7 ᠰᠠᠷ᠎ᠠ᠎ᠶᠢᠨ 23᠎ᠤ ᠡᠳᠦᠷ᠂ ᠳᠡᠯᠡᠬᠡᠢ᠎ᠶᠢᠨ ᠰᠦ᠎ᠶᠢᠨ
ᠦᠢᠯᠡᠰ᠎ᠦᠨ ᠶᠡᠬᠡ ᠬᠤᠷᠠᠯ ᠢ ᠭᠣᠣᠯᠯᠠᠨ ᠡᠷᠭᠢᠯᠡᠭᠦ ᠢᠯᠢ ᠪᠦᠯᠦᠭᠯᠡᠯ ᠪᠣᠯᠣᠨ ᠮᠧᠩ ᠨᠢᠦ ᠪᠦᠯᠦᠭᠯᠡᠯ ᠬᠠᠮᠲᠤᠷᠠᠨ
ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠶᠡᠬᠡ ᠬᠤᠷᠠᠯ᠎ᠤᠨ ᠪᠡᠯᠡᠳᠬᠡᠯ ᠠᠵᠢᠯ᠎ᠤᠨ ᠠᠬᠢᠴᠠ᠎ᠶᠢ ᠵᠠᠷᠯᠠᠨ
ᠮᠡᠳᠡᠭᠳᠡᠪᠡ᠃ ᠲᠣᠰ ᠤᠳᠠᠭᠠᠨ᠎ᠤ ᠶᠡᠬᠡ ᠬᠤᠷᠠᠯ ᠨᠢ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠥᠲᠥᠯᠥᠨ ᠳᠠᠭᠠᠭᠤᠯᠬᠤ᠂ ᠬᠠᠮᠲᠤᠷᠠᠨ
ᠠᠵᠢᠯᠯᠠᠵᠤ ᠬᠠᠮᠲᠤ᠎ᠪᠠᠷ ᠠᠰᠢᠭ᠋ ᠭᠥᠷᠳᠡᠬᠦ᠂ ᠪᠥᠬᠥ ᠪᠥᠮᠪᠥᠷᠴᠡᠭ᠎ᠦᠨ ᠰᠦ ᠶᠢᠨ ᠦᠢᠯᠡᠰ᠎ᠦᠨ ᠦᠷᠭᠦᠯᠵᠢᠯᠡᠬᠦ
ᠠᠮᠢ ᠠᠬᠤᠢ᠎ᠶᠢᠨ ᠲᠣᠭᠣᠷᠢᠭ᠋᠎ᠢ ᠬᠠᠮᠲᠤ᠎ᠪᠠᠷ ᠪᠠᠶ᠋ᠢᠭᠤᠯᠬᠤ》᠎ᠪᠠᠷ ᠭᠣᠣᠯ ᠰᠡᠳᠦᠪ ᠪᠣᠯᠭᠠᠵᠤ᠂ ᠡᠬᠢᠯᠡᠯᠲᠡ᠎ᠶᠢᠨ ᠶᠣᠰᠣᠯᠠᠯ᠂ ᠪᠥᠬᠥ ᠠᠵᠤ ᠦᠢᠯᠡᠰ᠎ᠦᠨ ᠬᠡᠯᠬᠢᠶ᠎ᠡ᠎ᠶᠢ
ᠲᠤᠭᠤᠷᠢᠨ ᠦᠵᠡᠬᠦ ᠵᠢᠴᠢ ᠵᠡᠷᠭᠡᠴᠡᠭᠡ ᠬᠤᠷᠠᠯ ᠵᠡᠷᠭᠡ ᠭᠣᠭᠴᠣᠭ᠎ᠠ᠎ᠶᠢ ᠲᠣᠬᠢᠷᠠᠭᠤᠯᠵᠤ᠂ ᠪᠥᠬᠥ ᠪᠥᠮᠪᠥᠷᠴᠡᠭ ᠦᠨ
ᠰᠦ᠎ᠶᠢᠨ ᠦᠢᠯᠡᠰ᠎ᠦᠨ ᠰᠣᠯᠢᠯᠴᠠᠭ᠎ᠠ ᠬᠠᠮᠲᠤᠷᠠᠯᠴᠠᠭᠠᠨ᠎ᠤ ᠲᠠᠪᠴᠠᠩ᠎ᠢ ᠪᠠᠶ᠋ᠢᠭᠤᠯᠬᠤ᠎ᠪᠠᠷ ᠵᠣᠷᠢᠯᠭ᠎ᠠ᠎ᠪᠠᠨ
ᠪᠣᠯᠭᠠᠵᠠᠢ᠃ ᠲᠤᠬᠠᠢ ᠶᠢᠨ ᠴᠠᠭ᠎ᠲᠤ᠂ ᠬᠥᠬᠡᠬᠣᠲᠠ
