— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠬᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠶᠢᠰᠤ)
ᠨᠢᠭᠡ ᠤᠯᠤᠰ᠂ ᠨᠢᠭᠡ ᠦᠨᠳᠦᠰᠦᠲᠡᠨ ᠬᠥᠭᠵᠢᠨ ᠮᠠᠨᠳᠤᠬᠤ ᠭᠡᠪᠡᠯ ᠡᠷᠬᠡᠪᠰᠢ ᠲᠡᠦᠬᠡ᠎ᠶᠢᠨ ᠤᠷᠤᠭᠰᠢᠯᠠᠯᠲᠠ᠎ᠶᠢᠨ ᠯᠣᠭᠢᠭ ᠳᠤᠮᠳᠠ ᠤᠷᠤᠭᠰᠢᠯᠠᠵᠤ᠂ ᠴᠠᠭ ᠦᠶ᠎ᠡ᠎ᠶᠢᠨ ᠬᠥᠭᠵᠢᠯᠲᠡ᠎ᠶᠢᠨ ᠤᠷᠤᠰᠬᠠᠯ ᠳᠤᠮᠳᠠ ᠬᠥᠭᠵᠢᠬᠦ᠌ ᠬᠡᠷᠡᠭᠲᠡᠢ᠃
《ᠬᠥᠭᠵᠢᠯᠲᠡ᠎ᠶᠢᠨ ᠤᠷᠤᠰᠬᠠᠯ᠎ᠢ ᠳᠠᠭᠠᠵᠤ᠂ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠪᠠ》— ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠵᠢᠨ ᠫᠢᠩ ᠡᠨᠡ ᠬᠦ᠌ ᠰᠢᠯᠢᠳᠡᠭ ᠣᠨᠴᠠᠯᠢᠭ ᠰᠢᠨᠵᠢ᠎ᠶᠢ 《ᠳᠤᠮᠳᠠᠳᠤ ᠤᠯᠤᠰ᠎ᠤᠨ ᠡᠪ ᠬᠠᠮᠲᠤ᠌ ᠨᠠᠮ ᠶᠠᠭᠠᠬᠢᠭᠠᠳ ᠲᠡᠢᠯᠦᠨ᠎ᠠ ᠭᠡᠳᠡᠭ ᠪᠤᠢ》 ᠵᠢᠨ ᠵᠠᠩᠭᠢᠯᠠᠭ᠎ᠠ᠎ᠶᠢᠨ ᠨᠢᠭᠤᠴᠠ ᠨᠤᠮᠸᠷ ᠤ᠋ᠨ ᠴᠢᠬᠤᠯᠠ ᠪᠦᠷᠢᠯᠳᠦᠬᠦᠨ ᠬᠡᠰᠡᠭ ᠪᠣᠯᠭᠠᠵᠤ᠂ ᠨᠢᠭᠡ ᠤᠯᠤᠰ᠂ ᠨᠢᠭᠡ ᠦᠨᠳᠦᠰᠦᠲᠡᠨ᠎ᠦ ᠬᠥᠭᠵᠢᠯᠲᠡ ᠳᠠᠪᠰᠢᠯᠲᠠ᠎ᠶᠢᠨ ᠲᠠᠳᠠᠭᠤᠷᠠᠰᠢ ᠥᠬᠡᠶ ᠬᠥᠳᠡᠯᠭᠡᠭᠴᠢ ᠬᠦᠴᠦᠨ᠎ᠢ ᠭᠦᠨᠵᠡᠭᠡᠶ ᠢᠯᠡᠷᠡᠭᠦᠯᠪᠡ᠃
ᠬᠠᠨᠳᠤᠰᠢ ᠵᠢ ᠠᠵᠢᠪᠠᠯ ᠰᠠᠶᠢ ᠬᠠᠨᠳᠤᠰᠢ ᠵᠢ ᠡᠵᠡᠮᠳᠡᠵᠦ᠍᠂ ᠬᠠᠨᠳᠤᠰᠢ ᠵᠢ ᠳᠠᠭᠠᠪᠠᠯ ᠰᠠᠶᠢ ᠲᠡᠷᠢᠭᠦᠨᠤ᠋ ᠬᠢ ᠪᠤᠯᠵᠤ ᠴᠢᠳᠠᠨ᠎ᠠ᠃
ᠵᠠᠭᠤ ᠮᠢᠩᠭᠠᠨ ᠵᠢᠯ᠎ᠦᠨ ᠲᠤᠷᠰᠢ᠂ ᠲᠡᠦᠬᠡ᠎ᠶᠢᠨ ᠤᠷᠳᠤ ᠤᠷᠤᠰᠬᠠᠯ᠎ᠤᠨ ᠲᠦᠯᠬᠢᠯᠲᠡ ᠲᠠᠲᠠᠷᠠᠯᠲᠠ᠂ ᠶᠡᠬᠡ ᠤᠯᠤᠰ᠎ᠤᠨ ᠮᠠᠨᠳᠤᠯ ᠪᠠᠭᠤᠷᠠᠯ᠎ᠤᠨ ᠭᠤᠨᠢᠭᠲᠤ᠌ ᠵᠦᠴᠦᠭᠡ ᠲᠠᠬᠢᠨ ᠳᠠᠪᠲᠠᠬᠳᠠᠪᠠ᠃ ᠨᠢᠭᠡ ᠤᠯᠤᠰ ᠬᠦᠴᠦᠷᠬᠡᠭᠵᠢᠵᠦ᠍ ᠴᠢᠳᠠᠬᠤ ᠡᠰᠡᠬᠦ᠌᠂ ᠨᠢᠭᠡ ᠦᠨᠳᠦᠰᠦᠲᠡᠨ ᠬᠥᠭᠵᠢᠨ ᠮᠠᠨᠳᠤᠵᠤ ᠴᠢᠳᠠᠬᠤ ᠡᠰᠡᠬᠦ᠌ ᠨᠢ ᠬᠠᠮᠤᠭ᠎ᠤᠨ ᠴᠢᠬᠤᠯᠠ ᠨᠢ ᠳᠠᠷᠤᠢ ᠡᠨᠡ ᠤᠯᠤᠰ᠂ ᠡᠨᠡ ᠦᠨᠳᠦᠰᠦᠲᠡᠨ ᠴᠠᠭ ᠦᠶ᠎ᠡ᠎ᠶᠢᠨ ᠤᠷᠤᠰᠬᠠᠯ᠎ᠢ ᠳᠠᠭᠠᠵᠤ᠂ ᠲᠡᠦᠬᠡ᠎ᠶᠢᠨ ᠤᠷᠤᠭᠰᠢᠯᠠᠯᠲᠠ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠰᠢᠵᠦ᠍ ᠴᠢᠳᠠᠬᠤ ᠡᠰᠡᠬᠦ᠌᠎ᠶᠢ ᠦᠵᠡᠬᠦ᠌ ᠬᠡᠷᠡᠭᠲᠡᠢ ᠭᠡᠳᠡᠭ᠎ᠢ ᠲᠡᠦᠬᠡ ᠬᠥᠮᠦᠰ᠎ᠲᠦ᠍ ᠰᠡᠩᠬᠡᠷᠡᠭᠦᠯᠦᠭᠰᠡᠨ ᠪᠠᠶ᠋ᠢᠨ᠎ᠠ᠃
ᠣᠷᠴᠢᠨ ᠦᠶ᠎ᠡ᠎ᠶᠢᠨ ᠳᠤᠮᠳᠠᠳᠤ ᠤᠯᠤᠰ ᠶᠠᠳᠠᠭᠤ ᠪᠠᠭᠤᠷᠠᠶ ᠪᠠᠶ᠋ᠢᠭᠰᠠᠨ᠎ᠤ ᠨᠢᠭᠡᠨ ᠴᠢᠬᠤᠯᠠ ᠰᠢᠯᠲᠠᠭᠠᠨ ᠪᠣᠯ ᠳᠠᠷᠤᠶ ᠨᠣᠶᠠᠷᠬᠠᠭᠴᠢ ᠪᠦᠯᠦᠭ ᠬᠠᠭᠤᠴᠢᠨ ᠵᠤᠷᠰᠢᠯ᠎ᠢᠶᠠᠨ ᠦᠬᠦᠨ ᠪᠠᠷᠢᠮᠲᠠᠯᠠᠵᠤ᠂ ᠬᠠᠭᠤᠴᠢᠨ᠎ᠢᠶᠠᠨ ᠪᠠᠷᠢᠮᠲᠠᠯᠠᠵᠤ ᠬᠡᠪᠰᠢᠷᠡᠨ ᠵᠣᠭᠰᠣᠩᠭᠤᠶ᠋ᠢᠷᠠᠵᠤ᠂ ᠳᠡᠯᠡᠬᠡᠶ᠎ᠶᠢᠨ ᠠᠵᠤ ᠦᠢᠯᠡᠳᠪᠦᠷᠢ᠎ᠶᠢᠨ ᠬᠤᠪᠢᠰᠬᠠᠯ᠎ᠤᠨ ᠶᠡᠬᠡ ᠤᠷᠤᠰᠬᠠᠯ ᠳᠤᠮᠳᠠ ᠴᠠᠭ ᠦᠶ᠎ᠡ᠎ᠡᠴᠡ ᠬᠤᠴᠤᠷᠴᠤ᠂ ᠠᠭᠠᠵᠢᠮ᠎ᠢᠶᠠᠷ ᠬᠣᠴᠣᠷᠤᠩᠭᠤᠶ ᠪᠤᠯ ᠴᠣᠬᠢᠭᠳᠠᠬᠤ ᠰᠠᠨᠠᠭᠠᠴᠢᠯᠠᠭᠠᠲᠤ᠌ ᠪᠤᠰᠤ ᠪᠠᠶ᠋ᠢᠳᠠᠯ᠎ᠳᠤ ᠤᠷᠤᠭᠰᠠᠨ᠎ᠳᠤ ᠣᠷᠣᠰᠢᠨ᠎ᠠ᠃
《ᠥᠨᠳᠥᠷ᠎ᠲᠦ᠍ ᠠᠪᠠᠷᠢᠨ ᠬᠠᠰᠬᠢᠷᠬᠤᠢ ᠳ᠋ᠤᠷ ᠮᠢᠨᠭᠭᠠᠨ ᠠᠭᠤᠯᠠᠰ ᠴᠤᠤᠷᠢᠶᠠᠲᠤᠨ᠂ ᠡᠭᠦᠨ᠎ᠡᠴᠡ ᠬᠣᠶ᠋ᠢᠰᠢ ᠬᠤᠪᠢᠯᠭᠠᠨ ᠣᠷᠣᠨᠦᠯᠤ ᠤᠷᠤᠭᠤᠳᠠᠨ ᠲᠤᠷᠤᠢᠳᠠᠮᠤᠢ》᠃ ᠲᠡᠦᠬᠡ ᠪᠠ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠰᠣᠩᠭᠣᠭᠰᠠᠨ᠎ᠤ ᠵᠠᠩᠭᠢᠯᠠᠭ᠎ᠠ ᠨᠢ ᠨᠠᠮ᠎ᠤᠨ ᠲᠡᠦᠬᠡ᠎ᠶᠢᠨ ᠤᠷᠤᠰᠬᠠᠯ᠎ᠤᠨ ᠳᠣᠯᠭᠢᠰᠤᠯ᠎ᠤᠨ ᠳᠤᠮᠳᠠ ᠢᠮᠠᠭᠲᠠ ᠴᠠᠭ ᠦᠶ᠎ᠡ᠎ᠶᠢᠨ ᠤᠷᠤᠰᠬᠠᠯ᠎ᠤᠨ ᠡᠮᠦᠨ᠎ᠡ ᠡᠩᠨᠡᠭᠡᠨ᠎ᠳᠦ ᠵᠣᠭᠰᠣᠵᠤ᠂ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠵᠤ᠂ ᠲᠡᠦᠬᠡ᠎ᠶᠢᠨ ᠬᠥᠭᠵᠢᠯᠲᠡ᠎ᠶᠢᠨ ᠵᠢᠮ᠎ᠡ ᠶᠣᠰᠣ ᠪᠠ ᠶᠡᠬᠡ ᠬᠠᠨᠳᠤᠰᠢ᠎ᠶᠢ ᠡᠵᠡᠮᠳᠡᠵᠦ᠍᠂ ᠵᠦᠢᠷᠯᠡᠰᠢ ᠦᠭᠡᠢ ᠨᠡᠪᠲᠡ ᠠᠵᠢᠭᠯᠠᠬᠤ ᠬᠦᠴᠦᠨ᠂ ᠬᠦᠲᠦᠯᠦᠨ ᠳᠠᠭᠠᠭᠤᠯᠬᠤ ᠬᠦᠴᠦᠨ᠂ ᠵᠢᠯᠣᠭᠣᠳᠬᠤ ᠬᠦᠴᠦᠨ᠂ ᠪᠦᠲᠦᠭᠡᠯᠴᠢ ᠬᠦᠴᠦᠨ᠎ᠢ ᠢᠯᠡᠷᠡᠭᠦᠯᠵᠦ᠍᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠪᠠᠲᠤ᠌ ᠴᠢᠩᠭ᠎ᠠ ᠤᠳᠤᠷᠢᠳᠬᠤ ᠭᠣᠣᠯᠯᠠᠭᠴᠢ ᠪᠣᠯᠤᠭᠰᠠᠨ᠎ᠳᠤ ᠪᠠᠶ᠋ᠢᠨ᠎ᠠ᠃
ᠬᠥᠭᠵᠢᠯᠲᠡ᠎ᠶᠢᠨ ᠤᠷᠤᠰᠬᠠᠯ᠎ᠢ ᠳᠠᠭᠠᠵᠤ᠂ ᠦᠨᠡᠨ ᠶᠣᠰᠣᠨ᠎ᠤ ᠭᠡᠷᠡᠯᠬᠢᠯᠪᠠᠭᠠ ᠪᠡᠷ ᠤᠷᠤᠭᠰᠢᠯᠠᠬᠤ ᠴᠢᠭᠯᠡᠯ᠎ᠢ ᠭᠡᠷᠡᠯᠲᠦᠭᠦᠯᠦᠨ᠎ᠡ —
ᠶᠡᠷᠦᠩᠬᠡᠢ ᠱᠦᠵᠢ ᠰᠢ ᠵᠢᠨ ᠫᠢᠩ᠂ ᠨᠢᠭᠡ ᠦᠨᠳᠦᠰᠦᠲᠡᠨ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠬᠤ ᠭᠡᠪᠡᠯ ᠴᠠᠭ ᠢᠮᠠᠭᠲᠠ ᠤᠨᠤᠯ᠎ᠤᠨ ᠰᠡᠳᠬᠢᠬᠦᠢ ᠪᠠᠶ᠋ᠢᠬᠤ ᠬᠡᠷᠡᠭᠲᠡᠢ᠂ ᠴᠠᠭ ᠢᠮᠠᠭᠲᠠ ᠵᠥᠪ ᠦᠵᠡᠯ ᠰᠠᠨᠠᠭᠠᠨ᠎ᠤ ᠵᠢᠯᠤᠭᠤᠳᠤᠯᠭ᠎ᠠ ᠪᠠᠶ᠋ᠢᠬᠤ ᠬᠡᠷᠡᠭᠲᠡᠢ ᠭᠡᠵᠦ᠍ ᠭᠦᠨᠵᠡᠭᠡᠢ ᠵᠢᠭᠠᠵᠤ ᠭᠠᠷᠭᠠᠪᠠ᠃
