ᠨᠠᠮ᠎ᠤᠨ ᠲᠥᠪ ᠬᠣᠷᠢᠶ᠎ᠡ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠰᠤᠭᠠᠢ
2026-07-24 10:39:16
ᠵᠣᠬᠢᠶᠠᠭ᠍ᠴᠢ᠄
ᠸᠠᠩ ᠴᠧᠩ ᠪᠢᠨ
ᠣᠩᠱᠢᠭ᠍ᠰᠠᠨ ᠣᠳᠠᠭ᠎ᠠ᠄
★★★☆☆

ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭᠠᠨ᠎ᠤ ᠭᠣᠣᠯ ᠴᠢᠬᠤᠯᠠ ᠠᠭᠤᠯᠭ᠎ᠠ᠎ᠶᠢᠨ ᠨᠢᠭᠡ ᠮᠥᠨ᠂ 《ᠠᠷᠪᠠᠨ ᠲᠦᠷᠪᠡᠨ ᠪᠠᠷᠢᠮᠲᠠᠯᠠᠯ》᠎ᠤ᠋ᠨ ᠴᠢᠬᠤᠯᠠ ᠶᠡᠬᠡ ᠨᠤᠲᠠᠯᠠᠯᠲᠠ᠎ᠶᠢᠨ ᠳᠤᠮᠳᠠ ᠨᠠᠮ᠎ᠤᠨ ᠤᠳᠤᠷᠢᠳᠤᠯᠭ᠎ᠠ᠎ᠶᠢ ᠬᠠᠮᠤᠭ᠎ᠤᠨ ᠳᠡᠭᠡᠳᠦ ᠵᠠᠷᠴᠢᠮ᠎ᠢᠶᠠᠷ ᠲᠣᠭᠲᠠᠭᠠᠵᠤ᠂ 《ᠲᠣᠮᠣ᠌ ᠨᠠᠮ ᠲᠣᠮᠣ᠌ ᠤᠯᠤᠰ ᠪᠦᠯᠬᠦᠮᠳᠡᠯ ᠨᠢᠭᠡᠳᠦᠯ᠎ᠢ ᠬᠡᠷᠬᠢᠨ ᠪᠠᠲᠤᠯᠠᠬᠤ》 ᠦᠨᠳᠦᠰᠦᠨ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠡᠢ᠂ ᠡᠨᠡ ᠪᠣᠯ ᠪᠦᠬᠦ ᠨᠠᠮ᠎ᠤᠨ ᠦᠵᠡᠯ ᠰᠠᠨᠠᠭ᠎ᠠ ᠨᠢᠭᠡᠳᠦᠯᠲᠡᠢ᠂ ᠵᠣᠷᠢᠭ᠋ ᠰᠠᠨᠠᠭ᠎ᠠ ᠨᠢᠭᠡᠳᠦᠯᠲᠡᠢ᠂ ᠦᠢᠯᠡ ᠠᠵᠢᠯᠯᠠᠭ᠎ᠠ ᠨᠢᠭᠡᠳᠦᠯᠲᠡᠢ ᠪᠠᠢᠬᠤ᠎ᠶᠢᠨ ᠰᠠᠭᠤᠷᠢ ᠮᠥᠨ᠂ ᠨᠠᠮ᠎ᠤᠨ ᠢᠮᠠᠭᠲᠠ ᠪᠦᠬᠦ ᠲᠠᠯ᠎ᠠ᠎ᠶᠢ ᠶᠡᠷᠦᠩᠬᠡᠢᠯᠡᠨ ᠡᠵᠡᠮᠳᠡᠬᠦ᠂ ᠡᠯ᠎ᠡ ᠲᠠᠯ᠎ᠠ᠎ᠶᠢ ᠵᠣᠬᠢᠴᠠᠭᠤᠯᠬᠤ᠂ ᠨᠠᠮ ᠪᠣᠯᠣᠨ ᠤᠯᠤᠰ᠎ᠤᠨ ᠦᠢᠯᠡᠰ᠎ᠢ ᠬᠥᠲᠥᠯᠥᠨ ᠳᠠᠭᠠᠭᠤᠯᠵᠤ ᠯᠠᠪᠳᠠᠭᠤᠨ᠎ᠢᠶᠠᠷ ᠤᠷᠤᠭᠰᠢᠯᠠᠬᠤ ᠭᠣᠣᠯᠯᠠᠭ᠍ᠴᠢ ᠤᠯᠤᠰ ᠲᠦᠷᠦ᠎ᠶᠢᠨ ᠳᠠᠪᠠᠭᠤᠯᠢᠭ᠋ ᠮᠥᠨ᠃

ᠨᠠᠮ᠎ᠤᠨ ᠲᠥᠪ ᠬᠣᠷᠢᠶ᠎ᠡ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠨᠠᠮ᠎ᠤᠨ ᠤᠳᠤᠷᠢᠳᠤᠯᠭ᠎ᠠ᠎ᠶᠢᠨ ᠬᠠᠮᠤᠭ᠎ᠤᠨ ᠳᠡᠭᠡᠳᠦ ᠵᠠᠷᠴᠢᠮ ᠮᠥᠨ

《ᠡᠪ ᠬᠠᠮᠲᠤ ᠨᠠᠮ᠎ᠤᠨ ᠲᠤᠩᠬᠠᠭ》ᠨᠡᠢᠲᠡᠯᠡᠭᠳᠡᠭᠰᠡᠨ 170 ᠭᠠᠷᠤᠢ ᠵᠢᠯ᠎ᠦᠨ ᠲᠤᠷᠰᠢ᠂ ᠮᠠᠷᠺᠰ᠎ᠤᠨ ᠦᠵᠡᠯ᠎ᠦᠨ ᠲᠦᠷᠦ᠎ᠶᠢᠨ ᠨᠠᠮ ᠢᠮᠠᠭᠲᠠ ᠨᠠᠮ᠎ᠤᠨ ᠲᠥᠪ ᠬᠣᠷᠢᠶᠠᠨ᠎ᠤ ᠡᠷᠬᠡ ᠰᠦᠷ᠎ᠢ ᠬᠠᠮᠠᠭᠠᠯᠠᠬᠤ᠎ᠶᠢ ᠨᠠᠮ᠎ᠤᠨ ᠪᠠᠢᠭᠤᠯᠤᠯᠲᠠ᠎ᠶᠢᠨ ᠪᠦᠬᠦ ᠶᠠᠪᠤᠴᠠ᠎ᠳᠤ ᠲᠤᠭᠤᠱᠢᠯᠠᠭᠤᠯᠤᠭᠰᠠᠭᠠᠷ ᠢᠷᠡᠵᠠᠢ᠃ ᠯᠧᠨᠢᠨ ᠪᠤᠯᠱᠸᠸᠢᠭ᠌ ᠨᠠᠮ᠎ᠤᠨ ᠪᠠᠢᠭᠤᠯᠤᠯᠲᠠ᠎ᠶᠢ ᠤᠳᠤᠷᠢᠳᠬᠤ ᠦᠢᠯᠡᠳᠦᠯᠭᠡ ᠳᠤᠮᠳᠠ᠎ᠪᠠᠨ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠨᠠᠮ ᠪᠠᠶ᠋ᠢᠭᠤᠯᠬᠤ ᠴᠢᠬᠤᠯᠠ ᠵᠠᠷᠴᠢᠮ ᠪᠣᠯᠭᠠᠨ ᠲᠣᠭᠲᠠᠭᠠᠵᠠᠢ᠃ ᠳᠤᠮᠳᠠᠳᠤ ᠤᠯᠤᠰ᠎ᠤᠨ ᠡᠪ ᠬᠠᠮᠲᠤ ᠨᠠᠮ ᠡᠨᠡ ᠬᠦ᠌ ᠦᠨᠳᠦᠰᠦᠨ ᠤᠭ ᠶᠣᠰᠣ᠌᠎ᠶᠢ ᠵᠠᠯᠭᠠᠮᠵᠢᠯᠠᠭᠰᠠᠨ ᠪᠥᠭᠡᠳ ᠲᠠᠰᠤᠷᠠᠯᠲᠠ ᠦᠭᠡᠢ ᠰᠢᠨ᠎ᠡ᠎ᠶᠢ ᠡᠭᠦᠳᠦᠨ ᠬᠥᠭᠵᠢᠵᠦ᠂ ᠤᠳᠤᠮ ᠤᠯᠠᠮᠵᠢᠯᠠᠯ ᠨᠢᠭᠡᠲᠡᠢ᠂ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠭᠰᠠᠨ ᠤᠨᠤᠯ᠎ᠤᠨ ᠰᠢᠰᠲᠧᠮ᠎ᠢ ᠪᠦᠷᠢᠯᠳᠦᠭᠦᠯᠪᠡ᠃ ᠮᠠᠤ ᠽᠧ ᠳ᠋ᠦᠩ ᠨᠥᠬᠥᠷ ᠨᠠᠮ᠎ᠤᠨ ᠵᠢᠷᠭᠤᠳᠤᠭᠠᠷ ᠬᠤᠭᠤᠴᠠᠭᠠᠨ᠎ᠤ ᠲᠥᠪ ᠬᠣᠷᠢᠶ ᠎ᠠ ᠵᠢᠨ ᠵᠢᠷᠭᠤᠳᠤᠭᠠᠷ ᠪᠦᠬᠦᠳᠡ ᠬᠤᠷᠠᠯ ᠳᠡᠭᠡᠷ᠎ᠡ 《ᠲᠦᠷᠪᠡᠨ ᠲᠠᠭᠠᠬᠤ》᠎ᠶ᠋ᠢ ᠠᠩᠬ᠎ᠠ ᠤᠳᠠᠭ᠎ᠠ ᠳᠤᠷᠠᠳᠴᠤ᠂ 《ᠪᠦᠬᠦ ᠨᠠᠮ᠎ᠢᠶᠠᠷ᠎ᠢᠶᠠᠨ ᠲᠥᠪ ᠬᠣᠷᠢᠶ᠎ᠠ᠎ᠶᠢ ᠲᠠᠭᠠᠬᠤ》 ᠪᠠᠷ ᠬᠠᠲᠠᠭᠤ ᠳᠦᠷᠢᠮ ᠲᠣᠭᠲᠠᠭᠠᠯ ᠪᠣᠯᠭᠠᠪᠠ᠃ ᠳ᠋ᠧᠩ ᠰᠢᠶᠣᠣ ᠫᠢᠩ ᠨᠥᠬᠥᠷ 《ᠨᠠᠮ᠎ᠤᠨ ᠲᠥᠪ ᠬᠣᠷᠢᠶᠠᠨ᠎ᠤ ᠡᠷᠬᠡ ᠰᠦᠷ᠎ᠢ ᠡᠷᠬᠡᠪᠰᠢ ᠴᠢᠩᠭᠠᠳᠬᠠᠬᠤ ᠬᠡᠷᠡᠭᠲᠡᠢ》ᠭᠡᠵᠦ ᠴᠢᠬᠤᠯᠠᠴᠢᠯᠠᠵᠤ᠂ ᠲᠡᠭᠦᠨ᠎ᠢ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶᠢ ᠤᠷᠤᠭᠰᠢᠲᠠᠢ ᠠᠬᠢᠭᠤᠯᠬᠤ᠎ᠶᠢᠨ ᠤᠯᠤᠰ ᠲᠦᠷᠦ᠎ᠶᠢᠨ ᠤᠷᠢᠲᠠᠯ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠵᠢᠨ ᠫᠢᠩ 《ᠲᠤᠮᠦ ᠨᠠᠮ᠎ᠤᠨ  ᠥᠪᠡᠷᠮᠢᠴᠡ ᠬᠦᠴᠢᠷ ᠠᠰᠠᠭᠤᠳᠠᠯ》 ᠢ᠋ ᠭᠦᠨᠵᠡᠭᠡᠢ ᠣᠢᠯᠠᠭᠠᠵᠤ᠂ 《ᠨᠠᠮ᠎ᠤᠨ ᠲᠥᠪ ᠬᠣᠷᠢᠶ᠎ᠠ ᠪᠣᠯ ᠶᠡᠬᠡ ᠲᠠᠷᠢᠬᠢ ᠪᠠ ᠲᠥᠪ ᠮᠥᠨ᠂ ᠨᠠᠮ᠎ᠤᠨ ᠲᠥᠪ ᠬᠣᠷᠢᠶ᠎ᠠ ᠡᠷᠬᠡᠪᠰᠢ ᠬᠠᠮᠤᠭ᠎ᠤᠨ ᠡᠷᠬᠡ ᠰᠦᠷ ᠲᠠᠢ ᠪᠠᠢᠵᠤ᠂ ᠨᠢᠭᠡ ᠯᠡ ᠳᠡᠭᠡᠷ᠎ᠡ ᠲᠣᠭᠲᠠᠭᠠᠬᠤ ᠡᠷᠬᠡ ᠰᠦᠷ᠎ᠲᠠᠢ ᠪᠠᠢᠬᠤ ᠬᠡᠷᠡᠭᠲᠡᠢ》 ᠭᠡᠵᠦ ᠲᠣᠳᠣᠷᠬᠠᠢ ᠵᠢᠭᠠᠵᠤ ᠭᠠᠷᠭᠠᠪᠠ᠃ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠨᠢ  ᠠᠷᠠᠳᠴᠢᠯᠠᠯ ᠪᠣᠯᠣᠨ ᠲᠥᠪᠯᠡᠷᠡᠯ᠎ᠦᠨ ᠬᠤᠪᠢᠰᠤᠩᠭᠤᠢ ᠨᠢᠭᠡᠳᠦᠯ᠎ᠦᠨ ᠵᠢᠮ᠎ᠡ ᠶᠣᠰᠣ᠌᠎ᠶᠢ ᠭᠦᠨᠵᠡᠭᠡᠢ ᠡᠵᠡᠮᠳᠡᠵᠦ᠂ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ᠎ᠤᠨ ᠦᠵᠡᠯ᠎ᠦᠨ ᠨᠠᠮ ᠪᠠᠶ᠋ᠢᠭᠤᠯᠬᠤ ᠤᠨᠤᠯ᠎ᠢ ᠦᠷᠭᠦᠯᠵᠢᠯᠡᠨ ᠪᠠᠶᠠᠯᠢᠭ᠍ᠵᠢᠭᠤᠯᠤᠨ ᠲᠡᠭᠦᠯᠳᠡᠷᠵᠢᠭᠦᠯᠪᠡ᠃

ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠳᠤᠮᠳᠠ ᠳ᠋ᠦᠩᠨᠡᠵᠦ ᠭᠠᠷᠭᠠᠭᠰᠠᠨ ᠡᠷᠬᠢᠮ ᠨᠠᠨᠳᠢᠨ ᠲᠤᠷᠰᠢᠯᠭ᠎ᠠ ᠮᠦᠨ᠃ ᠽᠦᠨ ᠢ ᠵᠢᠨ ᠬᠤᠷᠠᠯᠳᠤᠭᠠᠨ᠎ᠠᠴᠠ ᠮᠠᠤ ᠽᠧ ᠳ᠋ᠦᠩ ᠨᠥᠬᠥᠷ᠎ᠢᠶᠡᠷ ᠭᠣᠣᠯᠯᠠᠭᠤᠯᠤᠭᠰᠠᠨ ᠨᠠᠮ᠎ᠤᠨ ᠨᠢᠭᠡᠳᠦᠭᠡᠷ ᠦᠶ᠎ᠡ᠎ᠶᠢᠨ ᠲᠥᠪ ᠬᠣᠷᠢᠶ᠎ᠠ ᠵᠢᠨ ᠤᠳᠤᠷᠢᠳᠬᠤ ᠬᠦᠮᠦᠰ ᠎ᠢ ᠡᠬᠢᠯᠡᠨ ᠪᠦᠷᠢᠯᠳᠦᠭᠦᠯᠵᠦ᠂ ᠬᠠᠮᠤᠭ᠎ᠤᠨ ᠠᠶᠤᠯ ᠲᠦᠭᠰᠢᠭᠦᠷᠢ᠎ᠲᠠᠢ ᠦᠶ᠎ᠡ᠎ᠳᠦ ᠨᠠᠮ᠎ᠢ ᠠᠪᠤᠷᠠᠵᠤ᠂ ᠤᠯᠠᠭᠠᠨ ᠴᠡᠷᠢᠭ᠎ᠢ ᠠᠪᠤᠷᠠᠵᠤ᠂ ᠳᠤᠮᠳᠠᠳᠤ ᠤᠯᠤᠰ᠎ᠤᠨ ᠬᠤᠪᠢᠰᠬᠠᠯ᠎ᠢ ᠠᠪᠤᠷᠠᠭᠰᠠᠨ ᠪᠠᠢᠨ᠎ᠠ᠃ ᠡᠭᠦᠨ᠎ᠦ ᠲᠠᠷᠠᠭ᠎ᠠ᠂ ᠨᠠᠮ᠎ᠤᠨ ᠳᠣᠯᠣᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠠᠴᠠ《ᠨᠠᠮ᠎ᠤᠨ ᠪᠦᠯᠬᠦᠮᠳᠡᠯ᠎ᠢ ᠴᠢᠩᠭᠠᠳᠬᠠᠬᠤ ᠲᠤᠬᠠᠢ ᠰᠢᠢᠳᠪᠦᠷᠢ》᠎ᠶ᠋ᠢ ᠪᠠᠲᠤᠯᠠᠵᠤ᠂ 1980 ᠣᠨ᠎ᠳᠤ 《ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠲᠤᠬᠠᠢ ᠲᠦᠷᠢᠮᠵᠢᠯ᠎ᠨᠤᠭᠦᠳ》᠎ᠲᠤ᠌《ᠪᠦᠬᠦ ᠨᠠᠮ᠎ᠢᠶᠠᠷ᠎ᠢᠶᠠᠨ ᠲᠥᠪ ᠬᠣᠷᠢᠶ᠎ᠠ᠎ᠶᠢ ᠲᠠᠭᠠᠬᠤ》 ᠵᠠᠷᠴᠢᠮ᠎ᠢ ᠳᠠᠬᠢᠨᠲᠠ ᠲᠣᠳᠣᠷᠬᠠᠢᠯᠠᠭᠰᠠᠨ ᠨᠢ ᠴᠥᠮ ᠨᠠᠮ᠎ᠤᠨ ᠠᠳᠠᠯᠢ ᠪᠤᠰᠤ ᠲᠡᠦᠬᠡᠨ ᠴᠠᠭ ᠦᠶ᠎ᠡ᠎ᠳᠡᠬᠢ ᠨᠠᠮ᠎ᠤᠨ ᠲᠥᠪ ᠬᠣᠷᠢᠶᠠᠨ᠎ᠤ ᠡᠷᠬᠡ ᠰᠦᠷ᠎ᠢ ᠬᠠᠮᠠᠭᠠᠯᠠᠬᠤ ᠳᠦᠷᠢᠮ᠎ᠦᠨ ᠴᠢᠨᠠᠷᠲᠠᠢ ᠪᠡᠬᠢᠵᠢᠯ ᠪᠣᠯᠣᠨ᠎ᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠠᠮᠠᠭᠠᠯᠠᠬᠤ᠎ᠶᠢ ᠬᠠᠮᠤᠭ᠎ᠤᠨ ᠦᠨᠳᠦᠰᠦᠨ ᠤᠯᠤᠰ ᠲᠦᠷᠦ᠎ᠶᠢᠨ ᠰᠠᠬᠢᠯᠭ᠎ᠠ ᠪᠠᠲᠤ ᠪᠠ ᠤᠯᠤᠰ ᠲᠦᠷᠦ᠎ᠶᠢᠨ ᠶᠣᠰᠣ᠌ ᠳᠦᠷᠢᠮ ᠪᠣᠯᠭᠠᠵᠤ᠂ ᠪᠦᠬᠦ ᠨᠠᠮ᠎ᠤᠨ ᠪᠦᠯᠬᠦᠮᠳᠡᠯ ᠨᠢᠭᠡᠳᠦᠯ᠎ᠢ ᠠᠬᠢᠭᠤᠯᠪᠠ᠃ ᠲᠡᠤᠬᠡ ᠭᠦᠨᠵᠡᠭᠡᠢ ᠢᠯᠡᠷᠡᠭᠦᠯᠦᠭᠰᠡᠨ ᠨᠢ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠠᠮᠠᠭᠠᠯᠠᠬᠤ ᠪᠣᠯ ᠨᠠᠮ᠎ᠤᠨ ᠬᠠᠯᠠ ᠵᠣᠪᠠᠯᠠᠩ᠎ᠢ ᠣᠯᠠᠨᠲᠠ ᠲᠤᠭᠤᠯᠤᠭᠰᠠᠠ ᠴᠤ᠌ ᠲᠠᠰᠤᠷᠠᠯᠳᠡ ᠦᠭᠡᠢ ᠡᠷᠡᠯᠬᠡᠭᠯᠡᠨ ᠲᠡᠮᠡᠴᠡᠵᠦ᠂ ᠰᠢᠯᠭᠠᠯᠲᠠ᠎ᠶᠢ ᠲᠤᠭᠤᠯᠵᠥ ᠬᠠᠲᠠᠭᠤᠵᠢᠨ ᠳᠠᠪᠲᠠᠭᠳᠠᠬᠰᠠᠨ᠎ᠤ ᠦᠨᠳᠦᠰᠦᠨ ᠤᠯᠤᠰ ᠲᠦᠷᠦ᠎ᠶᠢᠨ ᠪᠠᠲᠤᠯᠠᠭ᠎ᠠ ᠮᠥᠨ᠃

ᠳᠤᠮᠳᠠᠳᠤ᠎ᠶᠢᠨ ᠪᠣᠯᠪᠠᠰᠤᠨ ᠥᠨᠢ ᠤᠳᠠᠭᠠᠨ ᠤᠯᠠᠮᠵᠢᠯᠠᠯ᠎ᠲᠠᠢ᠂ ᠥᠷᠭᠡᠨ ᠳᠡᠯᠭᠡᠷ ᠭᠦᠨ ᠭᠦᠨᠵᠡᠭᠡᠢ ᠪᠠᠢᠵᠤ ᠂ ᠳᠤᠮᠳᠠᠳᠤ᠎ᠶᠢᠨ ᠦᠨᠳᠦᠰᠦᠲᠡᠨ᠎ᠦ ᠦᠵᠡᠯ ᠰᠠᠨᠠᠭ᠎ᠠ ᠤᠶᠤᠨ ᠤᠬᠠᠭᠠᠨ ᠪᠠ ᠤᠶᠤᠨ ᠰᠠᠨᠠᠭᠠᠨ᠎ᠤ ᠬᠥᠭᠡᠭᠡᠴᠡᠯᠳᠦᠯ᠎ᠢ ᠠᠴᠢᠶᠠᠯᠠᠵᠤ ᠪᠠᠢᠳᠠᠭ᠃ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠨᠢ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠳᠤ ᠦᠨᠳᠦᠰᠦᠯᠡᠵᠦ᠂《ᠤᠴᠢᠷ ᠶᠠᠪᠤᠳᠠᠯ ᠲᠦᠷᠪᠡᠨ ᠵᠦᠭ᠎ᠲᠦ ᠪᠤᠢ᠂ ᠵᠠᠡᠭᠭᠢᠯᠠᠭ᠎ᠠ ᠨᠢ ᠲᠥᠪ ᠲᠤ᠌ ᠪᠤᠢ》  ᠵᠢᠨ ᠵᠠᠰᠠᠯᠲᠠ᠎ᠶᠢᠨ ᠭᠣᠣᠯ ᠴᠢᠮᠦᠭᠡ᠎ᠶᠢ ᠤᠯᠠᠮᠵᠢᠯᠠᠨ ᠬᠤᠪᠢᠷᠠᠭᠤᠯᠵᠤ᠂ ᠲᠦᠷᠦ᠎ᠶᠢ ᠲᠦᠪᠰᠢᠳᠬᠡᠨ ᠤᠯᠤᠰ᠎ᠢ ᠵᠠᠰᠠᠬᠤ ᠶᠣᠰᠣᠨ᠎ᠳᠤ ᠰᠢᠨ᠎ᠡ ᠴᠠᠭ ᠦᠶ᠎ᠡ᠎ᠶᠢᠨ ᠠᠭᠤᠯᠤᠭᠳᠠᠬᠤᠨ ᠣᠯᠭᠣᠵᠤ᠂《ᠬᠣᠶᠠᠷ᠎ᠢ ᠤᠶᠠᠯᠳᠤᠭᠤᠯᠬᠤ》 ᠳᠣᠲᠣᠭᠠᠳᠤ ᠱᠠᠭᠠᠷᠳᠠᠯᠭ᠎ᠠ᠎ᠶᠢ ᠢᠯᠡᠷᠡᠭᠦᠯᠵᠡᠢ᠃

ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠬᠠᠮᠤᠭ᠎ᠤᠨ ᠶᠡᠬᠡ ᠳᠠᠪᠠᠭᠤᠯᠢᠭ᠋ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠳᠦ ᠪᠤᠢ᠃ ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠡᠢᠮᠦ ᠲᠤᠮᠦ ᠨᠠᠮ᠂ ᠡᠢᠮᠦ ᠲᠤᠮᠦ ᠤᠯᠤᠰ᠂ ᠬᠡᠷᠪᠡ ᠨᠠᠮ᠎ᠤᠨ ᠲᠥᠪ ᠬᠣᠷᠢᠶ᠎ᠠ ᠡᠷᠡᠰ ᠴᠢᠩᠭ᠎ᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠡᠷᠡᠭᠵᠢᠭᠦᠯᠬᠦ ᠦᠭᠡᠢ ᠪᠣᠯ ᠳᠠᠷᠤᠢ ᠲᠤᠰ ᠲᠤᠰ᠎ᠲᠠᠭᠠᠨ ᠲᠤᠭ ᠪᠣᠰᠬᠠᠵᠤ᠂ ᠥᠪᠡᠷ ᠥᠪᠡᠷ᠎ᠦᠨ ᠰᠠᠨᠠᠭ᠎ᠠ᠎ᠪᠠᠷ᠎ᠢᠶᠠᠨ ᠬᠢᠬᠦ ᠪᠠᠢᠳᠠᠯ ᠢᠯᠡᠷᠡᠵᠦ᠂ ᠶᠠᠮᠠᠷ ᠶᠠᠪᠤᠳᠠᠯ᠎ᠢ ᠴᠤ᠌ ᠪᠦᠲᠦᠭᠡᠵᠦ ᠳᠡᠶ᠋ᠢᠯᠬᠦ ᠦᠭᠡᠢ ᠪᠣᠯᠣᠨ᠎ᠠ》ᠭᠡᠵᠦ ᠭᠦᠨᠵᠡᠭᠡᠢ ᠵᠢᠭᠠᠵᠤ ᠭᠠᠷᠭᠠᠪᠠ᠃ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠣᠯ ᠬᠥᠮᠥᠨ ᠠᠮᠠ᠎ᠶᠢᠨ ᠬᠡᠪᠴᠢᠶ᠎ᠡ᠎ᠪᠡᠷ ᠯᠤᠲᠤ ᠶᠡᠬᠡ ᠣᠳᠣᠬᠢᠴᠢᠯᠠᠯᠲᠠ᠂ ᠪᠦᠬᠦ ᠠᠷᠠᠳ᠎ᠢᠶᠠᠷ᠎ᠢᠶᠠᠨ ᠬᠠᠮᠲᠤ᠎ᠪᠠᠷ ᠪᠠᠶᠠᠵᠢᠨ ᠴᠢᠨᠡᠭᠡᠯᠢᠭᠵᠢᠬᠦ ᠣᠳᠣᠬᠢᠴᠢᠯᠠᠯᠲᠠ᠂ ᠪᠣᠳᠠᠰ᠎ᠤᠨ ᠪᠣᠯᠪᠠᠰᠤᠨ ᠪᠣᠯᠣᠨ ᠤᠶᠤᠨ᠎ᠤ ᠪᠣᠯᠪᠠᠰᠤᠨ ᠬᠠᠷᠢᠯᠴᠠᠨ ᠵᠣᠬᠢᠴᠠᠭᠰᠠᠨ ᠣᠳᠣᠬᠢᠴᠢᠯᠠᠯᠲᠠ᠂ ᠬᠥᠮᠥᠨ ᠬᠢᠭᠡᠳ ᠪᠠᠢᠭᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ᠂ ᠡᠩᠬᠡ ᠲᠠᠢᠪᠤᠩ ᠬᠥᠭᠵᠢᠯᠲᠡ᠎ᠶᠢᠨ ᠵᠠᠮ᠎ᠢᠶᠠᠷ ᠵᠠᠮᠨᠠᠬᠤ ᠣᠳᠣᠬᠢᠴᠢᠯᠠᠯᠲᠠ ᠮᠦᠨ᠂ ᠪᠡᠷᠬᠡ ᠬᠠᠳᠠᠭᠤᠵᠢᠯᠳᠠᠢ ᠴᠢᠨᠡᠷ ᠨᠢ ᠤᠷᠢᠳ ᠡᠮᠦᠨ᠎ᠡ ᠪᠠᠢᠭ᠎ᠠ ᠦᠭᠡᠢ ᠶᠤᠮ᠃  ᠡᠨᠡ ᠬᠦ᠌ ᠬᠠᠮᠤᠭ᠎ᠤᠨ ᠳᠡᠭᠡᠳᠦ ᠵᠠᠷᠴᠢᠮ᠎ᠢ ᠪᠠᠷᠢᠮᠲᠠᠯᠠᠪᠠᠯ ᠰᠠᠶᠢ ᠪᠦᠬᠦ ᠤᠯᠤᠰ᠎ᠢᠶᠠᠷ᠎ᠢᠶᠠᠨ ᠨᠢᠭᠡ ᠬᠥᠯᠭᠡ ᠰᠢᠲᠠᠷ᠎ᠠ ᠪᠣᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠪᠦᠷᠢᠯᠳᠦᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠨᠢ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠂ ᠦᠨᠳᠦᠰᠦᠲᠡᠨ᠎ᠦ ᠰᠡᠷᠭᠦᠨ ᠮᠠᠨᠳᠤᠯᠲᠠ ᠵᠢ ᠪᠡᠶᠡᠯᠡᠭᠦᠯᠬᠦ ᠴᠤᠷ᠎ᠤᠨ ᠭᠠᠭᠴᠠ ᠵᠥᠪ ᠵᠠᠮ᠎ᠢᠶᠠᠷ ᠲᠣᠮᠣ᠌ ᠠᠯᠬᠤᠮ᠎ᠢᠶᠠᠷ ᠤᠷᠤᠭᠰᠢᠯᠠᠬᠤ᠎ᠶᠢ ᠪᠠᠲᠤᠯᠠᠵᠤ ᠴᠢᠳᠠᠨ᠎ᠠ᠃

ᠤᠯᠤᠰ ᠲᠦᠷᠦ᠎ᠶᠢᠨ ᠬᠠᠮᠲᠤ᠎ᠶᠢᠨ ᠲᠠᠨᠢᠯᠲᠠ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ ᠪᠣᠯ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ᠎ᠶᠢᠨ ᠵᠠᠩᠭᠢᠯᠠᠭ᠎ᠠ᠎ᠶᠢᠨ ᠤᠷᠢᠲᠠᠯ ᠮᠥᠨ

ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ᠎ᠶᠢᠨ ᠵᠠᠩᠭᠢᠯᠠᠭ᠎ᠠ ᠨᠢ ᠤᠯᠤᠰ ᠲᠦᠷᠦ᠎ᠶᠢᠨ ᠬᠠᠮᠲᠤ᠎ᠶᠢᠨ ᠲᠠᠨᠢᠯᠲᠠ ᠪᠠ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠶᠢ ᠨᠢᠭᠡᠳᠬᠡᠬᠦ᠎ᠳᠦ ᠪᠤᠢ᠃ ᠤᠯᠤᠰ ᠲᠥᠷᠥ᠎ᠶᠢᠨ ᠬᠠᠮᠲᠤ᠎ᠶᠢᠨ ᠲᠠᠨᠢᠯᠲᠠ ᠨᠢ 《ᠬᠡᠨ᠎ᠲᠠᠢ ᠨᠢᠭᠡᠳᠦᠯᠳᠠᠢ ᠪᠠᠢᠬᠤ》ᠵᠣᠭᠰᠣᠯᠲᠠ᠎ᠶᠢᠨ ᠠᠰᠠᠭᠤᠳᠠᠯ᠎ᠢ ᠰᠢᠢᠳᠪᠦᠷᠢᠯᠡᠵᠦ᠂ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ ᠨᠢ 《ᠶᠠᠭᠤᠨ᠎ᠳᠤ ᠪᠢᠰᠢᠷᠡᠬᠦ》ᠢᠲᠡᠭᠡᠯ ᠪᠢᠰᠢᠷᠡᠯ᠎ᠦᠨ ᠠᠰᠠᠭᠤᠳᠠᠯ᠎ᠢ ᠰᠢᠢᠳᠪᠦᠷᠢᠯᠡᠨ᠎ᠡ᠃ ᠨᠠᠮ᠎ᠤᠨ ᠳᠣᠲᠣᠭᠠᠳᠤ᠎ᠶᠢᠨ ᠮᠠᠰᠢ ᠤᠯᠠᠨ ᠠᠰᠠᠭᠤᠳᠠᠯ᠎ᠤᠨ ᠦᠨᠳᠦᠰᠦ ᠨᠢ ᠴᠥᠮ ᠤᠯᠤᠰ ᠲᠦᠷᠦ᠎ᠶᠢᠨ ᠪᠠᠢᠭᠤᠯᠤᠯᠲᠠ᠂ ᠦᠵᠡᠯ ᠰᠠᠨᠠᠭᠠᠨ᠎ᠤ ᠪᠠᠢᠭᠤᠯᠤᠯᠲᠠ᠎ᠶᠢ ᠴᠢᠩᠭ᠎ᠠ ᠠᠳᠬᠤᠭᠰᠠᠨ ᠦᠭᠡᠢ᠂ ᠪᠣᠳᠠᠲᠠᠢ ᠨᠠᠢᠳᠠᠪᠤᠷᠢᠵᠢᠭᠤᠯᠤᠭᠰᠠᠨ ᠦᠭᠡᠢ᠎ᠳᠦ ᠪᠠᠢᠨ᠎ᠠ᠃ ᠭᠠᠭᠴᠠ ᠬᠦ᠌ ᠦᠨᠳᠦᠰᠦ᠎ᠡᠴᠡ ᠨᠢ ᠴᠡᠭᠴᠡᠯᠡᠨ ᠦᠨᠳᠦᠰᠦ᠎ᠶᠢ ᠨᠢ ᠪᠡᠬᠢᠵᠢᠭᠦᠯᠪᠡᠯ ᠰᠠᠶᠢ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢᠨ ᠤᠯᠤᠰ ᠲᠦᠷᠦ᠎ᠶᠢᠨ ᠰᠠᠭᠤᠷᠢ ᠪᠠ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠵᠦ ᠴᠢᠳᠠᠨ᠎ᠠ᠃

ᠪᠦᠬᠦ ᠨᠠᠮ᠎ᠢᠶᠠᠷ᠎ᠢᠶᠠᠨ ᠲᠥᠪ ᠬᠣᠷᠢᠶ᠎ᠠ᠎ᠶᠢ ᠲᠡᠭᠠᠬᠤ᠎ᠶᠢ ᠪᠠᠲᠤᠯᠠᠬᠤ ᠪᠣᠯ ᠨᠠᠮ᠎ᠤᠨ ᠤᠯᠤᠰ ᠲᠦᠷᠦ᠎ᠶᠢᠨ ᠪᠠᠢᠭᠤᠯᠤᠯᠲᠠ᠎ᠶᠢᠨ ᠲᠡᠷᠢᠭᠦᠨ ᠴᠢᠬᠤᠯᠠ ᠡᠭᠦᠷᠭᠡ ᠮᠥᠨ᠃ᠣᠳᠣᠬᠠᠨ᠎ᠳᠤ᠂ ᠳᠡᠯᠡᠬᠡᠢ ᠳ᠋ᠠᠬᠢᠨ᠎ᠳᠤ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠰᠤᠨ ᠤᠯᠡᠷᠢᠵᠤ᠂ ᠮᠠᠨ᠎ᠤ ᠤᠯᠤᠰ᠎ᠤᠨ ᠬᠥᠭᠵᠢᠯᠲᠡ ᠪᠠᠢᠯᠳᠤᠬᠤ ᠪᠣᠳᠣᠯᠭ᠎ᠠ᠎ᠶᠢᠨ ᠠᠵᠠ ᠲᠣᠬᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ᠎ᠳᠦ ᠵᠡᠷᠭᠡ᠎ᠪᠡᠷ ᠲᠤᠯᠭᠠᠷᠠᠵᠤ᠂ ᠲᠣᠭᠲᠠᠭᠠᠯᠲᠤ ᠪᠤᠰᠤ ᠲᠥᠰᠥᠭᠡᠯᠡᠬᠦᠶ᠎ᠡ ᠪᠡᠷᠬᠡ ᠬᠦᠴᠦᠨ ᠵᠦᠢᠯ ᠣᠯᠠᠰᠢᠷᠠᠵᠤ ᠪᠠᠢᠭ᠎ᠠ ᠴᠠᠭ ᠦᠶ᠎ᠡ᠎ᠳᠦ ᠣᠷᠣᠰᠢᠵᠤ᠂ ᠡᠯ᠎ᠡ ᠵᠦᠢᠯ᠎ᠦᠨ《ᠬᠠᠷ᠎ᠠ ᠬᠤᠨ》᠂ 《ᠬᠦᠬᠡ ᠬᠡᠷᠢᠰ》᠎ᠤ᠋ᠨ ᠬᠡᠷᠡᠭ ᠴᠠᠭ ᠢᠮᠠᠭᠲᠠ ᠡᠭᠦᠰᠴᠦ ᠮᠡᠳᠡᠬᠦ ᠪᠣᠯᠬᠣᠷ᠂ ᠡᠭᠡᠳᠡᠷᠡᠭᠡᠨ ᠪᠤᠳᠤᠯᠢᠶᠠᠨᠲᠠᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠠᠢᠳᠠᠯ ᠳᠤᠮᠳᠠ ᠨᠠᠮ᠎ᠤᠨ ᠪᠦᠯᠬᠦᠮᠳᠡᠯ ᠨᠢᠭᠡᠳᠦᠯ᠎ᠢ ᠬᠠᠮᠠᠭᠠᠯᠠᠵᠤ᠂ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠴᠢᠩᠭᠠᠳᠬᠠᠬᠤ ᠴᠢᠬᠤᠯᠠᠲᠠᠢ ᠪᠠᠢᠨ᠎ᠠ᠃ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠨᠢ ᠪᠣᠳᠠᠲᠠᠢ᠎ᠠᠴᠠ ᠪᠢᠰᠢ ᠬᠡᠢᠰᠪᠦᠷᠢ ᠪᠢᠰᠢ ᠶᠤᠮ᠂ ᠡᠩ ᠲᠡᠷᠢᠭᠦᠨ᠎ᠳᠦ ᠨᠠᠮ᠎ᠤᠨ ᠲᠥᠪ ᠬᠣᠷᠢᠶᠠᠨ᠎ᠤ ᠡᠷᠬᠡ ᠰᠦᠷ᠎ᠢ ᠡᠷᠡᠰ ᠬᠠᠮᠠᠭᠠᠯᠠᠬᠤ ᠳᠡᠭᠡᠷ᠎ᠡ ᠨᠠᠢᠳᠠᠪᠤᠷᠢᠵᠢᠭᠤᠯᠵᠤ᠂ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠤᠬᠠᠬᠤ ᠴᠢᠳᠠᠪᠤᠷᠢ᠂ ᠤᠯᠤᠰ ᠲᠦᠷᠦ᠎ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠳᠡᠭᠡᠷ᠎ᠡ ᠰᠢᠭᠤᠳ ᠢᠯᠡᠷᠡᠭᠦᠯᠬᠦ ᠬᠡᠷᠡᠭᠲᠡᠢ᠃ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠎ᠪᠠᠨ ᠳᠡᠭᠡᠭᠰᠢᠯᠡᠭᠦᠯᠬᠦ᠎ᠳᠦ ᠴᠢᠳᠠᠮᠠᠭᠠᠢ ᠪᠠᠢᠵᠤ᠂ ᠤᠯᠤᠰ ᠲᠦᠷᠦ᠎ᠶᠢᠨ ᠲᠠᠯ᠎ᠠ᠎ᠠᠴᠠ ᠠᠰᠠᠭᠤᠳᠠᠯ᠎ᠢ ᠦᠵᠡᠵᠦ ᠂ ᠴᠢᠬᠤᠯᠠ ᠶᠡᠬᠡ ᠠᠰᠠᠭᠤᠳᠠᠯ ᠪᠠ ᠵᠠᠩᠭᠢᠯᠠᠭ᠎ᠠ᠎ᠶᠢᠨ ᠭᠣᠭᠴᠣᠭ᠎ᠠ ᠳᠡᠭᠡᠷ᠎ᠡ ᠲᠠᠷᠢᠬᠢ ᠲᠣᠯᠣᠭᠠᠢ᠎ᠪᠠᠨ ᠣᠨᠴᠠᠭᠠᠢ ᠰᠡᠷᠭᠡᠭ ᠪᠠᠢᠯᠭᠠᠬᠤ ᠬᠡᠷᠡᠭᠲᠡᠢ; ᠤᠯᠤᠰ ᠲᠦᠷᠦ᠎ᠶᠢᠨ ᠤᠬᠠᠬᠤ ᠴᠢᠳᠠᠪᠤᠷᠢ᠎ᠪᠠᠨ ᠳᠡᠭᠡᠭᠰᠢᠯᠡᠭᠦᠯᠬᠦ᠎ᠳᠦ 《ᠤᠯᠤᠰ᠎ᠤᠨ ᠶᠡᠬᠡ ᠶᠠᠪᠤᠳᠠᠯ》ᠭᠡᠳᠡᠭ᠎ᠢ ᠴᠡᠭᠡᠵᠢᠨ᠎ᠳᠡᠭᠡᠨ ᠪᠠᠳᠤ ᠬᠠᠳᠠᠩᠰᠢᠭᠤᠯᠵᠤ᠂ ᠨᠠᠮ᠎ᠤᠨ ᠲᠥᠪ ᠬᠣᠷᠢᠶᠠᠨ᠎ᠤ ᠪᠠᠢᠯᠳᠤᠬᠤ ᠪᠣᠳᠣᠯᠭ᠎ᠠ᠎ᠶᠢᠨ ᠵᠣᠷᠢᠯᠲᠠ᠎ᠶᠢ ᠣᠨᠣᠪᠴᠢᠲᠠᠢ ᠣᠢᠯᠠᠭᠠᠬᠤ ᠬᠡᠷᠡᠭᠲᠡᠢ; ᠤᠯᠤᠰ ᠲᠦᠷᠦ᠎ᠶᠢᠨ ᠬᠡᠷᠡᠭᠵᠢᠭᠦᠯᠬᠦ ᠴᠢᠳᠠᠪᠤᠷᠢ ᠵᠢ ᠳᠡᠭᠡᠭᠰᠢᠯᠡᠭᠦᠯᠬᠦ᠎ᠳᠦ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠲᠡᠷᠡ ᠶᠣᠰᠣᠭᠠᠷ ᠨᠢ ᠪᠣᠳᠠᠲᠠᠢ᠎ᠳᠤ ᠨᠠᠢᠳᠠᠪᠤᠷᠢᠵᠢᠭᠤᠯᠬᠤ ᠬᠡᠷᠡᠭᠲᠡᠢ᠃

ᠦᠵᠡᠯ ᠰᠠᠨᠠᠭ᠎ᠠ᠎ᠪᠠᠷ ᠨᠠᠮ ᠪᠠᠶ᠋ᠢᠭᠤᠯᠬᠤ᠂ ᠤᠨᠤᠯ᠎ᠢᠶᠠᠷ ᠨᠠᠮ᠎ᠢᠶᠠᠨ ᠬᠦᠴᠦᠷᠬᠡᠭᠵᠢᠭᠦᠯᠬᠦ ᠪᠣᠯ ᠮᠠᠨ᠎ᠤ ᠨᠠᠮ᠎ᠤᠨ ᠲᠡᠮᠡᠴᠡᠯ᠎ᠦᠨ ᠶᠠᠪᠤᠴᠠ ᠳᠤᠮᠳᠠ ᠳᠠᠪᠲᠠᠭᠳᠠᠨ ᠪᠦᠷᠢᠯᠳᠦᠭᠰᠡᠨ ᠥᠪᠡᠷᠮᠢᠴᠡ ᠳᠠᠪᠠᠭᠤᠯᠢᠭ᠋ ᠪᠠ ᠲᠡᠦᠬᠡ᠎ᠶᠢᠨ ᠲᠤᠷᠰᠢᠯᠭ᠎ᠠ ᠪᠣᠯᠣᠨ᠎ᠠ᠃ ᠶᠡᠷᠦᠩᠬᠡᠢ ᠱᠦᠵᠢ ᠰᠢ ᠵᠢᠨ ᠫᠢᠩ᠄《ᠮᠠᠨ᠎ᠤ ᠡᠢᠮᠦ ᠲᠤᠮᠦ ᠨᠠᠮ ᠡᠢᠮᠦ ᠲᠤᠮᠦ ᠤᠯᠤᠰ᠎ᠢ ᠤᠳᠤᠷᠢᠳᠴᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠳᠠᠭᠠᠭᠤᠯᠤᠨ ᠤᠯᠤᠰ᠎ᠬᠡᠷ ᠵᠢᠡᠨ ᠬᠦᠴᠦᠷᠬᠡᠭᠵᠢᠭᠦᠯᠬᠦ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠬᠠᠲᠠᠭᠤ ᠡᠭᠦᠷᠭᠡ᠎ᠶᠢ ᠡᠭᠦᠷᠭᠡᠯᠡᠵᠦ ᠪᠠᠢᠨ᠎ᠠ᠂ ᠪᠦᠬᠦ ᠨᠠᠮ᠎ᠢᠶᠠᠷ᠎ᠢᠶᠠᠨ ᠡᠷᠬᠡᠪᠰᠢ ᠦᠵᠡᠯ ᠰᠠᠨᠠᠭ᠎ᠠ᠎ᠪᠠᠨ ᠨᠢᠭᠡᠳᠬᠡᠵᠦ᠂ ᠵᠣᠷᠢᠭ᠋ ᠰᠠᠨᠠᠭ᠎ᠠ᠎ᠪᠠᠨ ᠨᠢᠭᠡᠳᠬᠡᠵᠦ ᠂ ᠦᠢᠯᠡ ᠠᠵᠢᠯᠯᠠᠭ᠎ᠠ᠎ᠪᠠᠨ ᠨᠢᠭᠡᠳᠬᠡᠬᠦ ᠬᠡᠷᠡᠭᠲᠡᠢ》 ᠭᠡᠵᠦ ᠴᠢᠬᠤᠯᠠᠴᠢᠯᠠᠪᠠ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠰᠢ᠂ ᠨᠠᠮ᠎ᠤᠨ ᠲᠥᠪ ᠬᠣᠷᠢᠶ᠎ᠠ ᠦᠵᠡᠯ ᠰᠠᠨᠠᠭ᠎ᠠ᠎ᠶᠢ ᠴᠢᠩᠭ᠎ᠠ ᠠᠳᠬᠤᠬᠤ᠎ᠶᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶ᠎ᠠ ᠲᠦᠷᠦᠭᠦᠯᠡᠨ ᠮᠠᠷᠺᠰ᠎ᠤᠨ ᠦᠵᠡᠯ᠎ᠦᠨ ᠶᠢᠷᠲᠢᠨᠴᠦ᠎ᠶᠢᠨ ᠦᠵᠡᠯᠲᠡ ᠪᠠ ᠠᠷᠭ᠎ᠠ᠎ᠶᠢᠨ ᠤᠨᠤᠯ᠎ᠢ ᠰᠤᠷᠤᠯᠴᠠᠵᠤ᠂ ᠪᠦᠬᠦ ᠨᠠᠮ᠎ᠳᠤ ᠠᠯᠢ ᠤᠯᠠᠨ ᠲᠥᠪᠯᠡᠷᠡᠩᠭᠦᠢ ᠰᠤᠷᠤᠯᠴᠠᠯᠭ᠎ᠠ ᠬᠥᠮᠦᠵᠢᠯ᠎ᠢ ᠦᠷᠭᠦᠯᠵᠢᠯᠡᠨ ᠥᠷᠨᠢᠭᠦᠯᠵᠦ᠂ ᠨᠠᠮ᠎ᠤᠨ ᠰᠢᠨ᠎ᠡ ᠡᠭᠦᠳᠦᠯᠲᠡ ᠵᠢᠨ ᠤᠨᠤᠯ᠎ᠢᠶᠠᠷ ᠪᠦᠬᠦ ᠨᠠᠮ᠎ᠢ ᠵᠡᠪᠰᠡᠭᠯᠡᠬᠦ ᠠᠵᠢᠯ᠎ᠤᠨ ᠰᠢᠰᠲᠧᠮ᠎ᠢ ᠪᠦᠷᠢᠨᠰᠢᠭᠦᠯᠵᠦ᠂ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ᠎ᠤᠨ ᠤᠭ ᠵᠣᠬᠢᠶᠠᠯ᠎ᠢ ᠤᠩᠰᠢᠬᠤ᠂ ᠤᠭ ᠵᠣᠬᠢᠶᠠᠯ᠎ᠢ ᠰᠤᠷᠤᠯᠴᠠᠬᠤ᠂ ᠤᠭ ᠶᠣᠰᠣ᠌᠎ᠶᠢ ᠣᠢᠯᠠᠭᠠᠬᠤ᠎ᠶᠢ ᠠᠬᠢᠭᠤᠯᠪᠠ᠃ ᠦᠵᠡᠯ ᠰᠠᠨᠠᠭ᠎ᠠ ᠵᠢ ᠲᠠᠰᠤᠷᠠᠯᠲᠠ ᠦᠭᠡᠢ ᠤᠨᠤᠯ᠎ᠢᠶᠠᠷ ᠵᠡᠪᠰᠡᠭᠯᠡᠬᠦ᠎ᠪᠡᠷ ᠳᠠᠮᠵᠢᠨ᠂ ᠨᠠᠮ᠎ᠤᠨ ᠭᠡᠰᠢᠭᠦᠨ ᠺᠠᠳ᠋ᠷᠴᠤᠳ᠎ᠤᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠠᠮᠠᠭᠠᠯᠠᠬᠤ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠭᠦᠯᠵᠦ᠂ ᠦᠨᠡᠨ ᠰᠤᠷᠤᠯᠴᠠᠵᠤ ᠦᠨᠡᠨ ᠣᠢᠯᠠᠭᠠᠬᠤ᠂ ᠦᠨᠡᠨ ᠢᠲᠡᠭᠡᠵᠦ ᠦᠨᠡᠨ ᠬᠡᠷᠡᠭᠯᠡᠬᠦ᠎ᠶᠢ ᠪᠡᠶᠡᠯᠡᠭᠦᠯᠪᠡ᠃

