ᠪᠠᠭᠲᠠᠭᠠᠨ ᠠᠭᠤᠰᠤᠯᠴᠠᠭᠤᠯᠬᠤ ᠵᠢ ᠵᠣᠷᠢᠭ᠍ᠵᠢᠭᠤᠯᠵᠤ ᠪᠣᠯᠪᠠᠰᠤᠨ᠎ᠤ᠋ ᠬᠠᠷᠢᠯᠴᠠᠨ ᠲᠤᠯᠢᠳᠠᠯ ᠢ᠋ ᠠᠬᠢᠭᠤᠯᠤᠨ᠎ᠠ
2026-07-24 10:20:43
ᠵᠣᠬᠢᠶᠠᠭ᠍ᠴᠢ᠄
ᠹᠸᠩ ᠰᠢᠨ ᠷᠠᠨ ᠰᠢᠩ ᠲᠦᠸᠸ ᠲᠠᠩ ᠰᠧ ᠴᠢ
ᠣᠩᠱᠢᠭ᠍ᠰᠠᠨ ᠣᠳᠠᠭ᠎ᠠ᠄
★★★☆☆

 — ᠲᠥᠪ ᠭᠤᠤᠯᠴᠢ ᠵᠦᠢ ᠵᠣᠬᠢᠰᠲᠠᠢ ᠪᠥᠬᠥ ᠪᠥᠮᠪᠥᠷᠴᠡᠭ᠎ᠦᠨ ᠵᠣᠬᠢᠶᠠᠮᠠᠯ ᠣᠶᠤᠨ ᠴᠢᠳᠠᠪᠤᠷᠢ᠎ᠶᠢᠨ ᠵᠠᠰᠠᠯᠲᠠ᠎ᠶᠢᠨ ᠰᠢᠰᠲᠧᠮ᠎ᠢ ᠭᠠᠷ ᠬᠣᠯᠪᠣᠯᠴᠠᠨ ᠪᠠᠶ᠋ᠢᠭᠤᠯᠬᠤ ᠲᠤᠬᠠᠢ ᠬᠦᠦᠷᠨᠢᠯ ᠰᠢᠭᠦᠮᠵᠢ (ᠭᠤᠷᠪᠡ)


ᠰᠢᠨ᠎ᠡ ᠨᠢᠭᠡ ᠡᠭᠡᠯᠵᠢ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠤᠪᠢᠰᠬᠠᠯ ᠪᠣᠯᠣᠨ ᠠᠵᠤ ᠦᠢᠯᠡᠰ᠎ᠦᠨ ᠬᠤᠪᠢᠰᠤᠯᠲᠠ ᠰᠦᠷ ᠳᠠᠯᠠᠢᠴᠠᠲᠠᠢ ᠦᠷᠨᠢᠵᠤ᠂ ᠵᠣᠬᠢᠶᠠᠮᠠᠯ ᠤᠶᠤᠨ ᠴᠢᠳᠠᠪᠤᠷᠢ ᠨᠢ ᠶᠠᠭ ᠬᠥᠮᠥᠨ ᠲᠥᠷᠥᠯᠬᠢᠲᠡᠨ᠎ᠦ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ  ᠵᠠᠭᠪᠤᠷ᠎ᠢ ᠪᠦᠬᠦ ᠲᠠᠯ᠎ᠠ᠎ᠪᠠᠷ ᠲᠠᠬᠢᠨ ᠴᠣᠭᠴᠠᠯᠠᠵᠤ ᠪᠠᠢᠬᠤ ᠪᠥᠭᠡᠳ ᠪᠠᠰᠠ ᠬᠥᠮᠥᠨ ᠲᠥᠷᠥᠯᠬᠢᠲᠡᠨ᠎ᠦ ᠪᠣᠯᠪᠠᠰᠤᠨ᠎ᠤ ᠲᠠᠪᠰᠢᠯᠳᠠ᠎ᠳᠤ ᠠᠯᠤᠰ ᠬᠡᠳᠤ᠎ᠶᠢᠨ ᠨᠥᠯᠥᠭᠡ ᠦᠵᠡᠭᠦᠯᠵᠦ ᠪᠠᠢᠨ᠎ᠠ᠃

7 ᠰᠠᠷ᠎ᠠ᠎ᠶᠢᠨ 17 ᠤ᠋ ᠡᠳᠦᠷ᠂ ᠲᠡᠷᠢᠭᠦᠯᠡᠭᠴᠢ ᠰᠢ ᠵᠢᠨ ᠫᠢᠩ 2026 ᠳᠡᠯᠡᠬᠡᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠡᠰ᠎ᠤᠨ ᠬᠤᠷᠠᠯ᠎ᠤᠨ ᠡᠬᠢᠯᠡᠯᠲᠡ᠎ᠶᠢᠨ ᠶᠣᠰᠣᠯᠠᠯ᠎ᠳᠤ ᠣᠷᠣᠯᠴᠠᠭᠰᠠᠨ ᠪᠥᠭᠡᠳ ᠭᠣᠣᠯ ᠵᠤᠷᠢᠯᠳᠠᠳᠤ ᠶᠠᠷᠢᠶ᠎ᠠ ᠲᠠᠯᠪᠢᠵᠤ᠂ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠣᠬᠢᠶᠠᠮᠠᠯ ᠤᠶᠤᠨ ᠴᠢᠳᠠᠪᠤᠷᠢ᠎ᠶᠢᠨ ᠵᠠᠰᠠᠯᠲᠠ᠎ᠶᠢᠨ ᠰᠢᠰᠲᠸᠮ᠎ᠢ ᠭᠠᠷ ᠬᠣᠯᠪᠣᠯᠴᠠᠨ ᠪᠠᠶ᠋ᠢᠭᠤᠯᠬᠤ᠎ᠶᠢᠨ ᠲᠣᠭᠣᠷᠢᠨ᠎ᠳᠤ ᠲᠥᠪ ᠬᠢᠴᠢᠶᠡᠩᠭᠦᠢ᠎ᠪᠡᠷ 4 ᠰᠠᠨᠠᠯ ᠳᠤᠷᠠᠳᠴᠤ᠂《ᠪᠠᠬᠳᠠᠭᠠᠨ ᠠᠭᠤᠰᠤᠯᠴᠠᠭᠤᠯᠬᠤ ᠵᠢ ᠵᠣᠷᠢᠭ᠍ᠵᠢᠭᠤᠯᠵᠤ᠂ ᠪᠣᠯᠪᠠᠰᠤᠨ᠎ᠤ᠋ ᠬᠠᠷᠢᠯᠴᠠᠨ ᠲᠣᠯᠢᠳᠠᠯ ᠢ᠋ ᠠᠬᠢᠭᠤᠯᠬᠤ》 ᠨᠢ ᠲᠡᠬᠦᠨ ᠤ᠋ ᠲᠤᠳᠤᠷ᠎ᠠ ᠵᠢᠬᠰᠠᠭᠠᠬᠳᠠᠵᠤ ᠪᠤᠢ᠃

ᠡᠨᠡ ᠬᠦ᠌ ᠴᠢᠬᠤᠯᠠ ᠨᠤᠲᠠᠯᠠᠯᠲᠠ ᠨᠢ ᠮᠡᠷᠭᠡᠵᠢᠯ ᠪᠣᠯᠣᠨ ᠪᠣᠯᠪᠠᠰᠤᠨ᠎ᠤ ᠬᠠᠮᠲᠤ ᠣᠷᠣᠰᠢᠬᠤ ᠵᠢᠮ᠎ᠡ ᠶᠣᠰᠣ᠌᠎ᠶᠢ ᠡᠵᠡᠮᠳᠡᠵᠦ᠂ ᠪᠣᠯᠪᠠᠰᠤᠨ᠎ᠤ ᠲᠠᠯ᠎ᠠ᠎ᠡᠴᠡ ᠪᠦᠬᠦ ᠪᠥᠮᠪᠥᠷᠴᠡᠭ᠎ᠦᠨ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ ᠪᠣᠯᠣᠨ ᠵᠠᠰᠠᠯᠲᠠ᠎ᠶᠢᠨ ᠴᠢᠭᠯᠡᠯ᠎ᠢ ᠲᠣᠭᠲᠠᠭᠠᠵᠤ ᠥᠭᠴᠡᠢ᠃

《ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ ᠪᠠ ᠬᠡᠷᠡᠭᠯᠡᠯᠲᠡ ᠨᠢ ᠳᠡᠯᠡᠬᠡᠢ᠎ᠶᠢᠨ ᠪᠣᠯᠪᠠᠰᠤᠨ᠎ᠤ ᠣᠯᠠᠨ ᠶᠠᠩᠵᠤᠲᠤ ᠴᠢᠨᠠᠷ ᠪᠠ ᠡᠯ᠎ᠡ ᠤᠯᠤᠰ᠎ᠤᠨ ᠰᠣᠶᠣᠯ᠎ᠤᠨ ᠥᠪᠡᠷᠮᠢᠴᠡ ᠴᠢᠨᠠᠷ᠎ᠢ ᠨᠡᠷᠪᠡᠬᠦ ᠪᠠ ᠬᠣᠬᠢᠷᠠᠭᠤᠯᠵᠤ ᠪᠣᠯᠬᠤ ᠦᠭᠡᠢ》᠃ ᠶᠠᠭ ᠲᠡᠷᠢᠭᠦᠯᠡᠭᠴᠢ ᠰᠢ ᠵᠢᠨ ᠫᠢᠩ᠎ᠦᠨ ᠵᠢᠭᠠᠵᠤ ᠭᠠᠷᠭᠠᠭᠰᠠᠨᠴᠢᠯᠠᠨ᠂ ᠤᠯᠠᠨ ᠶᠠᠩᠵᠤ᠎ᠶᠢᠨ ᠪᠣᠯᠪᠠᠰᠤᠨ ᠪᠣᠯ ᠳᠡᠯᠡᠬᠡᠢ᠎ᠶᠢᠨ ᠣᠣᠷ ᠴᠢᠨᠠᠷ ᠪᠣᠯᠣᠨ᠎ᠠ᠃ ᠭᠠᠭᠴᠠ ᠬᠦ᠌ ᠵᠥᠷᠢᠶ᠎ᠡ᠎ᠶᠢ ᠬᠦᠨᠳᠦᠳᠬᠡᠵᠦ᠂ ᠲᠤᠰ ᠲᠤᠰ᠎ᠤᠨ᠎ᠢᠶᠠᠨ ᠭᠤᠸ᠎ᠠ ᠰᠠᠢᠬᠠᠨ᠎ᠢ ᠪᠠᠬᠠᠷᠬᠠᠵᠤ᠂ ᠲᠦᠮᠡᠨ ᠦᠵᠡᠮᠵᠢ ᠲᠡᠬᠦᠰ ᠪᠥᠷᠢᠳᠦᠭᠰᠡᠨ ᠬᠥᠮᠥᠨ ᠲᠥᠷᠥᠯᠬᠢᠲᠡᠨ᠎ᠦ ᠪᠣᠯᠪᠠᠰᠤᠨ ᠰᠠᠶᠢ ᠮᠡᠷᠭᠡᠵᠢᠯ᠎ᠦᠨ ᠬᠥᠭᠵᠢᠯᠲᠡ᠎ᠳᠦ ᠨᠡᠩ ᠤᠯᠠᠨ ᠪᠣᠯᠣᠯᠴᠠᠭ᠎ᠠ ᠬᠠᠩᠭᠠᠵᠤ ᠴᠢᠳᠠᠨ᠎ᠠ; ᠭᠠᠭᠴᠠ ᠬᠦ᠌ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠳᠠᠵᠤ᠂ ᠬᠠᠮᠲᠤ᠎ᠪᠠᠷ ᠣᠷᠣᠰᠢᠨ ᠲᠣᠭᠲᠠᠨᠢᠪᠠᠯ ᠰᠠᠶᠢ ᠣᠶᠤᠨᠳᠤ ᠴᠠᠭ ᠦᠶ᠎ᠡ᠎ᠶᠢᠨ ᠬᠥᠮᠥᠨ ᠲᠥᠷᠥᠯᠬᠢᠲᠡᠨ᠎ᠦ ᠪᠣᠯᠪᠠᠰᠤᠨ᠎ᠤ ᠥᠨᠢᠷ ᠴᠡᠴᠡᠭ᠎ᠦᠨ ᠬᠦᠷᠢᠶᠡᠯᠡᠩ᠎ᠢ ᠦᠷᠭᠦᠯᠵᠢᠯᠡᠨ ᠴᠡᠴᠡᠭᠯᠡᠭᠦᠯᠵᠦ ᠴᠢᠳᠠᠨ᠎ᠠ᠃

《ᠪᠦᠬᠦ ᠬᠥᠮᠥᠨ ᠲᠥᠷᠥᠯᠬᠢᠲᠡᠨ᠎ᠦ ᠬᠠᠮᠲᠤ᠎ᠶᠢᠨ ᠦᠷᠳᠡᠭ᠎ᠢᠶᠡᠷ ᠵᠣᠬᠢᠶᠠᠮᠠᠯ ᠤᠶᠤᠨ ᠴᠢᠳᠠᠪᠤᠷᠢ᠎ᠶᠢᠨ ᠦᠷᠳᠡᠭ᠎ᠦᠨ ᠦᠵᠡᠯᠲᠡ᠎ᠶᠢ ᠪᠤᠢ ᠪᠣᠯᠭᠠᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠢᠶᠡᠷ ᠠᠳᠠᠯᠢ ᠪᠤᠰᠤ ᠪᠣᠯᠪᠠᠰᠤᠨ᠎ᠤ ᠣᠢᠯᠠᠭᠠᠯᠴᠠᠭ᠎ᠠ ᠪᠣᠯᠣᠨ ᠪᠠᠭᠲᠠᠭᠠᠮᠵᠢ᠎ᠶᠢ ᠨᠡᠮᠡᠭᠳᠡᠭᠦᠯᠵᠦ᠂ ᠠᠳᠠᠯᠢ ᠪᠤᠰᠤ ᠪᠣᠯᠪᠠᠰᠤᠨ᠎ᠤ ᠰᠣᠯᠢᠯᠴᠠᠭ᠎ᠠ ᠲᠣᠯᠢᠳᠠᠯ᠎ᠢ ᠠᠬᠢᠭᠤᠯᠬᠤ ᠬᠡᠷᠡᠭᠲᠡᠢ》᠂ ᠲᠡᠷᠢᠭᠦᠯᠡᠭᠴᠢ ᠰᠢ ᠵᠢᠨ ᠫᠢᠩ᠎ᠤᠨ ᠰᠢᠨᠵᠢᠯᠡᠬᠦ ᠤᠬᠠᠭᠠᠨᠴᠢ ᠵᠢᠭᠠᠨ ᠵᠢᠯᠤᠭᠣᠳᠤᠯᠭ᠎ᠠ ᠨᠢ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠪᠡᠷ ᠬᠥᠮᠥᠨ ᠲᠥᠷᠥᠯᠬᠢᠲᠡᠨ᠎ᠦ ᠪᠣᠯᠪᠠᠰᠤᠨ᠎ᠤ ᠲᠠᠪᠰᠢᠯᠳᠠ᠎ᠶᠢ ᠠᠬᠢᠭᠤᠯᠬᠤ ᠰᠠᠢᠨ ᠰᠠᠢᠬᠠᠨ ᠦᠵᠡᠮᠵᠢ᠎ᠶᠢ ᠢᠯᠡᠷᠡᠭᠦᠯᠪᠠ᠃

ᠶᠡᠬᠡ ᠬᠠᠨᠳᠤᠰᠢ᠎ᠶᠢ ᠨᠡᠪᠲᠡ ᠠᠵᠢᠭ᠍ᠯᠠᠵᠤ᠂ ᠪᠣᠯᠪᠠᠰᠤᠨ᠎ᠤ ᠥᠨᠳᠥᠷᠴᠡ ᠡᠴᠡ ᠵᠣᠬᠢᠶᠠᠮᠠᠯ ᠤᠶᠤᠨ ᠴᠢᠳᠠᠪᠤᠷᠢ᠎ᠶᠢᠨ ᠪᠦᠬᠦ ᠪᠥᠮᠪᠥᠷᠴᠡᠭ᠎ᠦᠨ ᠵᠠᠰᠠᠯᠲᠠ᠎ᠶᠢᠨ ᠴᠢᠭᠯᠡᠯ᠎ᠢ ᠵᠢᠯᠣᠭᠣᠳᠤᠨ᠎ᠠ —

ᠵᠣᠬᠢᠶᠠᠮᠠᠯ ᠤᠶᠤᠨ ᠴᠢᠳᠠᠪᠤᠷᠢ ᠤᠷᠢᠳ ᠡᠮᠦᠨ᠎ᠡ ᠪᠠᠢᠭ᠎ᠠ ᠦᠭᠡᠢ ᠬᠥᠭᠵᠢᠯᠲᠡ᠎ᠶᠢᠨ ᠠᠵᠠ ᠲᠣᠬᠢᠶᠠᠯ᠎ᠢ ᠠᠪᠴᠢᠷᠠᠭᠰᠠᠨ ᠪᠥᠭᠡᠳ ᠪᠠᠰᠠ ᠤᠷᠢᠳ ᠡᠮᠦᠨ᠎ᠡ ᠪᠠᠢᠭ᠎ᠠ ᠦᠭᠡᠢ ᠠᠶᠤᠯ ᠲᠦᠭᠰᠢᠭᠦᠷᠢ ᠥᠷᠢᠰᠦᠯᠳᠦᠭᠡᠨ᠎ᠢ ᠠᠪᠴᠢᠷᠠᠭᠰᠠᠨ ᠪᠠᠢᠨ᠎ᠠ᠃ ᠲᠡᠷᠢᠭᠦᠯᠡᠭᠴᠢ ᠰᠢ ᠵᠢᠨ ᠫᠢᠩ᠂《ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠦᠨ ᠬᠥᠭᠵᠢᠯᠲᠡ ᠬᠡᠳᠦᠢ ᠲᠦᠷᠭᠡᠨ ᠬᠥᠭᠵᠢᠬᠦ ᠲᠤᠳᠤᠮ᠂ ᠦᠭᠡᠳᠡᠷᠭᠡᠭ ᠴᠠᠢᠯᠭᠠᠨ᠂ ᠬᠥᠮᠥᠨ ᠲᠥᠷᠥᠯᠬᠢᠲᠡᠨ᠎ᠳᠦ ᠪᠤᠶᠠᠨ ᠦᠢᠯᠡᠳᠬᠦ ᠴᠢᠭᠯᠡᠯ ᠢ᠋ ᠲᠡᠳᠤᠢ ᠵᠦᠪ ᠡᠵᠡᠮᠳᠡᠬᠦ ᠭᠡᠷᠡᠭᠳᠠᠢ》 ᠭᠡᠵᠦ ᠭᠦᠨᠵᠡᠭᠡᠢ ᠵᠢᠭᠠᠵᠤ ᠭᠠᠷᠭᠠᠪᠠ᠃

ᠣᠶᠤᠨᠲᠤ ᠴᠠᠭ ᠦᠶ᠎ᠡ᠎ᠶᠢᠨ ᠮᠡᠷᠭᠡᠵᠢᠯ᠎ᠦᠨ ᠬᠥᠭᠵᠢᠯᠲᠡ᠎ᠶᠢᠨ ᠲᠦᠪᠰᠢᠨ᠎ᠦ ᠵᠥᠷᠢᠶ᠎ᠡ᠎ᠡᠴᠡ ᠪᠣᠯᠤᠭᠰᠠᠨ ᠬᠥᠮᠥᠨ ᠲᠥᠷᠥᠯᠬᠢᠲᠡᠨ᠎ᠦ ᠪᠣᠯᠪᠠᠰᠤᠨ᠎ᠤ ᠬᠥᠭᠵᠢᠯᠲᠡ᠎ᠶᠢᠨ ᠰᠠᠨᠠᠭᠠᠰᠢᠷᠠᠯ᠎ᠤᠨ ᠡᠮᠦᠨ᠎ᠡ᠂ ᠳᠤᠮᠳᠠᠳᠤ ᠤᠯᠤᠰ ᠰᠠᠨᠠᠭᠠᠴᠢᠯᠠᠭ᠎ᠠ᠎ᠡᠴᠡ᠎ᠪᠠᠨ ᠵᠢᠳᠬᠦᠯ ᠴᠢᠷᠮᠠᠢᠯᠭ᠎ᠠ ᠭᠠᠷᠭᠠᠵᠤ᠂ ᠡᠯ᠎ᠡ ᠲᠠᠯ᠎ᠠ᠎ᠶᠢᠨ ᠬᠢᠨ᠎ᠯᠤᠭᠡ ᠭᠠᠷ ᠬᠣᠯᠪᠣᠯᠴᠠᠨ ᠪᠦᠬᠦ ᠪᠥᠮᠪᠥᠷᠴᠡᠭ᠎ᠦᠨ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠶᠢᠨ ᠵᠠᠰᠠᠯᠲᠠ᠎ᠶᠢᠨ ᠬᠦᠷᠢᠶᠡᠨ᠎ᠳᠡᠬᠢ ᠴᠢᠬᠤᠯᠠ ᠶᠡᠬᠡ ᠠᠰᠠᠭᠤᠳᠠᠯ᠎ᠳᠤ ᠢᠳᠡᠪᠬᠢᠲᠡᠢ ᠬᠠᠷᠢᠭᠤᠯᠲᠠ ᠥᠭᠪᠡ᠃

《ᠡᠯ᠎ᠡ ᠤᠯᠤᠰ᠎ᠤᠨ ᠡᠷᠬᠡ ᠮᠡᠳᠡᠯ ᠪᠠ ᠪᠣᠯᠪᠠᠰᠤᠨ᠎ᠤ ᠤᠯᠠᠨ ᠶᠠᠩᠵᠤᠲᠤ ᠴᠢᠨᠠᠷ᠎ᠢ ᠬᠦᠨᠳᠦᠳᠬᠡᠬᠦ》ᠨᠢ ᠳᠤᠮᠳᠠᠳᠤ ᠤᠯᠤᠰ᠎ᠤᠨ ᠰᠠᠨᠠᠭᠠᠴᠢᠯᠠᠨ ᠪᠠᠢᠭᠤᠯᠤᠭᠰᠠᠨ ᠳᠡᠯᠡᠬᠡᠢ᠎ᠶᠢᠨ ᠵᠣᠬᠢᠶᠠᠮᠠᠯ ᠤᠶᠤᠨ ᠴᠢᠳᠠᠪᠤᠷᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠦᠨᠳᠦᠰᠦᠨ ᠵᠠᠷᠴᠢᠮ᠎ᠤᠨ ᠨᠢᠭᠡ ᠪᠣᠯᠪᠠ; 《2026 ᠳᠡᠯᠡᠬᠡᠢ᠎ᠶᠢᠨ ᠵᠣᠬᠢᠶᠠᠮᠠᠯ ᠣᠶᠤᠨ ᠴᠢᠳᠠᠪᠤᠷᠢ᠎ᠶᠢᠨ ᠶᠡᠬᠡ ᠬᠤᠷᠠᠯ ᠵᠢᠴᠢ ᠵᠣᠬᠢᠶᠠᠮᠠᠯ ᠣᠶᠤᠨ ᠴᠢᠳᠠᠪᠤᠷᠢ᠎ᠶᠢᠨ ᠪᠥᠬᠥ ᠪᠥᠮᠪᠥᠷᠴᠡᠭ᠎ᠦᠨ ᠵᠠᠰᠠᠯᠲᠠ᠎ᠶᠢᠨ ᠳᠡᠭᠡᠳᠦ ᠲᠠᠰ᠎ᠤᠨ ᠬᠤᠷᠠᠯ᠎ᠤᠨ ᠲᠡᠷᠢᠭᠦᠯᠡᠭᠴᠢ᠎ᠶᠢᠨ ᠢᠯᠡᠷᠬᠡᠢᠯᠡᠯᠲᠡ》 ᠳ᠋ᠤ᠂ 《ᠵᠣᠬᠢᠶᠠᠮᠠᠯ ᠣᠶᠤᠨ ᠴᠢᠳᠠᠪᠤᠷᠢ᠎ᠶᠢᠨ ᠮᠡᠷᠭᠡᠵᠢᠯ᠎ᠨᠢ ᠣᠯᠠᠨ ᠡᠰᠢᠲᠦ ᠰᠣᠶᠣᠯ᠎ᠤᠨ ᠪᠠᠢᠳᠠᠯ᠎ᠳᠤ ᠵᠣᠬᠢᠴᠠᠬᠤ᠎ᠶᠢ ᠠᠬᠢᠭᠤᠯᠵᠤ᠂ ᠡᠯ᠎ᠡ ᠤᠯᠤᠰ᠎ᠤᠨ ᠰᠣᠶᠣᠯ᠎ᠤᠨ ᠪᠦᠲᠦᠭᠡᠯᠴᠢ ᠴᠢᠨᠠᠷᠲᠠᠢ ᠤᠨᠳᠤᠤᠰᠢᠭᠤᠯᠤᠯᠳᠠ ᠪᠠ ᠰᠢᠨ᠎ᠡ᠎ᠶᠢ ᠡᠭᠦᠳᠬᠦ ᠴᠢᠨᠠᠷᠲᠠᠢ ᠬᠥᠭᠵᠢᠯᠲᠡ᠎ᠶᠢ ᠠᠬᠢᠭᠤᠯᠬᠤ》 ᠵᠢ ᠲᠤᠳᠤᠷᠬᠠᠢ ᠵᠢᠭᠠᠵᠤ ᠭᠠᠷᠭᠠᠪᠠ; 《〈ᠵᠣᠬᠢᠶᠠᠮᠠᠯ ᠣᠶᠤᠨ ᠴᠢᠳᠠᠪᠤᠷᠢ +〉 ᠣᠯᠠᠨ ᠤᠯᠤᠰ᠎ᠤᠨ ᠬᠠᠮᠲᠤᠷᠠᠯᠴᠠᠭᠠᠨ᠎ᠤ ᠰᠠᠨᠠᠭᠠᠴᠢᠯᠠᠭ᠎ᠠ》 ᠳ᠋ᠤ 《〈ᠵᠣᠬᠢᠶᠠᠮᠠᠯ ᠣᠶᠤᠨ ᠴᠢᠳᠠᠪᠤᠷᠢ + 〉 ᠰᠣᠶᠣᠯ᠎ᠤᠨ ᠴᠡᠴᠡᠭᠯᠡᠯ᠎ᠢ ᠬᠡᠷᠡᠭᠵᠢᠭᠦᠯᠵᠦ᠂ ᠪᠣᠯᠪᠠᠰᠤᠨ᠎ᠤ ᠰᠣᠯᠢᠯᠴᠠᠭ᠎ᠠ ᠲᠣᠯᠢᠳᠠᠯ᠎ᠢ ᠠᠬᠢᠭᠤᠯᠬᠤ》 ᠵᠢ ᠲᠤᠷᠠᠳᠪᠠ ᠁

