7 ᠰᠠᠷ᠎ᠠ᠎ᠶᠢᠨ 24 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠪᠡᠭᠡᠵᠢᠩ ᠬᠤᠳᠠ᠎ᠶᠢᠨ ᠨᠠᠮ᠎ᠤᠨ ᠬᠣᠷᠢᠶ᠎ᠠ ᠵᠢᠨ ᠪᠠᠶ᠋ᠢᠩᠭᠤ᠎ᠶᠢᠨ ᠭᠡᠰᠢᠭᠦᠨ᠂ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ ᠵᠢᠨ ᠱᠦᠵᠢ᠂ ᠬᠤᠸᠠᠢ ᠷᠸᠦ᠍ ᠲᠤᠷᠰᠢᠯᠲᠠ᠎ᠶᠢᠨ ᠲᠠᠰᠤᠭ᠎ᠤᠨ ᠨᠠᠮ᠎ᠤᠨ ᠬᠣᠷᠢᠶ᠎ᠠ ᠵᠢᠨ ᠱᠦᠵᠢ ᠢᠦᠢ ᠶᠢᠩ ᠵᠢᠶ᠍ᠸ᠂ ᠬᠤᠸᠠᠢ ᠷᠸᠦ᠍ ᠲᠤᠷᠰᠢᠯᠲᠠ᠎ᠶᠢᠨ ᠲᠠᠰᠤᠭ᠎ᠤᠨ ᠡᠷᠬᠢᠯᠡᠭᠴᠢ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠲᠠᠩ ᠭᠤᠸᠠᠩ ᠹᠦ᠋᠎ᠲᠡᠶ ᠠᠭᠤᠯᠵᠠᠭᠰᠠᠨ ᠪᠥᠭᠡᠳ ᠬᠣᠶᠠᠷ ᠲᠠᠯ᠎ᠠ᠎ᠶᠢᠨ ᠭᠠᠷᠤᠨ ᠦᠰᠦᠭ ᠵᠢᠷᠤᠬᠤ᠎ᠶᠢ ᠬᠠᠮᠲᠤ᠎ᠪᠠᠷ ᠭᠡᠷᠡᠴᠢᠯᠡᠪᠡ᠃

7 ᠰᠠᠷ᠎ᠠ᠎ᠶᠢᠨ 24 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠪᠡᠭᠡᠵᠢᠩ ᠬᠤᠳᠠ᠎ᠶᠢᠨ ᠨᠠᠮ᠎ᠤᠨ ᠬᠣᠷᠢᠶ᠎ᠠ ᠵᠢᠨ ᠪᠠᠶ᠋ᠢᠩᠭᠤ᠎ᠶᠢᠨ ᠭᠡᠰᠢᠭᠦᠨ᠂ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ ᠵᠢᠨ ᠱᠦᠵᠢ᠂ ᠬᠤᠸᠠᠢ ᠷᠸᠦ᠍ ᠲᠤᠷᠰᠢᠯᠲᠠ᠎ᠶᠢᠨ ᠲᠠᠰᠤᠭ᠎ᠤᠨ ᠨᠠᠮ᠎ᠤᠨ ᠬᠣᠷᠢᠶ᠎ᠠ ᠵᠢᠨ ᠱᠦᠵᠢ ᠢᠦᠢ ᠶᠢᠩ ᠵᠢᠶ᠍ᠸ᠂ ᠬᠤᠸᠠᠢ ᠷᠸᠦ᠍ ᠲᠤᠷᠰᠢᠯᠲᠠ᠎ᠶᠢᠨ ᠲᠠᠰᠤᠭ᠎ᠤᠨ ᠡᠷᠬᠢᠯᠡᠭᠴᠢ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ᠎ᠦᠨ ᠠᠺᠠᠳᠧᠮᠢᠴᠢ ᠲᠠᠩ ᠭᠤᠸᠠᠩ ᠹᠦ᠋᠎ᠲᠡᠶ ᠠᠭᠤᠯᠵᠠᠭᠰᠠᠨ ᠪᠥᠭᠡᠳ ᠬᠣᠶᠠᠷ ᠲᠠᠯ᠎ᠠ᠎ᠶᠢᠨ ᠭᠠᠷᠤᠨ ᠦᠰᠦᠭ ᠵᠢᠷᠤᠬᠤ᠎ᠶᠢ ᠬᠠᠮᠲᠤ᠎ᠪᠠᠷ ᠭᠡᠷᠡᠴᠢᠯᠡᠪᠡ᠃