ᠵᠣᠬᠢᠶᠠᠨ ᠪᠠᠢᠭᠤᠯᠤᠯᠲᠠ ᠨᠢ ᠨᠢᠭ᠍ᠲᠠ ᠴᠢᠩᠭ᠎ᠠ ᠳᠦᠷᠢᠮ ᠨᠢ ᠨᠢᠭ᠍ᠲᠠ ᠴᠢᠩᠭ᠎ᠠ ᠪᠠᠢᠬᠤ ᠪᠣᠯ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ᠎ᠶᠢᠨ ᠴᠢᠬᠤᠯᠠ ᠲᠤᠯᠭᠠᠭᠤᠷᠢᠯᠠᠯ ᠮᠦᠨ

ᠬᠡᠰᠡᠭ ᠬᠤᠭᠤᠴᠠᠭᠠᠨ᠎ᠤ ᠲᠤᠷᠰᠢᠬᠢ ᠨᠠᠮ᠎ᠤᠨ ᠤᠳᠤᠷᠢᠳᠤᠯᠭ᠎ᠠ ᠰᠤᠯᠠᠷᠠᠭᠰᠠᠨ᠂ ᠬᠡᠢᠰᠪᠦᠷᠢᠵᠢᠭᠰᠡᠨ᠂ ᠶᠡᠷᠦᠮᠳᠡᠭᠵᠢᠭᠰᠡᠨ ᠲᠣᠪᠣᠢᠮ᠎ᠠ ᠠᠰᠠᠭᠤᠳᠠᠯ᠎ᠳᠤ ᠴᠢᠭᠯᠡᠭᠦᠯᠦᠨ᠂ ᠨᠠᠮ᠎ᠤᠨ ᠲᠥᠪ ᠬᠣᠷᠢᠶ᠎ᠠ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢᠨ ᠵᠣᠬᠢᠶᠠᠨ ᠪᠠᠢᠭᠤᠯᠤᠯᠲᠠ᠎ᠶᠢᠨ ᠰᠢᠰᠲ᠋ᠸᠮ᠂ ᠳᠦᠷᠢᠮ᠎ᠦᠨ ᠰᠢᠰᠲ᠋ᠸᠮ᠎ᠢ ᠪᠦᠷᠢᠨᠰᠢᠭᠦᠯᠵᠦ᠂ ᠡᠯ᠎ᠡ ᠲᠠᠯ᠎ᠠ᠎ᠶᠢᠨ ᠬᠢᠨ ᠠᠵᠢᠯᠯᠠᠭ᠎ᠠ᠎ᠪᠠᠨ ᠵᠣᠬᠢᠴᠠᠭᠤᠯᠵᠤ᠂ ᠬᠠᠮᠲᠤᠷᠠᠯ ᠬᠦᠴᠦᠨ᠎ᠢᠶᠡᠨ ᠴᠢᠩᠭᠠᠳᠬᠠᠵᠤ᠂ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠴᠢᠩᠭᠠᠳᠭᠠᠪᠠ᠃

ᠵᠣᠬᠢᠶᠠᠨ ᠪᠠᠢᠭᠤᠯᠤᠯᠲᠠ ᠨᠢ ᠨᠢᠭ᠍ᠲᠠ ᠴᠢᠩᠭ᠎ᠠ ᠪᠠᠢᠬᠤ ᠪᠣᠯ ᠮᠠᠨ᠎ᠤ ᠨᠠᠮ᠎ᠤᠨ ᠪᠤᠰᠤᠳ ᠲᠦᠷᠦ᠎ᠶᠢᠨ ᠨᠠᠮ᠎ᠠᠴᠠ ᠢᠯᠭᠠᠭᠳᠠᠬᠤ ᠬᠦᠴᠦᠷᠬᠡᠭ ᠶᠡᠬᠡ ᠳᠠᠪᠠᠭᠤᠯᠢᠭ᠋ ᠮᠥᠨ᠃ 1 ᠳ᠋ᠦᠩᠰᠢᠭᠤᠷ ᠭᠠᠷᠤᠢ ᠨᠠᠮ᠎ᠤᠨ ᠭᠡᠰᠢᠭᠦᠨ᠂ 540 ᠭᠠᠷᠤᠢ ᠲᠦᠮᠡᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ  ᠲᠠᠢ᠂ 14 ᠳ᠋ᠦᠩᠰᠢᠭᠤᠷ ᠭᠠᠷᠤᠢ ᠬᠥᠮᠥᠨ ᠠᠮᠠ᠎ᠲᠠᠢ ᠲᠣᠮᠣ᠌ ᠤᠯᠤᠰ᠎ᠢ ᠵᠠᠰᠠᠬᠤ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠠᠪᠴᠤ ᠬᠡᠯᠡᠪᠡᠯ᠂ ᠵᠣᠬᠢᠶᠠᠨ ᠪᠠᠢᠭᠤᠯᠤᠯᠲᠠ᠎ᠶᠢᠨ ᠬᠡᠪᠴᠢᠶ᠎ᠡ ᠬᠡᠳᠦᠢ ᠶᠡᠬᠡ ᠪᠣᠯᠬᠤ ᠲᠤᠳᠤᠮ᠂ ᠵᠠᠰᠠᠯᠲᠠ᠎ᠶᠢᠨ ᠡᠭᠦᠷᠭᠡ ᠲᠡᠳᠦᠢ ᠬᠦᠨᠳᠦ ᠪᠣᠯᠵᠤ᠂ ᠲᠥᠪᠯᠡᠷᠡᠭᠦᠯᠦᠨ ᠨᠢᠭᠡᠳᠦᠯᠲᠡᠢ ᠵᠢᠯᠤᠭᠣᠳᠬᠤ ᠱᠠᠭᠠᠷᠳᠠᠯᠭ᠎ᠠ ᠲᠡᠳᠦᠢ ᠥᠨᠳᠥᠷ ᠪᠣᠯᠳᠠᠭ᠃ ᠶᠡᠷᠦᠩᠬᠡᠢ ᠱᠦᠵᠢ ᠰᠢ ᠵᠢᠨ ᠫᠢᠩ  ᠲᠦᠷᠰᠦᠯᠢᠭ ᠵᠢᠡᠷ ᠵᠢᠭᠠᠵᠤ ᠭᠠᠷᠭᠠᠬᠤ᠎ᠳᠠᠭᠠᠨ᠂ ᠲᠥᠪ᠎ᠦᠨ ᠪᠠ ᠲᠦᠷᠦ᠎ᠶᠢᠨ ᠪᠠᠢᠭᠤᠯᠭ᠎ᠠ ᠪᠣᠯ 《ᠠᠩᠬᠠᠨ᠎ᠤ ᠨᠢᠭᠡ ᠺᠢᠯᠤᠮᠸᠲᠷ》 ᠪᠠᠢᠵᠤ᠂《ᠰᠠᠭᠠᠳ ᠲᠤᠳᠬᠠᠷ》ᠭᠠᠷᠴᠤ ᠪᠣᠯᠬᠤ ᠦᠭᠡᠢ ;ᠣᠷᠣᠨ ᠨᠤᠲᠤᠭ᠎ᠤᠨ ᠨᠠᠮ᠎ᠤᠨ ᠬᠣᠷᠢᠶ᠎ᠠ ᠪᠣᠯ 《ᠳᠤᠮᠳᠠᠬᠢ ᠭᠤᠭᠴᠤᠭ᠎ᠠ》 ᠮᠥᠨ᠂《ᠳᠤᠮᠳᠠᠬᠢ ᠲᠦᠭᠵᠢᠷᠡᠯ》 ᠭᠠᠷᠴᠤ ᠪᠣᠯᠬᠤ ᠦᠭᠡᠢ;ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯ《ᠡᠴᠦᠰ᠎ᠦᠨ ᠨᠢᠭᠡ ᠺᠢᠯᠤᠮᠸᠲᠷ》 ᠮᠦᠨ᠂ 《ᠮᠤᠬᠤᠷ ᠵᠠᠮ》ᠭᠠᠷᠴᠤ ᠪᠣᠯᠬᠤ ᠦᠭᠡᠢ ᠭᠡᠵᠡᠢ᠃ ᠡᠨᠡ ᠬᠦ᠌ ᠥᠭᠦᠯᠡᠯᠲᠡ ᠨᠢ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ᠎ᠶᠢᠨ ᠴᠢᠳᠠᠮᠵᠢ᠎ᠶᠢᠨ ᠪᠠᠢᠷᠢ ᠲᠣᠭᠲᠠᠭᠠᠯᠲᠠ ᠪᠠ ᠬᠠᠷᠢᠭᠤᠴᠠᠯᠭ᠎ᠠ᠎ᠶᠢᠨ ᠱᠠᠭᠠᠷᠳᠠᠯᠭ᠎ᠠ᠎ᠶᠢ ᠨᠠᠷᠢᠯᠢᠭ᠋ ᠣᠨᠣᠴᠠᠲᠠᠢ᠎ᠪᠠᠷ ᠲᠣᠳᠣᠷᠬᠠᠢᠯᠠᠪᠠ᠃ ᠨᠠᠮ᠎ᠤᠨ ᠲᠥᠪ ᠬᠣᠷᠢᠶ᠎ᠠ ᠵᠣᠬᠢᠶᠠᠨ ᠪᠠᠢᠭᠤᠯᠤᠯᠲᠠ᠎ᠶᠢᠨ ᠪᠠᠢᠭᠤᠯᠤᠯᠳᠠ᠎ᠶᠢ ᠨᠢᠭᠡᠳᠦᠯᠲᠡᠢ ᠲᠥᠯᠥᠪᠵᠢᠭᠦᠯᠦᠨ ᠴᠢᠩᠭᠠᠳᠬᠠᠵᠤ᠂ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠪᠠᠢᠭᠤᠯᠤᠯ ᠪᠣᠯᠣᠨ ᠵᠣᠬᠢᠶᠠᠨ ᠪᠠᠢᠭᠤᠯᠤᠯᠲᠠ᠎ᠶᠢᠨ ᠬᠠᠮᠢᠶᠠᠷᠤᠯᠲᠠ᠎ᠶᠢᠨ ᠪᠠᠢᠭᠤᠯᠤᠯ ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠢᠭᠡ ᠱᠠᠲᠤ ᠨᠢ ᠨᠢᠭᠡ ᠱᠠᠲᠤ᠎ᠪᠠᠨ ᠠᠳᠬᠤᠬᠤ᠂ ᠲᠤᠰ ᠱᠠᠲᠤ ᠪᠠᠨ ᠰᠠᠢᠳᠤᠷ ᠠᠳᠬᠤᠵᠤ ᠳᠣᠣᠷᠠᠳᠤ ᠱᠠᠲᠤ᠎ᠪᠠᠨ ᠳᠠᠭᠠᠭᠤᠯᠬᠤ᠂ ᠦᠨᠳᠦᠰᠦᠨ ᠱᠠᠲᠤ᠎ᠶᠢ ᠶᠡᠬᠡ᠎ᠪᠡᠷ ᠠᠳᠬᠤᠵᠤ ᠰᠠᠭᠤᠷᠢ᠎ᠪᠠᠨ ᠴᠢᠩᠭᠠᠳᠬᠠᠬᠤ ᠠᠵᠢᠯ᠎ᠤᠨ ᠪᠠᠢᠷᠢᠰᠢᠯ᠎ᠢ ᠪᠦᠷᠢᠯᠳᠦᠭᠦᠯᠵᠦ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠪᠦᠬᠦ ᠲᠠᠯ᠎ᠠ᠎ᠪᠠᠷ ᠲᠠᠪᠰᠢᠬᠤ᠂ ᠪᠦᠬᠦ ᠲᠠᠯ᠎ᠠ᠎ᠪᠠᠷ ᠴᠠᠭᠠᠷᠠᠬᠤ᠎ᠶᠢ ᠠᠬᠢᠭᠤᠯᠵᠤ᠂ ᠨᠠᠮ᠎ᠤᠨ ᠤᠳᠤᠷᠢᠳᠤᠯᠭ᠎ᠠ᠎ᠶᠢ ᠲᠡᠷᠡ ᠬᠡᠪ ᠵᠢᠡᠷ ᠨᠢ ᠨᠡᠢᠳᠡᠪᠦᠷᠢᠵᠢᠭᠤᠯᠵᠤ ᠬᠡᠷᠡᠭᠵᠢᠭᠦᠯᠬᠦ  ᠶ᠋ᠢ ᠦᠨᠡᠨ ᠬᠦ᠌ ᠪᠠᠲᠤᠯᠠᠪᠠ᠃

