ᠬᠥᠬᠡᠬᠣᠲᠠ ᠶ᠋ᠢᠨ ᠠᠵᠤ ᠠᠬᠤᠶ ᠮᠡᠷᠭᠡᠵᠢᠯ ᠤ᠋ᠨ ᠨᠡᠭᠡᠭᠡᠯᠲᠡ ᠶ᠋ᠢᠨ ᠲᠣᠭᠣᠷᠢᠭ ᠬᠠᠷᠢᠶ᠎ᠠ ᠣᠷᠣᠨ ᠤ᠋ ᠪᠠᠨ ᠠᠩᠬᠠᠳᠠᠭᠴᠢ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠶ᠋ᠢᠨ ᠣᠷᠣᠨ ᠤ᠋ ᠢᠯᠡᠳᠭᠡᠮᠵᠢ ᠲᠡᠮᠳᠡᠭ ᠪᠦᠬᠦᠢ ᠡᠵᠡᠩᠨᠡᠯᠲᠡ ᠶ᠋ᠢᠨ ᠦᠨᠡᠮᠯᠡᠯ ᠢ᠋ ᠲᠠᠷᠬᠠᠭᠠᠪᠠ
2026-07-24 09:37:04
ᠵᠣᠬᠢᠶᠠᠭ᠍ᠴᠢ᠄
ᠯᠢᠦ ᠶᠠᠩ
ᠣᠩᠱᠢᠭ᠍ᠰᠠᠨ ᠣᠳᠠᠭ᠎ᠠ᠄
★★★☆☆

7 ᠰᠠᠷ᠎ᠠ ᠶ᠋ᠢᠨ 21 ᠤ᠋ ᠡᠳᠦᠷ᠂ ᠬᠥᠬᠡᠬᠣᠲᠠ ᠶ᠋ᠢᠨ ᠠᠵᠤ ᠠᠬᠤᠢ ᠮᠡᠷᠭᠡᠵᠢᠯ ᠤ᠋ᠨ ᠨᠡᠭᠡᠭᠡᠯᠲᠡ ᠶ᠋ᠢᠨ ᠲᠣᠭᠣᠷᠢᠭ ᠬᠠᠷᠢᠶ᠎ᠠ ᠣᠷᠣᠨ ᠤ᠋ ᠪᠠᠨ ᠠᠩᠬᠠᠳᠠᠭᠴᠢ 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠶ᠋ᠢᠨ ᠣᠷᠣᠨ》 ᠤ᠋ ᠲᠤᠰᠬᠠᠢ ᠢᠯᠡᠳᠭᠡᠮᠵᠢ ᠳᠡᠮᠳᠡᠭ ᠪᠦᠬᠦᠢ ᠡᠵᠡᠩᠨᠡᠯᠲᠡ ᠶ᠋ᠢᠨ ᠦᠨᠡᠮᠯᠡᠯ ᠢ᠋ ᠲᠠᠷᠬᠠᠭᠠᠵᠤ᠂ ᠥᠪᠥᠷ ᠮᠣᠩᠭᠣᠯ ᠤ᠋ᠨ ᠴᠠᠩ ᠱᠢ ᠶᠡᠬᠡ ᠬᠡᠪᠴᠢᠶᠡᠨ ᠤ᠋ ᠡᠨᠧᠷᠭᠢ ᠬᠠᠳᠠᠭᠠᠯᠠᠬᠤ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ ᠲᠤᠰ ᠦᠨᠡᠮᠯᠡᠯ ᠢ᠋ ᠣᠯᠤᠭᠰᠠᠨ ᠠᠩᠬᠠᠳᠠᠭᠴᠢ ᠠᠵᠤ ᠠᠬᠤᠶ᠋ᠢᠯᠠᠯ ᠪᠣᠯᠤᠭᠰᠠᠨ ᠪᠥᠭᠡᠳ ᠬᠠᠷᠢᠶ᠎ᠠ ᠣᠷᠣᠨ ᠤ᠋ ᠠᠩᠬᠠᠳᠠᠭᠴᠢ ᠥᠪᠥᠷ ᠮᠣᠩᠭᠣᠯ ᠤ᠋ᠨ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠶ᠋ᠢᠨ ᠣᠷᠣᠨ ᠤ᠋ ᠨᠡᠷ᠎ᠡ ᠬᠠᠳᠠᠬᠰᠠᠨ ᠠᠵᠤ ᠠᠬᠤᠶ᠋ᠢᠯᠠᠯ ᠪᠣᠯᠵᠠᠢ᠃

ᠣᠶ᠋ᠢᠯᠠᠭᠠᠭᠰᠠᠨ ᠢ᠋ᠶ᠋ᠡᠷ᠂ ᠴᠠᠩ ᠱᠢ ᠬᠢᠵᠠᠭᠠᠷᠳᠤ ᠺᠤᠮᠫᠠᠨᠢ ᠵᠢ ᠬᠤᠸᠠ ᠺᠧ ᠴᠤᠤ ᠨᠸᠩ (ᠪᠡᠭᠡᠵᠢᠩ) ᠡᠨᠧᠷᠭᠢ ᠶ᠋ᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ᠌ ᠺᠣᠮᠫᠠᠨᠢ ᠡᠴᠡ ᠪᠡᠯᠡ ᠤᠷᠤᠭᠤᠯᠤᠨ ᠪᠠᠢᠭᠤᠯᠵᠤ᠂ ᠳᠠᠩᠰᠠᠯᠠᠭᠤᠯᠤᠭᠰᠠᠨ ᠬᠥᠷᠥᠩᠭᠡ ᠨᠢ 2000 ᠲᠦᠮᠡᠨ ᠲᠥᠭᠥᠷᠢᠭ ᠲᠦ᠍ ᠬᠦᠷᠴᠦ᠂ ᠭᠤᠤᠯ ᠡᠵᠡᠩᠨᠡᠯᠲᠡ ᠶ᠋ᠢᠨ ᠲᠤᠬᠠᠶ᠋ᠢᠯᠠᠭᠰᠠᠨ ᠠᠵᠢᠯ ᠨᠢ ᠡᠨᠧᠷᠭᠢ ᠬᠠᠳᠠᠭᠠᠯᠠᠬᠤ ᠮᠡᠷᠭᠡᠵᠢᠯ ᠢ᠋ ᠰᠤᠳᠤᠯᠤᠨ ᠨᠡᠭᠡᠭᠡᠬᠦ᠌᠂ ᠴᠠᠬᠢᠯᠭᠠᠨ ᠬᠦᠴᠦᠨ ᠤ᠋ ᠲᠥᠬᠥᠭᠡᠷᠦᠮᠵᠢ ᠵᠢ ᠤᠭᠰᠠᠷᠠᠵᠤ ᠠᠵᠢᠯᠯᠠᠭᠤᠯᠬᠤ ᠪᠠ ᠠᠷᠠᠴᠢᠯᠠᠵᠤ ᠬᠠᠮᠠᠭᠠᠯᠠᠬᠤ᠂ ᠮᠠᠰᠢᠨ ᠲᠥᠬᠥᠭᠡᠷᠦᠮᠵᠢ ᠵᠢ ᠪᠠᠶ᠋ᠢᠴᠠᠭᠠᠨ ᠵᠠᠰᠠᠬᠤ᠂ ᠢᠨᠵᠸᠨ᠋ᠸᠷᠢᠩ ᠤ᠋ᠨ ᠮᠡᠷᠭᠡᠵᠢᠯ ᠤ᠋ᠨ ᠢᠵᠢ ᠪᠥᠷᠢᠳᠦᠭᠦᠯᠬᠦ᠌ ᠦᠢᠯᠡᠴᠢᠯᠡᠭᠡ ᠵᠡᠷᠭᠡ ᠵᠢ ᠬᠠᠮᠤᠷᠪᠠ᠃

