ᠬᠥᠬᠡᠬᠣᠲᠠ ᠎ᠶᠢᠨ ᠪᠡᠶ᠎ᠡ ᠎ᠶᠢᠨ ᠲᠠᠮᠢᠷ ᠎ᠤᠨ ᠰᠤᠷᠭᠠᠭᠤᠯᠢ ᠰᠤᠷ ᠬᠠᠷᠪᠤᠯᠲᠠ ᠪᠠ ᠲᠠᠢᠺᠢᠨᠳᠤᠤ ᠶ᠋ᠢᠨ ᠤᠷᠤᠯᠳᠤᠭᠠᠨ ᠎ᠤ ᠲᠦᠷᠦᠯ ᠵᠦᠢᠯ᠎ᠳᠦ ᠰᠢᠯᠢᠳᠡᠭ ᠬᠢᠷᠢ ᠪᠦᠲᠦᠮᠵᠢ ᠤᠯᠵᠠᠢ
2026-07-24 10:07:00
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 21᠎ᠤ᠋ ᠡᠳᠦᠷ᠂ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ ᠎ᠤ  ᠪᠡᠶ᠎ᠡ ᠎ᠶᠢᠨ ᠲᠠᠮᠢᠷ ᠎ᠤᠨ ᠴᠤᠭᠯᠠᠭᠠᠨ ᠎ᠤ ᠰᠤᠷ ᠬᠠᠷᠪᠤᠯᠲᠠ ᠎ᠶᠢᠨ ᠲᠦᠷᠦᠯ ᠵᠦᠢᠯ ᠪᠦᠬᠦᠨ᠎ᠢᠶᠡᠷ᠎ᠢᠶᠡᠨ ᠲᠡᠭᠦᠰ ᠠᠮᠵᠢᠯᠲᠠ᠎ᠲᠠᠢ ᠦᠨᠳᠦᠷᠯᠡᠵᠦ᠂ ᠲᠤᠰ ᠡᠳᠦᠷ ᠎ᠦᠨ ᠲᠠᠢᠺᠢᠨᠳᠤᠤ᠎ᠶᠢᠨ ᠲᠦᠷᠦᠯ ᠵᠦᠢᠯ᠎ᠤᠨ ᠤᠷᠤᠯᠳᠤᠭᠠᠨ᠎ᠶᠠᠭ ᠢᠳᠡ ᠭᠦᠭ ᠲᠠᠢ ᠶᠠᠪᠤᠭᠳᠠᠵᠤ᠂ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ ᠰᠤᠷᠭᠠᠭᠤᠯᠢ᠎ᠶᠢᠨ ᠲᠠᠮᠢᠷᠴᠢᠳ ᠬᠣᠶᠠᠷ ᠤᠷᠤᠯᠳᠤᠭᠠᠨ ᠎ᠤ ᠲᠦᠷᠦᠯ ᠵᠦᠢᠯ ᠎ᠳᠦ ᠵᠠᠯᠭᠠᠭ᠎ᠠ᠎ᠪᠠᠷ ᠰᠢᠯᠢᠳᠡᠭ ᠬᠢᠷᠢ ᠪᠦᠲᠦᠮᠵᠢ ᠤᠯᠤᠭᠰᠠᠨ ᠪᠠᠢᠨ᠎ᠠ᠃

ᠬᠡᠳᠦᠨ ᠡᠳᠦᠷ ᠎ᠦᠨ ᠰᠢᠷᠦᠭᠦᠨ ᠥᠷᠢᠰᠦᠯᠳᠦᠭᠡᠨ᠎ᠢᠶᠡᠷ ᠳᠠᠮᠵᠢᠨ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ ᠰᠤᠷᠭᠠᠭᠤᠯᠢ᠎ᠶᠢᠨ ᠰᠤᠷ ᠬᠠᠷᠪᠤᠯᠲᠠ ᠎ᠶᠢᠨ  ᠠᠩᠭᠢ ᠡᠴᠦᠰ᠎ᠲᠡᠬᠡᠨ 4 ᠠᠯᠲᠠᠨ ᠮᠧᠳᠠᠯ 12 ᠮᠥᠩᠭᠥᠨ ᠮᠧᠳᠠᠯ᠂ 8 ᠬᠦᠷᠡᠯ ᠮᠧᠳᠠᠯ ᠭᠠᠷᠳᠠᠵᠠᠢ᠃ ᠡᠭᠦᠨ᠎ᠦ ᠬᠠᠮᠲᠤ ᠲᠠᠢᠺᠢᠨᠳᠤᠤ᠎ᠶᠢᠨ ᠤᠷᠤᠯᠳᠤᠭᠠᠨ᠎ᠳᠦ 3 ᠠᠯᠳᠠᠠ ᠮᠧᠳᠠᠯ᠂ 5 ᠮᠥᠩᠭᠥᠨ ᠮᠧᠳᠠᠯ᠂ 4 ᠬᠦᠷᠡᠯ ᠮᠧᠳᠠᠯ ᠤᠯᠪᠠ᠃