ᠳᠦᠷᠢᠮ᠎ᠦᠨ ᠪᠠᠢᠭᠤᠯᠤᠯᠲᠠ ᠪᠣᠯ ᠦᠨᠳᠦᠰᠦᠨ ᠴᠢᠨᠠᠷ᠂ ᠪᠦᠬᠦ ᠲᠠᠯ᠎ᠠ᠎ᠶᠢᠨ ᠴᠢᠨᠠᠷ᠂ ᠲᠣᠭᠲᠠᠪᠤᠷᠢᠲᠤ ᠴᠢᠨᠠᠷ ᠪᠠ ᠤᠷᠲᠤ ᠬᠤᠭᠤᠴᠠᠭᠠᠲᠤ ᠴᠢᠨᠠᠷ᠎ᠲᠠᠢ ᠪᠠᠢᠳᠠᠭ᠃ ᠨᠠᠮ᠎ᠤᠨ ᠲᠥᠪ ᠬᠣᠷᠢᠶ᠎ᠠ ᠡᠴᠡ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠠᠮᠠᠭᠠᠯᠠᠬᠤ ᠪᠣᠯᠪᠠᠰᠤᠷᠠᠩᠭᠤᠢ ᠠᠷᠭ᠎ᠠ ᠪᠠᠷᠢᠯ᠎ᠢ ᠰᠢᠰᠲᠧᠮᠲᠦ ᠳᠦᠷᠢᠮ ᠪᠣᠯᠭᠠᠨ ᠲᠡᠭᠦᠯᠳᠡᠷᠵᠢᠭᠦᠯᠪᠡ᠃ ᠰᠢᠨ᠎ᠡ᠎ᠪᠡᠷ ᠵᠠᠰᠠᠪᠤᠷᠢ ᠣᠷᠣᠭᠤᠯᠤᠭᠰᠠᠨ《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》 ᠨᠢ ᠨᠠᠮ᠎ᠤᠨ ᠭᠡᠰᠢᠭᠦᠨ᠎ᠦ ᠡᠭᠦᠷᠭᠡ᠎ᠳᠦ 《〈ᠳᠥᠷᠪᠡᠨ ᠤᠬᠠᠮᠰᠠᠷ〉᠎ᠵᠢᠡᠨ ᠴᠢᠩᠭᠠᠳᠬᠠᠵᠤ᠂〈ᠳᠥᠷᠪᠡᠨ ᠢᠲᠡᠭᠡᠯ〉᠎ᠵᠢᠡᠨ ᠪᠠᠲᠤᠳᠬᠠᠵᠤ᠂〈ᠬᠣᠶᠠᠷ᠎ᠢ ᠬᠠᠮᠠᠭᠠᠯᠠᠬᠤ〉᠎ᠶ᠋ᠢ ᠪᠡᠶᠡᠯᠡᠭᠦᠯᠬᠦ》 ᠵᠡᠷᠭᠡ ᠠᠭᠤᠯᠭ᠎ᠠ᠎ᠶᠢ ᠨᠡᠮᠡᠵᠦ ᠤᠷᠤᠭᠤᠯᠪᠠ᠃ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠡᠷᠡᠭ ᠵᠥᠪᠯᠡᠵᠦ ᠵᠣᠬᠢᠴᠠᠭᠤᠯᠬᠤ ᠪᠠᠢᠭᠤᠯᠤᠯ ᠎ᠦᠨ ᠡᠭᠦᠷᠭᠡ ᠴᠢᠳᠠᠪᠬᠢ᠎ᠶᠢᠨ ᠦᠢᠯᠡᠳᠦᠯ᠎ᠢ ᠴᠢᠩᠭᠠᠳᠬᠠᠵᠤ᠂ ᠨᠠᠮ᠎ᠤᠨ ᠲᠥᠪ ᠬᠣᠷᠢᠶᠠᠨ᠎ᠤ ᠴᠢᠬᠤᠯᠠ ᠶᠡᠬᠡ ᠰᠢᠢᠳᠪᠦᠷᠢᠲᠦ ᠪᠣᠳᠣᠯᠭ᠎ᠠ᠎ᠶᠢ ᠨᠠᠢᠳᠠᠪᠤᠷᠢᠵᠢᠭᠤᠯᠬᠤ ᠲᠣᠭᠲᠠᠴᠠ᠎ᠶᠢ ᠲᠡᠭᠦᠯᠳᠡᠷᠵᠢᠭᠦᠯᠦᠨ ᠠᠬᠢᠭᠤᠯᠵᠤ᠂ ᠨᠠᠮ᠎ᠤᠨ ᠲᠥᠪ ᠬᠣᠷᠢᠶ᠎ᠠ᠎ᠠᠴᠠ ᠵᠢᠭᠠᠪᠤᠷᠢ ᠠᠪᠴᠤ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠵᠦ᠂《ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠴᠢᠩᠭᠠᠳᠬᠠᠨ ᠬᠠᠮᠠᠭᠠᠯᠠᠬᠤ ᠲᠤᠬᠠᠢ ᠨᠠᠮ᠎ᠤᠨ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠲᠣᠭᠲᠠᠭᠠᠯ᠎ᠤᠳ》᠂《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠴᠢᠬᠤᠯᠠ ᠶᠡᠬᠡ ᠤᠴᠢᠷ ᠶᠠᠪᠤᠳᠠᠯ᠎ᠳᠤ ᠵᠢᠭᠠᠪᠤᠷᠢ ᠠᠪᠴᠤ ᠮᠡᠳᠡᠭᠦᠯᠬᠦ ᠳᠦᠷᠢᠮ》  ᠵᠡᠷᠭᠡ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠨᠡᠢᠲᠡᠯᠡᠬᠦ ᠪᠤᠶᠤ ᠵᠠᠰᠠᠪᠤᠷᠢ ᠣᠷᠣᠭᠤᠯᠵᠤ᠂ ᠠᠯᠢ ᠤᠯᠠᠨ ᠳᠦᠷᠢᠮ ᠪᠠ ᠲᠣᠭᠲᠠᠴᠠ᠎ᠶᠢ ᠬᠦᠴᠦᠲᠡᠢ ᠨᠠᠢᠳᠠᠪᠤᠷᠢᠵᠢᠭᠤᠯᠵᠤ᠂ ᠨᠢᠭᠡ ᠬᠥᠯᠭᠡ ᠰᠢᠲᠠᠷ᠎ᠠ᠎ᠶᠢᠨ ᠶᠡᠬᠡ ᠲᠠᠯ᠎ᠠ᠎ᠶᠢ ᠲᠣᠳᠣᠷᠬᠠᠢ ᠪᠣᠯᠭᠠᠵᠤ᠂ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠳᠦᠷᠢᠮ᠎ᠦᠨ ᠲᠤᠬᠳᠠᠴᠠ ᠳᠡᠭᠡᠷ᠎ᠡ ᠡᠮᠬᠢ ᠳᠢᠭ᠌ᠯᠢᠮ᠎ᠲᠠᠢ ᠠᠵᠢᠯᠯᠠᠭᠤᠯᠵᠤ᠂ ᠥᠨᠢ ᠤᠳᠠᠭᠠᠨ ᠲᠣᠭᠲᠠᠭᠤᠨ ᠪᠠᠲᠤᠯᠠᠭ᠎ᠠ᠎ᠲᠠᠢ ᠪᠣᠯᠭᠠᠪᠠ᠃

ᠰᠤᠷᠲᠠᠯ᠎ᠤᠨ ᠬᠢᠵᠠᠭᠠᠷᠯᠠᠯ  ᠰᠠᠬᠢᠯᠭ᠎ᠠ ᠪᠠᠲᠤ᠎ᠶᠢᠨ ᠬᠢᠵᠠᠭᠠᠷᠯᠠᠯ ᠪᠣᠯ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ᠎ᠶᠢᠨ ᠦᠨᠳᠦᠰᠦᠨ ᠪᠠᠲᠤᠯᠠᠭ᠎ᠠ ᠮᠥᠨ

ᠳᠤᠮᠳᠠᠳᠤ ᠤᠯᠤᠰ᠎ᠤᠨ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠳᠤ ᠪᠤᠢ᠃ ᠨᠢᠭᠡ ᠬᠡᠰᠡᠭ ᠬᠤᠭᠤᠴᠠᠭ᠎ᠠ᠎ᠳᠦ᠂ ᠨᠠᠮ᠎ᠢ ᠬᠠᠮᠢᠶᠠᠷᠴᠤ ᠨᠠᠮ᠎ᠢ ᠵᠠᠰᠠᠬᠤ ᠲᠠᠯ᠎ᠠ᠎ᠪᠠᠷ ᠬᠡᠲᠦᠷᠬᠡᠢ ᠠᠭᠤᠵᠢᠭᠤ᠂ ᠬᠡᠲᠦᠷᠬᠡᠢ ᠰᠤᠯᠠ᠂ ᠬᠡᠲᠦᠷᠬᠡᠢ ᠵᠥᠭᠡᠯᠡᠨ ᠪᠠᠢᠬᠤ ᠠᠰᠠᠭᠤᠳᠠᠯ ᠠᠳᠠᠯᠢ ᠪᠤᠰᠤ ᠬᠡᠮᠵᠢᠶ᠎ᠡ᠎ᠪᠡᠷ ᠭᠠᠷᠤᠭᠰᠠᠨ ᠪᠠᠢᠨ᠎ᠠ᠃ ᠶᠡᠷᠦᠩᠬᠡᠢ ᠱᠦᠵᠢ ᠰᠢ ᠵᠢᠨ ᠫᠢᠩ 《ᠰᠢᠨ᠎ᠡ ᠪᠠᠢᠳᠠᠯ ᠳᠣᠣᠷ᠎ᠠ᠂ ᠮᠠᠨ᠎ᠤ ᠨᠠᠮ ᠮᠠᠰᠢ ᠤᠯᠠᠨ ᠬᠦᠨᠳᠦ ᠨᠣᠴᠢᠲᠠᠢ ᠥᠷᠢᠰᠦᠯᠳᠦᠭᠡᠨ᠎ᠳᠦ ᠲᠤᠯᠭᠠᠷᠠᠵᠤ᠂ ᠨᠠᠮ᠎ᠤᠨ ᠳᠣᠲᠣᠭᠠᠳᠤ᠎ᠳᠤ ᠮᠠᠰᠢ ᠤᠯᠠᠨ ᠰᠢᠢᠳᠪᠦᠷᠢᠯᠡᠬᠦ ᠴᠢᠬᠤᠯᠠᠲᠠᠢ ᠠᠰᠠᠭᠤᠳᠠᠯ ᠣᠷᠣᠰᠢᠵᠤ ᠪᠠᠢᠨ᠎ᠠ᠂ ᠪᠦᠬᠦ ᠨᠠᠮ᠎ᠢᠶᠠᠷ᠎ᠢᠶᠠᠨ ᠡᠷᠬᠡᠪᠰᠢ ᠰᠡᠷᠭᠡᠭ ᠪᠠᠢᠬᠤ ᠬᠡᠷᠡᠭᠲᠡᠢ》 ᠭᠡᠵᠦ ᠰᠢᠭᠤᠳ ᠤᠨᠤᠭᠠᠵᠤ ᠵᠢᠭᠠᠵᠤ ᠭᠠᠷᠭᠠᠪᠠ᠃ 2014 ᠣᠨ᠎ᠤ 12 ᠰᠠᠷ᠎ᠠ᠎ᠳᠤ᠂ ᠵᠢᠶᠠᠩᠰᠤ᠎ᠳᠦ ᠰᠢᠨᠵᠢᠯᠡᠨ ᠪᠠᠢᠴᠠᠭᠠᠬᠤ᠎ᠳᠠᠭᠠᠨ ᠶᠡᠷᠦᠩᠬᠡᠢ ᠱᠦᠵᠢ ᠰᠢ ᠵᠢᠨ ᠫᠢᠩ ᠠᠩᠬ᠎ᠠ ᠤᠳᠠᠭ᠎ᠠ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ》 ᠶ᠋ᠢ ᠳᠤᠷᠠᠳᠴᠠᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠵᠠᠩᠭᠢᠯᠠᠭ᠎ᠠ ᠨᠢ ᠴᠢᠩᠭ᠎ᠠ ᠪᠠ ᠵᠠᠰᠠᠬᠤ᠎ᠳᠤ ᠪᠤᠢ᠂ ᠴᠢᠩᠭ᠎ᠠ ᠲᠣᠳᠣᠷᠬᠠᠢ ᠰᠠᠬᠢᠯᠭ᠎ᠠ ᠪᠠᠲᠤ᠎ᠪᠠᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠬᠤ ᠬᠡᠷᠡᠭᠲᠡᠢ᠃

