ᠲᠥᠷᠥ᠎ᠶᠢᠨ ᠶᠠᠪᠤᠳᠠᠯ ᠤᠨ ᠬᠣᠷᠢᠶ᠎ᠠ
ᠲᠦᠷᠦᠭᠦᠬᠡᠨ《ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ( 2026 — 2030 ᠣᠨ )》(ᠳᠣᠷᠣᠭ᠍ᠰᠢ 《ᠲᠥᠯᠥᠪᠯᠡᠭᠡ》 ᠭᠡᠵᠦ ᠲᠣᠪᠴᠢᠯᠠᠨ᠎ᠠ ) ᠵᠢ ᠳᠠᠷᠤᠮᠠᠯᠯᠠᠨ ᠲᠠᠷᠬᠠᠭᠠᠵᠤ᠂ 《ᠠᠷᠪᠠᠨ ᠲᠠᠪᠤᠳᠤᠭᠠᠷ
ᠲᠠᠪᠤᠨ ᠵᠢᠯ》᠎ᠦᠨ ᠲᠥᠯᠦᠪᠵᠢᠭᠦᠯᠭᠡ ᠶᠢᠨ ᠬᠤᠭᠤᠴᠠᠭᠠᠨ᠎ᠳᠤ ᠪᠥᠬᠥ
ᠠᠷᠠᠳ᠎ᠤᠨ ᠪᠡᠶ᠎ᠡ ᠴᠢᠭᠢᠷᠠᠭᠵᠢᠭᠤᠯᠬᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ
ᠪᠠᠢᠷᠢᠯᠠᠭᠤᠯᠤᠯᠲᠠ ᠬᠢᠪᠡ᠃
《ᠲᠥᠯᠥᠪᠯᠡᠭᠡ》 ᠳ᠋ᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋
ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂
ᠠᠷᠠᠳ ᠲᠦᠮᠡᠨ ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠪᠥᠬᠥ
ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ᠎ᠶᠢᠨ ᠭᠦᠨᠵᠡᠭᠡᠢ
ᠠᠭᠤᠰᠤᠯᠴᠠᠯ ᠢ ᠠᠬᠢᠭᠤᠯᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ᠎ᠶᠢᠨ
ᠦᠢᠯᠡᠴᠢᠯᠡᠭᠡᠨ᠎ᠦ ᠰᠢᠰᠲᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠮ᠎ᠤᠨ ᠬᠣᠷᠢᠶ᠎ᠠ
ᠤᠳᠤᠷᠢᠳᠤᠭᠰᠠᠨ᠂ ᠵᠠᠰᠠᠭ ᠤᠨ ᠣᠷᠳᠣᠨ ᠭᠣᠣᠯᠯᠠᠨ ᠤᠳᠤᠷᠢᠳᠤᠭᠰᠠᠨ᠂ ᠰᠠᠯᠠᠭ᠎ᠠ ᠮᠥᠴᠢᠷ ᠬᠣᠯᠪᠤᠭᠠᠯᠠᠨ
ᠬᠥᠳᠡᠯᠦᠯᠴᠡᠭᠰᠡᠨ᠂ ᠨᠡᠢᠭᠡᠮᠨᠠᠢᠲᠡ ᠪᠠᠷ᠎ᠢᠶᠡᠨ ᠬᠠᠮᠵᠢᠯᠴᠠᠭᠰᠠᠨ᠂ ᠣᠯᠠᠨ ᠲᠠᠯ᠎ᠠ ᠵᠢᠨ᠎ᠬᠢᠨ
ᠣᠷᠣᠯᠴᠠᠭᠰᠠᠨ᠂ ᠬᠠᠤᠯᠢ ᠵᠢᠨ ᠪᠠᠲᠤᠯᠠᠭ᠎ᠠ᠎ᠲᠠᠢ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ
ᠪᠠᠢᠷᠢᠰᠢᠯ᠎ᠢ ᠢᠳᠡᠪᠬᠢᠲᠡᠢ ᠴᠤᠭᠴᠠᠯᠠᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠨᠳᠦᠰᠦᠨ ᠣᠯᠠᠨ
ᠨᠡᠶ᠋ᠢᠲᠡ᠎ᠶᠢᠨ ᠦᠢᠯᠡᠴᠢᠯᠡᠭᠡᠨ ᠦ ᠲᠡᠩᠴᠡᠭᠦᠷᠢᠲᠦ ᠴᠢᠨᠠᠷ᠂ ᠪᠣᠯᠣᠮᠵᠢᠲᠤ ᠴᠢᠨᠠᠷ᠎ᠢ ᠤᠯᠠᠮ ᠳᠡᠭᠡᠭᠰᠢᠯᠡᠭᠦᠯᠵᠦ᠂
ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ᠎ᠢ ᠲᠦᠷᠭᠡᠳᠬᠡᠨ ᠪᠦᠲᠦᠭᠡᠨ
ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
《ᠲᠥᠯᠥᠪᠯᠡᠭᠡ》 ᠳ᠋ᠤ᠂ 2030 ᠣᠨ ᠪᠣᠯᠬᠤ᠎ᠳᠤ ᠨᠠᠩ ᠥᠨᠳᠥᠷ ᠲᠦᠪᠰᠢᠨ ᠪᠦᠬᠦᠢ ᠪᠥᠬᠥ ᠠᠷᠠᠳ᠎ᠤᠨ
ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠶᠢᠨ ᠦᠢᠯᠡᠴᠢᠯᠡᠭᠡᠨ᠎ᠦ ᠰᠢᠰᠲᠧᠮ᠎ᠢ ᠡᠳᠦᠷ ᠢᠷᠡᠬᠦᠶ᠎ᠡ
ᠲᠡᠭᠦᠯᠳᠡᠷᠵᠢᠭᠦᠯᠵᠦ᠂ ᠦᠢᠯᠡᠳᠬᠦᠨ ᠦ ᠦᠢᠯᠡᠴᠢᠯᠡᠭᠡᠨ᠎ᠦ ᠬᠠᠩᠭᠠᠯᠭ᠎ᠠ᠎ᠶᠢᠨ ᠴᠢᠳᠠᠪᠤᠷᠢ᠎ᠶᠢ ᠲᠠᠰᠤᠷᠠᠯᠲᠠ
ᠦᠭᠡᠢ ᠨᠡᠮᠡᠭᠳᠡᠭᠦᠯᠵᠦ᠂ ᠶᠠᠰᠤ ᠴᠢᠨᠠᠷ᠎ᠢ ᠦᠷᠭᠦᠯᠵᠢᠯᠡᠨ ᠳᠡᠭᠡᠭᠰᠢᠯᠡᠭᠦᠯᠵᠦ᠂ ᠣᠯᠠᠨ ᠲᠦᠮᠡᠨ ᠦ
ᠳᠡᠷᠭᠡᠳᠡᠬᠢ ᠲᠠᠯᠠᠪᠤᠷ ᠲᠥᠬᠦᠭᠡᠷᠦᠮᠵᠢ᠎ᠶᠢ ᠨᠠᠩ ᠭᠦᠢᠴᠡᠳ ᠴᠢᠨᠠᠷ ᠰᠠᠢᠲᠠᠢ ᠪᠣᠯᠭᠠᠵᠤ᠂ ᠣᠯᠠᠨ ᠲᠦᠮᠡᠨ᠎ᠦ