ᠤᠯᠤᠰ᠎ᠤᠨ ᠳᠣᠲᠣᠭᠠᠳᠤ᠎ᠶᠢᠨ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ᠎ᠶᠢᠨ ᠪᠣᠳᠣᠯᠭ᠎ᠠ ᠳᠦᠷᠢᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠪᠥᠬᠥ ᠪᠥᠮᠪᠥᠷᠴᠡᠭ᠎ᠦᠨ ᠬᠣᠯᠪᠣᠭᠳᠠᠯ ᠪᠦᠬᠦᠢ ᠬᠡᠷᠡᠭᠯᠡᠭᠡᠨ᠎ᠦ ᠵᠢᠷᠤᠮᠵᠢᠯ᠂ ᠡᠰᠢ ᠶᠤᠰᠤᠨ ᠤ᠋ ᠪᠠᠷᠢᠮᠵᠢᠶ᠎ᠠ᠎ᠶᠢ ᠳᠠᠭᠠᠭᠤᠯᠤᠨ ᠲᠣᠭᠲᠠᠭᠠᠨ᠎ᠠ ᠁ ᠣᠶᠤᠨᠳᠤ ᠴᠠᠭ ᠦᠶ᠎ᠡ᠎ᠳᠦ᠂ ᠳᠤᠮᠳᠠᠳᠤ ᠤᠯᠤᠰ ᠬᠥᠮᠥᠨ ᠲᠥᠷᠥᠯᠬᠢᠲᠡᠨ᠎ᠦ ᠪᠣᠯᠪᠠᠰᠤᠨ᠎ᠤ ᠥᠨᠳᠥᠷᠴᠡ᠎ᠡᠴᠡ ᠮᠡᠷᠭᠡᠵᠢᠯ᠎ᠦᠨ ᠳᠠᠪᠰᠢᠯᠲᠠ᠎ᠳᠤ ᠬᠤᠪᠢᠰᠤᠩᠭᠤᠢ᠎ᠪᠠᠷ ᠬᠠᠨᠳᠤᠬᠤ᠎ᠶᠢ ᠪᠠᠷᠢᠮᠲᠠᠯᠠᠵᠤ᠂ ᠡᠯ᠎ᠡ ᠤᠯᠤᠰ᠎ᠤᠨ ᠲᠡᠦᠬᠡ ᠰᠣᠶᠣᠯ᠂ ᠨᠡᠢᠭᠡᠮ᠎ᠦᠨ ᠪᠠᠢᠭᠤᠯᠤᠯ᠂ ᠪᠣᠯᠪᠠᠰᠤᠨ᠎ᠤ ᠬᠡᠯᠪᠡᠷᠢ᠎ᠶᠢᠨ ᠵᠥᠷᠢᠶ᠎ᠡ᠎ᠶᠢ ᠬᠦᠨᠳᠦᠳᠬᠡᠬᠦ᠎ᠶᠢ ᠰᠠᠨᠠᠭᠠᠴᠢᠯᠠᠵᠤ᠂ ᠳᠡᠯᠡᠬᠡᠢ᠎ᠶᠢᠨ ᠪᠣᠯᠪᠠᠰᠤᠨ᠎ᠤ ᠣᠯᠠᠨ ᠶᠠᠩᠵᠤᠲᠤ ᠴᠢᠨᠠᠷ ᠪᠠ ᠡᠯ᠎ᠡ ᠤᠯᠤᠰ᠎ᠤᠨ ᠰᠣᠶᠣᠯ᠎ᠤᠨ ᠥᠪᠡᠷᠮᠢᠴᠡ ᠴᠢᠨᠠᠷ᠎ᠢ ᠰᠠᠬᠢᠨ ᠬᠠᠮᠠᠭᠠᠯᠠᠪᠠ᠃

ᠠᠶᠠᠯᠠᠯ᠎ᠤᠨ ᠴᠢᠭᠯᠡᠯ᠎ᠢ ᠣᠨᠣᠪᠴᠢᠲᠠᠶ ᠰᠢᠯᠭᠠᠵᠤ᠂ ᠬᠥᠮᠥᠨ ᠲᠥᠷᠥᠯᠬᠢᠲᠡᠨ᠎ᠦ ᠣᠶᠤᠨ ᠤᠬᠠᠭᠠᠨ ᠪᠠ ᠣᠯᠠᠨ ᠤᠯᠤᠰ᠎ᠤᠨ ᠬᠠᠮᠲᠤ᠎ᠶᠢᠨ ᠲᠠᠨᠢᠯᠲᠠ᠎ᠪᠠᠷ ᠵᠣᠬᠢᠶᠠᠮᠠᠯ ᠣᠶᠤᠨ ᠴᠢᠳᠠᠪᠤᠷᠢ᠎ᠶᠢᠨ ᠬᠥᠭᠵᠢᠯᠲᠡ᠎ᠶᠢ ᠬᠥᠲᠥᠯᠥᠨ ᠳᠠᠭᠠᠭᠤᠯᠤᠨ᠎ᠠ —

ᠵᠣᠬᠢᠶᠠᠮᠠᠯ ᠣᠶᠤᠨ ᠴᠢᠳᠠᠪᠤᠷᠢ᠎ᠶᠢᠨ ᠲᠦᠷᠭᠡᠨ ᠬᠥᠭᠵᠢᠯᠲᠡ᠎ᠶᠢᠨ ᠤᠷᠤᠰᠬᠠᠯ᠎ᠤᠨ ᠡᠮᠦᠨ᠎ᠡ᠂ ᠲᠡᠷᠢᠭᠦᠯᠡᠭᠴᠢ ᠰᠢ ᠵᠢᠨ ᠫᠢᠩ《ᠪᠥᠬᠥ ᠬᠥᠮᠥᠨ ᠲᠥᠷᠥᠯᠬᠢᠲᠡᠨ᠎ᠦ ᠬᠠᠮᠲᠤ᠎ᠶᠢᠨ ᠥᠷᠲᠡᠭ᠎ᠢᠶᠡᠷ ᠵᠣᠬᠢᠶᠠᠮᠠᠯ ᠣᠶᠤᠨ ᠴᠢᠳᠠᠪᠤᠷᠢ᠎ᠶᠢᠨ ᠥᠷᠲᠡᠭ᠎ᠦᠨ ᠦᠵᠡᠯᠲᠡ᠎ᠶᠢ ᠪᠣᠶ ᠪᠣᠯᠭᠠᠬᠤ ᠬᠡᠷᠡᠭᠲᠡᠢ》 ᠭᠡᠵᠦ ᠭᠦᠨᠵᠡᠭᠡᠢ ᠲᠤᠳᠤᠷᠬᠠᠢᠯᠠᠪᠠ᠃

ᠵᠣᠬᠢᠶᠠᠮᠠᠯ ᠣᠶᠤᠨ ᠴᠢᠳᠠᠪᠤᠷᠢ ᠨᠢ ᠮᠡᠷᠭᠡᠵᠢᠯ᠎ᠦᠨ ᠪᠠᠭᠠᠵᠢ ᠪᠣᠯᠬᠤ᠎ᠪᠠᠷ ᠪᠠᠷᠠᠬᠤ ᠦᠭᠡᠢ᠂ ᠨᠠᠩ ᠴᠤ᠌ ᠦᠨ᠎ᠡ ᠥᠷᠲᠡᠭ᠎ᠢ ᠠᠴᠢᠶᠠᠯᠠᠬᠤ ᠪᠣᠯᠪᠠᠰᠤᠨ ᠠᠴᠢᠶᠠᠯᠠᠪᠤᠷᠢ ᠪᠣᠯᠣᠨ᠎ᠠ᠂ ᠲᠡᠭᠦᠨ᠎ᠦ ᠰᠤᠳᠤᠯᠤᠨ ᠨᠡᠭᠡᠭᠡᠯᠲᠡ᠂ ᠬᠡᠷᠡᠭᠯᠡᠯᠲᠡ ᠵᠢᠨ ᠪᠥᠬᠥ ᠶᠠᠪᠤᠴᠠ᠎ᠳᠤ ᠴᠥᠮ ᠰᠣᠶᠣᠯ᠎ᠤᠨ ᠳᠤᠷ᠎ᠠ ᠰᠣᠨᠢᠷᠬᠠᠯ ᠪᠠ ᠥᠷᠲᠡᠭ᠎ᠦᠨ ᠰᠣᠩᠭᠣᠯᠲᠠ ᠠᠭᠤᠰᠴᠤ ᠪᠠᠢᠳᠠᠭ᠃ ᠡᠯ᠎ᠡ ᠤᠯᠤᠰ᠎ᠤᠨ ᠲᠡᠦᠬᠡ᠂ ᠰᠣᠶᠣᠯ᠂ ᠪᠠᠢᠭᠤᠯᠤᠯ᠂ ᠬᠥᠭᠵᠢᠯᠲᠡ᠎ᠶᠢᠨ ᠬᠢᠷᠢ ᠬᠡᠮᠵᠢᠶ᠎ᠡ ᠨᠢ ᠠᠳᠠᠯᠢ ᠦᠭᠡᠢ ᠪᠣᠯᠪᠠᠴᠤ ᠡᠯ᠎ᠡ ᠤᠯᠤᠰ᠎ᠤᠨ ᠠᠷᠠᠳ ᠲᠦᠮᠡᠨ ᠴᠥᠮ ᠡᠩᠬᠡ ᠲᠠᠢᠪᠤᠩ᠂ ᠬᠥᠭᠵᠢᠯᠲᠡ᠂ ᠲᠥᠪ ᠭᠣᠣᠯᠴᠢ᠂ ᠰᠢᠳᠤᠷᠭᠤ ᠶᠣᠰᠣ᠌᠂ ᠠᠷᠠᠳᠴᠢᠯᠠᠯ᠂ ᠡᠷᠬᠡ ᠴᠢᠯᠦᠭᠡ᠎ᠶᠢᠨ ᠪᠦᠬᠦ ᠬᠥᠮᠥᠨ ᠲᠥᠷᠥᠯᠬᠢᠲᠡᠨ᠎ᠦ ᠬᠠᠮᠲᠤ᠎ᠶᠢᠨ ᠦᠷᠳᠡᠭ᠎ᠢ ᠬᠥᠭᠡᠭᠡᠴᠡᠯᠳᠦᠳᠡᠭ᠃ ᠪᠦᠬᠦ ᠪᠥᠮᠪᠥᠷᠴᠡᠭ᠎ᠦᠨ ᠵᠣᠬᠢᠶᠠᠮᠠᠯ ᠤᠶᠤᠨ ᠴᠢᠳᠠᠪᠤᠷᠢ᠎ᠶᠢᠨ ᠵᠠᠰᠠᠯᠲᠠ ᠨᠢ ᠪᠦᠬᠦ ᠬᠥᠮᠥᠨ ᠲᠥᠷᠥᠯᠬᠢᠲᠡᠨ᠎ᠦ ᠠᠵᠠ ᠵᠢᠷᠭᠠᠯ᠎ᠢ ᠬᠥᠭᠡᠭᠡᠴᠡᠯᠳᠦᠵᠦ᠂ ᠳᠡᠯᠡᠬᠡᠢ ᠨᠡᠢᠭᠡᠮ᠎ᠦᠨ ᠬᠠᠮᠲᠤ᠎ᠶᠢᠨ ᠴᠢᠷᠮᠠᠢᠯᠭ᠎ᠠ᠎ᠳᠤ ᠲᠦᠰᠢᠭᠯᠡᠵᠦ᠂ ᠵᠣᠬᠢᠶᠠᠮᠠᠯ ᠤᠶᠤᠨ ᠴᠢᠳᠠᠪᠤᠷᠢ᠎ᠶᠢ 《ᠪᠦᠬᠦ ᠪᠥᠮᠪᠥᠷᠴᠡᠭ᠎ᠦᠨ ᠬᠠᠮᠲᠤᠷᠠᠯᠴᠠᠭᠠᠨ᠎ᠤ ᠨᠠᠢᠷᠠᠯ ᠬᠥᠭᠵᠢᠮ》 ᠪᠣᠯᠭᠠᠨ ᠬᠥᠭᠵᠢᠭᠦᠯᠬᠦ᠎ᠡᠴᠡ ᠪᠢᠰᠢ᠂ 《ᠶᠠᠮᠠᠷ ᠨᠢᠭᠡᠨ ᠤᠯᠤᠰ᠎ᠤᠨ ᠭᠣᠴᠣᠯᠠᠯ ᠬᠥᠭᠵᠢᠮ》 ᠪᠣᠯᠭᠠᠨ ᠬᠥᠭᠵᠢᠭᠦᠯᠬᠦ ᠪᠢᠰᠢ ᠶᠤᠮ᠃

ᠲᠣᠰ ᠬᠤᠭᠤᠴᠠᠭᠠᠨ᠎ᠤ ᠶᠡᠬᠡ ᠬᠤᠷᠠᠯ᠎ᠤᠨ ᠬᠤᠭᠤᠴᠠᠭᠠᠨ᠎ᠳᠤ᠂ ᠵᠣᠬᠢᠶᠠᠮᠠᠯ ᠣᠶᠤᠨ ᠴᠢᠳᠠᠪᠤᠷᠢ᠎ᠶᠢᠨ ᠣᠯᠠᠨ ᠤᠯᠤᠰ᠎ᠤᠨ ᠪᠠᠷᠢᠮᠵᠢᠶᠠᠵᠢᠭᠤᠯᠤᠯᠲᠠ》᠂《ᠵᠣᠬᠢᠶᠠᠮᠠᠯ ᠣᠶᠤᠨ ᠴᠢᠳᠠᠪᠤᠷᠢ᠎ᠶᠢᠨ ᠳᠦᠷᠢᠮ᠎ᠦᠨ ᠪᠥᠬᠥ ᠪᠥᠮᠪᠥᠷᠴᠡᠭ᠎ᠦᠨ ᠶᠠᠷᠢᠯᠴᠠᠭ᠎ᠠ ᠪᠠ ᠬᠠᠮᠵᠢᠯᠴᠠᠭᠰᠠᠨ ᠬᠥᠭᠵᠢᠯᠲᠡ》᠂ 《ᠪᠥᠬᠥ ᠪᠥᠮᠪᠥᠷᠴᠡᠭ᠎ᠦᠨ ᠵᠣᠬᠢᠶᠠᠮᠠᠯ ᠣᠶᠤᠨ ᠴᠢᠳᠠᠪᠤᠷᠢ᠎ᠶᠢᠨ ᠵᠠᠰᠠᠯᠲᠠ᠎ᠶᠢᠨ ᠪᠣᠯᠣᠮᠵᠢᠲᠤ ᠠᠷᠭ᠎ᠠ ᠵᠠᠮ》ᠵᠡᠷᠭᠡ᠎ᠪᠡᠷ ᠭᠣᠣᠯ ᠰᠡᠳᠦᠪ ᠪᠣᠯᠭᠠᠭᠰᠠᠨ ᠡᠯ᠎ᠡ ᠲᠥᠷᠥᠯ᠎ᠦᠨ ᠶᠠᠷᠢᠶᠠᠨ᠎ᠤ ᠲᠠᠪᠴᠠᠩ ᠳᠡᠭᠡᠷ᠎ᠡ᠂ ᠠᠳᠠᠯᠢ ᠪᠤᠰᠤ ᠤᠯᠤᠰ᠂ ᠠᠳᠠᠯᠢ ᠪᠤᠰᠤ ᠬᠠᠮᠳᠤᠯᠢᠭ ᠢ᠋ ᠲᠥᠯᠥᠭᠡᠯᠡᠵᠦ᠂ ᠠᠳᠠᠯᠢ ᠪᠤᠰᠤ ᠦᠭᠡ ᠬᠡᠯᠡᠨ᠎ᠦ ᠠᠶᠠᠯᠭᠤ ᠲᠠᠭᠤᠨ᠎ᠢ ᠫᠦᠵᠢᠶᠠᠩ ᠮᠦᠷᠡᠨ᠎ᠤ ᠬᠥᠪᠡᠭᠡᠨ᠎ᠳᠦ ᠴᠤᠤᠷᠢᠶᠠᠳᠤᠭᠤᠯᠵᠤ᠂ ᠦᠵᠡᠯ ᠰᠠᠨᠠᠭᠠᠨ᠎ᠤ ᠮᠥᠷᠭᠥᠯᠳᠦᠭᠡᠨ ᠪᠠ ᠦᠵᠡᠯᠲᠡ᠎ᠶᠢᠨ ᠮᠥᠷᠭᠥᠯᠳᠦᠭᠡᠨ᠎ᠦ ᠳᠤᠮᠳᠠ ᠣᠢᠯᠠᠭᠠᠯᠴᠠᠭ᠎ᠠ᠎ᠪᠠᠨ ᠨᠡᠮᠡᠭᠳᠡᠭᠦᠯᠵᠦ᠂ ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠪᠠ᠃

