ᠶᠡᠷᠦᠩᠬᠡᠢ ᠱᠦᠵᠢ ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠶ᠋ᠢᠲᠠᠢ ᠬᠥᠭᠵᠢᠯᠲᠡ᠎ᠳ᠋ᠤ ᠴᠢᠭᠯᠡᠯ᠎ᠢ ᠲᠣᠳᠣᠷᠬᠠᠢ ᠵᠢᠭᠠᠵᠤ ᠥᠭᠪᠡ
2026-07-25 12:34:01
ᠵᠣᠬᠢᠶᠠᠭ᠍ᠴᠢ᠄
ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠸᠠᠩ ᠫᠸᠩ
ᠣᠩᠱᠢᠭ᠍ᠰᠠᠨ ᠣᠳᠠᠭ᠎ᠠ᠄
★★★☆☆

ᠪᠥᠬᠥ᠌ ᠤᠯᠤᠰ᠎ᠤᠨ ᠰᠠᠭᠤᠷᠢ ᠰᠤᠷᠭᠠᠨ ᠬᠥᠮᠦᠵᠢᠯ ᠎ᠦᠨ ᠠᠵᠢᠯ ᠎ᠤᠨ ᠬᠤᠷᠠᠯ 7 ᠰᠠᠷ᠎ᠠ᠎ᠶᠢᠨ 22 ᠎ᠤ᠋ᠨ ᠡᠳᠦᠷ ᠪᠡᠭᠡᠵᠢᠩ᠎ᠳᠦ ᠬᠤᠷᠠᠯᠳᠤᠵᠤ᠂ ᠬᠤᠷᠠᠯ ᠳᠡᠭᠡᠷ᠎ᠡ ᠶᠡᠷᠦᠩᠬᠡᠶ ᠱᠦᠵᠢ ᠰᠢ ᠵᠢᠨ ᠫᠢᠩ᠎ᠦᠨ ᠣᠶ᠋ᠢᠷ᠎ᠠ ᠎ᠵᠢᠨ ᠡᠳᠤᠷ ᠰᠠᠭᠤᠷᠢ ᠰᠤᠷᠭᠠᠨ ᠬᠥᠮᠦᠵᠢᠯ᠎ᠦᠨ ᠠᠵᠢᠯ᠎ᠳᠤ ᠥᠭᠭᠦᠭᠰᠡᠨ ᠴᠢᠬᠤᠯᠠ ᠵᠢᠭᠠᠪᠤᠷᠢ ᠵᠢ  ᠤᠯᠠᠮᠵᠢᠯᠠᠪᠠ᠃

ᠰᠤᠷᠭᠠᠨ ᠬᠥᠮᠦᠵᠢᠯ ᠪᠣᠯ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠰᠠᠭᠤᠷᠢ ᠮᠥᠨ᠃ ᠶᠡᠷᠦᠩᠬᠡᠢ ᠱᠦᠵᠢ ᠰᠢ ᠵᠢᠨ ᠫᠢᠩ᠎ᠦᠨ ᠰᠡᠳᠬᠢᠯ᠎ᠳᠦ᠂ ᠰᠠᠭᠤᠷᠢ ᠰᠤᠷᠭᠠᠨ ᠬᠥᠮᠦᠵᠢᠯ ᠨᠢ ᠲᠤᠶ᠋ᠢᠯ᠎ᠤᠨ ᠢᠷᠠᠭᠤ ᠠᠯᠳᠠᠷᠲᠠᠢ ᠪᠥᠭᠡᠳ ᠪᠡᠷᠬᠡ ᠬᠠᠲᠠᠭᠤᠵᠢᠯᠲᠠᠢ ᠲᠡᠦᠬᠡᠲᠦ᠍ ᠡᠭᠦᠷᠭᠡ᠎ᠶᠢ ᠡᠭᠦᠷᠭᠡᠯᠡᠵᠦ᠍ ᠪᠠᠶ᠋ᠢᠭ᠎ᠠ ᠶᠤᠮ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠬᠰᠡᠨ ᠨᠠᠮ ᠎ᠤᠨ ᠲᠥᠪ ᠬᠣᠷᠢᠶ᠎ᠠ ᠰᠤᠷᠭᠠᠨ ᠬᠥᠮᠦᠵᠢᠯ᠎ᠢ ᠤᠷᠢᠳ᠎ᠢᠶᠠᠷ ᠬᠥᠭᠵᠢᠭᠦᠯᠬᠦ᠌ ᠪᠠᠶ᠋ᠢᠯᠳᠤᠬᠤ ᠪᠣᠳᠣᠯᠭ᠎ᠠ᠎ᠶᠢᠨ ᠪᠠᠶ᠋ᠢᠷᠢᠨ᠎ᠳᠤ ᠲᠠᠯᠪᠢᠵᠤ᠂ ᠰᠢᠨ᠎ᠡ ᠴᠠᠭ ᠦᠶ᠎ᠡ᠎ᠶᠢᠨ ᠰᠠᠭᠤᠷᠢ ᠰᠤᠷᠭᠠᠨ ᠬᠥᠮᠦᠵᠢᠯ᠎ᠦᠨ ᠦᠢᠯᠡᠰ᠎ᠦᠨ ᠲᠡᠦᠬᠡᠲᠦ᠍ ᠴᠢᠨᠠᠷᠲᠠᠶ ᠠᠮᠵᠢᠯᠲᠠ ᠪᠦᠲᠦᠮᠵᠢ ᠤᠯᠬᠤ ᠪᠠ ᠪᠠᠶ᠋ᠢᠷᠢᠰᠢᠯ᠎ᠤᠨ ᠴᠢᠨᠠᠷᠲᠠᠶ ᠬᠤᠪᠢᠷᠠᠯᠲᠠ ᠭᠠᠷᠬᠤ ᠵᠢ  ᠬᠥᠲᠥᠯᠥᠨ ᠵᠢᠯᠣᠭᠣᠳᠴᠤ᠌ ᠠᠬᠢᠭᠤᠯᠪᠠ᠃ ᠡᠳᠤᠭᠡ᠂ ᠮᠠᠨ᠎ᠤ ᠤᠯᠤᠰ ᠎ᠤᠨ ᠰᠠᠭᠤᠷᠢ ᠰᠤᠷᠭᠠᠨ ᠬᠥᠮᠦᠵᠢᠯ᠎ᠦᠨ ᠲᠦᠭᠡᠮᠡᠯᠵᠢᠭᠰᠡᠨ ᠬᠡᠮᠵᠢᠶ᠎ᠡ ᠪᠠ ᠵᠠᠩᠭᠢᠯᠠᠭ᠎ᠠ᠎ᠶᠢᠨ ᠭᠦᠢᠴᠡᠳᠭᠡᠯ ᠲᠣᠭ᠎ᠠ ᠳᠤᠮᠳᠠ ᠥᠨᠳᠥᠷ ᠣᠷᠣᠯᠭ᠎ᠠ᠎ᠲᠠᠶ ᠤᠯᠤᠰ᠎ᠤᠨ ᠳᠤᠮᠳᠠᠴᠢ ᠲᠦᠪᠰᠢᠨ᠎ᠡᠴᠡ ᠪᠥᠬᠥ᠌ ᠲᠠᠯ᠎ᠠ᠎ᠪᠠᠷ ᠳᠠᠪᠠᠵᠤ᠂ ᠡᠭᠦᠨ᠎ᠳᠦ ᠰᠤᠷᠭᠠᠭᠤᠯᠢ ᠵᠢᠨ ᠨᠠᠰᠤᠨ ᠡᠴᠡ ᠡᠮᠤᠨᠡᠬᠢ ᠬᠥᠮᠦᠵᠢᠯ᠂ ᠠᠯᠪᠠᠨ ᠵᠢᠷᠤᠮ᠎ᠤᠨ ᠰᠤᠷᠭᠠᠨ ᠬᠥᠮᠦᠵᠢᠯ ᠥᠨᠳᠥᠷ ᠣᠷᠣᠯᠭ᠎ᠠ᠎ᠲᠠᠶ ᠤᠯᠤᠰ᠎ᠤᠨ ᠳᠤᠮᠳᠠᠴᠢ ᠲᠦᠪᠰᠢᠨ᠎ᠳᠦ ᠬᠦᠷᠴᠡᠶ᠃

