ᠡᠪᠤᠳᠦᠭ ᠬᠢᠯᠢ ᠵᠢᠨ ᠪᠤᠭᠤᠮᠳᠠ ᠬᠢᠯᠢ ᠠᠯᠤᠰᠯᠠᠭᠰᠠᠨ ᠪᠠᠢᠨᠭᠭᠤᠵᠢᠭᠰᠠᠨ ᠵᠢᠭᠤᠯᠴᠢᠯᠠᠯ᠎ᠤᠨ ᠪᠤᠭᠤᠮᠳᠠ ᠪᠠᠷ ᠦᠨᠭᠬᠡᠷᠡᠬᠦ ᠲᠤᠬᠠᠢᠯᠠᠭᠰᠠᠨ ᠠᠵᠢᠯ᠎ᠢ ᠵᠢᠨᠭᠭᠢᠨᠢ ᠪᠠᠷ ᠰᠡᠷᠬᠦᠬᠡᠪᠡ
2026-07-24 10:09:17
ᠵᠣᠬᠢᠶᠠᠭ᠍ᠴᠢ᠄
ᠭᠤᠤ ᠬᠤᠡᠭ ᠯᠢᠶᠠᠨ
ᠣᠩᠱᠢᠭ᠍ᠰᠠᠨ ᠣᠳᠠᠭ᠎ᠠ᠄
★★★☆☆

ᠲᠦᠷᠤᠬᠦᠭᠡᠨ᠂ ᠡᠪᠦᠳᠦᠭ ᠬᠢᠯᠢ ᠵᠢᠨ ᠪᠣᠭᠣᠮᠲᠠ ᠡᠨᠡ ᠵᠢᠯ᠎ᠦᠨ ᠠᠩᠬᠠᠨ᠎ᠤ ᠪᠦᠯᠦᠭ ᠮᠣᠩᠭᠣᠯ ᠤᠯᠤᠰ᠎ᠤᠨ ᠬᠢᠯᠢ ᠠᠯᠤᠰᠯᠠᠨ ᠰᠤᠳᠤᠯᠤᠨ ᠰᠤᠷᠤᠯᠴᠠᠬᠤ ᠵᠢᠭᠤᠯᠴᠢᠯᠠᠯ᠎ᠤᠨ ᠪᠦᠯᠬᠦᠮ᠎ᠦᠨ ᠪᠣᠭᠣᠮᠲᠠ᠎ᠪᠠᠷ ᠥᠩᠭᠡᠷᠡᠬᠦ ᠠᠵᠢᠯ᠎ᠢ ᠤᠷᠤᠭᠰᠢᠲᠠᠢ ᠪᠡᠶᠡᠯᠡᠭᠦᠯᠵᠦ᠍᠂ ᠮᠣᠩᠭᠣᠯ ᠤᠯᠤᠰ᠎ᠤᠨ ᠴᠣᠶ᠋ᠢᠪᠠᠯᠰᠠᠩ ᠰᠤᠷᠭᠠᠨ ᠬᠥᠮᠦᠵᠢᠯ᠎ᠦᠨ ᠠᠵᠢᠯᠳᠠᠳ᠎ᠤᠨ ᠠᠮᠤᠷ ᠲᠦᠪᠰᠢᠨ᠂ ᠥᠨᠳᠥᠷ ᠪᠦᠲᠦᠮᠵᠢᠲᠡᠢ᠎ᠪᠡᠷ ᠪᠣᠭᠣᠮᠲᠠ᠎ᠦᠡᠭᠭᠡᠷᠡᠬᠦ ᠵᠢ ᠪᠠᠳᠤᠯᠠᠵᠤ᠂ ᠬᠣᠶᠠᠷ ᠡᠳᠦᠷ᠎ᠦᠨ ᠬᠤᠭᠤᠴᠠᠭ᠎ᠠ᠎ᠲᠠᠶ ᠳᠤᠮᠳᠠᠳᠤ ᠮᠣᠩᠭᠣᠯ᠎ᠤᠨ ᠬᠢᠯᠢ ᠠᠯᠤᠰᠯᠠᠨ ᠰᠤᠳᠤᠯᠤᠨ ᠰᠤᠷᠤᠯᠴᠠᠬᠤ ᠠᠶᠠᠯᠠᠯ᠎ᠢᠶᠠᠨ ᠡᠬᠢᠯᠡᠭᠦᠯᠪᠡ᠃

ᠲᠣᠰ ᠤᠳᠠᠭᠠᠨ᠎ᠤ ᠵᠢᠭᠤᠯᠴᠢᠯᠠᠯ᠎ᠤᠨ ᠪᠦᠯᠬᠦᠮ᠎ᠦᠨ ᠪᠣᠭᠣᠮᠲᠠ᠎ᠪᠠᠷ ᠰᠠᠭᠠᠳ ᠦᠬᠡᠢ ᠦᠡᠭᠭᠡᠷᠡᠭᠰᠡᠨ ᠨᠢ ᠡᠪᠦᠳᠦᠭ ᠬᠢᠯᠢ ᠵᠢᠨ ᠪᠣᠭᠣᠮᠲᠠ ᠬᠢᠯᠢ ᠠᠯᠤᠰᠯᠠᠭᠰᠠᠨ ᠪᠠᠶ᠋ᠢᠩᠭᠤᠵᠢᠭᠰᠠᠨ ᠵᠢᠭᠤᠯᠴᠢᠯᠠᠯ᠎ᠤᠨ ᠪᠣᠭᠣᠮᠲᠠ᠎ᠪᠠᠷ ᠥᠩᠭᠡᠷᠡᠬᠦ᠌ ᠲᠤᠬᠠᠶ᠋ᠢᠯᠠᠭᠰᠠᠨ ᠠᠵᠢᠯ᠎ᠢᠶᠠᠨ ᠵᠢᠩᠬᠢᠨᠢ᠎ᠪᠡᠷ ᠰᠡᠷᠬᠦᠭᠡᠵᠤ᠂ ᠠᠶᠠᠨᠴᠢᠳ ᠪᠠ ᠪᠠᠷᠠᠭᠠᠨ᠎ᠤ ᠬᠤᠤᠰ ᠴᠢᠭᠯᠡᠯ᠎ᠢᠶᠡᠷ ᠰᠠᠭᠠᠳ ᠥᠬᠡᠶ ᠨᠡᠪᠲᠡᠷᠡᠬᠦ᠌᠎ᠶᠢ ᠪᠡᠶᠡᠯᠡᠭᠦᠯᠵᠦ᠍᠂ ᠬᠢᠯᠢ ᠵᠢᠨ ᠪᠣᠭᠣᠮᠲᠠ᠎ᠶᠢᠨ ᠬᠢᠯᠢ ᠠᠯᠤᠰᠯᠠᠭᠰᠠᠨ ᠰᠣᠶᠣᠯ ᠵᠢᠭᠤᠯᠴᠢᠯᠠᠯ᠂ ᠠᠵᠤ ᠠᠬᠤᠶ ᠠᠷᠠᠯᠵᠢᠶ᠎ᠠ᠂ ᠰᠣᠶᠣᠯ ᠢᠷᠭᠡᠨᠰᠢᠯ᠎ᠦᠨ ᠠᠭᠤᠰᠤᠯᠴᠠᠨ ᠬᠥᠭᠵᠢᠬᠦ᠌᠎ᠶᠢ ᠠᠬᠢᠭᠤᠯᠤᠭᠰᠠᠨ᠎ᠢ ᠬᠠᠷᠠᠭᠤᠯᠵᠤ ᠪᠠᠶ᠋ᠢᠨ᠎ᠠ᠃

ᠮᠠᠨ᠎ᠤ ᠤᠷᠤᠨ᠎ᠤ ᠤᠮᠠᠷᠠᠰᠢ ᠨᠡᠭᠡᠭᠡᠯᠲᠡ ᠬᠢᠬᠦ᠌ ᠡᠮᠦᠨ᠎ᠡ ᠹᠷᠣᠨᠲ᠎ᠤᠨ ᠵᠢᠭᠰᠠᠭᠠᠯ᠎ᠤᠨ ᠭᠠᠵᠠᠷ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶᠢᠨ ᠬᠣᠩᠭᠢᠯ᠎ᠤᠨ ᠪᠥᠲᠥᠭᠡᠨ ᠪᠠᠶ᠋ᠢᠭᠤᠯᠤᠯᠲᠠ᠎ᠶᠢᠨ ᠴᠢᠬᠤᠯᠠ ᠲᠤᠯᠬᠤ ᠴᠡᠭ ᠪᠣᠯᠤᠭᠰᠠᠨ᠎ᠤ ᠬᠤᠪᠢ᠎ᠳᠤ᠂ ᠡᠪᠦᠳᠦᠭ ᠬᠢᠯᠢ ᠵᠢᠨ ᠪᠣᠭᠣᠮᠲᠠ᠎ᠨᠢ ᠢᠮᠠᠭᠲᠠ ᠬᠢᠯᠢ ᠵᠢᠨ ᠪᠣᠭᠣᠮᠲᠠ᠎ᠶᠢᠨ ᠭᠤᠤᠯ ᠡᠭᠦᠷᠭᠡ ᠴᠢᠳᠠᠪᠤᠷᠢ᠎ᠳᠠᠭᠠᠨ ᠰᠠᠭᠤᠷᠢᠯᠠᠵᠤ᠂ ᠪᠣᠭᠣᠮᠲᠠ᠎ᠥᠩᠭᠡᠷᠡᠬᠦ᠌᠎ᠶᠢ ᠳᠥᠭᠥᠮᠴᠢᠯᠡᠬᠦ᠌᠂ ᠬᠢᠯᠢ ᠠᠯᠤᠰᠯᠠᠨ ᠰᠣᠯᠢᠯᠴᠠᠭ᠎ᠠ ᠬᠢᠬᠦ᠌᠎ᠶᠢ ᠪᠠᠶ᠋ᠢᠩᠭᠤᠵᠢᠭᠤᠯᠬᠤ᠂ ᠬᠢᠯᠢ ᠵᠢᠨ ᠪᠣᠭᠣᠮᠲᠠ᠎ᠶᠢᠨ ᠠᠵᠤ ᠠᠬᠤᠶ᠎ᠶᠢ ᠣᠯᠠᠨ ᠡᠰᠢᠵᠢᠭᠦᠯᠬᠦ᠌ ᠬᠥᠭᠵᠢᠯᠲᠡ᠎ᠶᠢᠨ ᠬᠠᠷᠠᠯᠲᠠ᠎ᠪᠠᠷ ᠭᠤᠤᠯᠳᠠᠭᠤᠯᠵᠤ᠂ ᠡᠯ᠎ᠡ ᠵᠦᠢᠯ᠎ᠦᠨ ᠪᠣᠭᠣᠮᠲᠠ ᠥᠩᠭᠡᠷᠡᠬᠦ᠌ ᠪᠠᠲᠤᠯᠠᠭ᠎ᠠ ᠪᠠ ᠭᠠᠳᠠᠭᠰᠢ ᠨᠡᠭᠡᠭᠡᠯᠲᠡ ᠬᠢᠬᠦ᠌ ᠠᠵᠢᠯ᠎ᠢ ᠯᠠᠪᠳᠠᠭᠤᠨ ᠪᠠᠲᠤᠲᠠᠶ ᠠᠬᠢᠭᠤᠯᠪᠠ᠃

ᠬᠢᠯᠢ ᠠᠯᠤᠰᠯᠠᠭᠰᠠᠨ ᠵᠢᠭᠤᠯᠴᠢᠯᠠᠯ᠎ᠤᠨ ᠪᠦᠯᠬᠦᠮ᠎ᠦᠨ ᠪᠣᠭᠣᠮᠲᠠ ᠥᠩᠭᠡᠷᠡᠬᠦ᠌ ᠣᠨᠴᠠᠯᠢᠭ᠎ᠲᠤ᠌ ᠴᠢᠭᠯᠡᠭᠦᠯᠦᠨ᠂ ᠬᠢᠯᠢ ᠵᠢᠨ ᠪᠣᠭᠣᠮᠲᠠ᠎ᠨᠢ ᠦᠢᠯᠡᠴᠢᠯᠡᠭᠡᠨ᠎ᠤ ᠶᠠᠪᠤᠴᠠ ᠪᠡᠨ ᠰᠢᠯᠢᠳᠡᠭᠵᠢᠭᠦᠯᠵᠦ᠍᠂ ᠠᠷᠠᠳ᠎ᠲᠤ᠌ ᠲᠥᠬᠥᠮ ᠦᠵᠡᠭᠦᠯᠬᠦ᠌ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢ ᠲᠠᠰ ᠳᠡᠪᠰᠢᠭᠦᠯᠦᠨ᠂ ᠠᠶᠠᠨᠴᠢᠳ᠎ᠤᠨ ᠲᠡᠭᠡᠭᠡᠪᠦᠷᠢ᠎ᠶᠢᠨ ᠪᠣᠭᠣᠮᠲᠠ ᠥᠩᠭᠡᠷᠡᠬᠦ᠌ ᠦᠷ᠎ᠡ ᠪᠦᠲᠦᠮᠵᠢ᠎ᠶᠢ ᠪᠥᠬᠥ᠌ ᠲᠠᠯ᠎ᠠ᠎ᠪᠠᠷ ᠳᠡᠭᠡᠭᠰᠢᠯᠡᠭᠦᠯᠵᠠᠢ᠃ ᠬᠢᠯᠢ ᠪᠡᠷ ᠤᠷᠤᠵᠤ ᠭᠠᠷᠬᠤ ᠬᠦᠮᠤᠰ᠎ᠤᠨ ᠪᠣᠭᠣᠮᠲᠠ ᠥᠩᠭᠡᠷᠡᠬᠦ᠌᠎ᠳᠦ ᠶᠠᠷᠰᠢᠭ ᠲᠦᠪᠡᠭ᠎ᠲᠡᠶ᠂ ᠭᠠᠷᠳᠠᠮ ᠬᠢᠬᠦ ᠴᠠᠭ᠎ᠨᠢ ᠤᠷᠳᠤ ᠪᠠᠶ᠋ᠢᠬᠤ ᠵᠡᠷᠭᠡ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠵᠦ᠍᠂ ᠥᠨᠳᠥᠷ ᠪᠦᠲᠦᠮᠵᠢᠲᠡᠶ᠂ ᠳᠥᠭᠥᠮ ᠳᠥᠲᠡ ᠪᠡᠷ ᠪᠤᠭᠤᠮᠳᠠ ᠦᠡᠭᠭᠡᠷᠡᠬᠦ ᠵᠢ ᠪᠡᠶᠡᠯᠡᠬᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号