ᠵᠢᠨ ᠠᠯᠳᠠᠷ ᠴᠤᠯᠠ᠎ᠵᠢ ᠳᠡᠰ ᠳᠡᠪᠰᠢᠭᠦᠯᠵᠦ᠂ 《ᠳᠡᠯᠡᠬᠡᠢ᠎ᠶᠢᠨ ᠰᠦ ᠵᠢᠨ ᠬᠤᠲᠠ》 ᠭᠡᠬᠦ ᠫᠠᠢᠰᠠ ᠣᠯᠭᠣᠬᠤ᠎ᠪᠠᠷ ᠪᠣᠶ᠃
ᠶᠡᠬᠡ ᠬᠤᠷᠠᠯ᠎ᠳᠤ ᠪᠠᠰᠠ
ᠶᠠᠮᠠᠷ ᠬᠢᠯᠠᠰ ᠴᠡᠭ ᠪᠠᠢᠬᠤ ᠪᠣᠶ︖
ᠨᠢᠭᠡ᠂ ᠶᠡᠬᠡ ᠬᠤᠷᠠᠯ᠎ᠤᠨ ᠡᠬᠢᠯᠡᠯᠲᠠ ᠵᠢᠨ ᠶᠣᠰᠣᠯᠠᠯ ᠡᠷᠬᠢᠯᠡᠬᠦ᠃ ᠶᠡᠬᠡ ᠬᠤᠷᠠᠯ᠎ᠤᠨ ᠡᠬᠢᠯᠡᠯᠲᠡ᠎ᠶᠢᠨ
ᠶᠣᠰᠣᠯᠠᠯ ᠨᠢ 8
ᠰᠠᠷ᠎ᠠ᠎ᠶᠢᠨ
1᠎ᠦ ᠡᠳᠦᠷ᠎ᠦᠨ ᠦᠳᠡ᠎ᠶᠢᠨ ᠡᠮᠦᠨᠡᠬᠢ
9
ᠴᠠᠭ᠎ᠲᠤ
ᠴᠡᠯᠡᠭᠡᠷ ᠲᠠᠯ᠎ᠠ ᠵᠢᠨ ᠮᠢᠩᠭᠠᠨ ᠬᠥᠮᠥᠨ᠎ᠦ ᠬᠤᠷᠠᠯ᠎ᠤᠨ ᠲᠥᠪ᠎ᠲᠦ ᠶᠠᠪᠤᠭᠳᠠᠵᠤ᠂ ᠣᠯᠠᠨ ᠤᠯᠤᠰ᠎ᠤᠨ ᠠᠵᠢᠯ ᠲᠥᠷᠥᠯ᠎ᠦᠨ
ᠨᠡᠢᠭᠡᠮᠯᠢᠭ᠎ᠦᠨ ᠬᠠᠷᠢᠭᠤᠴᠠᠯᠭᠠᠲᠠᠨ᠂ ᠠᠺᠠᠳᠧᠮᠢᠴᠢ᠂ ᠪᠥᠬᠥ ᠪᠥᠮᠪᠥᠷᠴᠡᠭ᠎ᠦᠨ ᠰᠦ᠎ᠶᠢᠨ ᠠᠵᠤ ᠦᠢᠯᠡᠰ᠎ᠦᠨ ᠬᠡᠯᠬᠢᠶ᠎ᠡ᠎ᠶᠢᠨ
ᠲᠤᠯᠤᠭᠠᠢᠯᠠᠭᠴᠢ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠢ ᠤᠷᠢᠵᠤ ᠣᠷᠣᠯᠴᠠᠭᠤᠯᠤᠨ᠎ᠠ᠃ ᠡᠬᠢᠯᠡᠯᠲᠡ ᠵᠢᠨ
ᠶᠤᠰᠤᠯᠠᠯ᠎ᠳᠤ ᠣᠯᠠᠨ ᠤᠯᠤᠰ ᠤᠨ ᠢᠳᠡᠭᠡᠨ ᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠣᠯᠪᠣᠭ᠎ᠠ᠎ᠠᠴᠠ
ᠬᠥᠬᠡᠬᠣᠲᠠ ᠳᠤ《ᠳᠡᠯᠡᠬᠡᠢ ᠶᠢᠨ ᠰᠦ ᠵᠢᠨ ᠬᠤᠲᠠ》ᠵᠢᠨ ᠫᠠᠢᠰᠠ ᠢᠯᠡᠷᠬᠡᠢᠯᠡᠯ ᠣᠯᠭᠣᠬᠤ
ᠪᠦᠭᠡᠳ ᠡᠨᠡ ᠨᠢ ᠬᠥᠬᠡᠬᠣᠲᠠ ᠶᠢᠨ ᠰᠦ ᠶᠢᠨ ᠦᠢᠯᠡᠰ ᠦᠨ ᠬᠥᠭᠵᠢᠯᠲᠡ᠎ᠳᠦ ᠲᠡᠦᠬᠡᠨ ᠬᠥᠰᠢᠶ᠎ᠡ ᠳᠤᠷᠠᠰᠬᠠᠯ ᠪᠣᠯᠬᠤ
ᠴᠢᠬᠤᠯᠠ ᠦᠢᠯᠡ ᠶᠠᠪᠤᠳᠠᠯ ᠪᠣᠯᠣᠨ᠎ᠠ᠃
ᠬᠣᠶᠠᠷ᠂ ᠬᠣᠣᠰ ᠱᠤᠭᠤᠮ᠎ᠤᠨ ᠪᠦᠬᠦ ᠠᠵᠤ ᠦᠢᠯᠡᠰ᠎ᠦᠨ ᠬᠡᠯᠬᠢᠶ᠎ᠡ᠎ᠶᠢ ᠲᠤᠬᠠᠢ᠎ᠶᠢᠨ
ᠭᠠᠵᠠᠷ ᠲᠤᠨᠢ ᠲᠣᠭᠣᠷᠢᠨ ᠦᠵᠡᠬᠦ ᠠᠵᠢᠯᠯᠠᠭ᠎ᠠ᠎ᠶᠢ ᠵᠣᠬᠢᠶᠠᠨ ᠪᠠᠢᠭᠤᠯᠤᠨ᠎ᠠ᠃ ᠶᠡᠬᠡ ᠬᠤᠷᠠᠯ᠎ᠤᠨ ᠬᠤᠭᠤᠴᠠᠭᠠᠨ᠎ᠳᠤ᠂
ᠤᠯᠤᠰ᠎ᠤᠨ ᠳᠣᠲᠣᠭᠠᠳᠤ ᠭᠠᠳᠠᠭᠠᠳᠤ᠎ᠶᠢᠨ ᠵᠣᠴᠢᠳ᠎ᠢ ᠵᠣᠬᠢᠶᠠᠨ ᠪᠠᠢᠭᠤᠯᠵᠤ ᠢᠯᠢ᠂ ᠮᠧᠩ ᠨᠢᠦ᠎ᠶᠢᠨ ᠪᠠᠷᠢᠮᠵᠢᠶᠠᠵᠢᠭᠤᠯᠤᠭᠰᠠᠨ
ᠣᠶᠤᠨᠴᠢ ᠮᠠᠯᠵᠢᠯ᠎ᠤᠨ ᠲᠠᠯᠠᠪᠠᠢ᠂ ᠰᠦ᠎ᠶᠢᠨ ᠦᠢᠯᠡᠰ᠎ᠦᠨ ᠤᠯᠤᠰ᠎ᠤᠨ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠂
ᠣᠶᠤᠨᠲᠤ ᠦᠢᠯᠡᠳᠬᠦ ᠰᠠᠭᠤᠷᠢᠨ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠦᠷᠢᠶᠡᠯᠡᠩ ᠵᠡᠷᠭᠡ ᠰᠦ᠎ᠶᠢᠨ
ᠦᠢᠯᠡᠰ᠎ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ᠎ᠦᠨ ᠦᠷ᠎ᠡ ᠪᠦᠲᠦᠭᠡᠯ᠎ᠢ ᠲᠤᠬᠠᠢ᠎ᠶᠢᠨ ᠭᠠᠵᠠᠷ ᠲᠤᠨᠢ
ᠲᠣᠭᠣᠷᠢᠨ ᠦᠵᠡᠭᠦᠯᠵᠦ᠂ ᠡᠪᠡᠰᠦ ᠪᠣᠷᠳᠣᠭᠠᠡᠴᠠ ᠪᠦᠲᠦᠭᠡᠭᠳᠡᠬᠦᠨ ᠬᠦᠷᠲᠡᠯᠡᠬᠢ ᠪᠦᠬᠦ ᠦᠶᠡᠯᠡᠯ᠎ᠦᠨ ᠬᠤᠭᠤᠴᠠᠭᠠᠨ᠎ᠤ
ᠪᠣᠬᠢᠷᠲᠤᠯ ᠦᠭᠡᠢ ᠬᠥᠭᠵᠢᠯᠲᠡ᠎ᠶᠢᠨ ᠰᠢᠰᠲ᠋ᠧᠮ᠎ᠢ ᠪᠦᠷᠢᠨ ᠬᠠᠷᠠᠭᠤᠯᠤᠨ᠎ᠠ᠃
ᠭᠤᠷᠪᠠ᠂ ᠤᠯᠠᠨ ᠤᠯᠤᠰ᠎ᠤᠨ ᠳᠡᠭᠡᠳᠦ ᠲᠡᠰ᠎ᠤᠨ ᠵᠡᠷᠭᠡᠴᠡᠭᠡ ᠬᠤᠷᠠᠯ᠎ᠢ ᠡᠷᠬᠢᠯᠡᠨ᠎ᠡ᠃ ᠶᠡᠬᠡ ᠬᠤᠷᠠᠯ᠎ᠤᠨ ᠬᠤᠭᠤᠴᠠᠭᠠᠨ᠎ᠳᠤ᠂
ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠠᠮᠤ ᠪᠤᠳᠠᠭ᠎ᠠ ᠬᠥᠳᠡᠭᠡ ᠠᠵᠤ ᠠᠬᠤᠢ᠎ᠶᠢᠨ ᠵᠣᠬᠢᠶᠠᠨ ᠪᠠᠢᠭᠤᠯᠤᠯᠲᠠ᠂
ᠳᠤᠮᠳᠠᠳᠤ ᠤᠯᠤᠰ᠎ᠤᠨ ᠢᠳᠡᠭᠡᠨ᠎ᠤ ᠦᠢᠯᠡᠰ᠎ᠤᠨ ᠨᠤᠲᠤᠭ᠎ᠤᠨ ᠮᠠᠯ᠎ᠢ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ
ᠭᠠᠷᠭᠠᠬᠤ ᠬᠤᠳᠠᠯᠳᠤᠭᠠᠴᠢᠳ᠎ᠤᠨ ᠡᠪᠯᠡᠯ ᠲᠤᠰ ᠪᠦᠷᠢ ᠬᠠᠭᠠᠯᠲᠠᠲᠠᠢ ᠬᠤᠷᠠᠯ ᠬᠤᠷᠠᠯᠳᠤᠭᠤᠯᠵᠤ᠂ ᠪᠦᠬᠦ ᠪᠥᠮᠪᠥᠷᠴᠡᠭ᠎ᠦᠨ
ᠠᠵᠢᠯ ᠲᠦᠷᠦᠯ᠎ᠦᠨ ᠬᠦᠷᠢᠶᠡᠨ᠎ᠦ ᠲᠤᠰᠬᠠᠢ ᠮᠡᠷᠭᠡᠵᠢᠯᠲᠡᠨ᠂ ᠠᠵᠤ ᠦᠢᠯᠡᠰ᠎ᠦᠨ ᠬᠡᠯᠬᠢᠶ᠎ᠡ᠎ᠶᠢᠨ ᠳᠡᠭᠡᠳᠦ ᠳᠣᠣᠷᠠᠳᠤ
ᠤᠷᠤᠰᠬᠠᠯ᠎ᠤᠨ ᠳᠠᠭᠠᠭᠤᠯᠤᠭ᠍ᠴᠢ ᠠᠵᠤ ᠠᠬᠤᠢᠯᠠᠯ᠎ᠤᠨ ᠮᠡᠷᠭᠡᠵᠢᠯ᠎ᠦᠨ ᠬᠠᠷᠢᠭᠤᠴᠠᠯᠭᠠᠲᠠᠨ ᠢ ᠴᠤᠭᠯᠠᠭᠤᠯᠵᠤ᠂
ᠬᠣᠰᠢᠭᠤᠷᠠᠯ ᠮᠡᠷᠭᠡᠵᠢᠯ᠎ᠦᠨ ᠰᠤᠳᠤᠯᠤᠨ ᠶᠠᠷᠢᠯᠴᠠᠭ᠎ᠠ᠂ ᠠᠵᠢᠯ ᠲᠦᠷᠦ ᠯᠦᠨ ᠪᠠᠷᠢᠮᠵᠢᠶ᠎ᠠ᠎ᠶᠢᠨ ᠰᠣᠯᠢᠯᠴᠠᠭ᠎ᠠ᠂
ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠢ ᠵᠣᠯᠭᠠᠭᠤᠯᠬᠤ ᠠᠵᠢᠯᠯᠠᠭ᠎ᠠ ᠥᠷᠨᠢᠭᠦᠯᠵᠦ᠂ ᠰᠦ᠎ᠶᠢᠨ ᠦᠢᠯᠡᠰ᠎ᠦᠨ
ᠬᠥᠭᠵᠢᠯᠲᠡ᠎ᠶᠢ ᠠᠬᠢᠭᠤᠯᠬᠤ ᠳᠠᠭᠤᠷᠢᠶᠠᠵᠤ ᠪᠣᠯᠬᠤᠢᠴᠠ ᠠᠷᠭ᠎ᠠ ᠵᠠᠮ᠎ᠢ ᠬᠠᠢᠨ ᠰᠦᠪᠡᠭᠴᠢᠯᠡᠨ᠎ᠡ᠃
ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠵᠢᠷᠭᠢᠶ᠎ᠡ