ᠴᠠᠩ ᠱᠢ ᠬᠢᠵᠠᠭᠠᠷᠳᠤ ᠺᠤᠮᠫᠠᠨᠢ ᠵᠢ ᠳᠠᠩᠰᠠᠯᠠᠭᠤᠯᠬᠤ ᠠᠵᠢᠯ ᠢ᠋ ᠭᠦᠢᠴᠡᠳᠭᠡᠬᠦ ᠬᠤᠭᠤᠴᠠᠭᠠᠨ ᠳ᠋ᠤ᠂ ᠬᠥᠬᠡᠬᠣᠲᠠ ᠶ᠋ᠢᠨ ᠠᠵᠤ ᠠᠬᠤᠶ ᠮᠡᠷᠭᠡᠵᠢᠯ ᠤ᠋ᠨ ᠨᠡᠭᠡᠭᠡᠯᠲᠡ ᠶ᠋ᠢᠨ ᠲᠣᠭᠣᠷᠢᠭ ᠤ᠋ᠨ ᠠᠵᠤ ᠠᠬᠤᠶ ᠶ᠋ᠢᠨ ᠬᠥᠭᠵᠢᠭᠦᠯᠦᠯᠲᠡ ᠶ᠋ᠢᠨ ᠲᠣᠪᠴᠢᠶ᠎ᠠ ᠶ᠋ᠢᠨ ᠬᠢᠨ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠬᠤᠪᠢᠶᠠᠷᠢ ᠲᠣᠪᠴᠢᠶ᠎ᠠ ᠲᠠᠢ ᠬᠠᠮᠲᠤᠷᠠᠨ ᠪᠥᠬᠥ᠌ ᠶᠠᠪᠤᠴᠠ ᠎ᠳᠤ ᠬᠠᠪᠰᠤᠷᠤᠨ ᠭᠦᠢᠴᠡᠳᠭᠡᠵᠦ ᠣᠷᠣᠯᠠᠨ ᠭᠦᠢᠴᠡᠳᠭᠡᠬᠦ ᠦᠢᠯᠡᠴᠢᠯᠡᠭᠡᠨ ᠤ᠋ ᠲᠣᠭᠲᠠᠴᠠ ᠵᠢ ᠨᠠᠶ᠋ᠢᠳᠠᠪᠤᠷᠢᠵᠢᠭᠤᠯᠪᠠ᠃ ᠠᠵᠢᠯᠲᠠᠳ ᠲᠥᠷᠥ ᠶ᠋ᠢᠨ ᠪᠣᠳᠣᠯᠭ᠎ᠠ ᠵᠢ ᠤᠬᠠᠭᠤᠯᠤᠨ ᠲᠠᠶ᠋ᠢᠯᠪᠤᠷᠢᠯᠠᠬᠤ ᠵᠢ ᠤᠷᠢᠳᠴᠢᠯᠠᠨ ᠥᠷᠨᠢᠭᠦᠯᠵᠦ᠍᠂ ᠪᠥᠬᠥ᠌ ᠶᠠᠪᠤᠴᠠ ᠪᠡᠷ ᠵᠢᠯᠣᠭᠣᠳᠤᠨ ᠠᠵᠤ ᠠᠬᠤᠶ᠋ᠢᠯᠠᠯ ᠤ᠋ᠨ ᠳᠠᠩᠰᠠᠯᠠᠭᠤᠯᠬᠤ ᠳ᠋ᠤ ᠭᠤᠶᠤᠴᠢᠯᠠᠨ ᠮᠡᠳᠡᠭᠦᠯᠬᠦ᠌ ᠮᠠᠲ᠋ᠧᠷᠢᠶᠠᠯ ᠢ᠋ ᠲᠡᠭᠦᠯᠳᠡᠷᠵᠢᠭᠦᠯᠵᠦ᠂ ᠬᠢᠨᠠᠨ ᠬᠠᠷᠭᠤᠭᠤᠯᠬᠤ ᠪᠠ ᠳᠡᠩᠰᠡᠯᠡᠨ ᠲᠡᠮᠳᠡᠭᠯᠡᠬᠦ᠌ ᠪᠥᠬᠥ᠌ ᠶᠠᠪᠤᠴᠠ ᠵᠢ ᠥᠨᠳᠥᠷ ᠪᠦᠲᠦᠮᠵᠢᠲᠡᠶ ᠪᠡᠷ ᠪᠡᠶᠡᠯᠡᠭᠦᠯᠵᠦ᠍᠂ ᠬᠤᠳᠠᠯᠳᠤᠭᠠᠨ ᠤ᠋ ᠶᠠᠪᠤᠳᠠᠯ ᠤ᠋ᠨ ᠲᠦᠷᠢᠮ ᠤ᠋ᠨ ᠥᠭᠡᠷᠡᠴᠢᠯᠡᠯᠲᠡ ᠶ᠋ᠢᠨ ᠠᠰᠢᠭ ᠲᠤᠰᠠ ᠵᠢ ᠭᠦᠢᠴᠡᠳ ᠬᠦᠷᠲᠡᠭᠡᠭᠰᠡᠨ ᠪᠠᠢᠨ᠎ᠠ᠃

