠰᠤᠳᠤᠯᠭᠠᠨ᠎ᠤ 2026 ᠣᠯᠠᠨ ᠤᠯᠤᠰ᠎ᠤᠨ ᠵᠣᠨ᠎ᠤ ᠠᠮᠠᠷᠠᠯᠲᠠ᠎ᠶᠢᠨ ᠰᠤᠷᠭᠠᠭᠤᠯᠢ ᠵᠢᠩᠬᠢᠨᠢ᠎ᠪᠡᠷ ᠬᠢᠴᠢᠶᠡᠯ ᠡᠬᠢᠯᠡᠪᠡ᠃ ᠹᠷᠠᠨᠼᠢ᠂ ᠢᠲ᠋ᠠᠯᠢ᠂ ᠠᠩᠭ᠌ᠯᠢ᠂ ᠤᠷᠤᠰ ᠵᠡᠷᠭᠡ ᠳᠦᠷᠪᠡᠨ ᠤᠯᠤᠰ᠎ᠤᠨ ᠳᠠᠭᠤᠤ ᠬᠥᠭᠵᠢᠮ᠂ ᠪᠥᠵᠢᠭ᠂ ᠲᠣᠭᠯᠠᠯᠲᠠ᠎ᠶᠢᠨ ᠤᠷᠠᠯᠢᠭ᠋᠎ᠤᠨ ᠬᠦᠷᠢᠶᠡᠨ᠎ᠦ ᠳᠡᠯᠡᠬᠡᠢ᠎ᠶᠢᠨ ᠣᠷᠣᠢᠯᠠᠭᠰᠠᠨ ᠲᠤᠰᠬᠠᠢ ᠮᠡᠷᠭᠡᠵᠢᠯᠲᠡᠨ ᠪᠣᠯᠣᠨ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠬᠠᠮᠢᠶ᠎ᠠ ᠪᠦᠬᠦᠢ ᠲᠤᠰᠬᠠᠢ ᠮᠡᠷᠭᠡᠵᠢᠯ᠎ᠦᠨ ᠨᠡᠷ᠎ᠡ ᠬᠦᠨᠳᠦᠲᠦ ᠫᠷᠤᠹᠧᠰᠰᠤᠷ᠎ᠤᠨ ᠪᠦᠯᠬᠦᠮ᠎ᠵᠢᠡᠷ ᠪᠠᠭ᠍ᠰᠢ᠎ᠶᠢᠨ ᠪᠦᠯᠬᠦᠮ᠎ᠢ ᠪᠦᠷᠢᠯᠳᠦᠭᠦᠯᠵᠦ᠂ ᠪᠦᠬᠦ ᠤᠯᠤᠰ᠎ᠡᠴᠡ ᠢᠷᠡᠭᠰᠡᠨ 46 ᠰᠤᠷᠤᠭ᠍ᠴᠢ ᠳ᠋ᠤ 10 ᠡᠳᠦᠷ᠎ᠦᠨ ᠬᠤᠭᠤᠴᠠᠭ᠎ᠠ᠎ᠲᠠᠢ ᠬᠢᠴᠢᠶᠡᠯ ᠣᠷᠣᠬᠤ ᠪᠣᠯᠣᠨ᠎ᠠ᠃ ᠲᠣᠰ ᠤᠳᠠᠭᠠᠨ᠎ᠤ ᠵᠣᠨ᠎ᠤ ᠠᠮᠠᠷᠠᠯᠲᠠ᠎ᠶᠢᠨ ᠰᠤᠷᠭᠠᠭᠤᠯᠢ᠎ᠨᠢ ᠨᠡᠶ᠋ᠢᠲᠡ᠎ᠶᠢᠨ ᠠᠰᠠᠷᠠᠮᠵᠢ᠎ᠶᠢᠨ ᠴᠢᠨᠠᠷᠲᠠᠢ ᠰᠤᠷᠭᠠᠭᠤᠯᠢ ᠡᠷᠭᠢᠯᠡᠬᠦ᠎ᠶᠢ ᠪᠠᠷᠢᠮᠲᠠᠯᠠᠵᠤ᠂ ᠶᠠᠮᠠᠷ ᠴᠤ᠌ ᠰᠤᠷᠤᠯᠭ᠎ᠠ᠎ᠶᠢᠨ ᠰᠦᠢᠳᠬᠡᠯ ᠬᠤᠷᠢᠶᠠᠬᠤ ᠦᠬᠡᠢ᠃

《ᠶᠡᠬᠡ ᠪᠠᠭ᠍ᠰᠢ᠎ᠶᠢᠨ ᠠᠵᠢᠯᠯᠠᠬᠤ ᠦᠷᠦᠬᠡ + ᠣᠨᠣᠯ᠎ᠤᠨ ᠰᠤᠳᠤᠯᠤᠨ ᠶᠠᠷᠢᠯᠴᠠᠭ᠎ᠠ + ᠵᠣᠬᠢᠶᠠᠨ ᠪᠦᠲᠦᠭᠡᠯᠭᠡ᠎ᠶᠢᠨ ᠦᠢᠯᠡᠳᠦᠯᠭᠡ + ᠦᠷ᠎ᠡ ᠪᠦᠲᠦᠭᠡᠯ᠎ᠦᠨ ᠦᠵᠡᠭᠦᠯᠭᠡ ᠵᠢᠨ ᠲᠣᠭᠯᠠᠯᠲᠠ》 ᠳᠥᠷᠪᠡ᠎ᠶᠢ ᠨᠢᠭᠡ ᠴᠣᠭᠴᠠᠵᠢᠭᠤᠯᠤᠭᠰᠠᠨ ᠵᠢᠭᠠᠨ ᠰᠤᠷᠭᠠᠯᠲᠠ᠎ᠶᠢᠨ ᠵᠠᠭᠪᠤᠷ᠎ᠢ ᠬᠡᠷᠡᠭᠯᠡᠵᠦ᠂ 《ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠦᠢᠯᠡᠳᠦᠯᠭᠡ᠎ᠪᠡᠷ ᠬᠥᠳᠡᠯᠭᠡᠭᠦᠷ ᠪᠣᠯᠭᠠᠬᠤ᠂ ᠪᠣᠯᠪᠠᠰᠤᠨ᠎ᠢᠶᠠᠷ ᠲᠣᠯᠢ ᠪᠣᠯᠭᠠᠬᠤ》 ᠪᠠᠷ ᠭᠣᠣᠯ ᠣᠨᠴᠠᠯᠢᠭ᠋ ᠪᠣᠯᠭᠠᠵᠤ᠂ ᠤᠯᠠᠮᠵᠢᠯᠠᠯᠲᠤ ᠤᠷᠠᠯᠢᠭ᠋᠎ᠤᠨ ᠬᠢᠴᠢᠶᠡᠯ᠎ᠦᠨ ᠲᠠᠩ ᠭᠠᠭᠴᠠ ᠰᠢᠨᠵᠢᠯᠡᠭᠡᠨ᠎ᠦ ᠰᠠᠯᠠᠭ᠎ᠠ ᠵᠢᠨ ᠯᠣᠭᠢᠭ᠋᠎ᠢ ᠡᠪᠳᠡᠵᠦ᠂ ᠣᠯᠠᠨ ᠤᠯᠤᠰᠴᠢᠯᠠᠭᠰᠠᠨ ᠤᠷᠠᠯᠢᠭ᠋᠎ᠤᠨ ᠵᠣᠬᠢᠶᠠᠨ ᠪᠦᠲᠦᠭᠡᠯᠭᠡ ᠪᠠ ᠡᠷᠳᠡᠮ ᠰᠢᠨᠵᠢᠯᠡᠭᠡᠨ᠎ᠦ ᠰᠣᠯᠢᠯᠴᠠᠭᠠᠨ᠎ᠤ ᠲᠠᠪᠴᠠᠩ᠎ᠢ ᠪᠠᠢᠭᠤᠯᠵᠤ᠂ ᠪᠥᠬᠥ ᠳᠡᠯᠡᠬᠡᠢ᠎ᠶᠢᠨ ᠬᠠᠷᠠᠭᠠᠰᠤ᠂ ᠰᠢᠨ᠎ᠡ᠎ᠶᠢ ᠡᠭᠦᠳᠬᠦ ᠴᠢᠳᠠᠪᠤᠷᠢ ᠪᠠ ᠰᠣᠶᠣᠯ᠎ᠤᠨ ᠢᠲᠡᠭᠡᠯ᠎ᠲᠠᠢ ᠬᠠᠮ ᠬᠡᠯᠪᠡᠷᠢ᠎ᠶᠢᠨ ᠤᠷᠠᠯᠢᠭ᠋᠎ᠤᠨ ᠴᠢᠳᠠᠪᠤᠷᠢᠲᠠᠨ᠎ᠢ ᠬᠥᠮᠥᠵᠢᠭᠦᠯᠬᠦ ᠪᠤᠯᠤᠨ᠎ᠠ᠃

ᠰᠤᠷᠤᠯᠭᠠᠳᠠᠨ ᠨᠢ ᠴᠥᠮ ᠠᠶ᠎ᠠ ᠵᠣᠬᠢᠶᠠᠬᠤ᠂ ᠳᠠᠭᠤᠤ ᠬᠥᠭᠵᠢᠮ᠎ᠦᠨ ᠲᠣᠭᠯᠠᠯᠲᠠ᠂ ᠪᠥᠵᠢᠭ᠎ᠦᠨ ᠲᠣᠭᠯᠠᠯᠲᠠ᠂ ᠪᠥᠵᠢᠭ᠎ᠦᠨ ᠨᠠᠢᠷᠠᠭᠤᠯᠤᠨ ᠤᠳᠤᠷᠢᠳᠤᠭᠠᠴᠢ᠂ ᠲᠣᠭᠯᠠᠯᠲᠠ᠂ ᠰᠢ ᠵᠦᠴᠦᠭᠡ ᠺᠢᠨᠣ᠋ ᠲᠧᠯᠸᠢᠰ᠎ᠦᠨ ᠤᠳᠤᠷᠢᠳᠤᠭᠠᠴᠢ ᠵᠡᠷᠭᠡ ᠲᠤᠰᠬᠠᠢ ᠮᠡᠷᠭᠡᠵᠢᠯ᠎ᠦᠨ ᠰᠠᠭᠤᠷᠢ᠎ᠲᠠᠢ ᠳᠡᠭᠡᠳᠦ ᠰᠤᠷᠭᠠᠭᠤᠯᠢ᠎ᠶᠢᠨ ᠪᠠᠭ᠍ᠰᠢ᠂ ᠵᠢᠩᠬᠢᠨᠢ ᠠᠩᠭᠢ᠎ᠶᠢᠨ ᠰᠣᠷᠣᠭ᠍ᠴᠢ᠂ ᠠᠰᠫᠢᠷᠠᠨᠲ᠂ ᠲᠤᠰᠬᠠᠢ ᠮᠡᠷᠭᠡᠵᠢᠯ᠎ᠦᠨ ᠬᠦᠷᠢᠶᠡᠯᠡᠩ ᠪᠦᠯᠬᠦᠮ᠂ ᠤᠯᠠᠭᠠᠨᠮᠥ᠋ᠴᠢᠷ᠎ᠦᠨ ᠲᠣᠭᠯᠠᠭ᠍ᠴᠢ ᠨᠠᠷ ᠪᠤᠯᠤᠨ᠎ᠠ᠃

ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠳᠡᠳ᠋ ᠵᠠᠬᠢᠷᠤᠯ ᠵᠠᠩ ᠯᠧᠢ ᠡᠬᠢᠯᠡᠯᠳᠡ ᠵᠢᠨ ᠶᠤᠰᠤᠯᠠᠯ ᠳᠡᠬᠡᠷ᠎ᠡ᠄ 《ᠤᠯᠠᠨ ᠤᠯᠤᠰ᠎ᠤᠨ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠰᠤᠷᠭᠠᠭᠤᠯᠢ᠎ᠶᠢ ᠡᠷᠬᠢᠯᠡᠭᠰᠡᠨ ᠨᠢ ᠰᠢᠨᠵᠢᠯᠡᠭᠡᠨ᠎ᠦ ᠰᠠᠯᠠᠭ᠎ᠠ᠎ᠶᠢᠨ ᠪᠡᠬᠢᠯᠡᠯᠲᠡ᠎ᠶᠢ ᠡᠪᠳᠡᠵᠦ᠂ ᠰᠣᠶᠣᠯ᠎ᠤᠨ ᠵᠠᠭᠠᠭ᠎ᠢ ᠳᠠᠪᠠᠵᠤ᠂ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠶᠢᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠦᠲᠦᠭᠡᠯᠴᠢ᠎ᠪᠡᠷ ᠬᠤᠪᠢᠷᠠᠭᠤᠯᠬᠤ ᠪᠠ ᠰᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ᠎ᠶᠢ ᠠᠬᠢᠭᠤᠯᠤᠭᠰᠠᠨ ᠨᠢᠭᠡ ᠤᠳᠠᠭ᠎ᠠ᠎ᠶᠢᠨ ᠵᠣᠷᠢᠭ᠍ᠲᠠᠢ ᠳᠤᠷᠰᠢᠴᠠ ᠪᠠᠢᠵᠤ᠂ ᠳᠣᠷᠣᠨᠠᠳᠠᠬᠢᠨ ᠥᠷᠥᠨᠡᠳᠠᠬᠢᠨ᠎ᠤ ᠲᠣᠭᠯᠠᠯᠲᠠ᠎ᠶᠢᠨ ᠭᠤᠸ᠎ᠠ ᠵᠦᠢ᠎ᠶᠢᠨ ᠶᠠᠷᠢᠯᠴᠠᠭ᠎ᠠ᠎ᠶᠢᠨ ᠬᠥᠭᠥᠷᠭᠡ᠎ᠶᠢ ᠪᠣᠰᠬᠠᠵᠤ᠂ ᠠᠳᠠᠯᠢ ᠪᠤᠰᠤ ᠪᠣᠯᠪᠠᠰᠤᠨ᠎ᠢ ᠤᠷᠠᠯᠢᠭ᠋᠎ᠤᠨ ᠳᠤᠮᠳᠠ ᠠᠭᠤᠰᠬᠠᠨ ᠢᠯᠡᠷᠡᠬᠦᠯᠬᠦ ᠵᠢ ᠵᠤᠷᠢᠵᠠᠢ》 ᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号