ᠶᠡᠷᠦᠩᠬᠡᠶ ᠱᠦᠵᠢ ᠰᠢ ᠵᠢᠨ ᠫᠢᠩ᠄ 《ᠨᠠᠮ᠎ᠤᠨ ᠲᠥᠪ ᠬᠣᠷᠢᠶ᠎ᠠ ᠰᠠᠭᠤᠷᠢ ᠰᠤᠷᠭᠠᠨ ᠬᠥᠮᠦᠵᠢᠯ᠎ᠢ ᠰᠠᠭᠤᠷᠢ ᠴᠢᠨᠠᠷᠲᠠᠶ᠂ ᠤᠳᠤᠷᠢᠳᠤᠮᠵᠢ᠎ᠶᠢᠨ ᠴᠢᠨᠠᠷᠲᠠᠶ ᠠᠵᠢᠯ ᠪᠣᠯᠭᠠᠨ ᠠᠳᠬᠤᠵᠤ᠂ ᠣᠯᠠᠨ ᠵᠦᠢᠯ᠎ᠦᠨ ᠠᠷᠭ᠎ᠠ ᠬᠡᠮᠵᠢᠶ᠎ᠡ᠎ᠶᠢ ᠵᠡᠷᠭᠡ᠎ᠪᠡᠷ ᠬᠡᠷᠡᠭᠯᠡᠨ ᠰᠠᠭᠤᠷᠢ ᠰᠤᠷᠭᠠᠨ ᠬᠥᠮᠦᠵᠢᠯ᠎ᠦᠨ ᠲᠦᠷᠭᠡᠨ ᠬᠥᠭᠵᠢᠯᠲᠡ᠎ᠶᠢ ᠪᠡᠶᠡᠯᠡᠭᠦᠯᠬᠦ᠌᠎ᠶᠢ ᠠᠬᠢᠭᠤᠯᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠥᠲᠥᠭᠡᠨ ᠪᠠᠶ᠋ᠢᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠵᠠᠢ》 ᠭᠡᠵᠤ ᠵᠢᠭᠠᠵᠤ ᠭᠠᠷᠭᠠᠪᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠦᠳᠦᠭᠡᠨ ᠪᠠᠶ᠋ᠢᠭᠤᠯᠬᠤ ᠲᠡᠭᠡᠷᠡᠬᠢ ᠵᠢ ᠵᠠᠯᠭᠠᠮᠵᠢᠯᠠᠵᠤ ᠲᠤᠷᠤᠬᠰᠢ ᠤᠯᠠᠮᠵᠢᠯᠠᠬᠤ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶᠢᠨ ᠬᠤᠭᠤᠴᠠᠭ᠎ᠠ ᠮᠥᠨ᠃ ᠢᠷᠡᠭᠡᠳᠦᠢ᠎ᠳᠦ ᠬᠠᠨᠳᠤᠬᠤᠶ᠎ᠠ᠂ ᠰᠠᠭᠤᠷᠢ ᠰᠤᠷᠭᠠᠨ ᠬᠥᠮᠦᠵᠢᠯ᠎ᠦᠨ ᠠᠵᠢᠯ᠎ᠢ ᠬᠡᠷᠬᠢᠨ ᠬᠢᠪᠡᠯ ᠵᠣᠬᠢᠬᠤ ᠪᠤᠢ?

ᠴᠢᠬᠤᠯᠠ ᠵᠢᠭᠠᠪᠤᠷᠢ᠎ᠳᠤ᠂ ᠶᠡᠷᠦᠩᠬᠡᠶ ᠱᠦᠵᠢ ᠰᠢ ᠵᠢᠨ ᠫᠢᠩ 《ᠰᠠᠭᠤᠷᠢ ᠰᠤᠷᠭᠠᠨ ᠬᠥᠮᠦᠵᠢᠯ᠎ᠦᠨ ᠴᠢᠨᠠᠷ ᠰᠠᠶ᠋ᠢᠲᠠᠶ ᠬᠥᠭᠵᠢᠯᠲᠡ᠎ᠶᠢᠨ ᠰᠢᠨ᠎ᠡ ᠪᠠᠶ᠋ᠢᠳᠠᠯ ᠎ᠢ ᠲᠠᠰᠤᠷᠠᠯᠲᠠ ᠥᠬᠡᠶ ᠡᠭᠦᠳᠬᠦ᠌》 ᠲᠣᠳᠣᠷᠬᠠᠶ ᠱᠠᠭᠠᠷᠳᠠᠯᠭ᠎ᠠ ᠳᠤᠷᠠᠳᠴᠤ᠌᠂ ᠰᠢᠨ᠎ᠡ ᠴᠠᠭ ᠦᠶ᠎ᠡ ᠰᠢᠨ᠎ᠡ ᠠᠶᠠᠨ ᠳ᠋ᠡᠬᠢ ᠰᠠᠭᠤᠷᠢ ᠰᠤᠷᠭᠠᠨ ᠬᠥᠮᠦᠵᠢᠯ᠎ᠦᠨ ᠠᠵᠢᠯ᠎ᠢ ᠰᠠᠶ᠋ᠢᠲᠤᠷ ᠬᠢᠬᠦ᠌᠎ᠳᠦ ᠴᠢᠭᠯᠡᠯ᠎ᠢ ᠲᠣᠳᠣᠷᠬᠠᠶ ᠵᠢᠭᠠᠵᠤ ᠥᠭᠴᠡᠶ᠃

《ᠶᠣᠰᠣ ᠰᠤᠷᠲᠠᠬᠤᠨ᠎ᠢᠶᠠᠷ ᠬᠥᠮᠦᠨ ᠬᠥᠮᠦᠵᠢᠭᠦᠯᠬᠦ᠌ ᠦᠨᠳᠦᠰᠦᠨ ᠡᠭᠦᠷᠭᠡ᠎ᠶᠢ ᠨᠠᠶ᠋ᠢᠳᠠᠪᠤᠷᠢᠵᠢᠭᠤᠯᠤᠨ᠎ᠠ》— ᠶᠠᠮᠠᠷ ᠬᠥᠮᠦᠨ᠎ᠢ ᠬᠥᠮᠦᠵᠢᠭᠦᠯᠬᠦ᠌᠂ ᠬᠥᠮᠦᠨ᠎ᠢ ᠬᠡᠷᠬᠢᠨ ᠬᠥᠮᠦᠵᠢᠭᠦᠯᠬᠦ᠌᠂ ᠬᠡᠨ᠎ᠦ ᠲᠥᠯᠥᠭᠡ ᠬᠥᠮᠦᠵᠢᠭᠦᠯᠬᠦ᠌ ᠪᠣᠯ ᠰᠤᠷᠭᠠᠨ ᠬᠥᠮᠦᠵᠢᠯ᠎ᠦᠨ ᠦᠨᠳᠦᠰᠦᠨ ᠠᠰᠠᠭᠤᠳᠠᠯ ᠮᠥᠨ᠂ ᠪᠠᠰᠠ ᠴᠤ᠌ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠠᠶ᠋ᠢᠭᠤᠯᠬᠤ ᠭᠤᠤᠯ ᠰᠡᠳᠦᠪ ᠮᠥᠨ᠃