ᠬᠤᠪᠢᠰᠬᠠᠯ᠎ᠤᠨ ᠴᠠᠭ ᠦᠶᠡᠳ᠋ᠦ ᠦᠨᠳᠦᠰᠦᠲᠡᠨ᠎ᠦ ᠲᠤᠰᠠᠭᠠᠷ ᠲᠣᠭᠲᠠᠨᠢᠯ᠂ ᠠᠷᠠᠳ ᠲᠦᠮᠡᠨ᠎ᠦ ᠴᠢᠯᠥᠭᠡᠯᠡᠯᠲᠡ᠎ᠶᠢᠨ ᠴᠠᠭ ᠦᠶ᠎ᠡ᠎ᠶᠢᠨ ᠤᠷᠤᠰᠬᠠᠯ᠎ᠢ ᠣᠨᠣᠪᠴᠢᠲᠠᠶ ᠡᠵᠡᠮᠳᠡᠵᠦ᠍᠂ ᠠᠷᠠᠳ ᠲᠦᠮᠡᠨ᠎ᠢ ᠤᠳᠤᠷᠢᠳᠤᠨ ᠰᠢᠨ᠎ᠡ ᠳᠤᠮᠳᠠᠳᠤ ᠤᠯᠤᠰ᠎ᠢ ᠪᠠᠶ᠋ᠢᠭᠤᠯᠤᠬᠰᠡᠨ; ᠥᠭᠡᠷᠡᠴᠢᠯᠡᠯᠲᠡ ᠨᠡᠭᠡᠭᠡᠯᠲᠡ᠎ᠶᠢᠨ ᠴᠠᠭ ᠦᠶ᠎ᠡ ᠪᠣᠯᠬᠤ᠎ᠳᠤ ᠡᠩᠬᠡ ᠲᠠᠶ᠋ᠢᠪᠤᠩ ᠪᠠ ᠬᠥᠭᠵᠢᠯᠲᠡ᠎ᠶᠢᠨ ᠴᠠᠭ ᠦᠶ᠎ᠡ᠎ᠶᠢᠨ ᠭᠤᠤᠯ ᠰᠡᠳᠦᠪ᠎ᠢ ᠰᠡᠷᠭᠡᠭ᠎ᠢᠶᠡᠷ ᠠᠳᠬᠤᠵᠤ᠂ ᠳᠤᠮᠳᠠᠳᠤ ᠤᠯᠤᠰ᠎ᠤᠨ ᠠᠵᠤ ᠠᠬᠤᠶ᠎ᠶᠢᠨ ᠲᠠᠪᠠᠯᠳᠠᠳᠤ ᠮᠠᠶᠢᠭ᠎ᠤᠨ ᠨᠡᠮᠡᠭᠳᠡᠯ᠎ᠢ ᠠᠬᠢᠭᠤᠯᠤᠬᠰᠡᠨ; ᠲᠠᠬᠢᠭᠠᠳ ᠰᠢᠨ᠎ᠡ ᠴᠠᠭ ᠦᠶ᠎ᠡ᠎ᠳᠦ ᠣᠷᠣᠭᠠᠳ ᠳᠡᠯᠡᠬᠡᠢ᠎ᠳ᠋ᠠᠬᠢᠨ ᠤ᠋ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶᠢ ᠭᠦᠨᠵᠡᠭᠡᠢ ᠠᠵᠢᠭᠯᠠᠵᠤ᠂ ᠴᠢᠨᠠᠷ ᠰᠠᠶ᠋ᠢᠲᠠᠢ ᠬᠥᠭᠵᠢᠯᠲᠡ᠎ᠶᠢᠨ ᠲᠡᠷᠢᠭᠦᠨ ᠴᠢᠬᠤᠯᠠ ᠡᠭᠦᠷᠭᠡ᠎ᠶᠢ ᠲᠣᠭᠲᠠᠭᠠᠭᠰᠠᠨ ᠬᠦᠷᠳᠡᠯ᠎ᠠ᠂ ᠮᠠᠨ᠎ᠤ ᠨᠠᠮ᠎ᠤᠨ ᠠᠯᠬᠤᠮ ᠪᠦᠷᠢ᠎ᠶᠢᠨ ᠵᠠᠩᠭᠢᠯᠠᠭ᠎ᠠ᠎ᠶᠢᠨ ᠰᠣᠩᠭᠣᠯᠲᠠ ᠪᠣᠯ ᠴᠥᠮ 《ᠬᠥᠭᠵᠢᠯᠲᠡ᠎ᠶᠢᠨ ᠤᠷᠤᠰᠬᠠᠯ᠎ᠢ ᠲᠠᠭᠠᠭᠰᠠᠠ》 ᠠᠮᠢᠳᠤᠯᠢᠭ ᠦᠢᠯᠡᠳᠦᠯᠭᠡ ᠪᠣᠯᠤᠨ᠎ᠠ᠃
ᠦᠨᠡᠨ ᠶᠣᠰᠣ ᠪᠣᠯ ᠤᠷᠤᠭᠰᠢᠯᠠᠯᠲᠠ᠎ᠶᠢᠨ ᠬᠡᠷᠡᠯᠳᠤ ᠴᠠᠮᠬᠠᠭ ᠮᠥᠨ᠂ ᠨᠠᠮ᠎ᠤᠨ ᠤᠨᠤᠯ᠎ᠤᠨ ᠰᠢᠨ᠎ᠡ ᠡᠭᠦᠳᠦᠯᠲᠡ ᠢᠮᠠᠭᠲᠠ ᠴᠠᠭ ᠦᠶ᠎ᠡ᠎ᠶᠢᠨ ᠠᠯᠬᠤᠭ᠎ᠠ ᠲᠠᠢ ᠬᠠᠮᠲᠤ᠌ ᠶᠠᠪᠤᠭᠳᠠᠵᠤ ᠪᠠᠶ᠋ᠢᠳᠠᠭ᠃
ᠮᠠᠷᠺᠰ᠎ᠤᠨ ᠦᠵᠡᠯ ᠬᠥᠮᠦᠨ ᠲᠥᠷᠥᠯᠬᠢᠲᠡᠨ᠎ᠦ ᠨᠡᠶ᠋ᠢᠭᠡᠮ᠎ᠦᠨ ᠬᠥᠭᠵᠢᠯᠲᠡ᠎ᠶᠢᠨ ᠵᠢᠮ᠎ᠡ ᠶᠣᠰᠣ᠎ᠶᠢ ᠭᠦᠨᠵᠡᠭᠡᠢ ᠢᠯᠡᠷᠡᠭᠦᠯᠵᠦ᠍᠂ ᠲᠡᠦᠬᠡ᠎ᠶᠢᠨ ᠬᠥᠭᠵᠢᠯᠲᠡ᠎ᠶᠢᠨ ᠴᠢᠭᠯᠡᠯ᠎ᠢ ᠲᠣᠳᠣᠷᠬᠠᠢ ᠵᠢᠭᠠᠪᠠ᠃ ᠵᠠᠭᠤ ᠭᠠᠷᠤᠢ ᠵᠢᠯ᠎ᠦᠨ ᠲᠤᠷᠰᠢ᠂ ᠮᠠᠨ᠎ᠤ ᠨᠠᠮ ᠢᠮᠠᠭᠲᠠ ᠮᠠᠷᠺᠰ᠎ᠤᠨ ᠦᠵᠡᠯ᠎ᠦᠨ ᠲᠤᠭ᠎ᠢ ᠥᠨᠳᠥᠷ ᠮᠠᠨᠳᠤᠭᠤᠯᠵᠤ᠂ ᠦᠨᠡᠨ᠎ᠡᠴᠡ ᠵᠥᠪ᠎ᠢ ᠡᠷᠢᠬᠦ᠌᠎ᠶᠢ ᠪᠠᠷᠢᠮᠲᠠᠯᠠᠵᠤ᠂ ᠳᠤᠮᠳᠠᠳᠤ ᠤᠯᠤᠰ᠎ᠤᠨ ᠪᠣᠳᠠᠲᠤ᠌ ᠪᠠᠶ᠋ᠢᠳᠠᠯ᠎ᠡᠴᠡ ᠡᠭᠦᠰᠴᠦ᠍᠂ ᠴᠠᠭ ᠦᠶ᠎ᠡ᠎ᠶᠢᠨ ᠶᠡᠬᠡ ᠬᠠᠨᠳᠤᠰᠢ᠎ᠶᠢ ᠨᠡᠪᠲᠡ ᠠᠵᠢᠭᠯᠠᠵᠤ᠂ ᠲᠡᠦᠬᠡ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠳᠡᠵᠦ᠍᠂ ᠰᠢᠷᠭᠠᠭᠤ ᠬᠠᠲᠠᠭᠤᠵᠢᠯᠲᠠᠢ᠎ᠪᠠᠷ ᠬᠠᠶ᠋ᠢᠨ ᠰᠦᠪᠡᠭᠴᠢᠯᠡᠵᠦ᠍᠂ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌᠎ᠶᠢ ᠲᠠᠰᠤᠷᠠᠯᠲᠠ ᠦᠭᠡᠢ ᠠᠬᠢᠭᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠢ ᠵᠢᠯᠣᠭᠣᠳᠤᠨ ᠲᠠᠰᠤᠷᠠᠯᠲᠠ ᠦᠭᠡᠢ ᠢᠯᠠᠯᠲᠠ ᠣᠯᠤᠭᠰᠠᠨ ᠪᠠᠶ᠋ᠢᠨ᠎ᠠ᠃
ᠰᠢ ᠵᠢᠨ ᠫᠢᠩ ᠨᠥᠬᠥᠷ᠎ᠢᠶᠡᠷ ᠭᠣᠣᠯ ᠲᠥᠯᠥᠭᠡᠯᠡᠭᠴᠢ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤᠴᠤᠳ ᠮᠠᠷᠺᠰ᠎ᠤᠨ ᠦᠵᠡᠯ᠎ᠦᠨ ᠭᠣᠣᠯ ᠦᠨᠳᠦᠰᠦᠯᠡᠯ᠎ᠢ ᠳᠤᠮᠳᠠᠳᠤ ᠤᠯᠤᠰ᠎ᠤᠨ ᠪᠣᠳᠠᠲᠤ᠌ ᠪᠠᠶ᠋ᠢᠳᠠᠯ᠎ᠲᠠᠶ ᠤᠶᠠᠯᠳᠤᠭᠤᠯᠬᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠲᠠᠶ ᠤᠶᠠᠯᠳᠤᠭᠤᠯᠬᠤ᠎ᠶᠢ ᠪᠠᠷᠢᠮᠲᠠᠯᠠᠵᠤ᠂ ᠮᠠᠤ ᠽᠸ ᠳ᠋ᠦᠩ᠎ᠦᠨ ᠦᠵᠡᠯ ᠰᠠᠨᠠᠭ᠎ᠠ᠂ ᠳ᠋ᠧᠩ ᠰᠢᠶᠤᠤ ᠫᠢᠩ᠎ᠦᠨ ᠤᠨᠤᠯ᠂ 《ᠭᠤᠷᠪᠠ ᠶᠢ ᠲᠥᠯᠥᠭᠡᠯᠡᠬᠦ᠌》 ᠴᠢᠬᠤᠯᠠ ᠦᠵᠡᠯ ᠰᠠᠨᠠᠭ᠎ᠠ᠂ ᠰᠢᠨᠵᠢᠯᠡᠬᠦ᠌ ᠤᠬᠠᠭᠠᠨᠴᠢ ᠬᠥᠭᠵᠢᠯᠲᠡ ᠶᠢᠨ ᠦᠵᠡᠯᠲᠡ᠎ᠶᠢ ᠪᠠᠷᠢᠮᠲᠠᠯᠠᠵᠤ᠂ ᠨᠠᠮ ᠪᠠᠶ᠋ᠢᠭᠤᠯᠤᠭᠳᠠᠭᠰᠠᠨ᠎ᠠᠴᠠ ᠨᠠᠭᠠᠰᠢᠬᠢ ᠲᠡᠦᠬᠡᠨ ᠲᠤᠷᠰᠢᠯᠭ᠎ᠠ᠎ᠶᠢ ᠭᠦᠨᠵᠡᠭᠡᠢ ᠳ᠋ᠦᠩᠨᠡᠨ ᠭᠦᠢᠴᠡᠳ ᠬᠡᠷᠡᠭᠯᠡᠵᠦ᠍᠂ ᠰᠢᠨ᠎ᠡ ᠪᠣᠳᠠᠲᠤ᠌ ᠪᠠᠶ᠋ᠢᠳᠠᠯ᠎ᠡᠴᠡ ᠡᠭᠦᠰᠦᠨ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠪᠤᠢ ᠪᠣᠯᠭᠠᠪᠠ᠃
ᠵᠠᠮ ᠨᠡᠭᠡᠭᠡᠨ ᠰᠢᠨ᠎ᠡ᠎ᠶᠢ ᠡᠭᠦᠳᠬᠦ᠌᠎ᠶᠢ ᠪᠠᠷᠢᠮᠲᠠᠯᠠᠵᠤ᠂ ᠢᠳᠡᠪᠬᠢᠲᠡᠢ᠎ᠪᠡᠷ ᠬᠤᠪᠢᠷᠠᠯᠲᠠ᠎ᠶᠢ ᠲᠠᠨᠢᠬᠤ ᠬᠤᠪᠢᠷᠠᠯᠲᠠ᠎ᠶᠢ ᠠᠷᠭᠠᠴᠠᠭᠠᠬᠤ ᠬᠤᠪᠢᠷᠠᠯᠳᠠ ᠵᠢ ᠡᠷᠢᠯᠬᠢᠯᠡᠬᠦ ᠳᠤᠮᠳᠠ ᠬᠥᠭᠵᠢᠯᠲᠡ᠎ᠶᠢᠨ ᠰᠠᠨᠠᠭᠠᠴᠢᠯᠠᠭᠠᠲᠤ᠌ ᠡᠷᠬᠡ᠎ᠶᠢ ᠡᠵᠡᠮᠳᠡᠨ᠎ᠡ —
《ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠠᠵᠤ ᠦᠢᠯᠡᠰ᠎ᠦᠨ ᠠᠰᠢᠭᠲᠠᠢ ᠪᠠᠶ᠋ᠢᠷᠢ᠎ᠶᠢ ᠵᠠᠪᠳᠤᠨ ᠡᠵᠡᠯᠡᠵᠦ᠍᠂ ᠬᠥᠭᠵᠢᠯᠲᠡ᠎ᠶᠢᠨ ᠰᠠᠨᠠᠭᠠᠴᠢᠯᠠᠭᠠᠲᠤ᠌ ᠡᠷᠬᠡ᠎ᠶᠢ ᠪᠠᠲᠤ᠌ ᠡᠵᠡᠮᠳᠡᠬᠦ᠌ ᠬᠡᠷᠡᠭᠲᠡᠢ》᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠎ᠳᠦ᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ᠎ᠶᠢᠨ ᠲᠣᠪᠴᠢᠶᠠᠨ᠎ᠤ ᠠᠩᠬᠠᠳᠤᠭᠠᠷ ᠤᠳᠠᠭ᠎ᠠ ᠵᠢᠨ ᠬᠠᠮᠲᠤ᠎ᠶᠢᠨ ᠰᠤᠷᠤᠯᠴᠠᠯᠭ᠎ᠠ ᠨᠢ ᠢᠷᠡᠭᠡᠳᠦᠢ᠎ᠶᠢᠨ ᠠᠵᠤ ᠦᠢᠯᠡᠰ ᠲᠤ᠌ ᠠᠨᠭᠬᠠᠷᠤᠯ ᠵᠢᠡᠨ ᠲᠦᠪᠯᠡᠷᠡᠬᠦᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠨᠢ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠪᠠᠶ᠋ᠢᠯᠳᠤᠬᠤ ᠪᠤᠳᠤᠯᠭ᠎ᠠ᠎ᠶᠢᠨ ᠰᠠᠨᠠᠭᠠᠴᠢᠯᠠᠭᠠᠲᠤ᠌ ᠴᠢᠨᠠᠷ᠎ᠢ ᠢᠯᠡᠷᠡᠭᠦᠯᠪᠡ᠃
