ᠳᠡᠯᠡᠬᠡᠢ ᠵᠢᠨ ᠦᠨᠳᠤᠷ ᠤᠷᠤᠯᠭ᠎ᠠ ᠳᠠᠢ ᠤᠯᠤᠰ ᠎ᠤᠳ ᠎ᠤᠨ ᠳᠤᠮᠳᠠᠴᠢ ᠲᠦᠪᠰᠢᠨ ᠳ᠋ᠤ ᠬᠦᠷᠪᠠ
2026-07-24 11:42:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠦᠬᠦ ᠤᠯᠤᠰ᠎ᠤᠨ ᠰᠠᠭᠤᠷᠢ ᠰᠤᠷᠭᠠᠨ ᠬᠥᠮᠦᠵᠢᠯ᠎ᠦᠨ ᠠᠵᠢᠯ᠎ᠤᠨ ᠬᠤᠷᠠᠯ 22᠎ᠤᠨ ᠡᠳᠦᠷ ᠪᠡᠭᠡᠵᠢᠩ᠎ᠳᠦ ᠬᠤᠷᠠᠯᠳᠤᠪᠠ᠃ ᠣᠢᠯᠠᠭᠠᠭᠰᠠᠨ᠎ᠢᠶᠠᠷ᠂ ᠣᠳᠣᠬᠠᠨ᠎ᠳᠤ ᠮᠠᠨ᠎ᠤ ᠤᠯᠤᠰ᠎ᠲᠤ ᠨᠡᠶ᠋ᠢᠲᠡ 43 ᠲᠦᠮᠡᠨ ᠳᠤᠮᠳᠠᠳᠤ ᠪᠠᠭ᠎ᠠ ᠰᠤᠷᠭᠠᠭᠤᠯᠢ ᠬᠡᠦᠬᠡᠳ᠎ᠦᠨ ᠴᠡᠴᠡᠷᠯᠢᠭ᠂ 2.2 ᠳ᠋ᠦᠩᠰᠢᠭᠤᠷ ᠰᠤᠷᠭᠠᠭᠤᠯᠢ᠎ᠳᠤ ᠪᠠᠢᠭ᠎ᠠ ᠰᠣᠷᠣᠭ᠍ᠴᠢ᠂ 1577 ᠲᠦᠮᠡᠨ ᠲᠤᠰᠬᠠᠢ ᠪᠠᠭ᠍ᠰᠢ᠎ᠲᠠᠢ ᠪᠠᠢᠵᠤ᠂ ᠨᠢᠭᠡᠨᠲᠡ ᠳᠡᠯᠡᠬᠡᠢ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠪᠥᠭᠡᠳ ᠴᠢᠨᠠᠷ ᠰᠠᠢᠲᠠᠢ ᠰᠠᠭᠤᠷᠢ ᠰᠤᠷᠭᠠᠨ ᠬᠥᠮᠦᠵᠢᠯ᠎ᠦᠨ ᠰᠢᠰᠲᠧᠮ᠎ᠢ ᠪᠠᠢᠭᠤᠯᠵᠤ᠂ ᠶᠡᠷᠦᠩᠬᠡᠢ᠎ᠳᠡᠭᠡᠨ ᠳᠡᠯᠡᠬᠡᠢ᠎ᠶᠢᠨ ᠥᠨᠳᠥᠷ ᠣᠷᠣᠯᠭ᠎ᠠ᠎ᠲᠠᠢ ᠤᠯᠤᠰ᠎ᠤᠳ᠎ᠤᠨ ᠳᠤᠮᠳᠠᠴᠢ ᠲᠦᠪᠰᠢᠨ᠎ᠳᠦ ᠭᠦᠷᠦᠭᠰᠡᠨ ᠪᠠᠢᠨ᠎ᠠ᠃ ᠲᠣᠭ᠎ᠠ ᠪᠠᠷᠢᠮᠲᠠ᠎ᠳᠤ ᠬᠠᠷᠠᠭᠤᠯᠤᠭᠰᠠᠨ᠎ᠢᠶᠠᠷ᠂ ᠰᠤᠷᠤᠭ᠍ᠴᠢᠳ᠎ᠤᠨ ᠶᠣᠰᠣ᠌ ᠮᠤᠷᠠᠯ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ᠎ᠶᠢᠨ ᠪᠦᠬᠦ ᠲᠠᠯ᠎ᠠ᠎ᠶᠢᠨ ᠬᠥᠭᠵᠢᠯᠲᠡ᠎ᠶᠢᠨ ᠪᠠᠢᠳᠠᠯ ᠦᠷᠭᠦᠯᠵᠢᠯᠡᠨ ᠰᠠᠢᠵᠢᠷᠠᠵᠤ ᠪᠠᠢᠨ᠎ᠠ᠃

