7 ᠰᠠᠷ᠎ᠠ᠎ᠶᠢᠨ 20᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ
ᠵᠠᠰᠠᠬᠤ ᠣᠷᠣᠨ᠎ᠤ ᠤᠰᠤ ᠠᠪᠬᠤ ᠡᠷᠬᠡ᠎ᠶᠢᠨ ᠥᠯᠥ᠍ ᠬᠥᠳᠡᠯᠬᠦ᠌ ᠬᠥᠷᠥᠩᠭᠡ᠎ᠶᠢᠨ ᠠᠩᠬᠠᠨ᠎ᠤ ᠦᠨᠡᠮᠯᠡᠯ᠎ᠢ ᠲᠦᠩᠯᠢᠶᠣᠤ
ᠬᠣᠲᠠ᠎ᠳᠤ ᠣᠯᠭᠣᠵᠤ᠂ ᠡᠨᠡ ᠨᠢ ᠲᠦᠩᠯᠢᠶᠣᠤ ᠬᠣᠲᠠ᠎ᠶᠢᠨ ᠪᠠᠶ᠋ᠢᠭᠠᠯᠢ᠎ᠶᠢᠨ ᠡᠬᠢ ᠪᠠᠶᠠᠯᠢᠭ᠎ᠤᠨ ᠡᠷᠬᠡ᠎ᠶᠢ ᠨᠤᠲᠠᠯᠠᠨ
ᠲᠣᠭᠲᠠᠭᠠᠵᠤ ᠳᠡᠩᠰᠡᠯᠡᠨ ᠲᠡᠮᠳᠡᠭᠯᠡᠬᠦ᠌ ᠥᠭᠡᠷᠡᠴᠢᠯᠡᠯᠲᠡ᠎ᠶᠢ ᠭᠦᠨᠵᠡᠭᠡᠶ᠋ᠢᠷᠡᠭᠦᠯᠬᠦ᠌ ᠠᠵᠢᠯ ᠴᠢᠬᠤᠯᠠ ᠶᠡᠬᠡ
ᠰᠢᠪᠲᠤᠯᠤᠯᠲᠠ᠎ᠲᠠᠶ ᠪᠣᠯᠤᠭᠰᠠᠨ᠎ᠢ ᠬᠠᠷᠠᠭᠤᠯᠵᠤ᠂ ᠮᠥᠨ ᠴᠦ᠍ ᠪᠥᠬᠥ᠌ ᠣᠷᠣᠨ᠎ᠤ ᠤᠰᠤᠨ᠎ᠤ ᠡᠬᠢ ᠪᠠᠶᠠᠯᠢᠭ᠎ᠢ ᠡᠳ᠋
ᠬᠥᠷᠥᠩᠭᠡᠵᠢᠭᠦᠯᠦᠨ ᠬᠠᠮᠢᠶᠠᠷᠬᠤ᠎ᠳᠤ ᠬᠠᠭᠤᠯᠪᠤᠷᠢᠯᠠᠵᠤ ᠪᠣᠯᠬᠤ ᠠᠷᠭ᠎ᠠ ᠵᠠᠮ᠎ᠢ ᠬᠠᠶ᠋ᠢᠨ ᠰᠦᠪᠡᠭᠴᠢᠯᠡᠪᠡ᠃
ᠲᠣᠰ ᠦᠨᠡᠮᠯᠡᠯ ᠨᠢ ᠤᠰᠤᠨ᠎ᠤ ᠡᠬᠢ ᠪᠠᠶᠠᠯᠢᠭ᠎ᠲᠤ᠌ ᠬᠠᠤᠯᠢ᠎ᠪᠠᠷ
ᠲᠣᠭᠲᠠᠭᠠᠭᠰᠠᠨ《ᠥᠮᠴᠢᠯᠡᠬᠦ᠌ ᠡᠷᠬᠡ᠎ᠶᠢᠨ ᠪᠡᠶ᠎ᠡ᠎ᠶᠢᠨ ᠦᠨᠡᠮᠯᠡᠯ》 ᠣᠯᠭᠣᠵᠤ᠂ ᠤᠰᠤ ᠠᠪᠬᠤ ᠡᠷᠬᠡᠲᠦ᠍ ᠬᠥᠮᠦᠨ᠂ ᠣᠷᠣᠨ ᠪᠠᠶ᠋ᠢᠷᠢ᠂ ᠬᠡᠷᠡᠭᠯᠡᠬᠦ᠌ ᠬᠤᠭᠤᠴᠠᠭ᠎ᠠ᠂
ᠤᠰᠤ ᠠᠪᠬᠤ ᠬᠡᠮᠵᠢᠶ᠎ᠡ᠂ ᠤᠰᠤᠨ᠎ᠤ ᠡᠬᠢ ᠰᠤᠷᠪᠤᠯᠵᠢ᠎ᠶᠢᠨ ᠲᠥᠷᠥᠯ ᠬᠡᠯᠪᠡᠷᠢ᠂ ᠤᠰᠤ ᠠᠪᠬᠤ ᠲᠥᠷᠥᠯ ᠬᠡᠯᠪᠡᠷᠢ