ᠨᠡᠩ ᠬᠤᠯᠠ ᠠᠶᠠᠯᠠᠵᠤ᠂ ᠢᠷᠡᠭᠡᠳᠦᠢ᠎ᠶᠢᠨ 5 ᠵᠢᠯ᠎ᠳᠦ᠂ ᠳᠤᠮᠳᠠᠳᠤ ᠤᠯᠤᠰ ᠬᠥᠭᠵᠢᠵᠦ ᠪᠠᠢᠭ᠎ᠠ ᠤᠯᠤᠰ᠎ᠤᠳ ᠲᠦ᠍ 5000  ᠵᠣᠬᠢᠶᠠᠮᠠᠯ ᠤᠶᠤᠨ ᠴᠢᠳᠠᠪᠤᠷᠢ᠎ᠶᠢᠨ ᠲᠤᠰᠬᠠᠢ ᠰᠡᠳᠦᠪᠲᠦ ᠰᠤᠳᠤᠯᠤᠨ ᠰᠤᠷᠤᠯᠴᠠᠬᠤ ᠪᠣᠯᠪᠠᠰᠤᠷᠠᠯ᠎ᠤᠨ ᠣᠷᠣᠨ ᠲᠣᠭ᠎ᠠ ᠬᠠᠩᠭᠠᠨ᠎ᠠ; ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ᠂ ᠠᠷᠠᠪ᠎ᠤᠨ ᠤᠯᠤᠰ᠎ᠤᠳ᠎ᠤᠨ ᠬᠣᠯᠪᠣᠭ᠎ᠠ᠂ ᠠᠹᠷᠢᠺᠠ ᠲᠢᠪ᠎ᠦᠨ ᠤᠯᠤᠰ᠎ᠤᠳ᠎ᠤᠨ ᠬᠣᠯᠪᠣᠭ᠎ᠠ᠂ ᠯᠠᠲ᠋ᠢᠨ ᠠᠮᠧᠷᠢᠺᠠ᠎ᠶᠢᠨ ᠬᠠᠮᠲᠤ᠎ᠶᠢᠨ ᠴᠣᠭᠴᠠ᠂ ᠱᠠᠩᠬᠠᠢ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠳᠤ ᠬᠠᠨᠳᠤᠭᠤᠯᠤᠨ᠂ ᠠᠯᠳᠠᠨ ᠲᠣᠭᠣᠰᠬ᠎ᠠ ᠤᠯᠤᠰ᠎ᠤᠳ᠎ᠤᠨ ᠤᠯᠠᠨ ᠤᠯᠤᠰ᠎ᠤᠨ ᠵᠣᠬᠢᠶᠠᠮᠠᠯ ᠤᠶᠤᠨ ᠴᠢᠳᠠᠪᠤᠷᠢ᠎ᠶᠢᠨ ᠬᠡᠷᠡᠭᠯᠡᠭᠡᠨ᠎ᠦ ᠬᠠᠮᠲᠤᠷᠠᠯᠴᠠᠭᠠᠨ᠎ᠤ ᠲᠥᠪ᠎ᠢ ᠪᠠᠢᠭᠤᠯᠤᠨ᠎ᠠ; ᠴᠠᠭ ᠠᠭᠤᠷ᠎ᠤᠨ ᠣᠶᠤᠨᠲᠤ ᠤᠷᠢᠳᠴᠢᠯᠠᠨ ᠰᠡᠷᠡᠮᠵᠢᠯᠡᠭᠦᠯᠬᠦ ᠲᠥᠰᠥᠯ《ᠮᠠᠽᠦ᠋》 30 ᠤᠯᠤᠰ᠎ᠲᠤ ᠨᠤᠲᠤᠭᠰᠢᠨ ᠬᠡᠷᠡᠭᠯᠡᠭᠳᠡᠬᠦ᠎ᠶᠢ ᠠᠬᠢᠭᠤᠯᠤᠨ᠎ᠠ ᠁

ᠪᠦᠬᠦ ᠬᠥᠮᠥᠨ ᠲᠥᠷᠥᠯᠬᠢᠲᠡᠨ᠎ᠦ ᠬᠠᠮᠲᠤ᠎ᠶᠢᠨ ᠦᠷᠳᠡᠭ᠎ᠢᠶᠡᠷ ᠵᠢᠯᠣᠭᠣᠳᠤᠯᠭ᠎ᠠ ᠪᠣᠯᠭᠠᠵᠤ᠂ ᠳᠤᠮᠳᠠᠳᠤ ᠤᠯᠤᠰ ᠪᠣᠯᠪᠠᠰᠤᠨ᠎ᠤ ᠵᠠᠪᠰᠠᠷᠳᠠᠯ᠎ᠢ ᠠᠷᠢᠯᠭᠠᠬᠤ᠂ ᠮᠡᠷᠭᠡᠵᠢᠯ᠎ᠦᠨ ᠬᠡᠯᠪᠡᠢᠭᠦᠦ ᠦᠵᠡᠯᠲᠡ᠎ᠶᠢ ᠠᠷᠢᠯᠭᠠᠬᠤ᠂ ᠰᠣᠶᠣᠯ᠎ᠤᠨ ᠡᠵᠡᠷᠬᠡᠭ ᠡᠷᠬᠡ᠎ᠶᠢ ᠬᠣᠷᠢᠭ᠍ᠯᠠᠬᠤ᠎ᠶᠢ ᠦᠷᠭᠦᠯᠵᠢᠯᠡᠨ ᠠᠬᠢᠭᠤᠯᠵᠤ᠂ ᠵᠣᠬᠢᠶᠠᠮᠠᠯ ᠤᠶᠤᠨ ᠴᠢᠳᠠᠪᠤᠷᠢ᠎ᠶᠢᠨ ᠬᠥᠭᠵᠢᠯᠲᠡ᠎ᠪᠡᠷ ᠳᠡᠯᠡᠬᠡᠢ᠎ᠶᠢᠨ ᠡᠯ᠎ᠡ ᠤᠯᠤᠰ᠎ᠤᠨ ᠠᠷᠠᠳ ᠲᠦᠮᠡᠨ᠎ᠦ ᠨᠡᠢᠳᠡᠮ᠎ᠢᠶᠡᠷ᠎ᠢᠶᠡᠨ ᠮᠡᠳᠡᠷᠡᠵᠦ ᠪᠠᠢᠭ᠎ᠠ ᠦᠷᠳᠡᠭ᠎ᠦᠨ ᠣᠢᠯᠠᠭᠠᠭᠳᠠᠬᠤᠨ᠎ᠤ ᠬᠠᠮᠤᠭ᠎ᠤᠨ ᠶᠡᠬᠡ ᠶᠡᠷᠦᠩᠬᠡᠢ ᠬᠤᠷᠢᠶᠠᠭ᠍ᠴᠢ ᠲᠣᠭ᠎ᠠ᠎ᠶᠢ ᠢᠮᠠᠭᠲᠠ ᠲᠤᠰᠬᠠᠪᠠ᠃