ᠰᠠᠭᠤᠷᠢ ᠰᠤᠷᠭᠠᠨ ᠬᠥᠮᠦᠵᠢᠯ᠎ᠦᠨ ᠱᠠᠲᠤ᠌ ᠦᠶ᠎ᠡ ᠪᠣᠯ ᠶᠠᠭ ᠵᠠᠯᠠᠭᠤ ᠪᠠᠭᠠᠴᠤᠳ᠎ᠤᠨ ᠶᠢᠷᠲᠢᠨᠴᠦ᠎ᠶᠢᠨ ᠦᠵᠡᠯᠲᠡ᠂ ᠠᠮᠢᠳᠤᠷᠠᠬᠤᠶ᠎ᠶᠢᠨ ᠦᠵᠡᠯᠲᠡ᠂ ᠥᠷᠲᠡᠭ᠎ᠦᠨ ᠦᠵᠡᠯᠲᠡ᠎ᠶᠢ ᠪᠣᠶ ᠪᠣᠯᠭᠠᠬᠤ ᠵᠠᠩᠭᠢᠯᠠᠭ᠎ᠠ᠎ᠶᠢᠨ ᠴᠠᠭ ᠦᠶ᠎ᠡ ᠪᠣᠯᠤᠨ᠎ᠠ᠃ ᠨᠠᠮ᠎ᠤᠨ ᠰᠤᠷᠭᠠᠨ ᠬᠥᠮᠦᠵᠢᠯ᠎ᠦᠨ ᠴᠢᠭᠯᠡᠯᠲᠡ᠎ᠶᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ᠂ ᠥᠷᠭᠡᠨ ᠤᠯᠠᠨ ᠵᠠᠯᠠᠭᠤᠴᠤᠳ ᠪᠠᠭᠠᠴᠤᠳ᠎ᠢ ᠨᠢᠮᠪᠠᠢ ᠬᠥᠮᠦᠵᠢᠭᠦᠯᠦᠨ ᠬᠦᠳᠦᠯᠦᠨ ᠵᠢᠯᠣᠭᠣᠳᠴᠤ᠌᠂ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠢ ᠦᠨᠡᠨ ᠬᠦ᠌ ᠴᠢᠩᠭᠠᠳᠬᠠᠨ᠂ ᠨᠠᠮ ᠎ᠤᠨ ᠰᠢᠨ᠎ᠡ᠎ᠡᠬᠦᠳᠤᠯᠳᠠ ᠵᠢᠨ ᠤᠨᠤᠯ᠎ᠢᠶᠠᠷ ᠰᠦᠭ ᠰᠦᠨᠡᠰᠦ᠎ᠶᠢ ᠱᠤᠭᠤᠵᠤ ᠬᠥᠮᠦᠨ ᠎ᠢ ᠬᠥᠮᠦᠵᠢᠭᠦᠯᠬᠦ᠌᠎ᠶᠢ ᠴᠥᠬᠥᠷᠡᠰᠢ ᠦᠭᠡᠢ ᠪᠠᠷᠢᠮᠲᠠᠯᠠᠵᠤ᠂ ᠲᠡᠳᠡᠨ᠎ᠢ ᠬᠠᠪᠰᠤᠷᠤᠨ ᠬᠥᠮᠦᠨ ᠎ᠦ ᠠᠮᠢᠳᠤᠷᠠᠯ᠎ᠤᠨ ᠠᠩᠬᠠᠨ᠎ᠤ ᠠᠯᠬᠤᠮ᠎ᠢ ᠨᠢ ᠰᠠᠶ᠋ᠢᠲᠤᠷ ᠠᠯᠬᠤᠭᠤᠯᠵᠤ᠂ ᠨᠠᠮ᠎ᠤᠨ ᠦᠭᠡ ᠎ᠶᠢ ᠰᠣᠨᠣᠰᠬᠤ᠂ ᠨᠠᠮ᠎ᠢᠶᠠᠨ ᠳᠠᠭᠠᠬᠤ ᠴᠠᠭ ᠦᠶ᠎ᠡ᠎ᠶᠢᠨ ᠰᠢᠨ᠎ᠡ ᠬᠦᠮᠦᠨ ᠢ᠋ ᠦᠷᠬᠦᠯᠵᠢᠯᠡᠨ ᠬᠥᠮᠦᠵᠢᠭᠦᠯᠬᠦ᠌ ᠬᠡᠷᠡᠭᠲᠡᠢ᠃

《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ ᠰᠤᠷᠭᠠᠨ ᠬᠥᠮᠦᠵᠢᠯ᠎ᠦᠨ ᠣᠶ᠋ᠢᠯᠠᠭᠠᠭᠳᠠᠬᠤᠨ᠎ᠢ ᠨᠠᠶ᠋ᠢᠳᠠᠪᠤᠷᠢᠵᠢᠭᠤᠯᠤᠨ᠎ᠠ》 — 《ᠬᠤᠪᠢ᠎ᠶᠢ ᠲᠡᠷᠢᠭᠦᠨ᠎ᠳᠦ ᠲᠠᠯᠪᠢᠬᠤ》ᠡᠴᠡ《ᠡᠷᠡᠭᠦᠯ ᠮᠡᠨᠳᠦ᠎ᠶᠢ ᠲᠡᠷᠢᠭᠦᠨ᠎ᠳᠦ ᠲᠠᠯᠪᠢᠬᠤ》ᠲᠡᠶ᠋ᠢᠰᠢ ᠬᠤᠪᠢᠷᠠᠵᠤ᠂ ᠰᠤᠷᠭᠠᠨ ᠬᠥᠮᠦᠵᠢᠯ᠎ᠦᠨ ᠣᠶ᠋ᠢᠯᠠᠭᠠᠭᠳᠠᠬᠤᠨ᠎ᠤ ᠬᠤᠪᠢᠷᠠᠯᠲᠠ᠎ᠶᠢ ᠲᠤᠰᠬᠠᠪᠠ᠃