ᠵᠡᠷᠭᠡ ᠭᠤᠤᠯ ᠮᠡᠳᠡᠭᠡ ᠵᠠᠩᠭᠢ᠎ᠶᠢ ᠢᠯᠡᠷᠬᠡᠢ ᠲᠣᠳᠣᠷᠬᠠᠶ᠋ᠢᠯᠠᠵᠤ᠂ ᠤᠰᠤ ᠠᠪᠬᠤ ᠡᠷᠬᠡᠲᠦ᠍ ᠬᠥᠮᠦᠨ᠎ᠦ ᠬᠠᠤᠯᠢ
ᠶᠣᠰᠣᠨ᠎ᠤ ᠡᠷᠬᠡ ᠠᠰᠢᠭ᠎ᠢ ᠪᠦᠲᠦᠮᠵᠢᠲᠡᠶ ᠪᠠᠲᠤᠯᠠᠵᠤ᠂ ᠤᠰᠤᠨ᠎ᠤ ᠡᠬᠢ ᠪᠠᠶᠠᠯᠢᠭ᠎ᠢ ᠪᠠᠶ᠋ᠢᠭᠠᠯᠢ᠎ᠶᠢᠨ ᠡᠬᠢ
ᠪᠠᠶᠠᠯᠢᠭᠡᠴᠠ ᠨᠢ ᠬᠡᠮᠵᠢᠶᠡᠯᠡᠵᠦ᠍ ᠪᠣᠯᠬᠤ᠂ ᠠᠮᠢᠳᠤᠯᠢᠭ ᠪᠣᠯᠭᠠᠵᠤ ᠪᠣᠯᠬᠤ᠂ ᠥᠷᠲᠡᠭ ᠨᠡᠮᠡᠭᠳᠡᠭᠦᠯᠵᠦ᠍ ᠪᠣᠯᠬᠤ
ᠠᠮᠢ ᠠᠬᠤᠶ᠎ᠶᠢᠨ ᠡᠳ᠋ ᠬᠥᠷᠥᠩᠭᠡ ᠪᠣᠯᠭᠠᠨ ᠬᠤᠪᠢᠷᠠᠭᠤᠯᠵᠤ᠂ ᠤᠰᠤᠨ᠎ᠤ ᠡᠬᠢ ᠪᠠᠶᠠᠯᠢᠭ᠎ᠤᠨ ᠨᠠᠷᠢᠯᠢᠬᠵᠢᠭᠤᠯᠤᠭᠰᠠᠨ
ᠬᠠᠮᠢᠶᠠᠷᠤᠯᠲᠠ᠎ᠶᠢᠨ ᠬᠢᠷᠢ ᠲᠦᠪᠰᠢᠨ᠎ᠢ ᠬᠦᠴᠦᠲᠡᠶ ᠳᠡᠭᠡᠭᠰᠢᠯᠡᠭᠦᠯᠬᠦ᠌ ᠪᠣᠯᠤᠨ᠎ᠠ᠃
《ᠤᠰᠤ ᠠᠪᠬᠤ ᠡᠷᠬᠡ᠎ᠶᠢᠨ ᠥᠯᠥ᠍ ᠬᠥᠳᠡᠯᠬᠦ᠌ ᠬᠥᠷᠥᠩᠭᠡ᠎ᠶᠢᠨ
ᠡᠷᠬᠡ᠎ᠶᠢᠨ ᠦᠨᠡᠮᠯᠡᠯ᠎ᠲᠡᠶ ᠪᠣᠯᠪᠠᠯ᠂ ᠤᠰᠤ ᠠᠪᠬᠤ ᠡᠷᠬᠡ ᠨᠢ ᠳᠠᠷᠤᠶ ᠦᠨᠡᠨ ᠪᠣᠳᠠᠲᠠᠶ ᠠᠵᠤ ᠠᠬᠤᠶ᠋ᠢᠯᠠᠯ᠎ᠤᠨ
ᠡᠳ᠋ ᠬᠥᠷᠥᠩᠭᠡ ᠪᠣᠯᠵᠣ᠂ ᠪᠠᠷᠢᠴᠠᠭᠠᠯᠠᠵᠤ ᠪᠠᠯᠠ ᠳᠣᠭᠢᠷᠠᠭᠤᠯᠬᠤ ᠪᠠ ᠤᠰᠤᠨ᠎ᠤ ᠡᠷᠬᠡ᠎ᠶᠢ ᠡᠷᠭᠢᠯᠳᠦᠭᠦᠯᠬᠦ᠌᠎ᠳᠦ
ᠬᠡᠷᠡᠭᠯᠡᠵᠦ᠍᠂ ᠪᠠᠯᠠ ᠳᠣᠭᠢᠷᠠᠭᠤᠯᠬᠤ ᠠᠷᠭ᠎ᠠ ᠵᠠᠮ᠎ᠢ ᠪᠦᠲᠦᠮᠵᠢᠲᠡᠶ ᠥᠷᠭᠡᠳᠬᠡᠪᠡ᠃ ᠡᠨᠡ ᠬᠦ᠌ ᠥᠭᠡᠷᠡᠴᠢᠯᠡᠯᠲᠡ ᠨᠢ ᠠᠵᠤ ᠠᠬᠤᠶ᠋ᠢᠯᠠᠯ᠎ᠤᠨ