ᠰᠡᠴᠡᠳ ᠢᠨᠤ ᠴᠠᠭ ᠢ᠋ ᠰᠢᠨᠵᠢᠨ ᠬᠤᠪᠢᠷᠠᠭᠤᠯᠵᠤ᠂ ᠮᠡᠷᠭᠡᠳ ᠢᠨᠤ ᠪᠠᠢᠳᠠᠯ ᠢ᠋ ᠠᠵᠢᠬᠯᠡᠨ ᠲᠤᠬᠳᠠᠭᠠᠮᠤᠢ᠃ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠬᠥᠭᠵᠢᠯᠲᠡ᠎ᠶᠢᠨ ᠵᠢᠮ᠎ᠡ ᠶᠣᠰᠣ᠎ᠶᠢ ᠡᠵᠡᠮᠳᠡᠵᠦ᠍᠂ ᠪᠦᠬᠦ᠌ ᠪᠥᠮᠪᠥᠷᠴᠡᠭ᠎ᠦᠨ ᠤᠯᠤᠰ ᠲᠦᠷᠦ᠍ ᠠᠵᠤ ᠠᠬᠤᠢ᠎ᠶᠢᠨ ᠪᠠᠶ᠋ᠢᠷᠢᠰᠢᠯ᠎ᠤᠨ ᠬᠤᠪᠢᠷᠠᠯᠲᠠ᠎ᠶᠢ ᠨᠡᠪᠲᠡ ᠠᠵᠢᠭᠯᠠᠵᠤ᠂ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ᠌ ᠠᠯᠢ ᠤᠯᠠᠨ ᠠᠵᠤ ᠠᠬᠤᠢ᠎ᠶᠢᠨ ᠤᠢ᠌ᠯᠠᠭᠠᠭᠳᠠᠬᠤᠨ᠎ᠢ ᠳᠤᠷᠠᠳᠴᠤ᠌᠂ ᠠᠵᠤ ᠠᠬᠤᠢ᠎ᠶᠢᠨ ᠵᠠᠰᠠᠯᠲᠠ᠎ᠶᠢᠨ ᠠᠯᠢ ᠤᠯᠠᠨ ᠪᠦᠲᠦᠮᠵᠢᠲᠡᠢ ᠲᠥᠰᠦᠯ᠎ᠢ ᠪᠦᠷᠢᠯᠳᠦᠭᠦᠯᠵᠦ᠍᠂ ᠳᠤᠮᠳᠠᠳᠤ ᠤᠯᠤᠰ᠎ᠢ ᠬᠦᠳᠦᠯᠦᠨ ᠳᠠᠭᠠᠭᠤᠯᠵᠤ ᠳᠡᠯᠡᠬᠡᠢ᠎ᠶᠢᠨ ᠲᠠᠪᠴᠠᠩ᠎ᠤᠨ ᠲᠥᠪ᠎ᠲᠦ᠍ ᠤᠢ᠌ᠷᠠᠳᠤᠭᠤᠯᠤᠭᠰᠠᠨ ᠪᠥᠭᠡᠳ ᠳᠡᠯᠡᠬᠡᠢ ᠳ᠋ᠠᠬᠢᠨ᠎ᠳᠤ ᠨᠡᠩ ᠤᠯᠠᠨ ᠢᠲᠡᠭᠡᠯ ᠵᠣᠷᠢᠭ ᠪᠠ ᠬᠦᠴᠦᠨ ᠴᠢᠳᠠᠯ᠎ᠢ ᠳᠠᠮᠵᠢᠭᠤᠯᠤᠭᠰᠠᠨ ᠪᠠᠶ᠋ᠢᠨ᠎ᠠ᠃
ᠰᠢᠨ᠎ᠡ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠪᠦᠷᠢᠨ ᠪᠦᠳᠤᠨ᠂ ᠵᠦᠪ ᠤᠨᠤᠪᠴᠢᠳᠠᠢ᠂ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠶᠠᠰᠤ ᠴᠢᠨᠠᠷ᠎ᠤᠨ ᠬᠤᠪᠢᠰᠤᠯᠲᠠ᠂ ᠦᠷ᠎ᠡ ᠪᠦᠲᠦᠮᠵᠢ᠎ᠶᠢᠨ ᠬᠤᠪᠢᠰᠤᠯᠲᠠ᠂ ᠬᠥᠳᠡᠯᠭᠡᠬᠦ᠌ ᠬᠦᠴᠦᠨ᠎ᠦ ᠬᠤᠪᠢᠰᠤᠯᠲᠠ᠎ᠶᠢ ᠴᠢᠷᠮᠠᠶ᠋ᠢᠨ ᠪᠡᠶᠡᠯᠡᠭᠦᠯᠵᠦ᠍᠂ ᠣᠶ᠋ᠢᠯᠠᠭᠠᠭᠳᠠᠬᠤᠨ᠎ᠤ ᠬᠤᠪᠢᠷᠠᠯᠲᠠ᠎ᠪᠠᠷ ᠬᠥᠭᠵᠢᠯᠲᠡ᠎ᠶᠢᠨ ᠬᠦᠴᠢᠷ ᠠᠰᠠᠭᠤᠳᠠᠯ᠎ᠢ ᠰᠢ᠌ᠳᠪᠦᠷᠢᠯᠡᠪᠡ;