ᠡᠨᠡ ᠬᠦ᠌ ᠣᠶ᠋ᠢᠯᠠᠭᠠᠭᠳᠠᠬᠤᠨ᠎ᠢ ᠰᠠᠶ᠋ᠢᠲᠤᠷ ᠲᠤᠭᠤᠰᠢᠯᠠᠭᠤᠯᠬᠤ᠎ᠳᠤ᠂ ᠰᠤᠷᠭᠠᠭᠤᠯᠢ᠂ ᠬᠡᠷ ᠪᠦᠯᠢ 《ᠬᠤᠪᠢ᠎ᠶᠢ ᠴᠢᠬᠤᠯᠠᠴᠢᠯᠠᠨ᠂ ᠡᠷᠡᠭᠦᠯ ᠮᠡᠨᠳᠦ᠎ᠶᠢ ᠬᠥᠩᠭᠡᠪᠴᠢᠯᠡᠬᠦ᠌》 ᠮᠠᠭᠤ ᠬᠡᠯᠪᠡᠷᠢᠯ᠎ᠢ ᠡᠷᠡᠰ ᠲᠠᠶᠠᠭᠳᠠᠵᠤ᠂ ᠬᠡᠦᠬᠡᠳ᠎ᠦᠨ ᠮᠡᠳᠡᠯᠭᠡ᠎ᠶᠢᠨ ᠨᠡᠮᠡᠭᠳᠡᠯ᠎ᠢ ᠠᠩᠬᠠᠷᠬᠤ᠎ᠪᠠᠷ ᠪᠠᠷᠠᠬᠤ ᠥᠬᠡᠶ ᠪᠠᠰᠠ ᠲᠡᠳᠡᠨ᠎ᠦ ᠪᠡᠶ᠎ᠡ ᠰᠡᠳᠬᠢᠯ᠎ᠦᠨ ᠡᠷᠡᠭᠦᠯ ᠮᠡᠨᠳᠦ᠎ᠶᠢ ᠠᠩᠬᠠᠷᠴᠤ᠌᠂ ᠪᠡᠶ᠎ᠡ᠎ᠶᠢᠨ ᠲᠠᠮᠢᠷ᠎ᠤᠨ ᠪᠣᠯᠪᠠᠰᠤᠷᠠᠯ᠂ ᠭᠤᠤ᠎ᠠ ᠰᠠᠶ᠋ᠢᠬᠠᠨ᠎ᠤ ᠬᠥᠮᠦᠵᠢᠯ᠂ ᠬᠥᠳᠡᠯᠮᠦᠷᠢ᠎ᠶᠢᠨ ᠦᠢᠯᠡᠳᠦᠯᠭᠡ᠎ᠶᠢ ᠴᠢᠩᠭᠠᠳᠬᠠᠬᠤ ᠵᠢᠴᠢ ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠢ ᠪᠦᠲᠦᠮᠵᠢᠲᠡᠶ ᠥᠷᠨᠢᠭᠦᠯᠬᠦ᠌᠎ᠪᠡᠷ ᠳᠠᠮᠵᠢᠭᠤᠯᠤᠨ᠂ ᠬᠡᠦᠬᠡᠳ ᠎ᠢ ᠬᠠᠪᠰᠤᠷᠤᠨ ᠪᠡᠶ᠎ᠡ ᠮᠠᠬᠠᠪᠣᠳ᠎ᠢ ᠨᠢ ᠴᠢᠭᠢᠷᠠᠭᠵᠢᠭᠤᠯᠵᠤ᠂ ᠡᠷᠴᠢ ᠵᠣᠷᠢᠭ ᠎ᠢ ᠨᠢ ᠬᠠᠲᠠᠭᠤᠵᠢᠭᠤᠯᠤᠨ᠂ ᠥᠷᠭᠡᠨ ᠣᠯᠠᠨ ᠰᠤᠷᠤᠭᠴᠢᠳ᠎ᠤᠨ ᠪᠡᠶ᠎ᠡ ᠰᠡᠳᠬᠢᠯ ᠎ᠦᠨ ᠡᠷᠡᠭᠦᠯ ᠮᠡᠨᠳᠦ᠂ ᠦᠰᠦᠨ ᠪᠣᠶ᠋ᠢᠵᠢᠵᠤ ᠴᠢᠳᠠᠪᠤᠷᠢᠲᠠᠨ ᠪᠣᠯᠬᠤ᠎ᠶᠢ ᠠᠬᠢᠭᠤᠯᠬᠤ ᠬᠡᠷᠡᠭᠲᠡᠶ᠃

《ᠰᠤᠷᠭᠠᠨ ᠬᠥᠮᠦᠵᠢᠯ᠎ᠦᠨ ᠲᠥᠪ ᠭᠤᠤᠯᠴᠢ ᠬᠣᠷᠢᠭ᠎ᠠ ᠱᠤᠭᠤᠮ᠎ᠢ ᠪᠠᠲᠤ᠌ ᠰᠠᠬᠢᠨ᠎ᠠ》— ᠰᠤᠷᠭᠠᠨ ᠬᠥᠮᠦᠵᠢᠯ᠎ᠦᠨ ᠲᠥᠪ ᠭᠤᠤᠯᠴᠢ ᠪᠣᠯ ᠨᠡᠶ᠋ᠢᠭᠡᠮ᠎ᠦᠨ ᠲᠥᠪ ᠭᠤᠤᠯᠴᠢ᠎ᠶᠢᠨ ᠴᠢᠬᠤᠯᠠ ᠰᠠᠭᠤᠷᠢ ᠮᠥᠨ᠂ ᠰᠠᠭᠤᠷᠢ ᠰᠤᠷᠭᠠᠨ ᠬᠥᠮᠦᠵᠢᠯ ᠪᠣᠯ ᠰᠤᠷᠭᠠᠨ ᠬᠥᠮᠦᠵᠢᠯ᠎ᠦᠨ ᠲᠥᠪ ᠭᠤᠤᠯᠴᠢ᠎ᠶᠢᠨ ᠴᠢᠬᠤᠯᠠ ᠡᠬᠢᠯᠡᠯᠲᠡ ᠮᠥᠨ᠃