ᠡᠵᠡᠩᠨᠡᠯᠲᠡ ᠶ᠋ᠢᠨ ᠦᠨᠡᠮᠯᠡᠯ ᠳ᠋ᠤ ᠴᠢᠯᠥᠭᠡᠲᠦ᠍ ᠠᠷᠠᠯᠵᠢᠶᠠᠨ ᠤ᠋ ᠲᠤᠷᠰᠢᠯᠲᠠ ᠶ᠋ᠢᠨ ᠣᠷᠣᠨ ᠤ᠋ ᠲᠤᠰᠬᠠᠶ ᠢᠯᠡᠳᠭᠡᠮᠵᠢ ᠲᠡᠮᠳᠡᠭ ᠢ᠋ ᠨᠡᠮᠡᠬᠦ ᠨᠢ ᠠᠵᠤ ᠠᠬᠤᠶ᠋ᠢᠯᠠᠯ ᠤ᠋ᠨ ᠵᠠᠬ᠎ᠠ ᠳᠡᠯᠭᠡᠭᠦᠷ ᠤ᠋ᠨ ᠢᠯᠭᠠᠨ ᠲᠠᠨᠢᠬᠤ ᠬᠡᠮᠵᠢᠶ᠎ᠡ ᠵᠢ ᠤᠯᠠᠮ ᠴᠢᠨᠠᠬᠰᠢᠲᠠ ᠳᠡᠭᠡᠭᠰᠢᠯᠡᠭᠦᠯᠦᠨ᠂ ᠠᠵᠤ ᠠᠬᠤᠶ᠋ᠢᠯᠠᠯ ᠤ᠋ᠨ ᠬᠢᠯᠢ ᠳᠠᠭᠠᠤ ᠨᠡᠭᠡᠭᠡᠯᠲᠡ ᠬᠢᠬᠦ᠌ ᠲᠦᠷᠢᠮ ᠤ᠋ᠨ ᠰᠢᠨ᠎ᠡ ᠵᠢ ᠡᠭᠦᠳᠦᠭᠰᠡᠨ ᠠᠰᠢᠭ ᠣᠯᠵᠠᠪᠤᠷᠢ ᠵᠢ ᠳᠥᠭᠥᠮ ᠳᠥᠲᠡ ᠪᠡᠷ ᠭᠥᠷᠳᠡᠬᠦ᠌ ᠳ᠋ᠤ ᠬᠦᠴᠦᠨ ᠨᠡᠮᠡᠷᠢᠯᠡᠬᠦ ᠪᠤᠯᠤᠨ᠎ᠠ᠃ ᠲᠠᠷᠠᠭᠠᠴᠢ ᠪᠡᠷ ᠬᠥᠬᠡᠬᠣᠲᠠ ᠶ᠋ᠢᠨ ᠠᠵᠤ ᠠᠬᠤᠶ ᠮᠡᠷᠭᠡᠵᠢᠯ ᠤ᠋ᠨ ᠨᠡᠭᠡᠭᠡᠯᠲᠡ ᠶ᠋ᠢᠨ ᠲᠣᠭᠣᠷᠢᠭ ᠤ᠋ᠨ ᠬᠢᠨ ᠬᠤᠳᠠᠯᠳᠤᠭᠠᠨ ᠤ᠋ ᠶᠠᠪᠤᠳᠠᠯ ᠤ᠋ᠨ ᠳᠡᠩᠰᠡᠯᠡᠯᠲᠡ ᠶ᠋ᠢᠨ ᠲᠤᠷᠰᠢᠯᠭ᠎ᠠ ᠵᠢ ᠦᠷᠭᠦᠯᠵᠢᠯᠡᠨ ᠳᠡᠯᠭᠡᠷᠡᠭᠦᠯᠵᠦ᠍᠂ ᠠᠵᠤ ᠠᠬᠤᠶ᠋ᠢᠯᠠᠯ ᠤ᠋ᠨ ᠲᠤᠤᠷᠵᠢᠭᠤᠯᠤᠬᠰᠠᠨ ᠦᠢᠯᠡᠴᠢᠯᠡᠭᠡ᠂ ᠪᠥᠬᠥ᠌ ᠶᠠᠪᠤᠴᠠ ᠳ᠋ᠤ ᠬᠠᠪᠰᠤᠷᠤᠨ ᠭᠦᠢᠴᠡᠳᠭᠡᠵᠤ ᠣᠷᠣᠯᠠᠨ ᠭᠦᠢᠴᠡᠳᠭᠡᠬᠦ᠂ ᠰᠦᠯᠵᠢᠶᠡᠨ ᠳᠡᠭᠡᠷᠡᠬᠢ ᠣᠶᠤᠨᠴᠢ ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡᠨ ᠤ᠋ ᠰᠢᠰᠲ᠋ᠧᠮ ᠢ᠋ ᠲᠡᠭᠦᠯᠳᠡᠷᠵᠢᠭᠦᠯᠦᠨ᠎ᠡ᠃ ᠠᠵᠤ ᠠᠬᠤᠶ᠋ᠢᠯᠠᠯ ᠳ᠋ᠤ ᠠᠰᠢᠭ ᠬᠦᠷᠲᠡᠭᠡᠬᠦ᠌ ᠲᠥᠷᠥ ᠶ᠋ᠢᠨ ᠪᠣᠳᠣᠯᠭ᠎ᠠ ᠵᠢ ᠪᠠᠶ᠋ᠢᠩᠭᠤᠵᠢᠭᠤᠯᠤᠨ ᠤᠬᠠᠭᠤᠯᠵᠤ᠂ ᠠᠵᠤ ᠠᠬᠤᠶ᠋ᠢᠯᠠᠯ ᠤ᠋ᠨ ᠬᠦᠰᠡᠯ ᠱᠠᠭᠠᠷᠳᠠᠯᠭ᠎ᠠ ᠵᠢ ᠪᠦᠬᠦ ᠲᠠᠯ᠎ᠠ ᠪᠠᠷ ᠰᠢᠢᠳᠪᠦᠷᠢᠯᠡᠵᠦ᠂ ᠡᠨᠧᠷᠭᠢ ᠬᠠᠳᠠᠭᠠᠯᠠᠬᠤ ᠪᠠ ᠰᠢᠨ᠎ᠡ ᠡᠨᠧᠷᠭᠢ᠂ ᠳᠡᠭᠡᠳᠦ ᠲᠠᠰ ᠤ᠋ᠨ ᠲᠣᠨᠣᠬᠯᠠᠯ ᠦᠢᠯᠡᠳᠬᠦ ᠵᠡᠷᠭᠡ ᠭᠤᠤᠯᠳᠠᠯᠭ᠎ᠠ ᠲᠠᠢ ᠠᠵᠤ ᠦᠢᠯᠡᠰ ᠤ᠋ᠨ ᠲᠣᠭᠣᠷᠢᠨ ᠳ᠋ᠤ ᠬᠤᠷᠠᠮᠠᠯ ᠥᠭᠡᠷᠡᠴᠢᠯᠡᠯᠲᠡ ᠶ᠋ᠢᠨ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠂ ᠲᠦᠷᠢᠮ ᠤ᠋ᠨ ᠴᠢᠨᠠᠷᠲᠠᠶ ᠠᠷᠠᠯᠵᠢᠶᠠᠨ ᠤ᠋ ᠥᠪᠡᠷ ᠤ᠋ᠨ ᠥᠷᠲᠡᠭ ᠢ᠋ ᠦᠷᠭᠦᠯᠵᠢᠯᠡᠨ ᠪᠠᠭᠤᠷᠠᠭᠤᠯᠵᠤ᠂ ᠴᠢᠨᠠᠷ ᠰᠠᠶ᠋ᠢᠲᠠᠶ ᠵᠠᠬ᠎ᠠ ᠳᠡᠯᠭᠡᠭᠦᠷ ᠤ᠋ᠨ ᠭᠤᠤᠯ ᠴᠣᠭᠴᠠ ᠵᠢ ᠲᠠᠰᠤᠷᠠᠯᠲᠠ ᠥᠬᠡᠶ ᠣᠷᠣᠭᠤᠯᠤᠨ ᠠᠪᠴᠢᠷᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠪᠣᠶ ᠪᠣᠯᠭᠠᠵᠤ᠂ ᠰᠢᠨ᠎ᠡ ᠡᠨᠧᠷᠭᠢ ᠶ᠋ᠢᠨ ᠠᠵᠤ ᠦᠢᠯᠡᠰ ᠤ᠋ᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号