7 ᠰᠠᠷ᠎ᠠ᠎ᠶᠢᠨ 24 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠢ ᠵᠦᠩ ᠬᠥᠬᠡᠬᠣᠲᠠ᠎ᠳᠤ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠠᠷᠤᠭ᠎ᠠ᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠬᠤᠸᠠᠩ ᠰᠠᠨ ᠸᠸᠨ ᠲᠠᠢ ᠠᠭᠤᠯᠵᠠᠪᠠ᠃

7 ᠰᠠᠷ᠎ᠠ ᠵᠢᠨ 24 ᠤ᠋ ᠡᠳᠤᠷ᠂ ᠦᠪᠡᠷᠳᠡᠭᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ ᠱᠦᠵᠢ᠂ ᠠᠷᠠᠳ ᠤ᠋ᠨ ᠲᠦᠯᠦᠭᠡᠯᠡᠭᠴᠢᠳ ᠤ᠋ᠨ ᠶᠡᠭᠡ ᠬᠤᠷᠠᠯ ᠤ᠋ᠨ ᠪᠠᠢᠨᠭᠭᠤ ᠵᠢᠨ ᠬᠤᠷᠢᠶ᠎ᠠ ᠵᠢᠨ ᠡᠷᠬᠢᠯᠡᠭᠴᠢ ᠸᠠᠩ ᠸᠸᠢ ᠵᠦᠩ ᠬᠦᠭᠡᠬᠤᠳᠠ ᠳ᠋ᠤ ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠶᠠᠮᠤᠨ ᠤ᠋ ᠨᠠᠮ ᠤ᠋ᠨ ᠤᠳᠤᠷᠢᠳᠬᠤ ᠲᠤᠭᠤᠢᠯᠠᠩ ᠤ᠋ᠨ ᠪᠦᠷᠢᠯᠳᠤᠬᠦᠨ᠂ ᠲᠤᠮᠳᠠᠳᠤ ᠤᠯᠤᠰ ᠤ᠋ᠨ ᠲᠠᠷᠢᠶᠠᠯᠠᠩ ᠤ᠋ᠨ ᠰᠢᠨᠵᠢᠯᠡᠬᠦ ᠤᠬᠠᠭᠠᠨ ᠤ᠋ ᠬᠦᠷᠢᠶᠠᠯᠠᠩ ᠤ᠋ᠨ ᠲᠠᠷᠤᠭ᠎ᠠ᠂ ᠲᠤᠮᠳᠠᠳᠤ ᠤᠯᠤᠰ ᠤ᠋ᠨ ᠰᠢᠨᠵᠢᠯᠡᠬᠦ ᠤᠬᠠᠭᠠᠨ ᠤ᠋ ᠬᠦᠷᠢᠶᠠᠯᠡᠩ ᠤ᠋ᠨ ᠠᠺᠠᠳ᠋ᠸᠮᠢᠴᠢ ᠬᠤᠸᠨᠩ ᠰᠠᠨ ᠸᠸᠨ ᠲᠠᠢ ᠠᠭᠤᠯᠵᠠᠪᠠ᠃
ᠲᠤᠰ ᠰᠤᠨᠢᠨ ᠤ᠋ ᠰᠤᠷᠪᠤᠯᠵᠢᠯᠠᠬᠴᠢ ᠮᠠ ᠵᠢᠶᠠᠨ ᠪᠢᠩ ᠰᠡᠬᠦᠳᠡᠷᠯᠡᠪᠡ
ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠬᠤᠸᠠᠩ ᠰᠠᠨ ᠸᠸᠨ ᠨᠠᠷ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠤᠷᠳᠤ ᠬᠤᠭᠤᠴᠠᠭᠠᠨ᠎ᠤ ᠲᠤᠷᠰᠢ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠬᠤ᠂ ᠲᠠᠪᠴᠠᠩ᠎ᠤᠨ ᠪᠠᠶ᠋ᠢᠭᠤᠯᠤᠯᠲᠠ᠂ ᠦᠷ᠎ᠡ ᠪᠦᠲᠦᠭᠡᠯ᠎ᠢ ᠣᠨᠳᠣᠣᠰᠢᠭᠤᠯᠬᠤ᠂ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ ᠲᠠᠯ᠎ᠠ᠎ᠪᠠᠷ ᠥᠪᠥᠷ ᠮᠣᠩᠭᠣᠯ᠎ᠳᠤ ᠦᠵᠡᠭᠦᠯᠦᠭᠰᠡᠨ ᠳᠡᠮᠵᠢᠯᠭᠡ᠎ᠳᠦ ᠲᠠᠯᠠᠷᠬᠠᠵᠤ ᠪᠠᠶ᠋ᠢᠬᠤ᠎ᠪᠠᠨ ᠢᠯᠡᠳᠬᠡᠬᠦ᠌᠎ᠶᠢᠨ ᠬᠠᠮᠲᠤ᠌ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠶ᠋ᠢᠭᠡᠮ᠎ᠦᠨ ᠬᠥᠭᠵᠢᠯᠲᠡ᠎ᠶᠢᠨ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠮᠥᠨ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠵᠦ᠍ ᠪᠠᠶ᠋ᠢᠳᠠᠭ᠃ ᠣᠳᠣᠬᠠᠨ᠎ᠳᠤ᠂ ᠣᠷᠣᠨ ᠳᠠᠶᠠᠭᠠᠷ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ 《 ᠬᠥᠳᠡᠭᠡ ᠠᠵᠤ ᠠᠬᠤᠶ ᠬᠥᠳᠡᠭᠡ ᠲᠣᠰᠬᠣᠨ ᠲᠠᠷᠢᠶᠠᠴᠢᠨ》 ᠤ᠋ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠦᠢᠯᠡᠳᠪᠦᠷᠢᠯᠡᠯ ᠤ᠋ᠨ ᠬᠡᠮᠵᠢᠶ᠎ᠠ ᠦᠢᠯᠡᠳᠪᠦᠷᠢᠯᠡᠯ᠎ᠦᠨ ᠴᠢᠳᠠᠪᠤᠷᠢ᠂ ᠦᠢᠯᠡᠳᠪᠦᠷᠢᠯᠡᠯ ᠠᠮᠢ ᠠᠬᠤᠶ᠂ ᠭᠠᠷᠤᠯᠳᠠ᠎ᠶᠢ ᠨᠡᠮᠡᠭᠳᠡᠭᠦᠯᠬᠦ ᠣᠷᠣᠯᠭ᠎ᠠ᠎ᠵᠢ ᠨᠡᠮᠡᠭᠳᠡᠭᠦᠯᠬᠦ ᠵᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠤᠨ ᠮᠠᠯ ᠠᠵᠤ ᠠᠬᠤᠶ ᠲᠠᠷᠢᠶᠠᠯᠠᠩ᠂ ᠪᠣᠬᠢᠷᠲᠤᠯ ᠥᠬᠡᠶ ᠮᠠᠯ ᠠᠵᠤ ᠠᠬᠤᠶ ᠲᠠᠷᠢᠶᠠᠯᠠᠩ᠂ ᠴᠢᠨᠠᠷ ᠰᠠᠢᠳᠠᠢ ᠮᠠᠯ ᠠᠵᠤ ᠠᠬᠤᠶ ᠲᠠᠷᠢᠶᠠᠯᠠᠩ᠂ ᠲᠦᠷᠦᠯ ᠲᠡᠮᠳᠡᠭᠲᠦ᠍ ᠮᠠᠯ ᠠᠵᠤ ᠠᠬᠤᠶ ᠲᠠᠷᠢᠶᠠᠯᠠᠩ᠎ᠢ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠵᠦ᠍᠂ ᠮᠠᠯ ᠠᠵᠤ ᠠᠬᠤᠶ ᠲᠠᠷᠢᠶᠠᠯᠠᠩ ᠤ᠋ᠨ ᠬᠦᠴᠦᠷᠬᠡᠭ ᠤᠷᠤᠨ ᠤ᠋ ᠪᠥᠲᠥᠭᠡᠨ ᠪᠠᠶ᠋ᠢᠭᠤᠯᠤᠯᠲᠠ᠎ᠶᠢ ᠲᠦᠷᠭᠡᠳᠬᠡᠨ ᠠᠬᠢᠭᠤᠯᠵᠤ ᠪᠤᠢ᠃ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ ᠪᠣᠯ ᠲᠠᠷᠢᠶᠠᠯᠠᠩ᠎ᠤᠨ ᠰᠢᠨᠵᠢᠯᠡᠬᠦ᠌ ᠤᠬᠠᠭᠠᠨ ᠤ ᠰᠤᠳᠤᠯᠭᠠᠨ᠎ᠤ 《ᠤᠯᠤᠰ᠎ᠤᠨ ᠠᠩᠭᠢ》 ᠪᠣᠯᠤᠨ᠎ᠠ᠂ ᠪᠢᠳᠡ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠲᠡᠶ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠠᠪᠴᠠᠩ᠎ᠢ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠡᠳ᠋ᠯᠡᠬᠦ᠌᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭᠯᠡᠬᠦ᠌᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠬᠣᠯᠪᠣᠭᠠᠯᠠᠨ ᠬᠥᠮᠦᠵᠢᠭᠦᠯᠵᠦ᠍ ᠬᠠᠮᠲᠤ᠎ᠪᠠᠷ ᠬᠡᠷᠡᠭᠯᠡᠬᠦ᠌ ᠵᠡᠷᠭᠡ ᠲᠠᠯ᠎ᠠ᠎ᠪᠠᠷ ᠪᠣᠳᠠᠲᠠᠶ᠎ᠶᠢ ᠡᠷᠬᠢᠮᠯᠡᠬᠦ᠌ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠵᠦ᠍᠂ ᠡᠷᠳᠡᠨᠢ ᠰᠢᠰᠢ᠂ ᠲᠥᠮᠥᠰᠥ᠍᠂ ᠮᠢᠬᠠᠨ᠎ᠤ ᠦᠬᠡᠷ᠂ ᠮᠢᠬᠠᠨ᠎ᠤ ᠬᠣᠨᠢ᠂ ᠲᠡᠵᠢᠭᠡᠯ ᠡᠪᠡᠰᠦ᠂ ᠰᠦ᠋᠎ᠶᠢᠨ ᠦᠢᠯᠡᠰ ᠵᠡᠷᠭᠡ ᠳᠠᠪᠠᠭᠤᠯᠢᠭᠳᠤ ᠤᠨᠴᠠᠯᠢᠬᠳᠤ ᠬᠦᠷᠢᠶᠡᠨ᠎ᠳᠦ ᠵᠠᠩᠭᠢᠯᠠᠭ᠎ᠠ᠎ᠶᠢᠨ ᠮᠡᠷᠭᠡᠵᠢᠯ᠎ᠦᠨ ᠬᠠᠮᠲᠤᠷᠠᠨ ᠪᠣᠭᠣᠮᠲᠠ ᠰᠢᠪᠲᠤᠯᠬᠤ᠎ᠶᠢ ᠴᠢᠩᠭᠠᠳᠬᠠᠵᠤ᠂ ᠬᠣᠶᠠᠷ ᠲᠠᠯ᠎ᠠ᠎ᠶᠢᠨ ᠬᠠᠮᠲᠤᠷᠠᠯᠴᠠᠭ᠎ᠠ ᠲᠠᠰᠤᠷᠠᠯᠲᠠ ᠥᠬᠡᠶ ᠰᠢᠨ᠎ᠡ ᠳᠡᠭᠲᠡᠷ᠎ᠲᠦ᠍ ᠭᠠᠷᠬᠤ᠎ᠶᠢ ᠠᠬᠢᠭᠤᠯᠬᠤ᠎ᠶᠢ ᠬᠦᠰᠡᠵᠦ᠍ ᠪᠠᠶ᠋ᠢᠨ᠎ᠠ ᠭᠡᠵᠦ ᠬᠡᠯᠡᠪᠡ᠃
ᠬᠤᠸᠠᠩ ᠰᠠᠨ ᠸᠸᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠳᠤᠮᠳᠠᠳᠤ ᠤᠯᠤᠰ᠎ᠤᠨ ᠲᠠᠷᠢᠶᠠᠯᠠᠩ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠬᠥᠭᠵᠢᠯᠲᠡ᠎ᠳᠦ ᠦᠵᠡᠭᠦᠯᠦᠭᠰᠡᠨ ᠬᠦᠴᠦᠲᠡᠢ ᠳᠡᠮᠵᠢᠯᠭᠡ ᠳᠦ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ ᠪᠣᠯᠤᠨ ᠥᠪᠥᠷ ᠮᠣᠩᠭᠣᠯ᠎ᠤᠨ ᠬᠠᠮᠲᠤᠷᠠᠯᠴᠠᠭᠠᠨ ᠤ ᠰᠠᠭᠤᠷᠢ ᠪᠠᠲᠤ᠌ ᠪᠠᠬᠢ ᠪᠠᠶ᠋ᠢᠵᠤ᠂ ᠣᠷᠳᠣ ᠬᠤᠭᠤᠴᠠᠭᠠᠨ᠎ᠤ ᠲᠤᠷᠰᠢ ᠡᠷᠳᠡᠨᠢ ᠰᠢᠰᠢ᠎ᠶᠢᠨ ᠲᠠᠯᠠᠪᠠᠶ ᠨᠢᠭᠡᠴᠢ᠎ᠶᠢᠨ ᠤᠨᠠᠯᠲᠠ᠎ᠶᠢ ᠳᠡᠭᠡᠭᠰᠢᠯᠡᠭᠦᠯᠬᠦ᠌᠂ ᠡᠪᠡᠰᠦ ᠪᠣᠷᠳᠣᠭ᠎ᠠ ᠪᠣᠶ᠋ᠢᠵᠢᠭᠤᠯᠬᠤ᠂ ᠬᠤᠸᠠᠰᠢ ᠦᠬᠡᠷ ᠢ᠋ ᠰᠤᠩᠭᠤᠨ ᠪᠤᠢᠵᠢᠭᠤᠯᠬᠤ᠂ ᠲᠥᠮᠥᠰᠥ᠎ᠶᠢᠨ ᠰᠠᠶ᠋ᠢᠨ ᠡᠭᠦᠯᠳᠡᠷ᠎ᠦᠨ ᠪᠣᠭᠣᠮᠲᠠ ᠰᠢᠪᠲᠤᠯᠬᠤ ᠵᠡᠷᠭᠡ ᠲᠠᠯ᠎ᠠ᠎ᠪᠠᠷ ᠰᠠᠶ᠋ᠢᠨ ᠰᠠᠶ᠋ᠢᠬᠠᠨ ᠬᠠᠮᠲᠤᠷᠠᠯᠴᠠᠭᠠᠨ ᠤ ᠦᠷ᠎ᠡ ᠪᠦᠲᠦᠮᠵᠢ ᠤᠯᠪᠠ᠃ ᠲᠠᠷᠠᠭᠠᠴᠢ᠎ᠶᠢᠨ ᠠᠯᠬᠤᠮ᠎ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ᠎ᠬᠢᠨ ᠥᠪᠥᠷ ᠮᠣᠩᠭᠣᠯ᠎ᠯᠤᠭ᠎ᠠ᠎ᠶᠢᠨ ᠨᠡᠪᠲᠡᠷᠡᠯᠴᠡᠭᠡ ᠵᠣᠯᠭᠠᠯᠴᠠᠭ᠎ᠠ᠎ᠪᠠᠨ ᠦᠷᠭᠦᠯᠵᠢᠯᠡᠨ ᠴᠢᠩᠭᠠᠳᠬᠠᠵᠤ᠂ ᠳᠤᠮᠳᠠᠳᠤ ᠤᠯᠤᠰ᠎ᠤᠨ ᠲᠠᠷᠢᠶᠠᠯᠠᠩ ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠨᠤᠲᠤᠭ ᠪᠡᠯᠴᠢᠭᠡᠷ᠎ᠦᠨ ᠰᠤᠳᠤᠯᠭᠠᠨ᠎ᠤ ᠭᠠᠵᠠᠷ ᠪᠣᠯᠤᠨ ᠤᠮᠠᠷᠠᠲᠤ᠎ᠶᠢᠨ ᠲᠥᠪ᠎ᠢᠶᠡᠷ ᠲᠦᠰᠢᠭ ᠪᠣᠯᠭᠠᠵᠤ᠂ ᠡᠪᠡᠰᠤᠨ᠎ᠤ ᠠᠵᠤ ᠦᠢᠯᠡᠰ ᠪᠠ ᠮᠠᠯ ᠠᠵᠤ ᠠᠬᠤᠢ ᠵᠢᠨ ᠦᠷ᠎ᠡ᠎ᠶᠢᠨ ᠦᠢᠯᠡᠰ ᠦᠨ ᠰᠢᠨ᠎ᠡ ᠶᠢ ᠡᠭᠦᠳᠬᠦ᠌ ᠬᠡᠯᠬᠢᠶ᠎ᠡ᠎ᠶᠢ ᠬᠦᠴᠦᠷᠬᠡᠭᠵᠢᠭᠦᠯᠵᠦ᠍᠂ ᠠᠮᠢᠳᠤ ᠪᠣᠳᠠᠰ᠎ᠤᠨ ᠦᠢᠯᠡᠳᠬᠦ᠌ ᠮᠡᠷᠭᠡᠵᠢᠯ᠎ᠢᠶᠡᠷ ᠥᠪᠡᠷᠮᠢᠴᠡ ᠣᠨᠴᠠᠯᠢᠭ᠎ᠪᠦᠬᠦᠢ ᠮᠠᠯ ᠠᠵᠤ ᠠᠬᠤᠶ ᠲᠠᠷᠢᠶᠠᠯᠠᠩ᠎ᠤᠨ ᠲᠠᠰ ᠳᠠᠪᠰᠢᠯᠲᠠ᠎ᠳᠤ ᠬᠦᠴᠦᠨ ᠤᠯᠭᠤᠵᠤ᠂ ᠥᠪᠡᠷᠲᠡᠭᠡᠨ ᠵᠠᠰᠠᠬᠤ ᠣᠷᠣᠨ᠎ᠤ ᠮᠠᠯ ᠠᠵᠤ ᠠᠬᠤᠶ᠎ᠲᠠᠷᠢᠶᠠᠯᠠᠩ ᠤᠨ ᠴᠢᠨᠠᠷ ᠰᠠᠶ᠋ᠢᠲᠠᠶ ᠬᠥᠭᠵᠢᠯᠲᠡ ᠳᠦ ᠨᠠᠩ ᠰᠠᠶ᠋ᠢᠲᠤᠷ ᠦᠢᠯᠡᠴᠢᠯᠡᠵᠦ᠍᠂ ᠥᠪᠥᠷ ᠮᠣᠩᠭᠣᠯ᠎ᠤᠨ ᠤᠯᠤᠰ᠎ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠢ ᠪᠥᠲᠥᠭᠡᠨ ᠪᠠᠶ᠋ᠢᠭᠤᠯᠬᠤ᠎ᠳᠤ ᠢᠯᠡᠭᠦᠬᠡᠨ ᠬᠤᠪᠢ ᠨᠡᠮᠡᠷᠢ ᠦᠵᠡᠭᠦᠯᠦᠨ᠎ᠡ ᠭᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠴᠢ᠊ ᠪᠠᠲᠤ᠌᠂ ᠳᠤᠮᠳᠠᠳᠤ ᠤᠯᠤᠰ᠎ᠤᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠠᠺᠠᠳᠧᠮᠢᠴᠢ ᠵᠦᠩ ᠺᠠᠩ ᠣᠷᠣᠯᠴᠠᠵᠠᠢ᠃