ᠣᠶᠤᠨᠳᠤ ᠥᠭᠡᠳᠡᠷᠬᠡᠭ ᠴᠠᠢᠯᠭᠠᠨ ᠲᠡᠢᠰᠢ ᠬᠦᠭᠵᠢᠵᠦ᠂ ᠮᠡᠷᠭᠡᠵᠢᠯ᠎ᠦᠨ ᠳᠠᠪᠰᠢᠯᠲᠠ᠎ᠪᠠᠷ ᠪᠣᠯᠪᠠᠰᠤᠨ ᠶᠠᠷᠢᠯᠴᠠᠭ᠎ᠠ᠎ᠳᠤ ᠤᠳᠠᠭᠠᠨ ᠳᠠᠭᠠᠭᠠᠮᠠᠭᠠᠢ ᠬᠦᠴᠦᠨ ᠨᠡᠮᠡᠷᠢᠯᠡᠨ᠎ᠡ —

AI ᠣᠬᠣᠷ ᠵᠦᠴᠦᠭᠡ᠎ᠲᠦᠢᠷᠭᠡᠨ ᠵᠢᠡᠷ ᠲᠡᠯᠭᠡᠷᠡᠵᠦ ᠤᠯᠠᠨ᠎ᠤ ᠠᠨᠭᠬᠠᠷᠤᠯ᠎ᠳᠦ ᠬᠦᠷᠦᠭᠰᠡᠨ ᠡᠴᠡ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠦᠨ ᠬᠡᠷᠡᠭᠯᠡᠯᠲᠡ ᠨᠢ ᠲᠡᠦᠬᠡ᠎ᠶᠢᠨ ᠳᠤᠷᠠᠰᠬᠠᠯᠲᠤ ᠵᠦᠢᠯᠡᠰ᠎ᠢ 《ᠠᠮᠢᠯᠠᠭᠤᠯᠤᠭᠰᠠᠨ》 ᠬᠦᠷᠲᠡᠯ᠎ᠡ᠂ ᠤᠯᠠᠨ ᠠᠵᠢᠯ ᠲᠦᠷᠦᠯ ᠨᠢ ᠵᠣᠬᠢᠶᠠᠮᠠᠯ ᠤᠶᠤᠨ ᠴᠢᠳᠠᠪᠤᠷᠢ᠎ᠶᠢ ᠲᠦᠷᠭᠡᠳᠬᠡᠭᠰᠡᠨ ᠪᠥᠭᠡᠳ ᠰᠣᠶᠣᠯ᠎ᠤᠨ ᠦᠢᠯᠡᠳᠪᠦᠷᠢᠯᠡᠯ᠂ ᠪᠣᠯᠪᠠᠰᠤᠨ᠎ᠤ ᠳᠠᠮᠵᠢᠭᠤᠯᠭ᠎ᠠ᠎ᠶᠢᠨ ᠪᠦᠬᠦ ᠬᠡᠯᠬᠢᠶ᠎ᠡ᠎ᠳᠦ ᠭᠦᠨᠵᠡᠭᠡᠢ ᠣᠷᠣᠯᠴᠠᠵᠤ᠂ ᠪᠣᠯᠪᠠᠰᠤᠨ᠎ᠤ ᠰᠣᠯᠢᠯᠴᠠᠭ᠎ᠠ ᠶᠠᠪᠤᠯᠴᠠᠭ᠎ᠠ᠎ᠶᠢ ᠭᠦᠨᠵᠡᠭᠡᠢᠷᠡᠭᠦᠯᠬᠦ᠎ᠳᠦ ᠰᠢᠨ᠎ᠡ ᠠᠵᠠ ᠲᠣᠬᠢᠶᠠᠯ ᠬᠠᠩᠭᠠᠵᠠᠢ᠃

ᠢᠷᠡᠭᠡᠳᠦᠢ᠎ᠳᠦ ᠬᠠᠨᠳᠤᠵᠤ᠂ ᠲᠡᠷᠢᠭᠦᠯᠡᠭᠴᠢ ᠰᠢ ᠵᠢᠨ ᠫᠢᠩ᠂ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠢ ᠴᠢᠳᠠᠮᠠᠭᠠᠢ ᠠᠰᠢᠭ᠍ᠯᠠᠵᠤ ᠠᠳᠠᠯᠢ ᠪᠤᠰᠤ ᠪᠣᠯᠪᠠᠰᠤᠨ᠎ᠤ ᠣᠢᠯᠠᠭᠠᠯᠴᠠᠭ᠎ᠠ ᠪᠠ ᠪᠠᠭᠲᠠᠭᠠᠮᠵᠢ᠎ᠶᠢ ᠨᠡᠮᠡᠭᠳᠡᠭᠦᠯᠵᠦ᠂ ᠠᠳᠠᠯᠢ ᠪᠤᠰᠤ ᠪᠣᠯᠪᠠᠰᠤᠨ᠎ᠤ ᠰᠣᠯᠢᠯᠴᠠᠭ᠎ᠠ ᠲᠣᠯᠢᠳᠠᠯ᠎ᠢ ᠠᠬᠢᠭᠤᠯᠤᠨ᠎ᠠ ᠭᠡᠵᠦ ᠭᠦᠨᠵᠡᠭᠡᠢ ᠵᠢᠭᠠᠵᠤ ᠭᠠᠷᠭᠠᠪᠠ᠃

ᠮᠢᠯᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠠᠯᠪᠠᠨ᠎ᠤ ᠲᠠᠯ᠎ᠠ᠎ᠶᠢᠨ ᠲᠣᠮᠣ᠌ ᠵᠠᠭᠪᠤᠷ ᠨᠢ ᠠᠵᠢᠯᠲᠠᠳ ᠪᠣᠯᠣᠨ ᠪᠦᠬᠦ ᠪᠥᠮᠪᠥᠷᠴᠡᠭ᠎ᠦᠨ ᠦᠵᠡᠭᠴᠢᠳ᠎ᠲᠦ ᠤᠷᠤᠯᠳᠤᠭᠠᠨ᠎ᠤ ᠦᠢᠯᠡᠴᠢᠯᠡᠭᠡ ᠬᠠᠩᠭᠠᠪᠠ; ᠳᠤᠮᠳᠠᠳᠤ ᠤᠯᠤᠰ ᠪᠣᠯᠣᠨ ᠮᠠᠯᠠᠢᠰᠢᠶ᠎ᠠ᠎ᠶᠢᠨ ᠠᠵᠤ ᠠᠬᠤᠢᠯᠠᠯ ᠬᠠᠮᠲᠤᠷᠠᠨ ᠵᠡᠭᠦᠨ ᠡᠮᠦᠨᠡᠲᠦ ᠠᠽᠢᠶ᠎ᠠ᠎ᠶᠢᠨ ᠤᠯᠤᠰ᠎ᠤᠳ᠎ᠤᠨ ᠬᠣᠯᠪᠣᠭ᠎ᠠ᠎ᠶᠢᠨ AI ᠣᠯᠠᠨ ᠬᠡᠯᠡᠨ᠎ᠦ ᠣᠷᠴᠢᠭᠤᠯᠤᠨ ᠦᠢᠯᠡᠳᠬᠦ ᠲᠥᠪ᠎ᠢ ᠪᠠᠢᠭᠤᠯᠵᠤ᠂ ᠺᠢᠨᠣ᠋ ᠲᠧᠯᠸᠢᠰ᠎ᠦᠨ ᠠᠭᠤᠯᠭ᠎ᠠ᠎ᠶᠢ ᠲᠦᠷᠭᠡᠨ ᠣᠷᠴᠢᠭᠤᠯᠤᠨ ᠦᠢᠯᠡᠳᠬᠦ᠎ᠶᠢ ᠪᠡᠶᠡᠯᠡᠭᠦᠯᠪᠡ; ᠵᠣᠬᠢᠶᠠᠮᠠᠯ ᠣᠶᠤᠨ ᠴᠢᠳᠠᠪᠤᠷᠢ᠎ᠶᠢᠨ ᠰᠤᠷᠭᠠᠨ ᠬᠥᠮᠦᠵᠢᠯ ᠨᠢ ᠤᠯᠤᠰ᠎ᠤᠨ ᠬᠢᠯᠢ᠎ᠶᠢ ᠳᠠᠪᠠᠬᠤ᠎ᠳᠦ ᠬᠦᠴᠦᠨ ᠤᠯᠭᠤᠵᠤ᠂ ᠰᠣᠶᠣᠯ᠎ᠢ ᠤᠯᠠᠮᠵᠢᠯᠠᠨ ᠵᠠᠯᠭᠠᠮᠵᠢᠯᠠᠭᠤᠯᠪᠠ ᠁