ᠪᠡᠶ᠎ᠡ᠎ᠶᠢᠨ ᠲᠠᠮᠢᠷ᠎ᠤᠨ ᠤᠷᠤᠯᠳᠤᠭᠠᠨ ᠪᠠ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠎ᠶᠢ
ᠨᠠᠩ ᠡᠯᠪᠡᠭ ᠪᠠᠶᠠᠯᠢᠭ᠋ ᠪᠣᠯᠭᠠᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ᠎ᠶᠢᠨ
ᠦᠢᠯᠡᠴᠢᠯᠡᠭᠡ᠎ᠶᠢ ᠨᠠᠩ ᠠᠮᠤᠷ ᠲᠦᠪᠰᠢᠨ ᠵᠢᠷᠤᠮᠵᠢᠭᠤᠨ ᠪᠣᠯᠭᠠᠵᠤ᠂ ᠡᠯ᠎ᠡ ᠲᠥᠷᠥᠯ᠎ᠦᠨ ᠪᠡᠶ᠎ᠡ᠎ᠶᠢᠨ
ᠲᠠᠮᠢᠷ᠎ᠤᠨ ᠵᠣᠬᠢᠶᠠᠨ ᠪᠠᠢᠭᠤᠯᠤᠯᠲᠠ᠎ᠶᠢ ᠡᠮᠬᠢ ᠵᠢᠷᠤᠮ᠎ᠲᠠᠢ ᠬᠥᠭᠵᠢᠭᠦᠯᠵᠦ᠂ ᠪᠥᠬᠥ ᠠᠷᠠᠳ᠎ᠤᠨ ᠪᠡᠶ᠎ᠡ
ᠴᠢᠭᠢᠷᠠᠭᠵᠢᠭᠤᠯᠬᠤ ᠣᠢᠯᠠᠭᠠᠭᠳᠠᠬᠤᠨ᠎ᠢ ᠬᠥᠮᠥᠰ᠎ᠦᠨ ᠰᠡᠳᠬᠢᠯ᠎ᠳᠦ ᠬᠠᠳᠠᠩᠰᠢᠭᠤᠯᠵᠤ᠂ ᠠᠭᠤᠷ ᠠᠮᠢᠰᠬᠤᠯ᠎ᠢ
ᠡᠳᠦᠷ ᠢᠷᠡᠬᠦᠶ᠎ᠡ ᠵᠤᠵᠠᠭᠠᠷᠠᠭᠤᠯᠵᠤ᠂ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ ᠣᠯᠠᠨ ᠲᠦᠮᠡᠨ᠎ᠦ
ᠥᠷᠭᠡᠨ᠎ᠢᠶᠡᠷ ᠣᠷᠣᠯᠴᠠᠬᠤ ᠠᠮᠢᠳᠤᠷᠠᠯ᠎ᠤᠨ ᠠᠷᠭ᠎ᠠ ᠮᠠᠶᠢᠭ᠋ ᠪᠣᠯᠭᠠᠨ᠎ᠠ᠃ ᠬᠥᠮᠥᠨ ᠪᠦᠷᠢ᠎ᠶᠢᠨ ᠳᠤᠮᠳᠠᠴᠢ ᠪᠡᠶ᠎ᠡ᠎ᠶᠢᠨ
ᠲᠠᠮᠢᠷ᠎ᠤᠨ ᠲᠠᠯᠠᠪᠤᠷ᠎ᠤᠨ ᠲᠠᠯᠠᠪᠠᠶ᠎ᠶᠢ 4 ᠲᠡᠭᠰᠢ ᠳᠥᠷᠪᠡᠯᠵᠢᠨ ᠮᠧᠲᠷ ᠣᠷᠴᠢᠮ᠎ᠳᠤ ᠬᠦᠷᠦᠭᠦᠯᠵᠦ᠂
ᠮᠢᠩᠭᠠᠨ ᠬᠥᠮᠥᠨ ᠪᠦᠷᠢᠳᠦ ᠨᠣᠭᠳᠠᠬᠤ ᠨᠡᠢᠭᠡᠮ᠎ᠦᠨ ᠪᠡᠶ᠎ᠡ᠎ᠶᠢᠨ ᠲᠠᠮᠢᠷ᠎ᠤᠨ ᠵᠢᠯᠣᠭᠣᠳᠤᠭ᠍ᠴᠢ᠎ᠶᠢ 3.3
ᠨᠡᠷᠡᠰ ᠣᠷᠴᠢᠮ᠎ᠳᠤ ᠬᠦᠷᠦᠭᠦᠯᠵᠦ᠂ ᠪᠡᠶ᠎ᠡ᠎ᠶᠢᠨ ᠲᠠᠮᠢᠷ ᠤᠨ ᠪᠣᠯᠪᠠᠰᠤᠷᠠᠯ᠎ᠳᠤ ᠪᠠᠢᠩᠭᠤ ᠣᠷᠣᠯᠴᠠᠬᠤ
ᠬᠥᠮᠥᠨ᠎ᠦ ᠲᠣᠭ᠎ᠠ᠎ᠶᠢᠨ ᠬᠠᠷᠢᠴᠠᠯ᠎ᠢ 40% ᠣᠷᠴᠢᠮ᠎ᠳᠤ ᠬᠦᠷᠦᠭᠦᠯᠵᠦ᠂ ᠠᠷᠠᠳ ᠢᠷᠭᠡᠳ᠎ᠤᠨ
ᠪᠡᠶ᠎ᠡ ᠮᠠᠬᠠᠪᠤᠳ᠎ᠤᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ ᠭᠡᠵᠦ ᠳᠤᠳᠤᠷᠬᠠᠢᠯᠠᠪᠠ᠃
《ᠲᠥᠯᠥᠪᠯᠡᠭᠡ》᠎ᠳ᠋ᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠳᠦᠷᠢᠮ᠎ᠦᠨ ᠰᠢᠰᠲᠧᠮ᠎ᠢ
ᠲᠠᠰᠤᠷᠠᠯᠲᠠ ᠦᠭᠡᠢ ᠲᠡᠭᠦᠯᠳᠡᠷᠵᠢᠭᠦᠯᠬᠦ᠂ ᠣᠯᠠᠨ ᠲᠦᠮᠡᠨ᠎ᠦ ᠳᠡᠷᠭᠡᠳᠡᠬᠢ ᠪᠡᠶ᠎ᠡ ᠴᠢᠭᠢᠷᠠᠭᠵᠢᠭᠤᠯᠬᠤ
ᠲᠠᠯᠠᠪᠠᠶ᠎ᠶᠢᠨ ᠳᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢ ᠤᠯᠠᠮ ᠨᠢᠭᠡ ᠠᠯᠬᠤᠮ ᠴᠢᠩᠭᠠᠳᠬᠠᠬᠤ᠂
ᠡᠯᠪᠡᠭ ᠪᠠᠶᠠᠯᠢᠭ᠋ ᠣᠯᠠᠨ ᠲᠦᠮᠡᠨᠴᠢ ᠤᠷᠤᠯᠳᠤᠭᠠᠨ᠎ᠤ ᠠᠵᠢᠯᠯᠠᠭ᠎ᠠ ᠥᠷᠨᠢᠭᠦᠯᠬᠦ᠂ ᠪᠥᠬᠥ ᠠᠷᠠᠳ ᠤᠨ ᠪᠡᠶ᠎ᠡ
ᠴᠢᠭᠢᠷᠠᠭᠵᠢᠭᠤᠯᠬᠤ ᠵᠣᠬᠢᠶᠠᠨ ᠪᠠᠢᠭᠤᠯᠤᠯᠲᠠ᠎ᠶᠢᠨ ᠦᠢᠯᠡᠴᠢᠯᠡᠭᠡᠨ ᠦ ᠲᠣᠣᠷ ᠢ ᠪᠦᠷᠢᠨᠰᠢᠭᠦᠯᠬᠦ᠂
ᠰᠢᠨᠵᠢᠯᠡᠬᠦ ᠤᠬᠠᠭᠠᠨᠴᠢ᠎ᠪᠠᠷ ᠪᠡᠶ᠎ᠡ ᠴᠢᠭᠢᠷᠠᠭᠵᠢᠭᠤᠯᠬᠤ᠎ᠶᠢ ᠵᠢᠯᠤᠭᠣᠳᠬᠤ ᠦᠢᠯᠡᠴᠢᠯᠡᠭᠡᠨ ᠦ
ᠴᠢᠳᠠᠪᠤᠷᠢ᠎ᠶᠢ ᠳᠡᠭᠡᠭᠰᠢᠯᠡᠭᠦᠯᠬᠦ᠂ ᠵᠣᠬᠢᠶᠠᠮᠠᠯ ᠣᠶᠤᠨ ᠴᠢᠳᠠᠪᠤᠷᠢ᠎ᠶᠢ ᠬᠡᠷᠡᠭᠯᠡᠨ ᠪᠥᠬᠥ ᠠᠷᠠᠳ ᠤᠨ
ᠪᠡᠶ᠎ᠡ ᠴᠢᠭᠢᠷᠠᠭᠵᠢᠭᠤᠯᠬᠤ ᠬᠥᠭᠵᠢᠯᠲᠡ᠎ᠳᠦ ᠬᠦᠴᠦᠨ ᠨᠡᠮᠡᠷᠢᠯᠡᠬᠦ᠂ ᠠᠳᠠᠯᠢ ᠪᠤᠰᠤ ᠬᠥᠮᠥᠰ ᠦᠨ ᠪᠡᠶ᠎ᠡ
ᠴᠢᠭᠢᠷᠠᠭᠵᠢᠭᠤᠯᠬᠤ ᠵᠦᠷᠢᠶᠡᠴᠢᠯᠡᠭᠰᠡᠨ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠬᠤ᠂ ᠪᠥᠬᠥ ᠠᠷᠠᠳ᠎ᠤᠨ
ᠪᠡᠶ᠎ᠡ ᠴᠢᠭᠢᠷᠠᠭᠵᠢᠭᠤᠯᠬᠤ ᠰᠣᠶᠣᠯ ᠢ ᠲᠦᠭᠡᠮᠡᠯᠵᠢᠭᠦᠯᠬᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ
ᠣᠯᠠᠨ ᠡᠰᠢᠲᠦ ᠴᠢᠳᠠᠮᠵᠢ ᠪᠠ ᠶᠡᠷᠦᠩᠬᠡᠢᠯᠡᠭᠰᠡᠨ ᠦᠨ᠎ᠡ ᠥᠷᠲᠡᠭ᠎ᠢ ᠪᠠᠳᠠᠷᠠᠭᠤᠯᠬᠤ᠂ ᠪᠥᠬᠥ ᠠᠷᠠᠳ᠎ᠤᠨ
ᠪᠡᠶ᠎ᠡ ᠴᠢᠭᠢᠷᠠᠭᠵᠢᠭᠤᠯᠬᠤ ᠠᠮᠤᠷ ᠲᠦᠪᠰᠢᠨ ᠦ ᠬᠠᠮᠢᠶᠠᠷᠤᠯᠲᠠ᠎ᠶᠢ ᠴᠢᠩᠭᠠᠳᠬᠠᠬᠤ ᠵᠡᠷᠭᠡ᠎ᠶᠢ
ᠪᠠᠭᠲᠠᠭᠠᠭᠰᠠᠨ 10 ᠲᠠᠯ᠎ᠠ ᠵᠢᠨ ᠭᠣᠣᠯ ᠡᠭᠦᠷᠭᠡ᠎ᠶᠢ ᠪᠠᠢᠷᠢᠯᠠᠭᠤᠯᠪᠠ᠃《ᠲᠥᠯᠥᠪᠯᠡᠭᠡ》ᠳ᠋ᠦ ᠪᠠᠰᠠ ᠬᠠᠷᠠᠯᠲᠠ
ᠡᠭᠦᠷᠭᠡ ᠶᠢ ᠪᠡᠶᠡᠯᠡᠭᠦᠯᠬᠦ᠎ᠲᠠᠢ ᠤᠶᠠᠯᠳᠤᠭᠤᠯᠤᠨ᠂ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠳᠤᠷᠠᠳᠤᠨ
ᠭᠠᠷᠭᠠᠪᠠ᠃
《ᠲᠥᠯᠥᠪᠯᠡᠭᠡ》᠎ᠳᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠳᠠᠬᠢ ᠨᠠᠮ᠎ᠤᠨ ᠪᠥᠬᠥ ᠲᠠᠯ᠎ᠠ᠎ᠶᠢᠨ
ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠬᠤ ᠬᠡᠷᠡᠭᠲᠡᠢ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ
ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠰ᠎ᠦᠨ
ᠬᠥᠭᠵᠢᠯᠲᠡ᠎ᠶᠢ ᠲᠤᠰ ᠭᠠᠵᠠᠷ ᠣᠷᠣᠨ᠎ᠤ ᠪᠠᠨ ᠤᠯᠤᠰ ᠠᠷᠠᠳ ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ
ᠲᠥᠯᠦᠪᠵᠢᠭᠦᠯᠭᠡ᠎ᠶᠢᠨ ᠬᠡᠷᠡᠭᠵᠢᠭᠦᠯᠦᠯᠲᠡ ᠯᠦ᠍ᠭᠡ ᠪᠦᠲᠦᠮᠵᠢᠲᠡᠶ ᠵᠣᠯᠭᠠᠭᠤᠯᠬᠤ ᠬᠡᠷᠡᠭᠲᠡᠢ ᠭᠡᠵᠦ
ᠱᠠᠭᠠᠷᠳᠠᠪᠠ᠃
ᠢᠷᠡᠯᠲᠡ ᠄ ᠲᠥᠪ ᠲᠧᠯᠸᠢᠰ᠎ᠦᠨ
ᠰᠣᠨᠢᠨ ᠮᠡᠳᠡᠭᠡ ᠰᠢᠯᠵᠢᠶ᠎ᠡ