ᠲᠣᠰ ᠤᠳᠠᠭᠠᠨ᠎ᠤ ᠬᠣᠶᠠᠷ ᠵᠦᠢᠯ ᠎ᠦᠨ ᠤᠷᠤᠯᠳᠤᠭᠠᠨ᠎ᠳᠤ ᠰᠢᠯᠢᠳᠡᠭ ᠬᠢᠷᠢ ᠪᠦᠲᠦᠮᠵᠢ ᠣᠯᠣᠭᠰᠠᠨ ᠨᠢ ᠬᠥᠬᠡᠬᠣᠲᠠ ᠎ᠶᠢᠨ ᠪᠡᠶ᠎ᠡ ᠎ᠶᠢᠨ ᠲᠠᠮᠢᠷ ᠎ᠤᠨ ᠰᠤᠷᠭᠠᠭᠤᠯᠢ᠎ᠶᠢᠨ ᠣᠷᠳᠣ᠌ ᠬᠤᠭᠤᠴᠠᠭ᠎ᠠ ᠎ᠪᠠᠷ ᠵᠠᠯᠠᠭᠤᠴᠤᠳ ᠪᠠᠭᠠᠴᠤᠳ ᠎ᠤᠨ ᠪᠡᠯᠡᠳᠬᠡᠯ ᠴᠢᠳᠠᠪᠤᠷᠢᠲᠠᠨ ᠎ᠢ ᠬᠥᠮᠥᠵᠢᠭᠦᠯᠦᠭᠰᠡᠨ ᠎ᠦ ᠦᠷ᠎ᠡ ᠪᠦᠲᠦᠭᠡᠯ ᠮᠥᠨ᠃ ᠰᠤᠷᠭᠠᠭᠤᠯᠢ ᠨᠢ ᠰᠤᠷ ᠬᠠᠷᠪᠤᠯᠲᠠ᠂ ᠲᠠᠢᠺᠢᠨᠳᠤᠤ ᠵᠡᠷᠭᠡ ᠲᠥᠷᠥᠯ ᠵᠦᠢᠯ᠎ᠳᠦ ᠴᠢᠭᠯᠡᠭᠦᠯᠦᠨ ᠰᠢᠰᠲᠧᠮᠵᠢᠭᠦᠯᠦᠭᠰᠡᠨ ᠪᠣᠯᠪᠠᠰᠤᠷᠠᠯ᠎ᠤᠨ ᠰᠢᠰᠲᠧᠮ  ᠢ᠋ ᠪᠠᠢᠭᠤᠯᠵᠤ᠂ ᠡᠳᠦᠷ ᠲᠤᠲᠤᠮ᠎ᠤᠨ ᠪᠣᠯᠪᠠᠰᠤᠷᠠᠯ᠂ ᠤᠷᠤᠯᠳᠤᠭᠠᠨ ᠠ᠋ᠴᠠ ᠡᠮᠦᠨᠡᠬᠢ ᠵᠣᠬᠢᠴᠠᠬᠤ ᠴᠢᠨᠠᠷᠲᠠᠢ ᠰᠣᠷᠢᠯᠲᠠ ᠶ᠋ᠢ ᠬᠠᠮᠲᠤ ᠳ᠋ᠤᠨᠢ ᠦᠷᠨᠢᠭᠦᠯᠵᠦ᠂ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠤᠰᠬᠠᠢ ᠮᠡᠷᠭᠡᠵᠢᠯ᠎ᠦᠨ ᠲᠠᠮᠢᠷ᠎ᠤᠨ ᠠᠩᠭᠢ᠎ᠳᠤ ᠦᠷᠬᠦᠯᠵᠢᠯᠡᠨ ᠴᠢᠳᠠᠪᠤᠷᠢᠲᠠᠨ ᠬᠦᠷᠭᠡᠬᠦ ᠪᠡᠷ ᠪᠠᠷᠠᠬᠤ ᠦᠭᠡᠢ ᠬᠥᠬᠡᠬᠣᠲᠠ ᠶ᠋ᠢᠨ ᠬᠣᠢᠰᠢᠳᠠ ᠶ᠋ᠢᠨ ᠡᠯ᠎ᠡ ᠲᠥᠷᠥᠯ᠎ᠦᠨ  ᠤᠷᠤᠯᠳᠤᠭᠠᠨ ᠳ᠋ᠤ ᠪᠡᠯᠡᠳᠬᠡᠯ ᠴᠢᠳᠠᠪᠤᠷᠢᠲᠠᠨ ᠢ᠋ ᠬᠦᠮᠦᠵᠢᠭᠦᠯᠵᠦ ᠪᠤᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号