ᠰᠤᠷᠭᠠᠨ ᠬᠥᠮᠦᠵᠢᠯ᠎ᠦᠨ ᠲᠥᠪ ᠭᠣᠣᠯᠴᠢ ᠪᠠᠶ᠋ᠢᠬᠤ ᠡᠨᠡ ᠬᠦ᠌ ᠬᠣᠷᠢᠭ᠎ᠠ ᠱᠤᠭᠤᠮ᠎ᠢ ᠰᠠᠬᠢᠬᠤ᠎ᠳᠤ᠂ ᠰᠠᠭᠤᠷᠢ ᠰᠤᠷᠭᠠᠨ ᠬᠥᠮᠦᠵᠢᠯ᠎ᠦᠨ ᠨᠡᠶ᠋ᠢᠲᠡ ᠎ᠶᠢᠨ ᠠᠰᠠᠷᠠᠮᠵᠢ᠎ᠶᠢᠨ ᠴᠢᠨᠠᠷ᠎ᠢ ᠪᠠᠷᠢᠮᠲᠠᠯᠠᠵᠤ᠂ ᠰᠢᠯᠢᠳᠡᠭ᠎ᠢ ᠥᠷᠭᠡᠳᠬᠡᠨ ᠴᠢᠨᠠᠷ᠎ᠢ ᠳᠡᠭᠡᠭᠰᠢᠯᠡᠭᠦᠯᠬᠦ᠌᠎ᠶᠢ ᠲᠦᠷᠭᠡᠳᠬᠡᠵᠦ᠍᠂ ᠰᠠᠭᠤᠷᠢ ᠰᠤᠷᠭᠠᠨ ᠬᠥᠮᠦᠵᠢᠯ᠎ᠦᠨ ᠬᠤᠳᠠ ᠬᠥᠳᠡᠭᠡ᠂ ᠣᠷᠣᠨ ᠪᠦᠰᠡ᠂ ᠰᠤᠷᠭᠠᠭᠤᠯᠢ᠎ᠶᠢᠨ ᠬᠣᠭᠣᠷᠣᠨᠳᠣᠬᠢ ᠵᠥᠷᠢᠢ᠎ᠡ᠂ ᠬᠠᠮᠲᠤᠯᠢᠭ᠎ᠤᠨ ᠵᠥᠷᠢᠢ᠎ᠡ᠎ᠶᠢ ᠤᠯᠠᠮ ᠨᠢᠭᠡ ᠠᠯᠬᠤᠮ ᠪᠠᠭᠠᠰᠬᠠᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠴᠢᠨᠠᠷ ᠰᠠᠶ᠋ᠢᠲᠠᠢ ᠲᠡᠩᠴᠡᠭᠦᠷᠢᠲᠡᠢ ᠬᠥᠭᠵᠢᠯᠲᠡ᠎ᠶᠢ ᠠᠬᠢᠭᠤᠯᠬᠤ ᠬᠡᠷᠡᠭᠲᠡᠢ᠃ ᠡᠭᠦᠨ᠎ᠦ ᠬᠠᠮᠲᠤ᠌᠂ ᠰᠤᠷᠭᠠᠭᠤᠯᠢ ᠵᠢᠨ ᠨᠠᠰᠤᠨ᠎ᠡᠴᠡ ᠡᠮᠦᠨᠡᠬᠢ ᠰᠤᠷᠭᠠᠨ ᠬᠥᠮᠦᠵᠢᠯ᠎ᠦᠨ ᠴᠢᠨᠠᠷ ᠰᠠᠶ᠋ᠢᠲᠠᠶ ᠲᠦᠭᠡᠮᠡᠯ ᠬᠠᠷᠠᠭᠠᠯᠵᠠᠯᠲᠤ᠌ ᠬᠥᠭᠵᠢᠯᠲᠡ᠎ᠶᠢ ᠠᠬᠢᠭᠤᠯᠵᠤ᠂ ᠡᠩ᠎ᠦᠨ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠰᠤᠷᠭᠠᠭᠤᠯᠢ ᠡᠷᠭᠢᠯᠡᠬᠦ᠌ ᠡᠬᠢ ᠪᠠᠶᠠᠯᠢᠭ᠎ᠢ ᠥᠷᠭᠡᠳᠬᠡᠨ᠂ ᠣᠨᠴᠠᠭᠠᠶ ᠰᠤᠷᠭᠠᠨ ᠬᠥᠮᠦᠵᠢᠯ᠂ ᠲᠤᠰᠬᠠᠶ ᠰᠤᠷᠭᠠᠨ ᠬᠥᠮᠦᠵᠢᠯ᠎ᠦᠨ ᠪᠠᠲᠤᠯᠠᠭ᠎ᠠ᠎ᠶᠢᠨ ᠲᠣᠭᠲᠠᠴᠠ᠎ᠶᠢ ᠪᠦᠷᠢᠨᠰᠢᠭᠦᠯᠵᠦ᠍᠂ ᠠᠷᠠᠳ ᠣᠯᠠᠨ᠎ᠤ ᠰᠢᠨ᠎ᠡ ᠬᠦᠰᠡᠯ ᠡᠷᠡᠮᠡᠯᠵᠡᠯ᠎ᠳᠦ ᠲᠠᠰᠤᠷᠠᠯᠲᠠ ᠥᠬᠡᠶ ᠵᠣᠬᠢᠴᠠᠭᠤᠯᠬᠤ ᠬᠡᠷᠡᠭᠳᠡᠢ᠃

《ᠥᠨᠳᠥᠷ ᠬᠡᠪ ᠴᠢᠨᠠᠷ ᠪᠦᠬᠦᠢ ᠲᠤᠰᠬᠠᠶ᠋ᠢᠵᠢᠭᠰᠠᠨ ᠪᠠᠭᠰᠢ᠎ᠶᠢᠨ ᠡᠩᠨᠡᠭᠡ᠎ᠶᠢ ᠬᠥᠮᠦᠵᠢᠭᠦᠯᠦᠨ ᠪᠣᠶ᠋ᠢᠵᠢᠭᠤᠯᠤᠨ᠎ᠠ》 — ᠪᠠᠭᠰᠢ ᠪᠣᠯ ᠰᠤᠷᠭᠠᠨ ᠬᠥᠮᠦᠵᠢᠯ᠎ᠢ ᠪᠠᠶ᠋ᠢᠭᠤᠯᠬᠤ᠎ᠶᠢᠨ ᠦᠨᠳᠦᠰᠦ᠂ ᠰᠤᠷᠭᠠᠨ ᠬᠥᠮᠦᠵᠢᠯ ᠎ᠢ ᠬᠥᠭᠵᠢᠭᠦᠯᠬᠦ᠌᠎ᠶᠢᠨ ᠡᠬᠢ ᠰᠤᠷᠪᠤᠯᠵᠢ ᠮᠥᠨ᠂ ᠲᠡᠷᠡ ᠨᠢ ᠬᠡᠦᠬᠡᠳ ᠨᠢᠭᠡᠪᠦᠷᠢ ᠵᠢᠨ ᠡᠷᠡᠭᠦᠯ᠎ᠢᠶᠡᠷ ᠥᠰᠦᠨ ᠪᠤᠢᠵᠢᠬᠤ᠂ ᠠᠷᠠᠳ ᠲᠦᠮᠡᠨ᠎ᠦ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ᠎ᠢ ᠰᠠᠶ᠋ᠢᠲᠤᠷ ᠡᠷᠬᠢᠯᠡᠬᠦ᠌ ᠬᠦᠨᠳᠦ ᠡᠭᠦᠷᠭᠡ᠎ᠶᠢ ᠡᠭᠦᠷᠭᠡᠯᠡᠵᠦ᠍ ᠪᠠᠶ᠋ᠢᠳᠠᠭ᠃