ᠰᠤᠷᠲᠠᠯ᠎ᠤᠨ ᠬᠢᠵᠠᠭᠠᠷᠯᠠᠯ᠎ᠤᠨ ᠭᠣᠣᠯᠳᠠᠯᠭ᠎ᠠ ᠨᠢ《ᠬᠡᠷᠡᠭ ᠭᠠᠷᠬᠤ᠎ᠠᠴᠠ ᠡᠮᠦᠨ᠎ᠡ ᠰᠡᠷᠭᠡᠢᠯᠡᠬᠦ》 ᠳᠡᠭᠡᠷ᠎ᠡ ᠪᠠᠢᠵᠤ ᠂ ᠠᠯᠳᠠᠭ᠎ᠠ ᠪᠤᠷᠤᠭᠤ᠎ᠶᠢ ᠡᠬᠢ ᠡᠭᠦᠰᠦᠯ᠎ᠡᠴᠡ ᠨᠢ ᠵᠠᠯᠠᠷᠠᠭᠤᠯᠵᠤ᠂ ᠵᠠᠰᠠᠭ᠎ᠤᠨ ᠵᠠᠷᠯᠢᠭ᠋᠎ᠢ ᠰᠠᠭᠠᠳ ᠦᠭᠡᠢ ᠨᠠᠪᠲᠠᠷᠡᠭᠦᠯᠵᠦ᠂ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠣᠳᠠᠲᠠᠢ᠎ᠳᠤ ᠨᠠᠢᠳᠠᠪᠤᠷᠢᠵᠢᠭᠤᠯᠬᠤ᠎ᠳᠤ ᠰᠤᠷᠲᠠᠯ᠎ᠤᠨ ᠰᠡᠷᠭᠡᠢᠯᠡᠯᠲᠡ᠎ᠶᠢᠨ ᠱᠤᠭᠤᠮ᠎ᠢ ᠪᠠᠲᠤ ᠴᠣᠭᠴᠠᠯᠠᠬᠤ ᠬᠡᠷᠡᠭᠲᠡᠢ᠃ ᠨᠠᠮ᠎ᠤᠨ ᠰᠤᠷᠲᠠᠯ ᠪᠣᠯ ᠨᠠᠮ᠎ᠤᠨ ᠳᠦᠷᠢ ᠲᠥᠷᠬᠦ᠎ᠲᠠᠢ ᠬᠣᠯᠪᠣᠭᠳᠠᠵᠤ᠂ ᠬᠥᠮᠥᠨ᠎ᠦ ᠰᠡᠳᠬᠢᠯ᠎ᠢ ᠤᠯᠵᠤ ᠠᠯᠳᠠᠬᠤ᠎ᠲᠠᠢ ᠬᠣᠯᠪᠣᠭᠳᠠᠵᠤ᠂ ᠨᠠᠮ᠎ᠤᠨ ᠮᠠᠨᠳᠤᠵᠤ ᠮᠥᠬᠥᠬᠦ᠎ᠲᠠᠢ ᠬᠣᠯᠪᠣᠭᠳᠠᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠢᠯᠠᠵᠤ ᠢᠯᠠᠭᠳᠠᠬᠤ᠎ᠶᠢ ᠲᠣᠭᠲᠠᠭᠠᠨ᠎ᠠ᠃ ᠰᠤᠷᠲᠠᠯ᠎ᠤᠨ ᠠᠰᠠᠭᠤᠳᠠᠯ ᠪᠣᠯ ᠮᠥᠨ ᠴᠢᠨᠠᠷ ᠳᠡᠭᠡᠷ᠎ᠡ᠎ᠪᠡᠨ ᠤᠯᠤᠰ ᠲᠥᠷᠥ᠎ᠶᠢᠨ ᠠᠰᠠᠭᠤᠳᠠᠯ ᠮᠥ ᠂ ᠡᠯ᠎ᠡ ᠲᠥᠷᠥᠯ᠎ᠦᠨ ᠰᠤᠷᠲᠠᠯ᠎ᠤᠨ ᠬᠡᠮ ᠠᠷᠬᠠᠭ᠎ᠨᠢ ᠨᠠᠮ᠎ᠤᠨ ᠨᠢᠭ᠍ᠲᠠᠷᠠᠯ᠎ᠤᠨ ᠬᠦᠴᠦᠨ᠂ ᠬᠡᠷᠡᠭᠵᠢᠭᠦᠯᠬᠦ ᠬᠦᠴᠦᠨ ᠎ᠢ ᠪᠠᠭᠤᠷᠠᠭᠤᠯᠳᠠᠭ᠃ 2012 ᠣᠨ᠎ᠤ 12 ᠰᠠᠷ᠎ᠠ᠎ᠶᠢᠨ 4᠎ᠤ᠋ ᠡᠳᠦᠷ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠲᠡᠭᠦᠰᠦᠭᠡᠳ ᠨᠢᠭᠡ ᠰᠠᠷ᠎ᠠ ᠪᠣᠯᠤᠭᠰᠠᠨ ᠦᠭᠡᠢ᠂ ᠶᠡᠷᠦᠩᠬᠡᠢ ᠱᠦᠵᠢ ᠰᠢ ᠵᠢᠨ ᠫᠢᠩ ᠲᠥᠪ᠎ᠦᠨ ᠤᠯᠤᠰ ᠲᠦᠷᠦ᠎ᠶᠢᠨ ᠲᠣᠪᠴᠢᠶᠠᠨ᠎ᠤ ᠬᠤᠷᠠᠯ᠎ᠢ ᠡᠷᠬᠢᠯᠡᠨ ᠬᠤᠷᠠᠯᠳᠤᠭᠤᠯᠵᠤ᠂《ᠠᠵᠢᠯ᠎ᠤᠨ ᠰᠤᠷᠲᠠᠯ᠎ᠢᠶᠠᠨ ᠰᠠᠢᠵᠢᠷᠠᠭᠤᠯᠵᠤ᠂ ᠤᠯᠠᠨ ᠲᠦᠮᠡᠨ᠎ᠲᠠᠢ ᠨᠢᠭ᠍ᠲᠠ ᠬᠠᠷᠢᠯᠴᠠᠬᠤ ᠲᠤᠬᠠᠢ ᠨᠠᠮ᠎ᠤᠨ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠤᠯᠤᠰ ᠲᠦᠷᠦ᠎ᠶᠢᠨ ᠲᠣᠪᠴᠢᠶᠠᠨ᠎ᠤ ᠨᠠᠢ᠍ᠮᠠᠨ ᠲᠣᠭᠲᠠᠭᠠᠯ》᠎ᠢ᠋ ᠬᠢᠨᠠᠨ ᠵᠥᠪᠯᠡᠵᠦ ᠪᠠᠲᠤᠯᠠᠵᠦ᠂ ᠰᠤᠷᠲᠠᠯ᠎ᠤᠨ ᠪᠠᠢᠭᠤᠯᠤᠯᠲᠠ᠎ᠪᠠᠷ ᠰᠢᠪᠲᠤᠯᠤᠯᠲᠠ ᠪᠣᠯᠭᠠᠵᠤ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢ ᠠᠬᠢᠭᠤᠯᠵᠤ ᠂ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠬᠠᠮᠠᠭᠠᠯᠠᠪᠠ᠃ ᠨᠠᠮ᠎ᠤᠨ ᠲᠥᠪ ᠬᠣᠷᠢᠶ᠎ᠠ ᠳᠡᠭᠡᠳᠦ ᠱᠠᠲᠤ ᠨᠢ ᠳᠣᠣᠷᠠᠳᠤ ᠱᠠᠲᠤ᠎ᠪᠠᠨ ᠳᠠᠭᠠᠭᠤᠯᠬᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠎ᠶᠢ ᠪᠠᠷᠢᠮᠲᠠᠯᠠᠵᠤ᠂ ᠲᠥᠪ ᠬᠣᠷᠢᠶᠠᠨ᠎ᠤ ᠤᠯᠤᠰ ᠲᠥᠷᠥ᠎ᠶᠢᠨ ᠲᠣᠪᠴᠢᠶ᠎ᠠ᠎ᠠᠴᠠ ᠡᠬᠢᠯᠡᠨ ᠠᠳᠬᠤᠵᠤ᠂   《ᠲᠦᠷᠦᠭᠦᠴᠢ ᠭᠠᠯᠠᠭᠤ》᠎ᠵᠢᠨ ᠦᠢᠯᠡᠳᠦᠯ᠎ᠢ ᠪᠠᠳᠠᠷᠠᠭᠤᠯᠵᠤ᠂ ᠳᠡᠭᠡᠷ᠎ᠡ᠎ᠱᠠᠲᠦ ᠡᠴᠡ ᠳᠣᠣᠷᠠᠳᠤ ᠱᠠᠲᠤ᠎ᠬᠦᠷᠲᠡᠯ᠎ᠠ ᠰᠤᠷᠲᠠᠯ᠎ᠤᠨ ᠬᠡᠮ ᠠᠷᠬᠠᠭ ᠵᠢᠡᠨ ᠵᠠᠯᠠᠷᠠᠭᠤᠯᠤᠨ ᠵᠠᠰᠠᠵᠤ᠂ ᠬᠡᠮ ᠠᠷᠬᠠᠭ᠎ᠢ ᠴᠡᠭᠴᠡᠯᠡᠨ ᠵᠠᠰᠠᠪᠠ᠃ ᠠᠷᠪᠠ ᠭᠠᠷᠤᠢ ᠵᠢᠯ᠎ᠦᠨ ᠲᠤᠷᠰᠢ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠬᠤ᠎ᠶᠢ ᠰᠢᠨᠲᠠᠷᠠᠰᠢ ᠦᠭᠡᠢ ᠪᠠᠷᠢᠮᠲᠠᠯᠠᠵᠤ᠂ ᠰᠤᠷᠲᠠᠯ᠎ᠤᠨ ᠪᠠᠢᠭᠤᠯᠤᠯᠲᠠ᠎ᠶᠢᠨ ᠬᠠᠰᠢᠯᠭ᠎ᠠ᠎ᠶᠢ ᠦᠷᠭᠦᠯᠵᠢᠯᠡᠨ ᠪᠡᠬᠢᠵᠢᠭᠦᠯᠵᠦ᠂ ᠲᠦᠷᠦ᠎ᠶᠢᠨ ᠪᠣᠳᠣᠯᠭ᠎ᠠ᠎ᠶᠢ ᠬᠡᠷᠡᠭᠵᠢᠭᠦᠯᠬᠦ ᠶᠠᠪᠤᠴᠠ᠎ᠳᠠᠬᠢ《ᠳᠤᠮᠳᠠᠬᠢ ᠲᠦᠭᠵᠢᠷᠡᠯ》᠂《ᠰᠠᠭᠠᠳ ᠲᠤᠳᠬᠠᠷ》᠎ᠤ᠋ᠨ ᠠᠰᠠᠭᠤᠳᠠᠯ᠎ᠢ ᠪᠦᠲᠦᠮᠵᠢᠲᠡᠢ ᠠᠷᠢᠯᠭᠠᠵᠤ᠂ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢᠨ 《ᠡᠬᠢᠨ᠎ᠦ ᠨᠢᠭᠡ ᠺᠢᠯᠤᠮᠸᠲᠷ》 ᠡᠴᠡ 《ᠡᠴᠦᠰ᠎ᠦᠨ ᠨᠢᠭᠡ ᠺᠢᠯᠤᠮᠸᠲᠷ》 ᠬᠦᠷᠲᠡᠯᠡᠬᠢ ᠭᠦᠢᠴᠡᠳᠬᠡᠬᠦ ᠬᠡᠯᠬᠢᠶ᠎ᠡ᠎ᠶᠢ ᠦᠨᠡᠨ ᠬᠦ᠌ ᠨᠡᠪᠲᠡᠷᠡᠭᠦᠯᠪᠠ ᠃

