ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠪᠠᠳᠠᠷᠠᠭᠤᠯᠵᠤ ᠰᠢᠨ᠎ᠡ ᠴᠠᠭ ᠦᠶ᠎ᠡ᠎ᠶᠢᠨ ᠰᠢᠨ᠎ᠡ ᠠᠶᠠᠨ᠎ᠳᠦ ᠡᠷᠡᠮᠡᠬᠡᠢᠯᠡᠨ ᠤᠷᠤᠬᠰᠢᠯᠠᠶ᠎ᠠ
2026-07-24 10:46:59
ᠵᠣᠬᠢᠶᠠᠭ᠍ᠴᠢ᠄
​ ᠼᠠᠢ ᠬᠤᠩ ᠴᠢᠦ ᠢᠦᠢ ᠲᠢᠶᠠᠨ ᠰᠢᠤᠸᠠᠢ ᠸᠧᠶ
ᠣᠩᠱᠢᠭ᠍ᠰᠠᠨ ᠣᠳᠠᠭ᠎ᠠ᠄
★★★☆☆

2026 ᠣᠨ ᠪᠣᠯ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠌ᠨ᠎ᠦ ᠢᠯᠠᠯᠲᠠ ᠣᠯᠤᠭᠰᠠᠨ 90 ᠵᠢᠯ᠎ᠦᠨ ᠤᠢ ᠪᠣᠯᠤᠨ᠎ᠠ᠃ ᠤᠷᠳᠤ ᠵᠠᠮ᠎ᠤᠨ ᠠᠶᠠᠨ ᠲᠠᠢ᠌ᠨ ᠨᠢ ᠳᠤᠮᠳᠠᠳᠤ ᠤᠯᠤᠰ᠎ᠤᠨ ᠬᠤᠪᠢᠰᠬᠠᠯ᠎ᠤᠨ ᠲᠤᠩᠬᠠᠭ ᠪᠢᠴᠢᠭ᠂ ᠤᠬᠠᠭᠤᠯᠬᠤ ᠠᠩᠬᠢ ᠪᠤᠯᠤᠨ ᠦᠷ᠎ᠡ ᠰᠠᠴᠤᠬᠤ ᠮᠠᠰᠢᠨ ᠪᠣᠯᠤᠭᠰᠠᠨ᠎ᠤ ᠬᠤᠪᠢ᠎ᠳᠤ᠂ ᠲᠡᠦᠬᠡ᠎ᠶᠢᠨ ᠴᠤᠤᠷᠢᠶ᠎ᠠ ᠨᠢ ᠴᠠᠭ ᠣᠷᠣᠨ ᠵᠠᠢ᠎ᠶᠢ ᠨᠠᠪᠳᠠᠯᠵᠡᠢ᠃ ᠶᠡᠷᠦᠩᠬᠡᠢ ᠱᠦᠵᠢ ᠰᠢ᠎ᠶᠢᠨ ᠫᠢᠩ᠄ 《ᠤᠷᠳᠤ ᠵᠠᠮ᠎ᠤᠨ ᠠᠶᠠᠨ ᠳᠠᠢ᠌ᠨ ᠭᠡᠬᠦ᠌ ᠡᠨᠡ ᠬᠦ᠌ ᠬᠥᠮᠦᠨ ᠲᠥᠷᠥᠯᠬᠢᠲᠡᠨ᠎ᠦ ᠲᠡᠦᠬᠡᠨ᠎ᠳᠡᠬᠢ ᠠᠭᠤᠤ ᠶᠡᠬᠡ ᠦᠢᠯᠡ ᠠᠵᠢᠯᠯᠠᠭ᠎ᠠ ᠪᠢᠳᠡᠨ᠎ᠳᠦ ᠬᠠᠮᠤᠭ᠎ᠤᠨ ᠡᠷᠬᠢᠮ ᠨᠠᠨᠳᠢᠨ ᠤᠶᠤᠨ ᠰᠠᠨᠠᠭᠠᠨ᠎ᠤ ᠥᠪ ᠬᠦᠷᠦᠩᠬᠡ᠎ᠶᠢ ᠦᠯᠡᠳᠡᠭᠡᠵᠦ᠍ ᠥᠭᠴᠡᠢ᠂ ᠡᠨᠡ ᠨᠢ ᠳᠠᠷᠤᠢ ᠳᠤᠮᠳᠠᠳᠤ ᠤᠯᠤᠰ᠎ᠤᠨ ᠡᠪ ᠬᠠᠮᠲᠤᠴᠤᠳ ᠪᠣᠯᠤᠨ ᠤᠯᠠᠭᠠᠨ ᠴᠡᠷᠢᠭ᠎ᠦᠨ ᠳᠠᠷᠤᠭ᠎ᠠ ᠪᠠᠶ᠋ᠢᠯᠳᠤᠭᠴᠢᠳ᠎ᠤᠨ ᠠᠮᠢ ᠨᠠᠰᠤ ᠪᠣᠯᠤᠨ ᠬᠠᠯᠠᠭᠤᠨ ᠴᠢᠰᠤ᠎ᠪᠠᠷ᠎ᠢᠶᠠᠨ ᠴᠣᠭᠴᠠᠯᠠᠭᠰᠠᠨ ᠠᠭᠤᠤ ᠶᠡᠬᠡ ᠤᠷᠳᠤ ᠵᠠᠮ᠎ᠤᠨ ᠠᠶᠠᠨ ᠳᠠᠢ᠌ᠨ᠎ᠦ ᠵᠣᠷᠢᠭ ᠰᠠᠨᠠᠭ᠎ᠠ ᠪᠣᠯᠤᠨ᠎ᠠ》 ᠭᠡᠵᠦ᠍ ᠵᠢᠭᠠᠵᠤ ᠭᠠᠷᠭᠠᠪᠠ᠃ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ ᠪᠣᠯ ᠳᠠᠷᠤᠢ ᠪᠦᠬᠦ᠌ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶᠢᠨ ᠦᠨᠳᠦᠰᠦᠲᠡᠨ᠎ᠦ ᠦᠨᠳᠦᠰᠦᠨ ᠠᠰᠢᠭ ᠲᠤᠰᠠ᠎ᠶᠢ ᠠᠯᠢᠪᠠ᠎ᠠᠴᠠ  ᠡᠷᠬᠢᠮ ᠦᠵᠡᠵᠦ᠍᠂ ᠬᠤᠪᠢᠰᠬᠠᠯ᠎ᠤᠨ ᠬᠦᠰᠡᠯᠡᠩ ᠪᠣᠯᠤᠨ ᠢᠲᠡᠭᠡᠯ ᠪᠢᠰᠢᠷᠡᠯ᠎ᠢᠶᠡᠨ ᠪᠠᠲᠤᠳᠬᠠᠵᠤ᠂ ᠰᠢᠳᠤᠷᠭᠤ ᠶᠣᠰᠣᠨ᠎ᠤ ᠦᠢᠯᠡᠰ᠎ᠦᠨ ᠵᠠᠶ᠋ᠢᠯᠠᠰᠢ ᠦᠭᠡᠢ ᠢᠯᠠᠯᠲᠠ ᠤᠯᠬᠤ᠎ᠶᠢ ᠪᠠᠲᠤ᠌ ᠢᠲᠡᠭᠡᠬᠦ᠌ ᠵᠣᠷᠢᠭ ᠰᠠᠨᠠᠭ᠎ᠠ ᠪᠣᠯᠤᠨ᠎ᠠ; ᠳᠠᠷᠤᠶ ᠤᠯᠤᠰ᠎ᠢᠶᠠᠨ ᠠᠪᠤᠷᠠᠵᠤ ᠠᠷᠠᠳ᠎ᠢᠶᠠᠨ ᠠᠪᠤᠷᠠᠬᠤ᠎ᠶᠢᠨ ᠲᠥᠯᠥᠭᠡ᠂ ᠶᠠᠮᠠᠷᠪᠠ ᠬᠦᠴᠢᠷ ᠪᠡᠷᠬᠡᠰᠢᠶᠡᠯ ᠬᠠᠷᠰᠢ ᠰᠠᠭᠠᠳ᠎ᠠᠴᠠ ᠠᠶᠤᠬᠤ ᠦᠭᠡᠢ᠂ ᠠᠯᠢᠪᠠ ᠦᠷᠡᠭᠳᠡᠯ ᠰᠦᠢᠳᠦᠯ ᠎ᠢ ᠬᠠᠢᠬᠤᠷᠬᠤ ᠦᠭᠡᠢ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠮᠥᠨ; ᠳᠠᠷᠤᠶ ᠪᠡᠶ᠎ᠡ᠎ᠪᠡᠨ ᠳᠠᠭᠠᠭᠠᠵᠤ ᠡᠵᠡᠨ ᠮᠡᠳᠡᠬᠦ᠂ ᠦᠨᠡᠨ᠎ᠡᠴᠡ ᠵᠥᠪ᠎ᠢ ᠡᠷᠢᠬᠦ᠂ ᠠᠯᠢᠪᠠ ᠪᠦᠬᠦᠠ᠎ᠳᠦ ᠪᠤᠳᠠᠳᠠᠢ ᠡᠴᠡ ᠡᠭᠦᠰᠭᠦ ᠵᠣᠷᠢᠭ ᠰᠠᠨᠠᠭ᠎ᠠ᠎ᠶᠢ ᠪᠠᠷᠢᠮᠲᠠᠯᠠᠨ᠎ᠠ; ᠳᠠᠷᠤᠶ ᠪᠦᠬᠦ᠌ ᠲᠠᠯ᠎ᠠ᠎ᠶᠢ ᠪᠤᠳᠤᠯᠬᠢᠯᠠᠬᠤ᠂ ᠰᠠᠬᠢᠯᠭ᠎ᠠ ᠪᠠᠲᠤ᠎ᠶᠢ ᠴᠢᠩᠭ᠎ᠠ ᠰᠠᠬᠢᠬᠤ᠂ ᠨᠢᠭᠲᠠᠷᠠᠨ ᠪᠦᠯᠬᠦᠮᠳᠡᠬᠦ᠌ ᠵᠣᠷᠢᠭ ᠰᠠᠨᠠᠭ᠎ᠠ ᠮᠥᠨ; ᠳᠠᠷᠤᠶ ᠠᠷᠠᠳ ᠤᠯᠡᠠ᠎ᠢ ᠲᠦᠰᠢᠭᠯᠡᠵᠦ᠍᠂ ᠠᠷᠠᠳ ᠲᠦᠮᠡᠨ᠎ᠲᠠᠶ ᠦᠬᠦᠵᠦ᠍ ᠰᠡᠭᠡᠬᠦ᠌᠎ᠪᠡᠨ ᠬᠣᠯᠪᠣᠵᠤ᠂ ᠵᠣᠪᠠᠭᠤᠷᠢ ᠵᠦᠳᠡᠭᠦᠷᠢ᠎ᠪᠡᠨ ᠬᠠᠮᠲᠤᠳᠬᠠᠨ᠂ ᠲᠡᠰᠪᠦᠷᠢ ᠬᠠᠲᠠᠭᠤᠵᠢᠯᠲᠠᠶ᠎ᠪᠠᠷ ᠲᠡᠮᠡᠴᠡᠬᠦ᠌ ᠵᠣᠷᠢᠭ ᠰᠠᠨᠠᠭ᠎ᠠ ᠮᠥᠨ᠃ ᠰᠢᠨ᠎ᠡ ᠴᠠᠭ ᠦᠶ᠎ᠡ᠎ᠳᠦ᠂ ᠥᠪᠥᠷ ᠮᠣᠩᠭᠣᠯ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠪᠠᠳᠠᠷᠠᠭᠤᠯᠵᠤ᠂ ᠬᠤᠪᠢᠰᠬᠠᠯ᠎ᠤᠨ ᠭᠸᠨ᠎ᠢ ᠥᠪᠥᠷ ᠮᠣᠩᠭᠣᠯ᠎ᠳᠤ ᠦᠨᠳᠦᠰᠦᠯᠡᠭᠦᠯᠦᠨ ᠦᠢᠯᠡᠳᠦᠯᠭᠡᠵᠢᠭᠦᠯᠵᠦ᠂ ᠥᠨᠢ ᠡᠭᠦᠷᠢᠳᠡ ᠤᠯᠠᠮᠵᠢᠯᠠᠬᠤ ᠬᠡᠷᠡᠭᠲᠡᠢ᠃

ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠪᠠᠳᠠᠷᠠᠭᠤᠯᠬᠤ᠎ᠳᠤ ᠬᠤᠪᠢᠰᠬᠠᠯ᠎ᠤᠨ ᠰᠣᠶᠣᠯ᠎ᠤᠨ ᠡᠬᠢ ᠪᠠᠶᠠᠯᠢᠭ᠎ᠢ ᠠᠮᠢᠳᠤᠯᠢᠬᠵᠢᠭᠤᠯᠵᠤ᠂ ᠥᠪᠥᠷ ᠮᠣᠩᠭᠣᠯ ᠤᠷᠤᠨ ᠳ᠋ᠤ ᠬᠤᠪᠢᠰᠬᠠᠯᠳᠤ ᠰᠤᠶᠤᠯ᠎ᠢ  ᠤᠢᠯᠠᠭᠠᠵᠤ ᠮᠡᠳᠡᠷᠡᠭᠦ ᠲᠦᠷᠦᠭᠳᠡᠯ᠎ᠲᠡᠶ ᠪᠤᠯᠭᠠᠨ᠎ᠠ

