7 ᠰᠠᠷ᠎ᠠ᠎ᠶᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠢ᠋ᠢᠨ ᠬᠤᠷᠢᠶ᠎ᠠ ᠢ᠋ᠢᠨ ᠠᠯᠪᠠᠨ ᠭᠡᠷ᠎ᠡᠴᠡ ᠭᠣᠣᠯᠯᠠᠨ ᠡᠷᠬᠢᠯᠡᠵᠦ᠂ ᠳᠤᠮᠳᠠᠳᠤ ᠤᠯᠤᠰ᠎ᠤᠨ ᠢᠨᠲ᠋ᠸᠷ ᠰᠦᠯᠵᠢᠶᠡᠨ᠎ᠦ ᠬᠥᠭᠵᠢᠬᠦᠯᠤᠯᠲᠡ᠎ᠶᠢᠨ ᠰᠠᠭᠤᠷᠢ ᠮᠥᠩᠭᠥᠨ᠎ᠦ ᠨᠡᠢᠭᠡᠮᠯᠢᠭ ᠡᠴᠡ ᠳᠡᠮᠵᠢᠵᠦ᠂ ᠭᠤᠸᠠᠩ ᠮᠢᠩ ᠰᠦᠯᠵᠢᠶ᠎ᠡ ᠡᠴᠡ ᠳᠠᠭᠠᠭᠠᠴᠢᠯᠠᠨ ᠡᠷᠬᠢᠯᠡᠭᠰᠡᠨ《ᠲᠤᠭᠠᠴᠢᠯᠠᠯᠲᠠ᠎ᠪᠠᠷ ᠪᠣᠬᠢᠷᠲᠤᠯ ᠦᠭᠡᠢ ᠬᠦᠭᠵᠢᠯᠲᠡ ᠵᠢ ᠬᠠᠷᠠᠭᠤᠯᠵᠦ ᠤᠶᠤᠨᠴᠢᠯᠠᠯᠳᠠ ᠪᠡᠷ ᠬᠦᠭᠵᠢᠯᠲᠡ ᠵᠢ ᠬᠦᠲᠦᠯᠬᠦᠢ》 ᠥᠪᠥᠷ ᠮᠣᠩᠭᠣᠯ᠎ᠳᠡᠬᠢ ᠠᠶᠠᠯᠠᠯ᠎ᠤᠨ ᠰᠦᠯᠵᠢᠶᠡᠨ᠎ᠦ ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ ᠬᠥᠬᠡᠬᠣᠲᠠ᠎ᠳᠤ ᠡᠬᠢᠯᠡᠪᠡ᠃
ᠲᠤᠰ ᠤᠳᠠᠭᠠᠨ᠎ᠤ ᠠᠵᠢᠯᠯᠠᠭ᠎ᠠ ᠨᠢ ᠥᠪᠥᠷ ᠮᠣᠩᠭᠣᠯ᠎ᠤᠨ ᠲᠣᠭᠠᠴᠢᠯᠠᠭᠰᠠᠨ ᠮᠡᠷᠭᠡᠵᠢᠯ᠎ᠢᠶᠡᠷ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠠᠢᠰᠢ ᠬᠡᠯᠪᠡᠷᠢ ᠪᠠᠨ ᠬᠤᠪᠢᠷᠠᠭᠤᠯᠬᠤ ᠭᠣᠣᠯ ᠰᠡᠳᠦᠪᠲᠦ ᠠᠩᠬᠠᠷᠤᠯ᠎ᠢᠶᠠᠨ ᠲᠥᠪᠯᠡᠷᠡᠭᠦᠯᠵᠦ᠂ ᠲᠤᠰᠬᠠᠢ ᠮᠡᠷᠭᠡᠵᠢᠯᠲᠡᠨ ᠡᠷᠳᠡᠮᠲᠡᠨ᠂ ᠰᠢᠭᠦᠮᠵᠢᠯᠡᠭᠴᠢ᠂ ᠲᠥᠪ᠎ᠦᠨ ᠪᠠ ᠣᠷᠣᠨ ᠨᠤᠲᠤᠭ᠎ᠤᠨ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠵᠡᠷᠭᠡ 30 ᠭᠠᠷᠤᠢ ᠬᠥᠮᠥᠨ᠎ᠢ ᠤᠷᠢᠵᠤ ᠰᠤᠷᠪᠤᠯᠵᠢᠯᠠᠨ ᠪᠠᠢᠴᠠᠭᠠᠨ ᠰᠤᠳᠤᠯᠬᠤ ᠪᠦᠯᠬᠦᠮ ᠪᠠᠢᠭᠤᠯᠵᠤ᠂ ᠬᠥᠬᠡᠬᠣᠲᠠ᠂ ᠪᠤᠭᠤᠲᠤ᠂ ᠤᠯᠠᠭᠠᠨᠴᠠᠪ᠎ᠤᠨ ᠠᠵᠤ ᠦᠢᠯᠡᠰ᠎ᠦᠨ ᠬᠦᠷᠢᠶᠡᠯᠡᠩ ᠲᠣᠭᠣᠷᠢᠭ᠋᠂ ᠳᠠᠭᠤᠷᠢᠶᠠᠯ ᠠᠵᠤ ᠠᠬᠤᠢᠯᠠᠯ ᠵᠡᠷᠭᠡ᠎ᠳᠦ ᠭᠦᠨᠵᠡᠭᠡᠢᠷᠡᠵᠦ᠂ ᠲᠣᠭᠠᠴᠢᠯᠠᠭᠰᠠᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠢᠶᠡᠷ ᠬᠦᠴᠦᠨ ᠣᠯᠭᠣᠬᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠠᠢᠰᠢ ᠬᠡᠯᠪᠡᠷᠢ ᠪᠠᠨ ᠬᠤᠪᠢᠷᠠᠭᠤᠯᠬᠤ᠂ ᠠᠮᠢ ᠠᠬᠤᠢ᠎ᠶᠢᠨ ᠤᠷᠤᠰᠢᠨ ᠰᠠᠭᠤᠷᠢᠰᠢᠬᠤ᠎ᠳᠤ ᠲᠣᠬᠢᠷᠠᠮᠵᠢᠲᠠᠢ ᠪᠦᠲᠦᠭᠡᠨ ᠪᠠᠢᠭᠤᠯᠤᠯᠲᠠ ᠵᠡᠷᠭᠡ᠎ᠶᠢᠨ ᠲᠣᠭᠣᠷᠢᠨ᠎ᠳᠤ ᠲᠤᠬᠠᠢ᠎ᠶᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠦᠷᠨᠢᠭᠦᠯᠵᠦ᠂ ᠨᠢᠭᠡ ᠪᠦᠯᠦᠭ ᠬᠠᠮ ᠵᠠᠭᠤᠴᠢᠯᠠᠭᠤᠷ᠎ᠤᠨ ᠰᠣᠳᠣᠨ ᠪᠦᠲᠦᠭᠡᠯ᠎ᠢ ᠤᠬᠠᠭᠠᠯᠠᠨ ᠦᠢᠯᠡᠳᠴᠤ᠂ ᠥᠪᠥᠷ ᠮᠣᠩᠭᠣᠯ᠎ᠤᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠂ ᠲᠣᠭᠠᠴᠢᠯᠠᠯᠲᠠ ᠪᠤᠯᠤᠨ ᠪᠣᠬᠢᠷᠲᠤᠯ ᠦᠭᠡᠢ ᠬᠦᠭᠵᠢᠯᠲᠡ ᠵᠢ ᠬᠠᠮᠵᠢᠯᠴᠠᠭᠤᠯᠤᠨ ᠬᠦᠭᠵᠢᠭᠦᠯᠦᠭᠰᠡᠨ ᠦᠢᠯᠡᠳᠦᠯᠭᠡ᠎ᠶᠢᠨ ᠦᠷ᠎ᠡ ᠪᠦᠲᠦᠭᠡᠯ ᠪᠠ ᠰᠢᠨ᠎ᠡ᠎ᠶᠢ ᠡᠭᠦᠳᠦᠭᠰᠡᠨ ᠲᠤᠷᠰᠢᠯᠭ᠎ᠠ᠎ᠶᠢ ᠪᠥᠬᠥ ᠲᠠᠯ᠎ᠠ ᠪᠡᠷ ᠣᠯᠠᠨ ᠬᠠᠷᠠᠭᠠᠰᠤ ᠠ᠋ᠴᠠ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠠᠮᠢ ᠠᠬᠤᠢ᠎ᠶᠢᠨ ᠬᠠᠮᠠᠭᠠᠯᠠᠯᠲᠠ᠂ ᠠᠵᠤ ᠦᠢᠯᠡᠰ᠎ᠦᠨ ᠲᠠᠰ ᠳᠠᠪᠰᠢᠯᠲᠠ᠂ ᠠᠷᠠᠳ᠎ᠤᠨ ᠠᠮᠢᠳᠤᠷᠠᠯ᠎ᠤᠨ ᠰᠠᠢᠵᠢᠷᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢᠨ ᠥᠯᠢᠭᠡᠷ᠎ᠢ ᠠᠮᠢᠳᠤᠯᠢᠭ᠋᠎ᠢᠶᠠᠷ ᠰᠠᠢᠲᠤᠷ ᠶᠠᠷᠢᠵᠤ᠂ ᠦᠵᠡᠰᠬᠦᠯᠡᠩᠲᠦ ᠰᠠᠢᠬᠠᠨ ᠳᠤᠮᠳᠠᠳᠤ ᠤᠯᠤᠰ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ᠎ᠳᠤ ᠰᠦᠯᠵᠢᠶᠡᠨ᠎ᠦ ᠶᠠᠷᠢᠶ᠎ᠠ ᠬᠡᠯᠡᠯᠴᠡᠭᠡᠨ᠎ᠦ ᠰᠠᠢᠨ ᠰᠠᠢᠬᠠᠨ ᠤᠷᠴᠢᠨ ᠠᠬᠤᠢ ᠵᠢ ᠪᠣᠶ ᠪᠣᠯᠭᠠᠬᠤ ᠪᠤᠯᠤᠨ᠎ᠠ᠃