ᠰᠤᠷᠭᠠᠨ ᠬᠥᠮᠦᠵᠢᠯ ᠎ᠦᠨ ᠶᠠᠮᠤᠨ᠎ᠤ ᠰᠤᠷᠭᠠᠨ ᠬᠥᠮᠦᠵᠢᠯ᠎ᠦᠨ ᠬᠢᠨᠠᠨ ᠵᠢᠯᠤᠭᠣᠳᠬᠤ ᠲᠣᠪᠴᠢᠶ᠎ᠠ᠎ᠶᠢᠨ ᠵᠣᠬᠢᠶᠠᠨ ᠪᠠᠢᠭᠤᠯᠵᠤ ᠥᠷᠨᠢᠭᠦᠯᠦᠭᠰᠡᠨ 《2023 ︱ 2025 ᠣᠨ᠎ᠤ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠶᠠᠰᠤ ᠴᠢᠨᠠᠷ ᠎ᠤᠨ ᠬᠢᠨᠠᠨ ᠬᠡᠮᠵᠢᠯᠲᠡ》ᠵᠢᠨ ᠪᠦᠷᠢᠳᠬᠡᠯ᠎ᠦᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠮᠠᠨ ᠎ᠤ ᠤᠯᠤᠰ᠎ᠤᠨ ᠬᠡᠪ ᠴᠢᠨᠠᠷ᠎ᠤᠨ ᠰᠤᠷᠭᠠᠨ ᠬᠥᠮᠦᠵᠢᠯ ᠡᠯᠪᠡᠭ ᠪᠠᠶᠠᠯᠢᠭ᠋ ᠦᠷ᠎ᠡ ᠪᠦᠲᠦᠭᠡᠯ ᠣᠯᠵᠠᠢ᠃

l  80% ᠣᠷᠴᠢᠮ᠎ᠤᠨ ᠰᠣᠷᠣᠭ᠍ᠴᠢ᠎ᠶᠢᠨ ᠲᠣᠭᠠᠨ ᠎ᠤ ᠤᠬᠠᠭᠠᠨ᠂ ᠬᠡᠯᠡ ᠪᠢᠴᠢᠭ᠂ ᠠᠩᠭ᠌ᠯᠢ ᠬᠡᠯᠡ᠂ ᠰᠢᠨᠵᠢᠯᠡᠬᠦ ᠤᠬᠠᠭᠠᠨ ᠵᠡᠷᠭᠡ ᠦᠨᠳᠦᠰᠦᠨ ᠬᠡᠪ ᠪᠣᠯᠪᠠᠰᠤᠷᠠᠯ ᠨᠢ ᠬᠢᠴᠢᠶᠡᠯ᠎ᠦᠨ ᠪᠠᠷᠢᠮᠵᠢᠶ᠎ᠠ᠎ᠶᠢᠨ ᠱᠠᠭᠠᠷᠳᠠᠯᠭ᠎ᠠ᠎ᠳᠤ ᠬᠦᠷᠪᠡ;

l  55% ᠣᠷᠴᠢᠮ ᠨᠢ ᠰᠢᠯᠢᠳᠡᠭ ᠬᠢᠷᠢ ᠲᠦᠪᠰᠢᠨ᠎ᠳᠦ ᠬᠦᠷᠴᠦ᠂ ᠳᠡᠯᠡᠬᠡᠢ᠎ᠶᠢᠨ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠲᠡᠷᠢᠭᠦᠨ᠎ᠦ ᠡᠩᠨᠡᠭᠡᠨ᠎ᠳᠦ ᠣᠷᠣᠪᠠ᠃

ᠰᠤᠷᠤᠭ᠍ᠴᠢᠳ᠎ᠤᠨ ᠤᠯᠤᠰ᠎ᠤᠨ ᠮᠡᠳᠡᠷᠡᠮᠵᠢ᠎ᠶᠢᠨ ᠰᠡᠳᠬᠢᠯᠭᠡ᠂ ᠤᠯᠤᠰ ᠎ᠤᠨ ᠠᠮᠤᠷ ᠲᠦᠪᠰᠢᠨ ᠎ᠦ ᠤᠬᠠᠮᠰᠠᠷ᠂ ᠳᠤᠮᠳᠠᠳᠤ ᠎ᠶᠢᠨ ᠰᠢᠯᠢᠳᠡᠭ ᠤᠯᠠᠮᠵᠢᠯᠠᠯᠲᠤ ᠰᠣᠶᠣᠯ ᠎ᠤᠨ ᠮᠡᠳᠡᠷᠡᠮᠵᠢ᠎ᠶᠢᠨ ᠰᠡᠳᠬᠢᠯᠭᠡ᠂ ᠦᠶ᠋ᠯᠡ ᠠᠵᠢᠯᠯᠠᠭᠠᠨ᠎ᠤ ᠳᠠᠳᠬᠠᠯ᠎ᠤᠨ ᠵᠢᠷᠤᠮᠵᠢᠯ᠎ᠤᠨ ᠬᠢᠷᠢ ᠬᠡᠮᠵᠢᠶ᠎ᠡ᠎ᠪᠡᠷ ᠨᠡᠯᠢᠶᠡᠳ ᠥᠨᠳᠥᠷ ᠪᠠᠢᠬᠤ ᠡᠵᠡᠯᠡᠬᠦ ᠬᠠᠷᠢᠴᠠᠯ ᠦᠷᠭᠦᠯᠵᠢᠯᠡᠨ ᠳᠡᠭᠡᠭᠰᠢᠯᠡᠪᠡ᠃ ᠡᠭᠦᠨ᠎ᠡᠴᠡ ᠭᠠᠳᠠᠨ᠎ᠠ᠂ ᠰᠣᠷᠣᠭ᠍ᠴᠢ᠎ᠶᠢᠨ ᠪᠡᠶ᠎ᠡ᠎ᠶᠢᠨ ᠥᠨᠳᠥᠷ᠂ ᠠᠭᠤᠰᠬᠢᠨ᠎ᠤ ᠠᠮᠢᠰᠬᠤᠯ᠎ᠤᠨ ᠪᠠᠭᠲᠠᠭᠠᠮᠵᠢ᠂ ᠬᠦᠴᠦ ᠲᠠᠮᠢᠷ ᠵᠡᠷᠭᠡ᠎ᠶᠢᠨ ᠥᠰᠦᠯᠲᠡ ᠪᠣᠶ᠋ᠢᠵᠢᠯᠲᠠ᠎ᠶᠢᠨ ᠭᠦᠢᠴᠡᠳᠬᠡᠯ ᠲᠣᠭ᠎ᠠ ᠰᠠᠢᠵᠢᠷᠠᠬᠤ ᠬᠠᠨᠳᠤᠰᠢ᠎ᠲᠠᠢ ᠪᠣᠯᠵᠤ᠂ ᠮᠠᠷᠢᠶᠠᠯᠠᠬᠤ ᠨᠣᠷᠮ᠎ᠠ ᠪᠠ ᠬᠠᠷᠠᠭ᠎ᠠ ᠮᠠᠭᠤᠳᠠᠭᠰᠠᠨ᠎ᠢ ᠪᠠᠢᠴᠠᠭᠠᠨ ᠭᠠᠷᠭᠠᠬᠰᠠᠨ ᠨᠣᠷᠮ᠎ᠠ᠎ᠶᠢᠨ ᠳᠡᠭᠡᠭᠰᠢᠯᠡᠬᠦ ᠬᠠᠨᠳᠤᠰᠢ᠎ᠶᠢ ᠢᠯᠡᠳᠲᠡ ᠬᠢᠵᠠᠭᠠᠷᠯᠠᠪᠠ᠃

ᠰᠤᠷᠭᠠᠨ ᠬᠥᠮᠦᠵᠢᠯ ᠎ᠦᠨ ᠶᠠᠮᠤᠨ ᠎ᠤ ᠬᠣᠯᠪᠣᠭᠳᠠᠯ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠣᠢᠷ᠎ᠠ᠎ᠶᠢᠨ ᠵᠢᠯ ᠎ᠦᠳ ᠎ᠲᠦ ᠡᠯ᠎ᠡ ᠭᠠᠵᠠᠷ᠎ᠤᠨ ᠬᠢᠨ ᠰᠤᠷᠭᠠᠭᠤᠯᠢ᠎ᠶᠢᠨ ᠳᠣᠲᠣᠨ᠎ᠠ ᠭᠠᠳᠠᠨᠠᠬᠢ ᠬᠥᠮᠥᠨ ᠬᠥᠮᠥᠵᠢᠭᠦᠯᠬᠦ ᠠᠬᠤᠢ ᠪᠠᠢᠳᠠᠯ ᠢ᠋ ᠬᠠᠮᠳᠤᠳᠬᠠᠵᠤ᠂ ᠶᠣᠰᠣ᠌ ᠮᠤᠷᠠᠯ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠢᠬᠠᠨ ᠬᠥᠳᠡᠯᠮᠦᠷᠢ ᠪᠥᠬᠥ ᠲᠠᠯ᠎ᠠ᠎ᠪᠠᠷ ᠬᠥᠭᠵᠢᠭᠰᠡᠨ ᠬᠥᠮᠥᠨ ᠢ᠋ ᠬᠥᠮᠥᠵᠢᠭᠦᠯᠬᠦ ᠤᠷᠴᠢᠨ ᠨᠦᠬᠦᠴᠡᠯ᠎ᠢ ᠪᠣᠶ ᠪᠣᠯᠭᠠᠭᠰᠠᠨ ᠪᠠᠢᠨ᠎ᠠ᠃