ᠴᠢᠨᠠᠷ ᠰᠠᠶ᠋ᠢᠲᠠᠢ ᠪᠠᠭᠰᠢ ᠪᠠᠶ᠋ᠢᠮᠠᠨᠵᠢᠨ ᠰᠠᠶᠢ ᠴᠢᠨᠠᠷ ᠰᠠᠶ᠋ᠢᠲᠠᠢ ᠰᠤᠷᠭᠠᠨ ᠬᠥᠮᠦᠵᠢᠯ ᠪᠠᠶ᠋ᠢᠵᠤ ᠴᠢᠳᠠᠨ᠎ᠠ᠃ ᠰᠤᠷᠭᠠᠨ ᠬᠦᠮᠦᠵᠢᠯᠳᠡᠨ᠎ᠤ ᠵᠣᠷᠢᠭ ᠰᠠᠨᠠᠭ᠎ᠠ᠎ᠶᠢ ᠶᠡᠬᠡ᠎ᠪᠡᠷ ᠪᠠᠳᠠᠷᠠᠭᠤᠯᠵᠤ᠂ ᠪᠠᠭᠰᠢ᠎ᠶᠢᠨ ᠮᠣᠷᠠᠯ ᠪᠠᠭᠰᠢ᠎ᠶᠢᠨ ᠰᠤᠷᠲᠠᠯ᠎ᠤᠨ ᠪᠠᠶ᠋ᠢᠭᠤᠯᠤᠯᠲᠠ᠎ᠶᠢ ᠴᠢᠩᠭᠠᠳᠬᠠᠵᠤ᠂ ᠪᠠᠭᠰᠢ᠎ᠶᠢᠨ ᠲᠤᠰᠬᠠᠶ ᠮᠡᠷᠭᠡᠵᠢᠯ᠎ᠦᠨ ᠬᠡᠪ ᠪᠣᠯᠪᠠᠰᠤᠷᠠᠯ᠎ᠢ ᠳᠡᠭᠡᠭᠰᠢᠯᠡᠭᠦᠯᠵᠦ᠍᠂ ᠥᠷᠭᠡᠨ ᠣᠯᠠᠨ ᠪᠠᠭᠰᠢ᠎ᠶᠢ ᠬᠥᠲᠥᠯᠥᠨ ᠵᠢᠯᠣᠭᠣᠳᠴᠤ᠌ ᠪᠠᠶ᠋ᠢᠭᠠᠳ 《ᠰᠤᠷᠭᠠᠨ ᠬᠥᠮᠦᠵᠢᠯ᠎ᠦᠨ ᠦᠢᠯᠡᠰ ᠲᠦ᠍ ᠭᠠᠪᠰᠢᠭᠠᠢᠯᠠᠨ ᠵᠢᠳᠭᠦᠵᠦ᠂ ᠤᠯᠤᠰ᠎ᠢᠶᠠᠨ ᠬᠦᠴᠦᠷᠬᠡᠭᠵᠢᠭᠦᠯᠬᠦ᠌᠎ᠳᠦ ᠪᠢ ᠪᠤᠢ》 ᠭᠡᠬᠦ ᠢᠳᠡᠭᠡᠯ ᠵᠤᠷᠢᠭ ᠪᠤᠯᠤᠨ ᠬᠦᠰᠡᠯᠡᠩ ᠢ᠋ ᠪᠣᠶ ᠪᠣᠯᠭᠠᠵᠤ᠂ ᠰᠢᠯᠢᠳᠡᠭ ᠴᠢᠳᠠᠪᠤᠷᠢᠲᠠᠨ ᠦᠷᠢᠰᠤᠯᠳᠤᠨ ᠪᠠᠭᠰᠢᠯᠠᠬᠤ᠂ ᠰᠢᠯᠢᠳᠡᠭ ᠪᠠᠭᠰᠢ ᠲᠠᠰᠤᠷᠠᠯᠲᠠ ᠥᠬᠡᠶ ᠴᠣᠯᠭᠣᠷᠠᠨ ᠭᠠᠷᠬᠤ ᠰᠠᠶ᠋ᠢᠨ ᠰᠠᠶ᠋ᠢᠬᠠᠨ ᠪᠠᠶ᠋ᠢᠳᠠᠯ᠎ᠢ ᠴᠢᠷᠮᠠᠶ᠋ᠢᠨ ᠪᠣᠶ ᠪᠣᠯᠭᠠᠬᠤ ᠬᠡᠷᠡᠭᠲᠡᠶ᠃

ᠰᠠᠭᠤᠷᠢ ᠰᠤᠷᠭᠠᠨ ᠬᠥᠮᠦᠵᠢᠯ ᠪᠣᠯ ᠪᠦᠬᠦ᠌ ᠨᠡᠶ᠋ᠢᠭᠡᠮ᠎ᠦᠨ ᠦᠢᠯᠡᠰ ᠮᠥᠨ᠂ ᠰᠤᠷᠭᠠᠭᠤᠯᠢ᠂ ᠭᠡᠷ ᠪᠦᠯᠢ᠂ ᠨᠡᠶ᠋ᠢᠭᠡᠮ᠎ᠦᠨ ᠨᠢᠭᠲᠠ ᠬᠠᠮᠵᠢᠯᠴᠠᠭ᠎ᠠ᠎ᠶᠢ ᠱᠠᠭᠠᠷᠳᠠᠨ᠎ᠠ᠃