ᠪᠡᠭᠡᠵᠢᠩ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠣᠷᠴᠢᠨ ᠲᠣᠭᠣᠷᠢᠨ᠎ᠤ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠱᠦᠵᠢ ᠰᠢᠦᠢ ᠯᠢᠨ ᠢᠦᠢ ᠡᠬᠢᠯᠡᠯᠲᠡ᠎ᠶᠢᠨ ᠶᠣᠰᠣᠯᠠᠯ ᠳᠡᠭᠡᠷ᠎ᠡ᠄ 《ᠪᠢ ᠥᠪᠥᠷ ᠮᠣᠩᠭᠣᠯ᠎ᠳᠤ ᠪᠠᠢᠴᠠᠭᠠᠨ ᠰᠤᠳᠤᠯᠵᠤ ᠴᠤᠭᠯᠠᠭᠤᠯᠤᠭᠰᠠᠨ ᠰᠢᠨ᠎ᠡ᠎ᠶᠢ ᠡᠭᠦᠳᠦᠭᠰᠡᠨ ᠦᠢᠯᠡᠳᠦᠯᠭᠡ᠎ᠶᠢᠨ ᠲᠤᠷᠰᠢᠯᠭ᠎ᠠ ᠵᠢ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠢᠴᠢᠶᠡᠯ᠎ᠦᠨ ᠲᠠᠩᠬᠢᠮ᠎ᠳᠤ ᠠᠪᠠᠴᠢᠵᠤ᠂ ᠮᠠᠨ᠎ᠤ ᠪᠦᠯᠬᠦᠮ᠎ᠦᠨ ᠠᠮᠢ ᠠᠬᠤᠢ᠎ᠶᠢᠨ ᠳᠠᠭᠤᠷᠢᠶᠠᠮᠠᠬ᠂ ᠣᠷᠣᠨ ᠪᠦᠰᠡ᠎ᠶᠢᠨ ᠣᠷᠴᠢᠨ ᠲᠣᠭᠣᠷᠢᠨ᠎ᠤ ᠲᠥᠯᠦᠪᠵᠢᠭᠦᠯᠭᠡ ᠵᠡᠷᠭᠡ ᠲᠠᠯ᠎ᠠ᠎ᠶᠢᠨ ᠰᠤᠳᠤᠯᠭᠠᠨ᠎ᠤ ᠬᠤᠷᠠᠮᠳᠤᠭᠤᠯᠤᠯ᠎ᠲᠠᠢ ᠪᠠᠨ ᠤᠶᠠᠯᠳᠤᠭᠤᠯᠤᠨ᠂ ᠥᠪᠥᠷ ᠮᠣᠩᠭᠣᠯ᠎ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠢᠲᠠᠢ ᠬᠥᠭᠵᠢᠯᠲᠡ᠎ᠳᠦ ᠦᠷᠭᠦᠯᠵᠢᠯᠡᠨ ᠡᠷᠳᠡᠮ ᠰᠢᠨᠵᠢᠯᠡᠭᠡᠨ᠎ᠦ ᠲᠤᠯᠭᠠᠭᠤᠷᠢᠯᠠᠯ ᠬᠠᠩᠭᠠᠨ᠎ᠠ》 ᠭᠡᠵᠦ ᠢᠯᠡᠳᠬᠡᠪᠡ᠃
ᠲᠤᠬᠠᠢ᠎ᠶᠢᠨ ᠡᠳᠦᠷ᠂ ᠰᠤᠷᠪᠤᠯᠵᠢᠯᠠᠨ ᠪᠠᠢᠴᠠᠭᠠᠨ ᠰᠤᠳᠤᠯᠬᠤ ᠪᠦᠯᠬᠦᠮ᠎ᠦᠨ ᠬᠢᠨ ᠰᠦ᠎ᠶᠢᠨ ᠦᠢᠯᠡᠰ᠎ᠦᠨ ᠤᠯᠤᠰ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠂ ᠢᠯᠢ᠎ᠶᠢᠨ ᠣᠲᠣ᠌ ᠦᠶ᠎ᠡ᠎ᠶᠢᠨ ᠣᠶᠤᠨᠲᠤ ᠡᠷᠡᠭᠦᠯ ᠮᠡᠨᠳᠦ᠎ᠶᠢᠨ ᠬᠥᠨᠳᠡᠢ᠂ ᠴᠡᠯᠡᠭᠡᠷ ᠲᠠᠯ᠎ᠠ ᠠᠮᠢ ᠠᠬᠤᠢ᠎ᠶᠢᠨ ᠦᠢᠯᠡᠳᠦᠯᠭᠡ᠎ᠶᠢᠨ ᠰᠠᠭᠤᠷᠢᠨ ᠵᠡᠷᠭᠡ᠎ᠳᠤ ᠭᠦᠨᠵᠡᠭᠡᠢᠷᠡᠨ ᠰᠤᠷᠪᠤᠯᠵᠢᠯᠠᠨ ᠪᠠᠢᠴᠠᠭᠠᠨ ᠰᠤᠳᠤᠯᠪᠡ᠃