ᠲᠤᠰ ᠰᠤᠨᠢᠨ ᠤ᠋ ᠰᠤᠷᠪᠤᠯᠵᠢᠯᠠᠬᠴᠢ ᠮᠠ ᠵᠢᠶᠠᠨ ᠪᠢᠩ ᠰᠡᠬᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ᠂ ᠬᠤᠸᠠᠢ ᠷᠸᠦ᠍ ᠲᠤᠷᠰᠢᠯᠲᠠ᠎ᠶᠢᠨ ᠲᠠᠰᠤᠭ᠎ᠤᠨ ᠳᠡᠳ᠋ ᠡᠷᠬᠢᠯᠡᠭᠴᠢ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠬᠦᠷᠢᠶᠡᠯᠡᠩ ᠦᠨ ᠠᠺᠠᠳᠧᠮᠢᠴᠢ ᠰᠦᠨ ᠯᠦᠩ ᠳ᠋ᠸ ᠬᠣᠶᠠᠷ ᠲᠠᠯ᠎ᠠ᠎ᠶᠢ ᠲᠥᠯᠥᠭᠡᠯᠡᠨ ᠴᠢᠬᠤᠯᠠ ᠶᠡᠬᠡ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠤᠳᠠᠯᠠᠯᠳᠠ ᠪᠠᠳᠤᠯᠠᠯᠳᠠ ᠵᠢᠨ ᠬᠠᠮᠲᠤᠷᠠᠯᠴᠠᠭᠠᠨ ᠤ ᠵᠥᠪᠯᠡᠯᠴᠡᠭᠡᠷ᠎ᠲᠦ᠍ ᠭᠠᠷᠤᠨ ᠦᠰᠦᠭ ᠵᠢᠷᠤᠪᠠ᠃
ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠢᠤᠢ ᠶᠢᠩ ᠵᠢᠶᠸ ᠪᠣᠯᠤᠨ ᠲᠠᠩ ᠭᠤᠸᠠᠩ ᠹᠦ᠋ᠨᠡᠷᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠬᠤᠸᠠᠢ ᠷᠸᠦ᠍ ᠲᠤᠷᠰᠢᠯᠲᠠ᠎ᠶᠢᠨ ᠲᠠᠰᠤᠭ ᠡᠴᠡ ᠥᠪᠥᠷ ᠮᠣᠩᠭᠣᠯ᠎ᠤᠨ ᠬᠥᠭᠵᠢᠯᠲᠡ ᠢᠯᠠᠩᠭᠤᠶ᠎ᠠ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠦᠢᠯᠡᠰ᠎ᠦᠨ ᠬᠥᠭᠵᠢᠯᠲᠡ ᠳᠦ ᠬᠦᠴᠦᠲᠡᠶ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠬᠤ᠎ᠶᠢᠨ ᠬᠠᠮᠲᠤ᠌ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ ᠪᠣᠯᠤᠨ᠎ᠠ᠂ ᠡᠨᠧᠷᠭᠢ᠎ᠶᠢᠨ ᠬᠦᠷᠢᠶᠡᠨ ᠳ᠋ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠯᠤᠲᠤ᠌ ᠶᠡᠬᠡ ᠬᠡᠷᠡᠭᠴᠡᠭᠡ᠎ᠲᠠᠶ ᠶᠤᠮ᠃ ᠣᠳᠣᠬᠠᠨ᠎ᠳᠤ᠂ ᠣᠷᠣᠨ ᠳᠠᠶᠠᠭᠠᠷ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠦ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠰᠢᠨ᠎ᠡ ᠡᠨᠧᠷᠭᠢ᠎ᠶᠢ ᠨᠡᠭᠡᠭᠡᠨ ᠠᠰᠢᠭᠯᠠᠬᠤ ᠪᠠ ᠤᠯᠠᠮᠵᠢᠯᠠᠯᠲᠤ᠌ ᠡᠨᠧᠷᠭᠢ᠎ᠶᠢ ᠪᠣᠬᠢᠷᠲᠤᠯ ᠥᠬᠡᠶ ᠪᠤᠯᠭᠠᠨ ᠥᠭᠡᠷᠡᠴᠢᠯᠡᠬᠦ ᠶᠢ ᠬᠤᠷᠳᠤᠴᠠ᠎ᠪᠠᠨ ᠲᠦᠷᠭᠡᠳᠬᠡᠨ ᠦᠷ᠎ᠡ ᠪᠦᠲᠦᠮᠵᠢ᠎ᠪᠡᠨ ᠳᠡᠭᠡᠭᠰᠢᠯᠡᠭᠦᠯᠦᠨ ᠠᠬᠢᠭᠤᠯᠵᠤ᠂ ᠪᠣᠬᠢᠷᠲᠤᠯ ᠥᠬᠡᠶ ᠴᠠᠬᠢᠯᠭᠠᠨ᠎ᠢ ᠰᠢᠭᠤᠳ ᠬᠣᠯᠪᠣᠬᠤ᠂ ᠨᠡᠮᠡᠭᠳᠡᠯ᠎ᠳᠤ ᠴᠠᠬᠢᠯᠭᠠᠨ ᠲᠦᠭᠡᠭᠡᠬᠦ᠌ ᠲᠤᠤᠷ ᠵᠡᠷᠭᠡ ᠴᠠᠬᠢᠯᠭᠠᠨ ᠬᠠᠩᠭᠠᠬᠤ ᠰᠢᠨ᠎ᠡ ᠵᠠᠭᠪᠤᠷ᠎ᠢ ᠢᠳᠡᠪᠬᠢᠲᠡᠶ ᠳᠡᠯᠭᠡᠷᠡᠭᠦᠯᠵᠦ᠍᠂ ᠪᠣᠬᠢᠷᠲᠤᠯ ᠥᠬᠡᠶ ᠤᠰᠤᠲᠥᠢ᠍ᠷᠥᠭᠴᠢ ᠰᠢᠪᠳᠤᠷ ᠤ᠋ᠨ ᠠᠯᠺᠣᠣᠯ᠂ ᠪᠤᠳᠤᠯᠳᠠ ᠵᠢᠨ ᠬᠦᠴᠦᠨ ᠴᠠᠬᠢᠯᠭᠠᠨ ᠬᠦᠴᠦᠨ ᠤ᠋ ᠬᠠᠮᠵᠢᠯᠴᠠᠭ᠎ᠠ᠂ ᠰᠢᠨ᠎ᠡ ᠬᠡᠯᠪᠡᠷᠢ᠎ᠶᠢᠨ ᠨᠥᠭᠡᠴᠡ ᠡᠨᠧᠷᠭᠢ ᠵᠡᠷᠭᠡ ᠠᠵᠤ ᠦᠢᠯᠡᠰ᠎ᠦᠨ ᠬᠥᠭᠵᠢᠯᠲᠡ᠎ᠶᠢ ᠶᠡᠬᠡᠪᠡᠷ ᠠᠬᠢᠭᠤᠯᠵᠤ᠂ ᠠᠷᠢᠭᠤᠨ ᠴᠡᠪᠡᠷ ᠪᠠᠭ᠎ᠠ ᠨᠡᠭᠦᠷᠡᠰᠦᠲᠥᠷᠥᠭᠴᠢᠲᠦ᠍ ᠠᠮᠤᠷ ᠲᠦᠪᠰᠢᠨ ᠥᠨᠳᠥᠷ ᠪᠦᠲᠦᠮᠵᠢᠲᠡᠶ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ ᠪᠠᠶ᠋ᠢᠨ᠎ᠠ᠃ ᠬᠤᠸᠠᠢ ᠷᠸᠦ᠍ ᠲᠤᠷᠰᠢᠯᠲᠠ᠎ᠶᠢᠨ ᠲᠠᠰᠤᠭ ᠪᠣᠯ ᠡᠨᠧᠷᠭᠢ᠎ᠶᠢᠨ ᠬᠦᠷᠢᠶᠡᠨ᠎ᠦ ᠴᠢᠬᠤᠯᠠ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠦᠴᠦᠨ ᠮᠥᠨ᠂ ᠰᠤᠳᠤᠯᠭᠠᠨ᠎ᠤ ᠴᠢᠭᠯᠡᠯ ᠨᠢ ᠥᠪᠥᠷ ᠮᠣᠩᠭᠣᠯ᠎ᠤᠨ ᠡᠨᠧᠷᠭᠢ᠎ᠶᠢᠨ ᠬᠡᠯᠪᠡᠷᠢ᠎ᠶᠢ ᠬᠤᠪᠢᠷᠠᠭᠤᠯᠤᠨ ᠬᠥᠭᠵᠢᠭᠦᠯᠬᠦ᠌ ᠬᠡᠷᠡᠭᠴᠡᠭᠡ᠎ᠲᠠᠶ ᠳᠡᠭᠡᠳᠦ ᠬᠡᠮᠵᠢᠶ᠎ᠡ᠎ᠪᠡᠷ ᠨᠡᠶ᠋ᠢᠴᠡᠵᠦ᠍᠂ ᠬᠣᠶᠠᠷ ᠲᠠᠯ᠎ᠠ᠎ᠶᠢᠨ ᠬᠠᠮᠲᠤᠷᠠᠯᠴᠠᠭᠠᠨ᠎ᠤ ᠣᠷᠣᠨ ᠵᠠᠢ ᠮᠠᠰᠢ ᠥᠷᠭᠡᠨ ᠠᠭᠤᠳᠠᠮ ᠪᠠᠶ᠋ᠢᠨ᠎ᠠ᠃ ᠬᠣᠶᠠᠷ ᠲᠠᠯ᠎ᠠ᠎ᠪᠠᠷ᠎ᠢᠶᠠᠨ ᠲᠤᠰ ᠤᠳᠠᠭ᠎ᠠ ᠭᠠᠷᠤᠨ ᠦᠰᠦᠭ ᠵᠢᠷᠤᠭᠰᠠᠨ᠎ᠢᠶᠠᠷ ᠰᠢᠨ᠎ᠡ ᠭᠠᠷᠤᠭ᠎ᠠ ᠪᠣᠯᠭᠠᠵᠤ᠂ ᠴᠢᠬᠤᠯᠠ ᠶᠡᠬᠡ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠤᠳᠠᠯᠠᠯᠳᠠ ᠪᠠᠳᠤᠯᠠᠯᠳᠠ ᠵᠢᠨ ᠬᠠᠮᠲᠤᠷᠠᠯᠴᠠᠭ᠎ᠠ ᠶᠢ ᠦᠷᠭᠦᠯᠵᠢᠯᠡᠨ ᠭᠦᠨᠵᠡᠭᠡᠶ᠋ᠢᠷᠡᠭᠦᠯᠵᠦ᠍᠂ ᠬᠤᠸᠠᠢ ᠷᠸᠦ᠍ ᠲᠤᠷᠰᠢᠯᠲᠠ᠎ᠶᠢᠨ ᠲᠠᠰᠤᠭ᠎ᠤᠨ ᠥᠪᠥᠷ ᠮᠣᠩᠭᠣᠯ᠎ᠤᠨ ᠰᠠᠭᠤᠷᠢᠨ᠎ᠤ ᠪᠦᠲᠦᠭᠡᠨ ᠪᠠᠶ᠋ᠢᠭᠤᠯᠤᠯᠲᠠ᠂ ᠤᠯᠤᠰ᠎ᠤᠨ ᠴᠢᠬᠤᠯᠠ ᠶᠡᠬᠡ ᠡᠭᠦᠷᠭᠡ᠎ᠶᠢᠨ ᠬᠠᠨᠳᠤᠯᠭᠠᠲᠤ᠌ ᠪᠠᠶ᠋ᠢᠷᠢᠰᠢᠭᠤᠯᠤᠯᠲᠠ᠂ ᠳᠠᠪᠠᠭᠤᠯᠢᠭ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠴᠦᠨ ᠢ ᠲᠣᠮᠢᠯᠠᠨ ᠰᠠᠭᠤᠯᠭᠠᠬᠤ ᠵᠡᠷᠭᠡ ᠭᠣᠣᠯᠳᠠᠯᠭ᠎ᠠ᠎ᠲᠠᠶ ᠠᠵᠢᠯ᠎ᠢ ᠬᠠᠮᠵᠢᠯᠴᠠᠨ ᠠᠬᠢᠭᠤᠯᠵᠤ᠂ ᠡᠨᠧᠷᠭᠢ᠎ᠶᠢᠨ ᠬᠦᠴᠦᠷᠬᠡᠭ ᠤᠯᠤᠰ ᠤᠨ ᠪᠦᠲᠦᠭᠡᠨ ᠪᠠᠶ᠋ᠢᠭᠤᠯᠤᠯᠲᠠ᠎ᠳᠤ ᠨᠡᠩ ᠤᠯᠠᠨ ᠬᠦᠴᠦᠨ ᠨᠡᠮᠡᠷᠢᠯᠡᠬᠦ᠌᠎ᠶᠢ ᠬᠦᠰᠡᠵᠦ᠍ ᠪᠠᠶ᠋ᠢᠨ᠎ᠠ ᠭᠡᠪᠡ᠃
ᠢᠦᠶ ᠶᠢᠩ ᠵᠢᠶᠧ᠂ ᠲᠠᠩ ᠭᠤᠸᠠᠩ ᠹᠦ᠋ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠡᠴᠡ ᠬᠤᠸᠠᠢ ᠷᠸᠦ᠍ ᠲᠤᠷᠰᠢᠯᠲᠠ᠎ᠶᠢᠨ ᠲᠠᠰᠤᠭ᠎ᠤᠨ ᠪᠥᠲᠥᠭᠡᠨ ᠪᠠᠶ᠋ᠢᠭᠤᠯᠤᠯᠲᠠ ᠬᠥᠭᠵᠢᠯᠲᠡ᠎ᠳᠦ ᠬᠦᠴᠦᠲᠡᠶ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠪᠠ᠃ ᠲᠠᠳᠠ᠂ ᠥᠪᠥᠷ ᠮᠣᠩᠭᠣᠯ᠎ᠤᠨ ᠡᠬᠢ ᠪᠠᠶᠠᠯᠢᠭ ᠡᠯᠪᠡᠭ᠂ ᠰᠠᠯᠬᠢᠨ ᠬᠦᠴᠤᠨ ᠭᠡᠷᠡᠯᠴᠢ ᠴᠡᠨᠡᠭ᠎ᠤᠨ ᠡᠬᠢ ᠪᠠᠶᠠᠯᠢᠭ ᠡᠯᠪᠡᠭ᠂ ᠠᠵᠤ ᠦᠢᠯᠡᠰ ᠦᠨ ᠰᠠᠭᠤᠷᠢ ᠪᠠᠲᠤ᠌ ᠪᠠᠬᠢ᠂ ᠬᠡᠷᠡᠭᠯᠡᠭᠡᠨ᠎ᠦ ᠠᠬᠤᠢ ᠪᠠᠢᠳᠠᠯ ᠣᠯᠠᠨ ᠡᠰᠢᠵᠢᠵᠦ᠍᠂ ᠡᠨᠧᠷᠭᠢ᠎ᠶᠢᠨ ᠬᠦᠷᠢᠶᠡᠨ ᠦ ᠵᠠᠩᠭᠢᠯᠠᠭ᠎ᠠ᠎ᠶᠢᠨ ᠮᠡᠷᠭᠡᠵᠢᠯ᠎ᠦᠨ ᠰᠢᠨ᠎ᠡ᠎ᠶᠢ ᠡᠭᠦᠳᠬᠦ᠌ ᠪᠠ ᠲᠤᠷᠰᠢᠯᠲᠠ᠎ᠶᠢᠨ ᠵᠢᠱ᠌ᠢᠶ᠎ᠡ ᠦᠵᠡᠭᠦᠯᠬᠦ᠌ ᠲᠠᠯ᠎ᠠ᠎ᠪᠠᠷ ᠥᠪᠡᠷᠮᠢᠴᠡ ᠳᠠᠪᠠᠭᠤᠯᠢᠭ᠎ᠲᠠᠶ ᠶᠤᠮ᠃ ᠲᠠᠷᠠᠭᠠᠴᠢ᠎ᠶᠢᠨ ᠠᠯᠬᠤᠮ᠎ᠳᠤ᠂ ᠬᠤᠸᠠᠢ ᠷᠸᠦ᠍ ᠲᠤᠷᠰᠢᠯᠲᠠ᠎ᠶᠢᠨ ᠲᠠᠰᠤᠭ᠎ᠤᠨ ᠬᠢᠨ ᠥᠪᠥᠷ ᠮᠣᠩᠭᠣᠯ᠎ᠲᠠᠶ ᠬᠠᠮᠲᠤ᠎ᠪᠠᠷ᠂ ᠤᠯᠤᠰ᠎ᠤᠨ ᠡᠨᠧᠷᠭᠢ᠎ᠶᠢᠨ ᠬᠦᠷᠢᠶᠡᠨ᠎ᠦ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠎ᠶᠢ ᠴᠢᠩᠭ᠎ᠠ ᠠᠩᠬᠠᠷᠴᠤ᠌᠂ ᠬᠤᠸᠠᠢ ᠷᠸᠦ᠍ ᠲᠤᠷᠰᠢᠯᠲᠠ᠎ᠶᠢᠨ ᠲᠠᠰᠤᠭ᠎ᠤᠨ ᠥᠪᠥᠷ ᠮᠣᠩᠭᠣᠯ᠎ᠤᠨ ᠰᠠᠭᠤᠷᠢᠨ᠎ᠢ ᠬᠠᠮᠲᠤ᠎ᠪᠠᠷ ᠪᠡᠯᠡᠳᠬᠡᠨ ᠪᠠᠶ᠋ᠢᠭᠤᠯᠬᠤ᠎ᠪᠠᠷ ᠠᠵᠠ ᠲᠣᠬᠢᠶᠠᠯ ᠪᠣᠯᠭᠠᠵᠤ᠂ ᠰᠢᠨ᠎ᠡ ᠡᠨᠧᠷᠭᠢ ᠶᠢ ᠶᠡᠬᠡ ᠬᠡᠪᠴᠢᠶ᠎ᠡ᠎ᠪᠡᠷ ᠳᠠᠮᠵᠢᠭᠤᠯᠤᠨ ᠬᠦᠷᠭᠡᠬᠦ᠂ ᠤᠰᠤᠲᠥᠢ᠍ᠷᠥᠭᠴᠢ ᠡᠨᠧᠷᠭᠢ᠎ᠶᠢ ᠦᠢᠯᠡᠳᠴᠤ ᠨᠦᠬᠡᠴᠡᠯᠡᠵᠤ ᠬᠡᠷᠡᠭᠯᠡᠬᠦ᠌ ᠵᠡᠷᠭᠡ ᠭᠤᠤᠯᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠷᠰᠢᠯᠲᠠ ᠶᠢᠨ ᠲᠠᠰᠤᠭ᠎ᠤᠨ ᠮᠡᠷᠭᠡᠵᠢᠯ᠎ᠦᠨ ᠦᠷ᠎ᠡ ᠪᠦᠲᠦᠭᠡᠯ᠎ᠢ ᠥᠪᠡᠷᠲᠡᠭᠡᠨ ᠵᠠᠰᠠᠬᠤ ᠣᠷᠣᠨ ᠳᠤ ᠪᠣᠳᠠᠲᠠᠶ᠋ᠢᠵᠢᠭᠤᠯᠤᠨ ᠨᠤᠳᠠᠯᠠᠬᠤ᠂ ᠤᠨᠳᠤᠤᠰᠢᠭᠤᠯᠤᠨ ᠬᠡᠷᠡᠭᠯᠡᠬᠦ᠌᠎ᠶᠢ ᠲᠦᠷᠭᠡᠳᠬᠡᠨ ᠠᠬᠢᠭᠤᠯᠵᠤ᠂ ᠥᠪᠥᠷ ᠮᠣᠩᠭᠣᠯ᠎ᠤᠨ ᠰᠢᠨ᠎ᠡ ᠬᠡᠯᠪᠡᠷᠢ᠎ᠶᠢᠨ ᠴᠠᠬᠢᠯᠭᠠᠨ ᠬᠦᠴᠦᠨ᠎ᠦ ᠰᠢᠰᠲ᠋ᠧᠮ ᠢ ᠲᠦᠷᠭᠡᠳᠬᠡᠨ ᠪᠠᠶ᠋ᠢᠭᠤᠯᠬᠤ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠶ᠋ᠢᠭᠤᠯᠬᠤ᠎ᠳᠤ ᠨᠠᠩ ᠶᠡᠬᠡ ᠬᠦᠴᠦᠨ ᠨᠡᠮᠡᠷᠢᠯᠡᠨ᠎ᠠ ᠭᠡᠵᠤ ᠢᠯᠡᠳᠭᠡᠵᠠᠢ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠳᠤᠮᠳᠠᠳᠤ ᠤᠯᠤᠰ ᠤᠨ ᠢᠨᠵᠧᠨᠧᠷᠢᠩ᠎ᠦᠨ ᠬᠦᠷᠢᠶᠡᠯᠡᠩ ᠦᠨ ᠠᠺᠠᠳᠧᠮᠢᠴᠢ ᠹᠸᠩ ᠵᠢᠶᠠᠩ ᠬᠤᠸᠠ ᠣᠷᠣᠯᠴᠠᠪᠠ᠃