ᠶᠡᠷᠦᠩᠬᠡᠢ ᠱᠦᠵᠢ ᠰᠢ ᠵᠢᠨ ᠫᠢᠩ ᠴᠢᠬᠤᠯᠠ ᠵᠢᠭᠠᠪᠤᠷᠢ᠎ᠳᠠᠭᠠᠨ ᠪᠠᠰᠠ 《ᠰᠤᠷᠭᠠᠭᠤᠯᠢ᠂ ᠭᠡᠷ ᠪᠦᠯᠢ᠂ ᠨᠡᠶ᠋ᠢᠭᠡᠮ ᠎ᠦᠨ ᠢᠵᠢᠯ ᠴᠢᠭᠯᠡᠯ᠎ᠢᠶᠡᠷ ᠬᠦᠴᠦᠯᠡᠬᠦ᠌᠎ᠶᠢ ᠠᠬᠢᠭᠤᠯᠬᠤ ᠬᠡᠷᠡᠭᠳᠡᠢ》 ᠭᠡᠵᠦ᠍ ᠴᠢᠬᠤᠯᠠᠴᠢᠯᠠᠪᠠ᠂ ᠡᠨᠡ ᠨᠢ ᠪᠢᠳᠠᠨ ᠎ᠢ ᠬᠠᠮᠵᠢᠯᠴᠠᠨ ᠬᠥᠮᠦᠨ ᠬᠥᠮᠦᠵᠢᠭᠦᠯᠬᠦ᠌ ᠲᠣᠭᠲᠠᠴᠠ᠎ᠶᠢ ᠪᠦᠷᠢᠨᠰᠢᠬᠦᠯᠵᠤ᠂ ᠡᠯ᠎ᠡ ᠲᠠᠯ᠎ᠠ ᠎ᠶᠢᠨ ᠬᠥᠮᠦᠨ ᠬᠥᠮᠦᠵᠢᠭᠦᠯᠬᠦ᠌ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠰᠤᠷᠤᠭᠴᠢᠳ᠎ᠤᠨ ᠪᠦᠬᠦ᠌ ᠲᠠᠯ᠎ᠠ ᠎ᠪᠠᠷ ᠬᠥᠭᠵᠢᠬᠦ᠌᠂ ᠡᠷᠡᠭᠦᠯ᠎ᠢᠶᠡᠷ ᠦᠰᠦᠨ ᠪᠣᠶ᠋ᠢᠵᠢᠬᠤ᠎ᠶᠢ ᠠᠬᠢᠭᠤᠯᠬᠤ ᠰᠠᠢ᠌ᠨ ᠰᠠᠶ᠋ᠢᠬᠠᠨ ᠠᠭᠤᠷ ᠠᠮᠢᠰᠬᠤᠯ᠎ᠢ ᠨᠡᠩ ᠥᠳᠬᠡᠨ ᠵᠤᠵᠠᠭᠠᠨ ᠪᠣᠯᠭᠠᠬᠤ᠎ᠶᠢ ᠱᠠᠭᠠᠷᠳᠠᠵᠤ ᠪᠠᠶ᠋ᠢᠨ᠎ᠠ᠃

ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠶ᠋ᠢᠭᠤᠯᠬᠤ᠎ᠶᠢᠨ ᠰᠠᠭᠤᠷᠢ ᠨᠢ ᠰᠠᠭᠤᠷᠢ ᠰᠤᠷᠭᠠᠨ ᠬᠥᠮᠦᠵᠢᠯ᠎ᠳᠦ ᠪᠤᠢ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ᠂ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ᠂ ᠰᠠᠭᠤᠷᠢ ᠰᠤᠷᠭᠠᠨ ᠬᠥᠮᠦᠵᠢᠯ᠎ᠦᠨ ᠹᠷᠣᠨᠲ᠎ᠤᠨ ᠬᠢᠨ ᠰᠡᠳᠬᠢᠯ᠎ᠨᠢᠭᠡᠳᠤᠨ ᠬᠦᠴᠦ᠎ᠪᠡᠨ ᠬᠠᠮᠲᠤᠳᠬᠠᠵᠤ᠂ ᠡᠷᠡᠮᠡᠬᠡᠢᠯᠡᠨ ᠲᠡᠮᠡᠴᠡᠵᠦ ᠵᠢᠳᠬᠦᠯ ᠴᠢᠷᠮᠠᠶ᠋ᠢᠯᠭ᠎ᠠ ᠭᠠᠷᠭᠠᠵᠤ᠂ ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠢ ᠲᠦᠷᠭᠡᠳᠬᠡᠨ ᠪᠠᠶ᠋ᠢᠭᠤᠯᠬᠤ᠎ᠳᠤ ᠨᠡᠩ ᠶᠡᠬᠡ ᠰᠢᠨ᠎ᠡ ᠬᠤᠪᠢ ᠨᠡᠮᠡᠷᠢ ᠦᠵᠡᠭᠦᠯᠬᠦ᠌ ᠨᠢ ᠯᠠᠪᠲᠠᠢ ᠶᠤᠮ᠃


         (ᠰᠢᠨᠬᠤᠸᠠ ᠬᠤᠷᠢᠶ᠎ᠠ ᠵᠢᠨ ᠪᠡᠭᠡᠵᠢᠩ ᠤ᠋ᠨ 7 ᠰᠠᠷ᠎ᠠ ᠵᠢᠨ 22 ᠤ᠋ᠨ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号