ᠰᠠᠬᠢᠯᠭ᠎ᠠ ᠪᠠᠲᠤ᠎ᠶᠢᠨ ᠬᠢᠵᠠᠭᠠᠷᠯᠠᠯ᠎ᠤᠨ ᠭᠣᠣᠯᠳᠠᠯᠭ᠎ᠠ ᠨᠢ《ᠡᠮᠦᠨᠡᠬᠢ ᠵᠢ ᠵᠠᠯᠬᠠᠭᠠᠨ ᠬᠣᠢᠨᠠᠬᠢ᠎ᠳᠦ ᠰᠠᠩᠬᠡᠷᠡᠭᠦᠯᠦᠯ ᠪᠤᠯᠭᠠᠬᠤ》ᠳᠡᠭᠡᠷ᠎ᠡ ᠪᠠᠢᠵᠤ᠂ ᠲᠡᠮᠦᠷ ᠮᠡᠲᠦ ᠰᠠᠬᠢᠯᠭ᠎ᠠ ᠪᠠᠲᠤ᠎ᠪᠠᠷ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠳᠦ ᠳᠠᠪᠠᠵᠤ ᠪᠣᠯᠣᠰᠢ ᠦᠭᠡᠢ ᠬᠣᠷᠢᠭ᠎ᠠ ᠱᠤᠭᠤᠮ᠎ᠢ ᠲᠣᠭᠲᠠᠭᠠᠵᠤ᠂ 《ᠬᠣᠶᠠᠷ᠎ᠢ ᠬᠠᠮᠠᠭᠠᠯᠠᠬᠤ》ᠶ᠋ᠢ ᠤᠯᠤᠰ ᠲᠦᠷᠦ᠎ᠶᠢᠨ ᠱᠠᠭᠠᠷᠳᠠᠯᠭ᠎ᠠ᠎ᠠᠴᠠ ᠴᠢᠩᠭ᠎ᠠ ᠬᠢᠵᠠᠭᠠᠷᠯᠠᠯ ᠪᠣᠯᠭᠠᠪᠠ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠬᠢᠯᠭ᠎ᠠ ᠪᠠᠲᠤ᠎ᠶᠢᠨ ᠰᠢᠢᠳᠬᠡᠯ ᠥᠭᠬᠦ ᠳᠦᠷᠢᠮ》 ᠨᠢ ᠲᠣᠭ ᠲᠡᠮᠳᠡᠭ ᠲᠣᠳᠣᠷᠬᠠᠢ᠎ᠪᠠᠷ 《ᠬᠣᠶᠠᠷ᠎ᠢ ᠬᠠᠮᠠᠭᠠᠯᠠᠬᠤ》᠎ᠶ᠋ᠢ ᠬᠠᠮᠤᠭ᠎ᠤᠨ ᠦᠨᠳᠦᠰᠦᠨ ᠤᠯᠤᠰ ᠲᠥᠷᠥ᠎ᠶᠢᠨ ᠰᠠᠬᠢᠯᠭ᠎ᠠ ᠪᠠᠲᠤ ᠪᠠ ᠤᠯᠤᠰ ᠲᠥᠷᠥ᠎ᠶᠢᠨ ᠶᠣᠰᠣ᠌ ᠳᠦᠷᠢᠮ ᠪᠣᠯᠭᠠᠵᠤ᠂ ᠴᠢᠬᠤᠯᠠ ᠶᠡᠬᠡ ᠵᠠᠷᠴᠢᠮ᠎ᠤᠨ ᠠᠰᠠᠭᠤᠳᠠᠯ ᠳᠡᠭᠡᠷ᠎ᠡ ᠨᠠᠮ᠎ᠤᠨ ᠲᠥᠪ ᠬᠣᠷᠢᠶ᠎ᠠ᠎ᠲᠠᠢ ᠨᠢᠭᠡᠳᠦᠯᠲᠡᠢ ᠪᠠᠢᠬᠤ ᠦᠭᠡᠢ᠂ ᠲᠥᠪ ᠬᠣᠷᠢᠶᠠᠨ᠎ᠤ ᠦᠨᠳᠦᠰᠦᠨ ᠲᠦᠷᠦ ᠵᠢᠨ ᠪᠣᠳᠣᠯᠭ᠎ᠠ ᠴᠢᠭᠯᠡᠯᠲᠡ᠎ᠶᠢ ᠳᠤᠷ᠎ᠠ᠎ᠪᠠᠷ ᠵᠢᠡᠨ ᠦᠨᠡᠯᠡᠵᠦ ᠶᠠᠷᠢᠯᠴᠠᠬᠤ᠂《ᠲᠤᠯᠤᠭᠠᠨ ᠪᠠᠢᠬᠤ》ᠵᠡᠷᠭᠡ ᠨᠠᠵᠠᠭᠠᠢ ᠲᠠᠯ᠎ᠠ᠎ᠶᠢᠨ ᠨᠠᠷᠢᠨ ᠲᠠᠩᠰᠠ᠎ᠶᠢ ᠬᠡᠷᠡᠭᠵᠢᠭᠦᠯᠵᠦ᠂ ᠪᠥᠬᠥ ᠨᠠᠮ᠎ᠳᠤ ᠬᠠᠯᠳᠠᠵᠤ ᠪᠣᠯᠬᠤ ᠦᠭᠡᠢ ᠤᠯᠠᠭᠠᠨ ᠱᠤᠭᠤᠮ᠎ᠢ ᠵᠢᠷᠤᠵᠤ ᠥᠭᠴᠡᠢ᠃ ᠲᠣᠭᠲᠠᠭᠠᠯ ᠶᠣᠰᠣᠭᠠᠷ ᠴᠢᠬᠤᠯᠠ ᠶᠡᠬᠡ ᠬᠡᠷᠡᠭ ᠶᠠᠪᠤᠳᠠᠯ᠎ᠢ ᠵᠢᠭᠠᠪᠤᠷᠢ ᠠᠪᠴᠤ ᠮᠡᠳᠡᠭᠦᠯᠬᠦ ᠦᠭᠡᠢ᠂ ᠵᠣᠬᠢᠶᠠᠨ ᠪᠠᠢᠭᠤᠯᠤᠯᠲᠠ᠎ᠶᠢᠨ ᠪᠤᠰᠤ ᠠᠵᠢᠯᠯᠠᠭ᠎ᠠ ᠬᠢᠬᠦ ᠵᠡᠷᠭᠡ ᠦᠢᠯᠡ ᠠᠵᠢᠯᠯᠠᠭ᠎ᠠ᠎ᠶᠢ ᠴᠢᠩᠭ᠎ᠠ ᠪᠠᠢᠴᠠᠭᠠᠨ ᠰᠢᠢᠳᠪᠦᠷᠢᠯᠡᠵᠦ᠂ ᠰᠠᠬᠢᠯᠭ᠎ᠠ ᠪᠠᠲᠤ᠎ᠶᠢᠨ ᠲᠠᠯ᠎ᠠ᠎ᠠᠴᠠ ᠨᠠᠮ᠎ᠤᠨ ᠲᠥᠪ ᠬᠣᠷᠢᠶᠠᠨ᠎ᠤ ᠬᠠᠷᠢᠴᠠᠯᠠᠰᠢ ᠦᠭᠡᠢ ᠡᠷᠬᠡ ᠰᠦᠷ᠎ᠢ ᠪᠠᠲᠤᠯᠠᠪᠠ᠃ ᠡᠭᠦᠨ᠎ᠦ ᠬᠠᠮᠲᠤ᠂ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠬᠡᠷᠡᠭᠵᠢᠭᠦᠯᠬᠦ 《ᠲᠦᠷᠪᠡᠨ ᠵᠦᠢᠯ᠎ᠦᠨ ᠬᠡᠯᠪᠡᠷᠢ ᠪᠠᠢᠳᠠᠯ》᠎ᠢ᠋ ᠭᠦᠨᠵᠡᠭᠡᠢ ᠬᠡᠷᠡᠭᠯᠡᠵᠦ᠂ ᠨᠢᠭᠡᠳᠦᠭᠡᠷ ᠵᠦᠢᠯ᠎ᠦᠨ ᠬᠡᠯᠪᠡᠷᠢ ᠪᠠᠢᠳᠠᠯ᠎ᠢ ᠭᠦᠢᠴᠡᠳ ᠰᠠᠢᠲᠤᠷ ᠬᠡᠷᠡᠭᠯᠡᠵᠦ᠂ ᠲᠣᠭᠣᠷᠢᠨ ᠪᠠᠢᠴᠠᠭᠠᠬᠤ ᠬᠤᠷᠴᠠ ᠰᠡᠯᠡᠮ᠎ᠡ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠢᠨᠠᠯᠲᠠ ᠲᠠᠯᠪᠢᠬᠤ᠎ᠶᠢ ᠴᠢᠩᠭ᠎ᠠ ᠪᠠᠢᠯᠭᠠᠬᠤ᠂ ᠰᠠᠬᠢᠯᠭ᠎ᠠ ᠪᠠᠲᠤ᠎ᠶᠢ ᠴᠢᠩᠭ᠎ᠠ ᠬᠡᠷᠡᠭᠵᠢᠭᠦᠯᠬᠦ᠂ ᠬᠠᠷᠢᠭᠤᠴᠠᠯᠭ᠎ᠠ ᠨᠡᠬᠡᠮᠵᠢᠯᠡᠬᠦ᠎ᠶᠢ ᠴᠢᠩᠭ᠎ᠠ ᠪᠣᠯᠭᠠᠬᠤ᠎ᠶᠢ ᠪᠡᠶᠡᠯᠡᠭᠦᠯᠵᠦ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ ᠺᠠᠳ᠋ᠷ᠎ᠤᠨ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠤᠬᠠᠮᠰᠠᠷ᠎ᠠᠴᠠ᠎ᠪᠠᠨ ᠬᠠᠮᠠᠭᠠᠯᠠᠬᠤ᠎ᠶᠢ ᠬᠡᠳᠡᠷᠬᠦ ᠰᠢᠬᠠᠮᠳᠠᠭᠤᠯᠵᠤ ᠂ ᠨᠠᠮ᠎ᠤᠨ ᠢᠮᠠᠭᠲᠠ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠣᠯᠬᠤ᠎ᠶᠢ ᠦᠨᠡᠨ ᠬᠦ᠌ ᠪᠠᠲᠤᠯᠠᠪᠠ᠃

ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠬᠤ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠳᠤᠮᠳᠠ ᠳ᠋ᠦᠩᠨᠡᠭᠰᠡᠨ ᠤᠯᠤᠰ ᠲᠦᠷᠦ᠎ᠶᠢᠨ ᠲᠤᠷᠰᠢᠯᠭ᠎ᠠ ᠮᠥᠨ᠂ ᠪᠠᠰᠠ ᠴᠤ᠌ ᠰᠢᠨ᠎ᠡ ᠠᠶᠠᠨ᠎ᠳᠤ ᠡᠭᠡᠳᠡᠷᠡᠭᠡᠨ ᠪᠤᠳᠤᠯᠢᠶᠠᠨᠲᠠᠢ ᠪᠠᠢᠳᠠᠯ᠎ᠢ ᠠᠷᠭᠠᠴᠠᠭᠠᠬᠤ ᠬᠠᠮᠤᠭ᠎ᠤᠨ ᠶᠡᠬᠡ ᠤᠯᠤᠰ ᠲᠦᠷᠦ᠎ᠶᠢᠨ ᠢᠲᠡᠭᠡᠯ ᠵᠣᠷᠢᠭ᠋ ᠮᠥᠨ᠃ ᠬᠠᠲᠠᠭᠤ ᠪᠡᠷᠬᠡ ᠨᠠᠷᠢᠨ ᠪᠤᠳᠤᠯᠢᠶᠠᠨᠲᠠᠢ ᠬᠠᠷᠢᠭᠤᠴᠠᠯᠭ᠎ᠠ᠎ᠡᠭᠦᠷᠭᠡ ᠶ᠋ᠢᠨ ᠡᠮᠦᠨ᠎ᠡ᠂ ᠡᠷᠬᠡᠪᠰᠢ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠡᠷᠡᠰ ᠬᠠᠮᠠᠭᠠᠯᠠᠵᠤ᠂ ᠨᠠᠮ᠎ᠤᠨ ᠤᠳᠤᠷᠢᠳᠤᠯᠭ᠎ᠠ᠎ᠶᠢ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠣᠭᠴᠣᠭ᠎ᠠ᠎ᠳᠤ ᠨᠠᠢᠳᠠᠪᠤᠷᠢᠵᠢᠭᠤᠯᠵᠤ᠂ ᠨᠠᠮ᠎ᠢ ᠢᠮᠠᠭᠲᠠ ᠠᠭᠤᠤ ᠦᠢᠯᠡᠰ᠎ᠢ ᠪᠦᠲᠦᠭᠡᠬᠦ ᠬᠠᠮᠤᠭ᠎ᠤᠨ ᠨᠠᠢᠳᠠᠪᠤᠷᠢᠲᠠᠢ ᠲᠦᠰᠢᠭ ᠲᠤᠯᠭᠠᠭᠤᠷᠢ ᠪᠣᠯᠭᠠᠵᠤ᠂ ᠠᠯᠬᠤᠮ ᠨᠢᠭᠡᠲᠡᠢ᠎ᠪᠡᠷ ᠨᠠᠮ ᠪᠣᠯᠣᠨ ᠤᠯᠤᠰ᠎ᠤᠨ ᠠᠵᠢᠯ ᠦᠢᠯᠡᠰ᠎ᠦᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠬᠤ ᠬᠡᠷᠡᠭᠲᠡᠢ᠃

(ᠵᠣᠬᠢᠶᠠᠭ᠍ᠴᠢ ᠵᠢᠨ ᠬᠠᠶᠢᠭ᠄ ᠵᠢᠶᠠᠩᠰᠤ ᠮᠤᠵᠢ᠎ᠶᠢᠨ ᠨᠡᠢᠭᠡᠮ᠎ᠦᠨ ᠰᠢᠨᠵᠢᠯᠡᠬᠦ ᠤᠬᠠᠭᠠᠨ᠎ᠤ ᠬᠢᠨ᠎ᠤ ᠬᠣᠯᠪᠣᠭᠠᠲᠤ ᠬᠤᠷᠠᠯ)

             ᠊᠊᠊᠊᠊᠊ 《ᠰᠢᠨᠬᠤᠸᠠ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号