ᠦᠢᠯᠡᠳᠪᠦᠷᠢᠯᠡᠯ᠎ᠢᠶᠡᠨ ᠥᠷᠭᠡᠳᠬᠡᠬᠦ᠌᠎ᠳᠦ ᠦᠨᠡᠨ ᠪᠣᠳᠠᠲᠠᠶ ᠬᠠᠪᠰᠤᠷᠤᠯᠭ᠎ᠠ ᠦᠵᠡᠭᠦᠯᠦᠭᠰᠡᠨ ᠪᠠᠶ᠋ᠢᠨ᠎ᠠ》 ᠭᠡᠵᠦ
ᠲᠦᠩᠯᠢᠶᠣᠤ ᠵᠢᠨ ᠱᠸᠨ ᠳ᠋ᠸ ᠰᠢᠨ᠎ᠡ ᠡᠨᠧᠷᠭᠢ᠎ᠶᠢᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ᠌
ᠺᠣᠮᠫᠠᠨᠢ᠎ᠶᠢᠨ ᠠᠵᠢᠯᠲᠠᠨ ᠸᠠᠩ ᠶᠤᠸᠠᠢ ᠭᠡᠯᠡᠵᠦ ᠪᠠᠢᠯ᠎ᠠ ᠃
ᠲᠦᠩᠯᠢᠶᠣᠤ ᠬᠣᠲᠠ᠎ᠶᠢᠨ ᠤᠰᠤᠨ᠎ᠤ ᠶᠠᠪᠤᠳᠠᠯ᠎ᠤᠨ ᠲᠣᠪᠴᠢᠶᠠᠨ᠎ᠤ
ᠳᠡᠳ᠋ ᠳᠠᠷᠤᠭ᠎ᠠ ᠯᠢ ᠬᠠᠶ ᠵᠢᠶᠠᠩ ᠢᠯᠡᠷᠬᠡᠶ᠋ᠢᠯᠡᠬᠦ᠌᠎ᠳᠡᠭᠡᠨ᠂ ᠲᠠᠷᠠᠭᠠᠴᠢ᠎ᠶᠢᠨ ᠠᠯᠬᠤᠮ᠎ᠳᠤ ᠤᠰᠤ ᠠᠪᠬᠤ ᠡᠷᠬᠡ᠎ᠶᠢ
ᠳᠠᠩᠰᠠᠯᠠᠬᠤ ᠠᠵᠢᠯ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠥᠭᠡᠷᠡᠴᠢᠯᠡᠯᠲᠡ᠎ᠶᠢᠨ ᠬᠠᠮᠤᠷᠬᠤ ᠬᠡᠪᠴᠢᠶ᠎ᠡ᠎ᠶᠢ
ᠠᠯᠬᠤᠮ ᠠᠯᠬᠤᠮ᠎ᠢᠶᠠᠷ ᠥᠷᠭᠡᠳᠬᠡᠨ᠂ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ ᠡᠷᠴᠢᠮᠵᠢᠭᠦᠯᠦᠨ ᠠᠰᠢᠭᠯᠠᠬᠤ᠎ᠶᠢ
ᠠᠬᠢᠭᠤᠯᠵᠤ᠂ ᠲᠦᠩᠯᠢᠶᠣᠤ ᠬᠣᠲᠠ᠎ᠶᠢᠨ ᠠᠵᠤ ᠠᠬᠤᠶ ᠨᠡᠶ᠋ᠢᠭᠡᠮ᠎ᠦᠨ ᠴᠢᠨᠠᠷ ᠰᠠᠶ᠋ᠢᠲᠠᠶ ᠬᠥᠭᠵᠢᠯᠲᠡ᠎ᠳᠦ ᠪᠠᠲᠤ᠌
ᠪᠠᠬᠢ ᠤᠰᠤᠨ᠎ᠤ ᠠᠮᠤᠷ ᠲᠦᠪᠰᠢᠨ᠎ᠦ ᠪᠠᠲᠤᠯᠠᠭ᠎ᠠ ᠬᠠᠩᠭᠠᠨ᠎ᠠ ᠭᠡᠵᠡᠶ᠃
ᠢᠷᠡᠯᠲᠡ᠄ ᠲᠠᠯ᠎ᠠ ᠨᠤᠲᠤᠭ᠎ᠤᠨ ᠡᠭᠦᠯᠡ ᠰᠢᠯᠵᠢᠶ᠎ᠡ