ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠣᠨᠣᠯ᠎ᠤᠨ ᠪᠦᠲᠦᠴᠡ᠎ᠶᠢᠨ ᠭᠤᠷᠪᠠᠨ ᠬᠠᠷᠠᠭᠠᠰᠤ
2026-07-24 10:49:02
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠸᠠᠩ ᠱᠤ᠌ ᠯᠠᠨ᠂ ᠯᠢᠶᠠᠩ ᠮᠢᠶᠣᠣ ᠮᠢᠶᠤᠤ《ᠬᠠᠷᠠᠮᠥ᠋ᠷᠡᠨ᠎ᠦ ᠦᠨᠳᠦᠰᠦᠲᠡᠨ᠎ᠦ ᠴᠤᠪᠤᠷᠠᠯ ᠰᠡᠳᠬᠦᠯ》᠎ᠤᠨ 2025 ᠣᠨ᠎ᠤ 5 ᠳ᠋ᠤᠭᠠᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲ᠋ᠸᠮ᠎ᠢ ᠲᠦᠷᠭᠡᠳᠭᠡᠨ ᠪᠠᠶ᠋ᠢᠭᠤᠯᠬᠤ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠦᠷᠢᠯᠳᠦᠨ ᠬᠥᠭᠵᠢᠬᠦ ᠳᠣᠲᠣᠭᠠᠳᠤ ᠬᠡᠷᠡᠭᠴᠡᠭᠡ᠎ᠶᠢ ᠡᠷᠢᠯᠬᠢᠯᠡᠭᠰᠡᠨ᠎ᠢᠶᠡᠷ ᠪᠠᠷᠠᠬᠤ ᠦᠭᠡᠢ᠂ ᠪᠠᠰᠠ ᠴᠤ᠌ ᠥᠷᠥᠨᠡᠳᠠᠬᠢᠨ᠎ᠤ ᠮᠡᠳᠡᠯᠭᠡ᠂ ᠦᠭᠡ ᠶᠠᠷᠢᠶ᠎ᠠ᠂ ᠰᠣᠶᠣᠯ᠎ᠤᠨ ᠡᠵᠡᠷᠬᠡᠭ ᠡᠷᠬᠡ᠎ᠶᠢ ᠠᠷᠢᠯᠭᠠᠬᠤ ᠠᠬᠤᠢᠴᠢ ᠱᠠᠭᠠᠷᠳᠠᠯᠭ᠎ᠠ ᠮᠦᠨ᠂ ᠨᠡᠩ ᠴᠤ᠌ ᠳᠡᠯᠡᠬᠡᠢ᠎ᠶᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠳᠤᠮᠳᠠ ᠬᠥᠮᠥᠨ ᠲᠥᠷᠥᠯᠬᠢᠲᠡᠨ᠎ᠦ ᠨᠡᠢᠭᠡᠮ᠎ᠦᠨ ᠬᠥᠭᠵᠢᠯᠲᠡ᠎ᠳᠦ ᠲᠤᠯᠭᠠᠷᠠᠵᠤ ᠪᠠᠢᠭ᠎ᠠ ᠲᠡᠦᠬᠡ᠎ᠶᠢᠨ ᠠᠰᠠᠭᠤᠳᠠᠯ ᠵᠢᠴᠢ ᠡᠯ᠎ᠡ ᠵᠦᠢᠯ᠎ᠦᠨ ᠬᠦᠴᠢᠷᠳᠡᠯ᠎ᠳᠦ ᠢᠳᠡᠪᠬᠢᠲᠡᠢ ᠬᠠᠷᠢᠭᠤᠯᠲᠠ ᠥᠭᠭᠦᠭᠰᠡᠨ ᠶᠠᠪᠤᠳᠠᠯ ᠮᠦᠨ ᠭᠡᠵᠦ ᠵᠢᠭᠠᠵᠤ ᠭᠠᠷᠭᠠᠪᠠ᠃ ᠦᠭᠡ ᠶᠠᠷᠢᠶᠠᠨ᠎ᠤ ᠡᠷᠬᠡ ᠵᠢᠨ ᠣᠢᠯᠠᠭᠠᠭᠳᠠᠬᠤᠨ᠎ᠤ ᠤᠯᠠᠷᠢᠨ ᠬᠤᠪᠢᠷᠠᠬᠤ ᠪᠠ ᠬᠥᠭᠵᠢᠬᠦ᠎ᠶᠢ ᠳᠠᠭᠠᠯᠳᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠨᠢ ᠠᠳᠠᠯᠢ ᠪᠤᠰᠤ ᠠᠭᠤᠯᠤᠭᠳᠠᠬᠤᠨ ᠪᠠ ᠦᠨ᠎ᠡ ᠦᠷᠳᠡᠭ᠎ᠲᠠᠢ ᠪᠣᠯᠪᠠ᠃ 

ᠪᠢᠳᠡ ᠭᠤᠷᠪᠠᠨ ᠬᠠᠷᠠᠭᠠᠰᠤ ᠲᠤᠬᠠᠢᠯᠠᠪᠠᠯ 《ᠶᠡᠬᠡ ᠨᠢᠭᠡᠳᠦᠯ》᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠂ ᠤᠳᠤ ᠦᠶ᠎ᠡ᠎ᠶᠢᠨ ᠦᠨᠳᠦᠰᠦᠲᠡᠨ᠎ᠦ ᠤᠯᠤᠰ᠎ᠲᠠᠬᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠂ ᠪᠦᠬᠦ ᠪᠥᠮᠪᠥᠷᠴᠡᠭ᠎ᠦᠨ ᠵᠠᠰᠠᠯᠲᠠ᠎ᠳᠠᠬᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠪᠠᠷ ᠳᠠᠮᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠴᠠᠭ ᠵᠠᠢ᠎ᠶᠢᠨ ᠬᠥᠭᠵᠢᠯᠲᠡ ᠵᠢᠴᠢ ᠯᠣᠭᠢᠭ᠋᠎ᠤᠨ ᠬᠤᠪᠢᠰᠤᠯᠲᠠ᠎ᠶᠢ ᠢᠯᠡᠷᠡᠭᠦᠯᠪᠡ᠃ ᠤᠨᠤᠯ᠎ᠤᠨ ᠬᠦᠷᠢᠶ᠎ᠡ ᠨᠢᠭᠡᠪᠦᠷᠢ᠎ᠳᠡᠬᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠨᠢ ᠴᠥᠮ ᠨᠢᠭᠡᠨ ᠭᠣᠣᠯ ᠠᠰᠠᠭᠤᠳᠠᠯ᠎ᠤᠨ ᠲᠣᠭᠣᠷᠢᠨ᠎ᠳᠤ ᠥᠭᠦᠯᠡᠨ ᠲᠣᠭᠠᠴᠢᠵᠤ᠂ ᠲᠤᠰ ᠱᠠᠲᠤᠨ᠎ᠤ ᠨᠡᠢᠭᠡᠮ᠎ᠦᠨ ᠪᠣᠯᠪᠠᠰᠤᠨ᠎ᠤ ᠬᠥᠭᠵᠢᠯᠲᠡ᠎ᠲᠠᠢ ᠵᠣᠬᠢᠴᠠᠭᠰᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢ ᠲᠤᠰᠬᠠᠵᠠᠢ᠃ ᠭᠤᠷᠪᠠᠨ ᠬᠠᠷᠠᠭᠠᠰᠤ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ《ᠤᠯᠠᠨ ᠡᠰᠢᠲᠦ ᠨᠢᠭᠡ ᠴᠣᠭᠴᠠᠵᠢᠭ᠍ᠰᠠᠨ᠂ ᠤᠯᠠᠮᠵᠢᠯᠠᠯ ᠡᠴᠡ ᠤᠳᠤ ᠦᠶ᠎ᠡ ᠲᠡᠢᠰᠢ ᠤᠷᠤᠭᠰᠢᠯᠠᠭᠰᠠᠨ᠂ ᠲᠡᠦᠬᠡ ᠡᠴᠡ ᠢᠷᠡᠭᠡᠳᠦᠢ ᠲᠡᠢᠰᠢ ᠤᠷᠤᠭᠰᠢᠯᠠᠭᠰᠠᠨ》ᠳᠣᠲᠣᠭᠠᠳᠤ ᠬᠤᠪᠢᠰᠤᠯᠲᠠ᠎ᠶᠢᠨ ᠶᠠᠪᠤᠴᠠ᠎ᠶᠢ ᠣᠢᠯᠠᠭᠠᠬᠤ ᠴᠢᠬᠤᠯᠠ ᠬᠠᠷᠠᠭᠠᠰᠤ  ᠮᠥᠨ᠂ ᠭᠤᠷᠪᠠᠨ ᠬᠠᠷᠠᠭᠠᠰᠤ ᠵᠢᠨ ᠬᠡᠪᠴᠢᠶᠡᠨ ᠳ᠋ᠡᠬᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠳᠣᠲᠣᠭᠠᠳᠤ ᠯᠣᠭᠢᠭ᠋᠎ᠢ ᠭᠦᠨᠵᠡᠭᠡᠢ ᠵᠠᠳᠠᠯᠤᠨ ᠰᠢᠨᠵᠢᠯᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠦᠷᠢᠯᠳᠦᠯ ᠪᠠ ᠬᠥᠭᠵᠢᠯᠲᠡ᠎ᠳᠦ ᠭᠦᠨ ᠤᠬᠠᠭᠠᠯᠢᠭ᠋᠎ᠢᠶᠠᠷ ᠲᠠᠢᠯᠪᠤᠷᠢᠯᠠᠯᠲᠠ ᠬᠢᠬᠦ᠂ ᠪᠦᠷᠢᠨ ᠪᠦᠲᠦᠨ ᠬᠠᠷᠢᠯᠴᠠᠭ᠎ᠠ᠎ᠪᠠᠨ ᠢᠯᠡᠷᠡᠭᠦᠯᠬᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠬᠦᠦᠷᠨᠢᠬᠦ ᠰᠢᠰᠲ᠋ᠸᠮ᠎ᠳᠤ ᠠᠰᠢᠭ᠍ᠲᠠᠢ ᠪᠠᠢᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠡᠶ᠎ᠡ᠎ᠪᠡᠨ ᠳᠠᠭᠠᠭᠠᠭᠰᠠᠨ ᠮᠡᠳᠡᠯᠭᠡ᠎ᠶᠢᠨ ᠰᠢᠰᠲ᠋ᠸᠮ᠎ᠢ ᠪᠠᠶ᠋ᠢᠭᠤᠯᠬᠤ᠎ᠳᠤ ᠵᠣᠬᠢᠬᠤ ᠰᠡᠩᠬᠡᠷᠡᠭᠦᠯᠬᠦ ᠠᠴᠢ ᠬᠣᠯᠪᠣᠭᠳᠠᠯ ᠪᠠ ᠲᠣᠯᠢᠯᠠᠯ ᠪᠣᠯᠬᠤ ᠦᠨ᠎ᠡ ᠦᠷᠳᠡᠭ᠎ᠲᠠᠢ ᠶᠤᠮ᠃

            《ᠰᠢᠨᠬᠤᠸᠠ ᠵᠤᠬᠢᠶᠠᠯ ᠎ᠤᠨ ᠱᠦᠭᠦᠮᠡᠭ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号