ᠦᠢᠯᠡᠳᠦᠯᠭᠡ ᠭᠡᠷᠡᠴᠢᠯᠡᠭᠰᠡᠨ ᠨᠢ᠂ ᠵᠣᠬᠢᠶᠠᠮᠠᠯ ᠤᠶᠤᠨ ᠴᠢᠳᠠᠪᠤᠷᠢ᠎ᠶᠢ ᠰᠠᠢᠲᠤᠷ ᠬᠡᠷᠡᠭᠯᠡᠬᠦ ᠨᠢ ᠠᠳᠠᠯᠢ ᠪᠤᠰᠤ ᠪᠣᠯᠪᠠᠰᠤᠨ᠎ᠤ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠳᠤ ᠠᠰᠢᠭ᠍ᠲᠠᠢ ᠶᠤᠮ᠃ ᠡᠯ᠎ᠡ ᠲᠠᠯ᠎ᠠ᠎ᠶᠢᠨ ᠬᠢᠨ 《ᠪᠦᠬᠦ ᠪᠥᠮᠪᠥᠷᠴᠡᠭ᠎ᠢᠶᠡᠷ᠎ᠢᠶᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》ᠵᠣᠷᠢᠭ᠋ ᠰᠠᠨᠠᠭ᠎ᠠ᠎ᠶᠢ ᠪᠠᠷᠢᠮᠲᠠᠯᠠᠵᠤ᠂ ᠵᠣᠬᠢᠶᠠᠮᠠᠯ ᠤᠶᠤᠨ ᠴᠢᠳᠠᠪᠤᠷᠢ᠎ᠶᠢ ᠢᠳᠡᠪᠬᠢᠲᠡᠢ ᠠᠰᠢᠭ᠍ᠯᠠᠵᠤ ᠠᠳᠠᠯᠢ ᠪᠤᠰᠤ ᠪᠣᠯᠪᠠᠰᠤᠨ᠎ᠤ ᠬᠣᠭᠣᠷᠣᠨᠳᠣᠬᠢ ᠣᠢᠯᠠᠭᠠᠯᠴᠠᠭ᠎ᠠ᠎ᠶᠢ ᠨᠡᠮᠡᠭᠳᠡᠭᠦᠯᠵᠦ᠂ ᠡᠩᠬᠡ ᠲᠠᠢᠪᠤᠩ᠎ᠤᠨ ᠤᠯᠠᠭᠠᠨ ᠲᠣᠭ᠎ᠠ᠂ ᠬᠥᠭᠵᠢᠯᠲᠡ᠎ᠶᠢᠨ ᠤᠯᠠᠭᠠᠨ ᠲᠣᠭ᠎ᠠ᠂ ᠠᠮᠤᠷ ᠲᠦᠪᠰᠢᠨ᠎ᠦ ᠤᠯᠠᠭᠠᠨ ᠲᠣᠭ᠎ᠠ᠂ ᠵᠠᠰᠠᠯᠲᠠ᠎ᠶᠢᠨ ᠤᠯᠠᠭᠠᠨ ᠲᠣᠭ᠎ᠠ᠎ᠶᠢ ᠪᠦᠲᠦᠮᠵᠢᠲᠡᠢ ᠠᠷᠢᠯᠭᠠᠵᠤ᠂ ᠭᠠᠷ ᠬᠣᠯᠪᠣᠯᠴᠠᠨ ᠬᠥᠮᠥᠨ ᠲᠥᠷᠥᠯᠬᠢᠲᠡᠨ᠎ᠦ ᠨᠡᠢᠭᠡᠮ᠎ᠦᠨ ᠨᠡᠩ ᠰᠠᠢᠨ ᠰᠠᠢᠬᠠᠨ ᠢᠷᠡᠭᠡᠳᠦᠢ᠎ᠶᠢ ᠴᠣᠭᠴᠠᠯᠠᠬᠤ ᠪᠤᠯᠤᠨ᠎ᠠ᠃

ᠬᠠᠷᠢᠯᠴᠠᠨ ᠠᠰᠢᠬ ᠬᠦᠷᠳᠡᠭᠡᠵᠤ ᠴᠠᠭ ᠦᠶ᠎ᠠ ᠲᠠᠢ ᠵᠡᠷᠭᠡ ᠪᠡᠷ ᠤᠷᠤᠬᠰᠢᠯᠠᠨ᠎ᠠ᠃

ᠳᠤᠮᠳᠠᠳᠤ ᠤᠯᠤᠰ ᠢᠮᠠᠭᠲᠠ ᠲᠡᠦᠬᠡ᠎ᠶᠢᠨ ᠵᠥᠪ ᠲᠠᠯ᠎ᠠ᠎ᠳᠤ ᠵᠣᠭᠰᠣᠵᠤ᠂ ᠬᠥᠮᠥᠨ ᠲᠥᠷᠥᠯᠬᠢᠲᠡᠨ᠎ᠦ ᠪᠣᠯᠪᠠᠰᠤᠨ᠎ᠤ ᠲᠠᠪᠰᠢᠯᠳᠠ᠎ᠶᠢᠨ ᠲᠠᠯ᠎ᠠ᠎ᠳᠤ ᠵᠣᠭᠰᠣᠵᠤ᠂ ᠳᠡᠯᠡᠬᠡᠢ᠎ᠶᠢᠨ ᠡᠯ᠎ᠡ ᠤᠯᠤᠰ᠎ᠲᠠᠢ ᠬᠠᠮᠲᠤ᠎ᠪᠠᠷ ᠬᠥᠮᠥᠨ᠎ᠢᠶᠡᠷ ᠦᠨᠳᠦᠰᠦ ᠪᠣᠯᠭᠠᠬᠤ᠂ ᠥᠭᠡᠳᠡᠷᠬᠡᠭ ᠴᠠᠢᠯᠭᠠᠨ ᠪᠠᠢᠬᠤ ᠣᠢᠯᠠᠭᠠᠭᠳᠠᠬᠤᠨ᠎ᠢ ᠪᠠᠷᠢᠮᠲᠠᠯᠠᠵᠤ᠂ ᠲᠥᠪ ᠭᠣᠣᠯᠴᠢ ᠵᠦᠢ ᠵᠣᠬᠢᠰᠲᠠᠢ ᠪᠦᠬᠦ ᠪᠥᠮᠪᠥᠷᠴᠡᠭ᠎ᠦᠨ ᠵᠣᠬᠢᠶᠠᠮᠠᠯ ᠤᠶᠤᠨ ᠴᠢᠳᠠᠪᠤᠷᠢ᠎ᠶᠢᠨ ᠵᠠᠰᠠᠯᠲᠠ᠎ᠶᠢᠨ ᠰᠢᠰᠲᠧᠮ᠎ᠢ ᠪᠠᠶ᠋ᠢᠭᠤᠯᠬᠤ᠎ᠶᠢ ᠠᠬᠢᠭᠤᠯᠵᠤ᠂ ᠳᠡᠯᠡᠬᠡᠢ᠎ᠶᠢᠨ ᠪᠣᠯᠪᠠᠰᠤᠨ᠎ᠤ ᠤᠯᠠᠨ ᠶᠠᠩᠵᠤᠲᠤ ᠴᠢᠨᠠᠷ ᠪᠣᠯᠣᠨ ᠡᠯ᠎ᠡ ᠤᠯᠤᠰ᠎ᠤᠨ ᠰᠣᠶᠣᠯ᠎ᠤᠨ ᠥᠪᠡᠷᠮᠢᠴᠡ ᠴᠢᠨᠠᠷ᠎ᠢ ᠬᠠᠮᠠᠭᠠᠯᠠᠵᠤ᠂ ᠲᠤᠰ ᠲᠤᠰ᠎ᠤᠨ ᠭᠤᠸ᠎ᠠ ᠰᠠᠢᠬᠠᠨ᠂ ᠭᠤᠸ᠎ᠠ ᠰᠠᠢᠬᠠᠨ᠎ᠢ ᠬᠠᠮᠲᠤ᠎ᠪᠠᠷ ᠡᠳ᠋ᠯᠡᠬᠦ ᠪᠣᠯᠪᠠᠰᠤᠨ᠎ᠤ ᠥᠨᠢᠷ ᠴᠡᠴᠡᠭ᠎ᠦᠨ ᠬᠦᠷᠢᠶᠡᠯᠡᠩ᠎ᠢ ᠨᠢᠮᠪᠠᠢ ᠪᠣᠢᠵᠢᠭᠤᠯᠤᠨ᠎ᠠ᠃

 (ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 7 ᠰᠠᠷ᠎ᠠ ᠵᠢᠨ 20 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号