ᠬᠤᠪᠢᠰᠬᠠᠯ᠎ᠤᠨ ᠰᠢᠨᠵᠢᠯᠡᠬᠦ ᠤᠬᠠᠭᠠᠨ᠎ᠤ ᠰᠤᠳᠤᠯᠤᠯ᠂ ᠬᠥᠳᠡᠯᠮᠦᠷᠢ᠎ᠶᠢᠨ ᠦᠢᠯᠡᠳᠦᠯᠭᠡ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠢᠯᠡᠳᠦᠯᠭᠡ᠂ ᠪᠡᠶ᠎ᠡ᠎ᠶᠢᠨ ᠲᠠᠮᠢᠷ᠎ᠤᠨ ᠪᠤᠯᠪᠠᠰᠤᠷᠠᠯ ᠵᠡᠷᠭᠡ ᠪᠠᠶᠠᠯᠢᠭ᠋ ᠰᠠᠢᠬᠠᠨ ᠠᠵᠢᠯᠯᠠᠭ᠎ᠠ ᠨᠢ ᠵᠠᠯᠠᠭᠤᠴᠤᠳ ᠪᠠᠭᠠᠴᠤᠳ᠎ᠤᠨ ᠠᠮᠠᠷᠠᠯᠲᠠ᠎ᠶᠢᠨ ᠬᠤᠭᠤᠴᠠᠭᠠᠨ ᠎ᠤ ᠠᠮᠢᠳᠤᠷᠠᠯ᠎ᠢ ᠪᠠᠶᠠᠯᠢᠭ᠍ᠵᠢᠭᠤᠯᠵᠤ᠂ ᠡᠯ᠎ᠡ ᠭᠠᠵᠠᠷ᠎ᠤᠨ ᠬᠢᠨ《ᠡᠷᠡᠭᠦᠯ ᠮᠡᠨᠳᠦ᠎ᠶᠢ ᠲᠡᠷᠢᠭᠦᠨ ᠎ᠳᠦ ᠲᠠᠯᠪᠢᠬᠤ》ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ᠎ᠶᠢᠨ ᠡᠳᠦᠷ ᠪᠦᠷᠢ ᠎ᠶᠢᠨ ᠶᠡᠷᠦᠩᠬᠡᠢᠯᠡᠭᠰᠡᠨ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ 2 ᠴᠠᠭ ᠪᠠᠢᠯᠭᠠᠬᠤ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ 15 ᠮᠢᠨᠦ᠋ᠲ᠎ᠤᠨ ᠬᠢᠴᠢᠶᠡᠯ ᠎ᠦᠨ ᠵᠠᠪᠰᠠᠷᠯᠠᠭ᠎ᠠ ᠵᠢ ᠨᠡᠢᠳᠡᠮ ᠰᠦᠪᠡᠭᠴᠢᠯᠡᠨ ᠬᠡᠷᠡᠭᠵᠢᠭᠦᠯᠵᠦ᠂ 《ᠬᠦᠳᠡᠯᠭᠡᠭᠡᠨ ᠬᠢᠭᠡᠳ ᠬᠥᠯᠥᠰᠦ᠎ᠭᠠᠷᠬᠤ᠂ ᠴᠤᠭ ᠲᠡᠢ ᠵᠤᠯᠪᠤᠭ᠎ᠠ ᠲᠠᠢ》ᠪᠠᠢᠬᠤ ᠵᠢ ᠪᠤᠳᠠᠳᠠᠢᠵᠢᠭᠤᠯᠵᠤ ᠪᠠᠢᠨ᠎ᠠ᠃   

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号