ᠥᠪᠥᠷ ᠮᠣᠩᠭᠣᠯ ᠨᠢ ᠬᠤᠪᠢᠰᠬᠠᠯ᠎ᠤᠨ ᠬᠠᠯᠠᠭᠤᠨ ᠬᠥᠷᠥᠰᠥ᠍ ᠪᠣᠯᠤᠭᠰᠠᠨ᠎ᠤ ᠬᠤᠪᠢ᠎ᠳᠤ᠂ ᠲᠠᠯᠠᠨ ᠬᠠᠷ᠎ᠠ ᠠᠭᠤᠯᠠ᠎ᠶᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠲᠠᠢᠨ᠎ᠤ ᠰᠠᠭᠤᠷᠢᠨ ᠭᠠᠵᠠᠷ᠎ᠤᠨ ᠬᠠᠭᠤᠴᠢᠨ ᠪᠠᠭᠤᠷᠢ᠂ ᠶᠠᠫᠣᠨ᠎ᠢ ᠡᠰᠡᠷᠭᠦᠴᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠰᠦᠮ᠎ᠡ᠂ ᠦᠷᠡᠭᠳᠡᠭᠰᠡᠨ ᠪᠠᠭᠠᠲᠤᠷᠴᠤᠳ᠎ᠤᠨ ᠳᠤᠷᠠᠰᠬᠠᠯ᠎ᠤᠨ ᠣᠷᠳᠣᠨ ᠵᠡᠷᠭᠡ ᠡᠯᠪᠡᠭ ᠪᠠᠶᠠᠯᠢᠭ ᠬᠤᠪᠢᠰᠬᠠᠯ᠎ᠤᠨ ᠰᠣᠶᠣᠯ᠎ᠤᠨ ᠡᠬᠢ ᠪᠠᠶᠠᠯᠢᠭ᠎ᠲᠠᠶ᠂ ᠡᠨᠡ ᠪᠣᠯ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠤᠯᠠᠮᠵᠢᠯᠠᠬᠤ ᠴᠢᠬᠤᠯᠠ ᠠᠴᠢᠶᠠᠯᠠᠪᠤᠷᠢ ᠪᠣᠯᠤᠨ᠎ᠠ᠃ ᠤᠷᠳᠤ ᠵᠠᠮ᠎ᠤᠨ ᠠᠶᠠᠨ ᠲᠠᠢ᠌ᠨ᠎ᠳᠦ᠂ ᠤᠯᠠᠭᠠᠨ ᠴᠡᠷᠢᠭ ᠮᠢᠶᠣᠣ᠂ ᠶᠣᠣ᠂ ᠲᠥᠪᠡᠳ᠂ ᠴᠢᠶᠠᠩ ᠵᠡᠷᠭᠡ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠣᠷᠣᠨ᠎ᠢᠶᠠᠷ ᠥᠩᠭᠡᠷᠡᠵᠦ᠍᠂ ᠭᠤᠷᠪᠠᠨ ᠰᠠᠬᠢᠯᠭ᠎ᠠ ᠨᠠᠢ᠍ᠮᠠᠨ ᠠᠩᠬᠠᠷᠤᠯ᠎ᠢ ᠴᠢᠩᠭ᠎ᠠ ᠰᠠᠬᠢᠵᠤ᠂ ᠤᠯᠠᠨ ᠲᠦᠮᠡᠨ᠎ᠦ ᠰᠡᠲᠡᠷᠬᠡᠶ ᠵᠡᠭᠦᠦ ᠲᠠᠰᠤᠷᠬᠠᠶ ᠤᠲᠠᠰᠤ᠎ᠶᠢ ᠴᠤ᠌ ᠠᠪᠬᠤ ᠦᠭᠡᠢ᠎ᠪᠡᠷ ᠭᠠᠨᠽᠢ ᠳ᠋ᠤ ᠲᠥᠪᠡᠳ ᠦᠨᠳᠦᠰᠦᠲᠡᠨ᠎ᠦ ᠠᠬ᠎ᠠ ᠳᠡᠭᠦᠦ᠎ᠨᠡᠷ᠎ᠲᠡᠶ ᠴᠡᠷᠢᠭ ᠠᠷᠠᠳ᠎ᠤᠨ ᠭᠦᠨ ᠵᠤᠵᠠᠭᠠᠨ ᠬᠠᠶ᠋ᠢᠷ᠎ᠠ ᠰᠡᠳᠬᠢᠯᠭᠡ᠎ᠲᠡᠶ ᠪᠤᠯᠵᠤ᠂ ᠲᠥᠪᠡᠳ ᠦᠨᠳᠦᠰᠦᠲᠡᠨ᠎ᠦ ᠤᠯᠠᠨ ᠲᠦᠮᠡᠨ᠎ᠳᠦ ᠤᠰᠤᠨ ᠰᠤᠪᠠᠭ ᠵᠠᠰᠠᠵᠤ᠂ ᠠᠮᠤ ᠪᠤᠳᠠᠭ᠎ᠠ ᠬᠤᠪᠢᠶᠠᠨ ᠥᠭᠴᠦ᠍᠂ ᠪᠠᠰᠠ ᠮᠤᠷᠢᠨ ᠨᠢᠷᠤᠭᠤᠨ ᠳᠡᠭᠡᠷᠡᠬᠢ ᠬᠢᠴᠢᠶᠡᠯ᠎ᠦᠨ ᠲᠠᠩᠬᠢᠮ᠎ᠢᠶᠠᠷ ᠬᠤᠪᠢᠰᠬᠠᠯ᠎ᠤᠨ ᠤᠢ᠌ᠯᠠᠭᠠᠭᠳᠠᠬᠤᠨ᠎ᠢ ᠤᠯᠠᠮᠵᠢᠯᠠᠵᠤ᠂ ᠪᠣᠳᠠᠲᠤ᠌ ᠠᠵᠢᠯᠯᠠᠭ᠎ᠠ᠎ᠪᠠᠷ᠎ᠢᠶᠠᠨ ᠦᠨᠳᠦᠰᠦᠲᠡᠨ᠎ᠦ ᠨᠢᠬᠳᠠᠷᠠᠯ᠎ᠢ ᠲᠠᠶ᠋ᠢᠯᠪᠤᠷᠢᠯᠠᠪᠠ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠲᠡᠶ ᠵᠢᠷᠭᠠᠯ ᠵᠣᠪᠠᠯᠠᠩ᠎ᠢᠶᠠᠨ ᠬᠠᠮᠲᠤᠳᠬᠠᠭᠰᠠᠨ ᠡᠨᠡ ᠬᠦ᠌ ᠤᠭ ᠰᠠᠨᠠᠭ᠎ᠠ ᠨᠢ ᠥᠪᠥᠷ ᠮᠣᠩᠭᠣᠯ᠎ᠤᠨ ᠬᠤᠪᠢᠰᠬᠠᠯ᠎ᠤᠨ ᠳᠤᠷᠠᠰᠤᠮᠵᠢ᠎ᠲᠠᠶ ᠤᠳᠤᠮ ᠤᠯᠠᠮᠵᠢᠯᠠᠯ ᠨᠢᠭᠡᠲᠡᠢ ᠶᠤᠮ᠃ ᠰᠢᠨ᠎ᠡ ᠴᠠᠭ ᠦᠶ᠎ᠡ᠎ᠳᠦ᠂ ᠬᠤᠪᠢᠰᠬᠠᠯ᠎ᠤᠨ ᠰᠠᠭᠤᠷᠢᠨ ᠭᠠᠵᠠᠷ᠎ᠢ ᠬᠦᠢᠴᠡᠳ ᠠᠰᠢᠭᠯᠠᠵᠤ᠂ ᠪᠣᠳᠠᠲᠤ᠌ ᠦᠵᠡᠮᠵᠢ᠎ᠶᠢᠨ ᠵᠢᠭᠠᠨ ᠰᠤᠷᠭᠠᠯᠲᠠ᠎ᠶᠢᠨ ᠰᠠᠭᠤᠷᠢᠨ᠎ᠢ ᠰᠢᠰᠲ᠋ᠧᠮ ᠲᠠᠢ ᠪᠠᠶ᠋ᠢᠭᠤᠯᠵᠤ᠂ ᠦᠨᠳᠦᠰᠦᠲᠡᠨ᠎ᠦ ᠣᠷᠣᠨ᠎ᠤ ᠣᠨᠴᠠᠯᠢᠭ᠎ᠲᠠᠶ ᠤᠶᠠᠯᠳᠤᠭᠤᠯᠤᠨ ᠬᠤᠪᠢᠰᠬᠠᠯ᠎ᠤᠨ ᠦᠯᠢᠭᠡᠷ᠎ᠢ ᠳᠡᠯᠭᠡᠷᠡᠭᠦᠯᠵᠦ᠍᠂ ᠬᠤᠪᠢᠰᠬᠠᠯ᠎ᠤᠨ ᠡᠬᠢ ᠪᠠᠶᠠᠯᠢᠭ᠎ᠢ ᠲᠤᠬᠠᠢ᠎ᠶᠢᠨ ᠭᠠᠵᠠᠷ᠎ᠤᠨ ᠤᠯᠠᠨ ᠲᠦᠮᠡᠨ᠎ᠦ ᠲᠠᠨᠢᠨ ᠮᠡᠳᠡᠷᠡᠬᠦᠢ ᠪᠠ ᠰᠣᠶᠣᠯ᠎ᠤᠨ ᠮᠡᠳᠡᠷᠡᠮᠵᠢ᠎ᠲᠡᠶ ᠵᠣᠬᠢᠴᠠᠭᠤᠯᠵᠤ᠂ ᠬᠤᠪᠢᠰᠬᠠᠯ᠎ᠤᠨ ᠭᠸᠨ᠎ᠢ ᠦᠪᠦᠷ ᠮᠤᠩᠭᠤᠯ ᠳ᠋ᠤ ᠭᠦᠨ ᠦᠨᠳᠦᠰᠦᠯᠡᠭᠦᠯᠵᠦ᠍᠂ ᠦᠶ᠎ᠡ᠎ᠶᠢᠨ ᠦᠶ᠎ᠡ᠎ᠳᠦ ᠤᠯᠠᠮᠵᠢᠯᠠᠬᠤ ᠬᠡᠷᠡᠭᠲᠡᠢ ᠃

ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠪᠠᠳᠠᠷᠠᠭᠤᠯᠬᠤ᠎ᠳᠤ ᠵᠠᠯᠠᠭᠤᠴᠤᠳ ᠪᠠᠭᠠᠴᠤᠳ᠎ᠢ ᠬᠥᠮᠦᠵᠢᠭᠦᠯᠬᠦ᠌᠎ᠳᠦ ᠠᠩᠬᠠᠷᠤᠯ ᠲᠥᠪᠯᠡᠷᠡᠭᠦᠯᠵᠦ᠍ ᠦᠶ᠎ᠡ᠎ᠶᠢᠨ ᠦᠶ᠎ᠡ ᠤᠯᠠᠮᠵᠢᠯᠠᠨ ᠵᠠᠯᠭᠠᠮᠵᠢᠯᠠᠨ᠎ᠠ

ᠵᠠᠯᠠᠭᠤᠴᠤᠳ ᠪᠠᠭᠠᠴᠤᠳ ᠪᠣᠯ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠌ ᠰᠢᠨ᠎ᠡ ᠬᠦᠴᠦᠨ ᠪᠠ ᠲᠤᠯᠭᠠᠭᠤᠷᠢ ᠬᠦᠴᠦᠨ ᠮᠥᠨ᠂ ᠨᠡᠩ ᠴᠤ᠌ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭᠠᠨ᠎ᠤ ᠵᠠᠯᠭᠠᠮᠵᠢᠯᠠᠭᠴᠢ ᠪᠠ ᠦᠢᠯᠡᠳᠦᠯᠭᠡᠵᠢᠭᠦᠯᠦᠭᠴᠢ ᠮᠥᠨ᠃ ᠵᠠᠯᠠᠭᠤᠴᠤᠳ ᠪᠠᠭᠠᠴᠤᠳ᠎ᠤᠨ ᠤᠶᠤᠨ ᠰᠠᠨᠠᠭᠠᠨ᠎ᠤ ᠬᠥᠮᠦᠵᠢᠯ᠎ᠢ ᠰᠠᠶ᠋ᠢᠲᠤᠷ ᠠᠳᠬᠤᠬᠤ ᠨᠢ ᠳᠠᠷᠤᠢ ᠰᠢᠨ᠎ᠡ ᠴᠠᠭ ᠦᠶ᠎ᠡ᠎ᠶᠢᠨ ᠰᠢᠨ᠎ᠡ ᠠᠶᠠᠨ ᠎ᠦ ᠢᠷᠡᠭᠡᠳᠦᠢ᠎ᠶᠢ ᠰᠠᠢᠳᠤᠷ ᠪᠠᠷᠠᠯᠠᠬᠰᠠᠨ ᠶᠠᠪᠤᠳᠠᠯ ᠪᠣᠯᠤᠨ᠎ᠠ᠃ ᠤᠷᠳᠤ ᠵᠠᠮ᠎ᠤᠨ ᠠᠶᠠᠨ ᠲᠠᠢ᠌ᠨ᠎ᠳᠦ᠂ ᠲᠣᠭ᠎ᠠ ᠲᠣᠮᠰᠢ ᠦᠭᠡᠢ ᠵᠠᠯᠠᠭᠤ ᠤᠯᠠᠭᠠᠨ ᠴᠡᠷᠢᠭ᠎ᠦᠨ ᠪᠠᠶ᠋ᠢᠯᠳᠤᠭᠴᠢᠳ ᠡᠪᠡᠰᠦᠨ ᠱᠠᠬᠠᠢ ᠡᠮᠦᠰᠦᠨ ᠫᠤᠤ ᠵᠡᠪᠰᠡᠭ ᠡᠭᠦᠷᠴᠦ᠍᠂ ᠯᠦ᠍ ᠳ᠋ᠢᠩ ᠴᠢᠶᠣᠤ ᠬᠥᠭᠥᠷᠭᠡ᠎ᠶᠢ ᠪᠤᠯᠢᠶᠠᠨ ᠠᠪᠬᠤ ᠳ᠋ᠤ ᠲᠡᠮᠦᠷ ᠭᠢᠨᠵᠢᠨ ᠳᠡᠭᠡᠭᠦᠷ ᠡᠷᠡᠯᠬᠡᠭᠯᠡᠨ ᠤᠷᠤᠭᠰᠢᠯᠠᠵᠤ᠂ ᠡᠪᠡᠰᠦᠨ ᠦᠨᠳᠦᠰᠦ ᠮᠣᠳᠣᠨ᠎ᠤ ᠬᠠᠯᠢᠰᠤ᠎ᠪᠠᠷ ᠦᠯ ᠳᠠᠷᠤᠵᠤ ᠪᠠᠢᠬᠰᠠᠨ᠎ᠴᠤ ᠢᠮᠠᠭᠲᠠ ᠬᠦᠰᠡᠯᠡᠩ᠎ᠢᠶᠡᠨ ᠪᠠᠲᠤ᠌ ᠰᠠᠬᠢᠵᠤ᠂ ᠬᠠᠯᠠᠭᠤᠨ ᠴᠢᠰᠤ ᠪᠦᠯᠢᠶᠠᠨ ᠠᠮᠢ ᠪᠡᠷ ᠵᠢᠡᠨ ᠡᠬᠦᠷᠭᠡ ᠬᠠᠷᠢᠭᠤᠴᠠᠯᠭ᠎ᠠ ᠪᠣᠯᠤᠨ ᠢᠲᠡᠭᠡᠯ ᠪᠢᠰᠢᠷᠡᠯ᠎ᠢᠶᠡᠨ ᠲᠠᠶ᠋ᠢᠯᠪᠤᠷᠢᠯᠠᠵᠤ ᠪᠠᠶ᠋ᠢᠯ᠎ᠠ᠃ ᠰᠢᠨ᠎ᠡ ᠴᠠᠭ ᠦᠶ᠎ᠡ᠎ᠳᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠴᠤᠭᠴᠠᠯᠠᠬᠤ ᠎ᠪᠠᠷ ᠭᠣᠣᠯᠳᠠᠯᠭ᠎ᠠ ᠪᠣᠯᠭᠠᠵᠤ᠂ 《ᠪᠢᠴᠢᠬᠠᠨ ᠬᠤᠪᠢᠰᠬᠠᠯ᠎ᠤᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ》᠎ᠢ᠋ ᠪᠠᠶ᠋ᠢᠭᠤᠯᠵᠤ᠂ ᠠᠬᠠᠮᠠᠳ ᠨᠠᠮ᠎ᠤᠨ ᠭᠡᠰᠢᠭᠦᠨ᠂ ᠬᠤᠪᠢᠰᠬᠠᠯ᠎ᠤᠨ ᠬᠣᠶ᠋ᠢᠴᠢ ᠦᠶ᠎ᠡ᠎ᠶᠢᠨ ᠬᠢᠨ᠎ᠢ ᠤᠷᠢᠨ ᠪᠣᠯᠪᠠᠰᠤᠷᠠᠯ ᠥᠷᠨᠢᠭᠦᠯᠵᠦ᠍᠂ ᠵᠠᠯᠠᠭᠤᠴᠤᠳ ᠪᠠᠭᠠᠴᠤᠳ᠎ᠢ ᠬᠤᠪᠢᠰᠬᠠᠯ᠎ᠤᠨ ᠦᠯᠢᠭᠡᠷ᠎ᠦᠨ ᠲᠠᠶ᠋ᠢᠯᠪᠤᠷᠢᠯᠠᠭᠴᠢ᠂ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭᠠᠨ᠎ᠤ ᠤᠯᠠᠮᠵᠢᠯᠠᠭᠴᠢ ᠪᠣᠯᠭᠠᠬᠤ ᠬᠡᠷᠡᠭᠲᠡᠢ᠃ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠳᠦ ᠠᠭᠤᠰᠤᠯᠴᠠᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠦᠢᠯᠡᠳᠦᠯᠭᠡ᠎ᠶᠢ ᠪᠠᠶᠠᠯᠢᠭᠵᠢᠭᠤᠯᠦᠨ᠂ ᠵᠠᠯᠠᠭᠤᠴᠤᠳ ᠪᠠᠭᠠᠴᠤᠳ᠎ᠤᠨ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠪᠠᠷ ᠦᠰᠦᠨ ᠪᠣᠶ᠋ᠢᠵᠢᠯᠳᠠ ᠵᠢᠨ ᠬᠥᠳᠡᠯᠭᠡᠬᠦ᠌ ᠬᠦᠴᠦᠨ ᠪᠤᠯᠭᠠᠵᠤ᠂ ᠦᠨᠳᠦᠰᠦᠲᠡᠨ᠎ᠦ ᠠᠭᠤᠤ ᠶᠡᠭᠡ ᠰᠡᠷᠭᠦᠨ ᠮᠠᠨᠳᠤᠯᠲᠠ᠎ᠶᠢᠨ  ᠡᠭᠦᠷᠭᠡ᠎ᠶᠢ ᠡᠭᠦᠷᠭᠡᠯᠡᠬᠦ᠌ ᠴᠠᠭ ᠦᠶ᠎ᠡ᠎ᠶᠢᠨ ᠰᠢᠨ᠎ᠡ ᠬᠥᠮᠦᠨ ᠪᠣᠯᠭᠠᠨ ᠪᠣᠶ᠋ᠢᠵᠢᠭᠤᠯᠬᠤ ᠬᠡᠷᠡᠭᠳᠡᠢ᠃

ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠪᠠᠳᠠᠷᠠᠭᠤᠯᠬᠤ᠎ᠳᠤ ᠣᠷᠣᠨ ᠪᠦᠰᠡ᠎ᠶᠢᠨ ᠪᠠᠶ᠋ᠢᠯᠳᠤᠬᠤ ᠪᠤᠳᠤᠯᠭ᠎ᠠ᠎ᠶᠢ ᠲᠣᠭᠲᠠᠭᠠᠵᠤ ᠪᠣᠳᠠᠲᠠᠢ ᠠᠵᠢᠯᠯᠠᠭ᠎ᠠ ᠳᠤᠮᠳᠠ ᠪᠠᠨ ᠠᠮᠵᠢᠯᠲᠠ ᠪᠦᠲᠦᠮᠵᠢ ᠭᠠᠷᠭᠠᠨ᠎

ᠰᠢᠨ᠎ᠡ ᠴᠠᠭ ᠦᠶ᠎ᠡ᠎ᠶᠢᠨ ᠰᠢᠨ᠎ᠡ ᠠᠶᠠᠨ᠎ᠤ ᠵᠠᠮ᠎ᠢᠶᠠᠷ ᠰᠠᠶ᠋ᠢᠲᠤᠷ ᠵᠠᠮᠨᠠᠬᠤ᠎ᠶᠢᠨ ᠵᠠᠩᠭᠢᠯᠠᠭ᠎ᠠ ᠨᠢ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭᠠᠨ᠎ᠤ ᠴᠥᠮ᠎ᠡ᠎ᠶᠢ ᠬᠥᠭᠵᠢᠯᠲᠡ᠎ᠶᠢ ᠠᠬᠢᠭᠤᠯᠬᠤ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠬᠤ᠎ᠳᠦ ᠪᠤᠢ᠃ ᠤᠷᠳᠤ ᠵᠠᠮ᠎ᠤᠨ ᠠᠶᠠᠨ ᠲᠠᠢ᠌ᠨ᠎ᠦ ᠳᠤᠮᠳᠠ ᠤᠯᠠᠭᠠᠨ ᠴᠡᠷᠢᠭ ᠬᠡᠳᠦᠨ ᠠᠷᠪᠠᠨ ᠲᠦᠮᠡᠨ ᠳᠠᠶ᠋ᠢᠰᠤᠨ᠎ᠤ ᠴᠡᠷᠢᠭ᠎ᠦᠨ ᠪᠦᠰᠡᠯᠡᠨ ᠨᠡᠬᠡᠮᠵᠢᠯᠠᠯᠳᠠ ᠵᠢᠨ ᠡᠮᠦᠨ᠎ᠠ᠂ ᠦᠯᠦᠰᠬᠦᠯᠡᠩ ᠭᠠᠴᠢᠭ ᠲᠠᠢ ᠲᠡᠮᠡᠴᠡᠨ ᠬᠦᠴᠢᠷ ᠪᠡᠷᠬᠡᠰᠢᠶᠡᠯ᠎ᠡᠴᠡ ᠠᠶᠤᠬᠤ ᠦᠭᠡᠢ᠂ ᠰᠢᠨᠲᠠᠷᠠᠰᠢ ᠦᠭᠡᠢ ᠬᠠᠳᠠᠨ ᠵᠣᠷᠢᠭ᠎ᠢᠶᠠᠷ ᠴᠠᠰᠤᠲᠤ᠌ ᠠᠭᠤᠯᠠ᠎ᠶᠢ ᠳᠠᠪᠠᠵᠤ᠂ ᠡᠪᠡᠰᠦᠲᠦ᠍ ᠲᠠᠯ᠎ᠠ᠎ᠶᠢ ᠲᠤᠭᠤᠯᠦᠨ᠂ ᠭᠣᠣᠯ ᠮᠥᠷᠡᠨ᠎ᠢ ᠭᠠᠲᠤᠯᠵᠤ᠂ ᠮᠤᠬᠤᠷᠳᠠᠯ᠎ᠤᠨ ᠳᠤᠮᠳᠠ᠎ᠠᠴᠠ ᠠᠮᠢᠳᠤᠷᠠᠬᠤ ᠵᠠᠮ᠎ᠢᠶᠠᠨ ᠤᠯᠵᠠᠢ; ᠨᠡᠩ ᠴᠤ᠌ ᠦᠨᠡᠨ᠎ᠡᠴᠡ ᠵᠥᠪ᠎ᠢ ᠡᠷᠢᠬᠦ᠌᠎ᠶᠢ ᠪᠠᠷᠢᠮᠲᠠᠯᠠᠵᠤ᠂ ᠤᠯᠠᠨ ᠲᠦᠮᠡᠨ᠎ᠦ ᠤᠶᠤᠨ ᠤᠬᠠᠭᠠᠨ᠎ᠳᠤ ᠲᠦᠰᠢᠭᠯᠡᠵᠦ᠍᠂ ᠰᠸᠴᠤᠸᠠᠨ ᠶᠦᠨᠨᠠᠨ ᠭᠦᠢᠵᠧᠦ᠎ᠶᠢᠨ ᠤᠯᠠᠨ ᠠᠶ᠋ᠢᠯ ᠲᠣᠰᠬᠣᠨ ᠎ᠳᠦ ᠬᠦᠷᠴᠦ᠍᠂ ᠤᠯᠠᠨ ᠲᠦᠮᠡᠨ᠎ᠲᠡᠶ ᠵᠢᠷᠭᠠᠯ ᠵᠣᠪᠠᠯᠠᠩ᠎ᠢᠶᠠᠨ ᠬᠠᠮᠲᠤᠳᠬᠠᠨ᠂ ᠠᠷᠠᠳ ᠤᠯᠠᠨ᠎ᠤ ᠬᠦᠷᠢᠶᠡᠯᠡᠯ ᠳᠡᠮᠵᠢᠯᠭᠡ᠎ᠶᠢ ᠣᠯᠵᠤ᠂ ᠬᠤᠪᠢᠰᠬᠠᠯ᠎ᠤᠨ ᠤᠴᠢ᠎ᠶᠢ ᠤᠯᠠᠨ ᠭᠠᠵᠠᠷ᠎ᠲᠤ᠌ ᠲᠦᠷᠡᠯᠵᠡᠭᠦᠯᠵᠦ ᠪᠢᠯᠡ᠃ ᠰᠢᠨ᠎ᠡ ᠴᠠᠭ ᠦᠶ᠎ᠡ᠎ᠳᠦ᠂ ᠦᠪᠦᠷ ᠮᠤᠩᠭᠤᠯ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭᠠᠨ᠎ᠤ ᠤᠶᠠᠨ ᠬᠠᠳᠠᠨ ᠴᠢᠨᠠᠷ᠎ᠢ ᠦᠪᠡᠷᠳᠡᠭᠡᠨ ᠵᠠᠰᠠᠬᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠳᠠ ᠵᠢ ᠨᠠᠢᠳᠠᠪᠤᠷᠢᠵᠢᠭᠤᠯᠬᠤ ᠢᠳᠡᠭᠡᠯ ᠵᠤᠷᠢᠭ ᠪᠤᠯᠭᠠᠨ ᠬᠤᠪᠢᠷᠠᠭᠤᠯᠵᠤ᠂ ᠠᠮᠢ ᠠᠬᠤᠢ᠎ᠶᠢᠨ ᠬᠠᠮᠠᠭᠠᠯᠠᠯᠲᠠ᠎ᠶᠢᠨ ᠪᠠᠲᠤ᠌ ᠴᠢᠩᠭ᠎ᠠ ᠬᠦᠴᠦᠨ ᠪᠣᠯᠭᠠᠨ ᠬᠤᠪᠢᠷᠠᠭᠤᠯᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ᠎ᠶᠢ ᠵᠠᠰᠠᠬᠤ᠂ ᠨᠤᠲᠤᠭ ᠪᠡᠯᠴᠢᠭᠡᠷ᠎ᠢ ᠵᠠᠰᠠᠨ ᠠᠮᠢ ᠠᠬᠤᠢ ᠵᠢ ᠰᠡᠷᠭᠦᠭᠡᠬᠦ᠌ ᠡᠮᠦᠨ᠎ᠡ ᠹᠷᠣᠨᠲ᠎ᠲᠤ᠌ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠮᠠᠨ᠎ᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠳᠤ ᠴᠤᠬᠴᠠᠯᠠᠬᠤ ᠬᠡᠷᠡᠭᠳᠡᠢ᠃ ᠪᠠᠰᠠ 《ᠬᠣᠶᠠᠷ ᠬᠠᠯᠬᠠᠪᠴᠢ ᠂ ᠬᠣᠶᠠᠷ ᠰᠠᠭᠤᠷᠢᠨ ᠂ ᠨᠢᠭᠡ ᠪᠡᠬᠢᠯᠡᠯᠲᠡ 》 ᠵᠢᠨ ᠪᠠᠶ᠋ᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠶᠢ ᠴᠢᠩᠭ᠎ᠠ ᠠᠳᠬᠤᠵᠤ᠂ ᠤᠮᠠᠷᠠᠲᠤ᠌ ᠬᠢᠯᠢ᠎ᠶᠢᠨ ᠬᠥᠭᠵᠢᠯᠲᠡ᠎ᠳᠦ ᠬᠡᠷᠡᠯ ᠭᠢᠯᠪᠠᠭ᠎ᠠ᠎ᠪᠠᠨ ᠰᠠᠴᠤᠷᠠᠭᠤᠯᠬᠤ ᠬᠡᠷᠡᠭᠳᠡᠢ ᠃

ᠬᠥᠮᠦᠨ ᠵᠣᠷᠢᠭ ᠰᠠᠨᠠᠭ᠎ᠠ ᠦᠭᠡᠶ ᠪᠣᠯ ᠤᠷᠤᠰᠢᠨ ᠲᠣᠭᠲᠠᠨᠢᠵᠤ ᠴᠢᠳᠠᠬᠤ ᠦᠭᠡᠶ ᠂ ᠤᠯᠤᠰ ᠣᠷᠣᠨ ᠵᠣᠷᠢᠭ ᠰᠠᠨᠠᠭ᠎ᠠ ᠦᠭᠡᠶ ᠪᠣᠯ ᠬᠦᠴᠦᠷᠬᠡᠭᠵᠢᠵᠦ᠍ ᠴᠢᠳᠠᠬᠤ ᠦᠭᠡᠶ ᠃ ᠵᠣᠷᠢᠭ ᠰᠠᠨᠠᠭ᠎ᠠ ᠪᠣᠯ ᠨᠢᠭᠡ ᠦᠨᠳᠦᠰᠦᠲᠡᠨ᠎ᠦ ᠤᠷᠲᠤ᠌ ᠤᠳᠠᠭᠠᠨ ᠣᠷᠣᠰᠢᠨ ᠲᠣᠭᠲᠠᠨᠢᠬᠤ ᠰᠦᠭ ᠰᠦᠨᠡᠰᠦ ᠮᠥᠨ᠂ ᠭᠠᠭᠴᠠ ᠬᠦ᠌ ᠣᠶᠤᠨ ᠰᠠᠨᠠᠭᠠᠨ᠎ᠤ ᠲᠠᠯ᠎ᠠ᠎ᠪᠠᠷ ᠢᠯᠠᠬᠳᠠᠰᠢ ᠦᠭᠡᠢ ᠪᠠᠢᠷᠢᠨ ᠳ᠋ᠤ᠌ ᠬᠦᠷᠪᠡᠯ ᠡᠨᠡ ᠬᠦ᠌ ᠦᠨᠳᠦᠰᠦᠲᠡᠨ ᠰᠠᠶᠢ ᠲᠡᠦᠬᠡ᠎ᠶᠢᠨ ᠤᠷᠤᠰᠬᠠᠯ᠎ᠤᠨ ᠳᠤᠮᠳᠠ  ᠦᠨᠢᠳᠡ ᠰᠡᠭᠦᠢᠨ ᠰᠦᠨᠳᠡᠷᠯᠡᠵᠤ᠂ ᠡᠷᠡᠯᠬᠡᠭᠯᠡᠨ ᠤᠷᠤᠭᠰᠢᠯᠠᠵᠤ ᠴᠢᠳᠠᠨ᠎ᠠ᠃ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ ᠪᠣᠯ ᠶᠠᠭ ᠡᠶ᠋ᠢᠮᠦᠷᠬᠦᠦ ᠮᠥᠩᠬᠡ᠎ᠶᠢᠨ ᠦᠨ᠎ᠡ ᠦᠷᠳᠡᠭ᠎ᠲᠡᠶ ᠵᠣᠷᠢᠭ ᠰᠠᠨᠠᠭ᠎ᠠ ᠪᠣᠯᠤᠨ᠎ᠠ᠂ ᠲᠡᠭᠦᠨ᠎ᠳᠦ ᠠᠭᠤᠯᠤᠭᠳᠠᠵᠤ ᠪᠠᠶ᠋ᠢᠭ᠎ᠠ ᠦᠷᠳᠡᠭ᠎ᠦᠨ ᠬᠠᠨᠳᠤᠰᠢ᠂ ᠶᠣᠰᠣ ᠰᠤᠷᠲᠠᠬᠤᠨ᠎ᠤ ᠵᠢᠮ᠎ᠡ ᠬᠠᠤᠯᠢ ᠪᠣᠯᠤᠨ ᠠᠷᠭ᠎ᠠ᠎ᠶᠢᠨ ᠤᠨᠤᠯ ᠨᠢ ᠰᠢᠨ᠎ᠡ ᠴᠠᠭ ᠦᠶ᠎ᠡ᠎ᠳᠦ ᠶᠡᠷᠦ᠍ ᠪᠤᠰᠤ᠎ᠶᠢᠨ ᠨᠥᠯᠥᠭᠡᠯᠡᠬᠦ᠌ ᠬᠦᠴᠦᠨ᠎ᠲᠡᠶ ᠶᠤᠮ᠃ ᠨᠢᠭᠡ ᠦᠶ᠎ᠡ᠎ᠶᠢᠨ ᠬᠥᠮᠦᠰ᠎ᠲᠦ᠍ ᠨᠢᠭᠡ ᠦᠶ᠎ᠡ᠎ᠶᠢᠨ ᠬᠥᠮᠦᠰ᠎ᠦᠨ ᠤᠷᠳᠤ ᠵᠠᠮ᠎ᠤᠨ ᠠᠶᠠᠨ ᠲᠠᠢ᠌ᠨ ᠪᠤᠢ᠂ ᠨᠢᠭᠡ ᠦᠶ᠎ᠡ᠎ᠶᠢᠨ ᠬᠥᠮᠦᠰ᠎ᠲᠦ᠍ ᠨᠢᠭᠡ ᠦᠶ᠎ᠡ᠎ᠶᠢᠨ ᠬᠥᠮᠦᠰ᠎ᠦᠨ ᠡᠭᠦᠷᠭᠡᠯᠡᠯ ᠬᠠᠷᠢᠭᠤᠴᠠᠯᠭ᠎ᠠ ᠪᠤᠢ᠃ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠠᠭᠤᠤ ᠶᠡᠬᠡ ᠤᠷᠳᠤ ᠵᠠᠮ᠎ᠤᠨ ᠠᠶᠠᠨ ᠲᠠᠢ᠌ᠨ᠎ᠦ ᠵᠣᠷᠢᠭ ᠰᠠᠨᠠᠭ᠎ᠠ᠎ᠶᠢ ᠴᠢᠰᠤᠨ ᠰᠤᠳᠠᠰᠤᠨ᠎ᠳ᠋ᠠᠭᠠᠨ ᠠᠭᠤᠰᠬᠠᠵᠤ᠂ ᠪᠤᠳᠠᠳᠠᠢ ᠠᠵᠢᠯᠯᠠᠭ᠎ᠠ ᠳ᠋ᠠᠭᠠᠨ ᠨᠡᠢᠳᠠᠪᠤᠷᠢᠵᠢᠭᠤᠯᠵᠤ᠂ ᠰᠢᠨ᠎ᠡ ᠴᠠᠭ ᠦᠶ᠎ᠡ᠎ᠶᠢᠨ ᠤᠷᠳᠤ ᠵᠠᠮ᠎ᠤᠨ ᠠᠶᠠᠨ ᠲᠠᠢ᠌ᠨ᠎ᠦ ᠵᠠᠮ᠎ᠢᠶᠠᠷ ᠰᠠᠶ᠋ᠢᠲᠤᠷ ᠵᠠᠮᠨᠠᠵᠤ᠂ ᠡᠭᠡ ᠤᠯᠤᠰ᠎ᠤᠨ ᠤᠮᠠᠷᠠᠲᠤ᠌ ᠬᠢᠯᠢ᠎ᠳᠦ ᠨᠡᠩ ᠶᠡᠭᠡ ᠭᠡᠷᠡᠯ ᠭᠢᠯᠪᠠᠭ᠎ᠠ᠎ᠪᠠᠨ ᠰᠠᠴᠤᠷᠠᠭᠤᠯᠬᠤ ᠬᠡᠷᠡᠭᠲᠡᠢ᠃

(ᠵᠤᠬᠢᠶᠠᠬᠴᠢ ᠵᠢᠨ ᠬᠠᠶᠢᠭ᠄ ᠦᠪᠦᠷ ᠮᠤᠩᠭᠤᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠲᠡᠭᠡᠳᠦ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号