ᠰᠢᠨ᠎ᠡ ᠬᠥᠭᠵᠢᠯᠲᠡ᠎ᠶᠢᠨ ᠪᠠᠶ᠋ᠢᠷᠢᠰᠢᠯ᠎ᠢ ᠲᠦᠷᠭᠡᠨ ᠪᠠᠶ᠋ᠢᠭᠤᠯᠵᠤ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ ᠢ ᠰᠢᠯᠤᠭᠤᠳᠬᠠᠵᠤ᠂ ᠤᠯᠤᠰ ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ᠎ᠢ ᠠᠬᠢᠭᠤᠯᠵᠤ᠂ ᠮᠠᠨ᠎ᠤ ᠤᠯᠤᠰ ᠤᠨ ᠤᠯᠠᠨ ᠤᠯᠤᠰ᠎ᠤᠨ ᠬᠠᠮᠲᠤᠷᠠᠯᠴᠠᠭ᠎ᠠ ᠪᠣᠯᠤᠨ ᠥᠷᠢᠰᠥᠯᠳᠦᠭᠡᠨ᠎ᠳᠦ ᠣᠷᠣᠯᠴᠠᠬᠤ ᠰᠢᠨ᠎ᠡ ᠳᠠᠪᠠᠭᠤᠯᠢᠭ᠎ᠢ ᠪᠤᠢ ᠪᠣᠯᠭᠠᠪᠠ;
ᠭᠠᠵᠠᠷ ᠣᠷᠣᠨ᠎ᠤ ᠪᠠᠶ᠋ᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠵᠦ᠍᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠪᠡᠷ ᠠᠵᠤ ᠦᠢᠯᠡᠰ᠎ᠦᠨ ᠪᠦᠬᠦ᠌ ᠲᠠᠯ᠎ᠠ᠎ᠶᠢᠨ ᠬᠥᠭᠵᠢᠯ ᠮᠠᠨᠳᠤᠯ᠎ᠢ ᠬᠥᠲᠥᠯᠥᠨ ᠳᠠᠭᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠬᠠᠩᠭᠠᠪᠠ;
᠁
ᠭᠠᠭᠴᠠ ᠬᠦ᠌ ᠴᠠᠭ ᠦᠶ᠎ᠡ᠎ᠵᠢ ᠲᠠᠭᠠᠨ ᠤᠷᠤᠭᠰᠢᠯᠠᠵᠤ᠂ ᠪᠠᠶ᠋ᠢᠳᠠᠯ᠎ᠢ ᠳᠠᠭᠠᠨ ᠠᠵᠢᠯᠯᠠᠪᠠᠯ ᠰᠠᠶᠢ ᠨᠠᠮ᠎ᠤᠨ ᠠᠮᠢᠵᠢᠷᠠᠯ᠎ᠤᠨ ᠬᠦᠴᠦᠨ᠎ᠢ ᠢᠮᠠᠭᠲᠠ ᠪᠠᠲᠤᠯᠠᠵᠤ᠂ ᠨᠠᠮ᠎ᠤᠨ ᠢᠮᠠᠭᠲᠠ ᠴᠠᠭ ᠦᠶ᠎ᠡ᠎ᠶᠢ ᠬᠦᠳᠦᠯᠥᠨ ᠳᠠᠭᠠᠭᠤᠯᠬᠤ᠂ ᠬᠥᠭᠵᠢᠯᠲᠡ᠎ᠶᠢ ᠬᠦᠳᠦᠯᠥᠨ ᠳᠠᠭᠠᠭᠤᠯᠬᠤ᠎ᠶᠢ ᠪᠠᠲᠤᠯᠠᠵᠤ ᠴᠢᠳᠠᠨ᠎ᠠ᠃
ᠥᠪᠡᠷ ᠪᠡᠶ᠎ᠡ᠎ᠵᠢᠨ ᠬᠤᠪᠢᠰᠬᠠᠯ ᠬᠢᠬᠦ᠌᠎ᠶᠢ ᠪᠠᠷᠢᠮᠲᠠᠯᠠᠵᠤ᠂ ᠲᠡᠷᠢᠭᠦᠨ᠎ᠦ ᠮᠥᠨ ᠴᠢᠨᠠᠷ᠎ᠢᠶᠠᠨ ᠡᠭᠦᠷᠢᠳᠡ ᠬᠠᠳᠠᠭᠠᠯᠠᠵᠤ᠂ ᠴᠠᠭ ᠦᠶ᠎ᠡ᠎ᠶᠢᠨ ᠤᠷᠤᠰᠬᠠᠯ᠎ᠤᠨ ᠡᠮᠦᠨ᠎ᠡ ᠵᠣᠷᠢᠭᠲᠠᠢ ᠰᠦᠨᠳᠡᠷᠯᠡᠨ᠎ᠠ —
ᠪᠤᠰᠤᠳ᠎ᠢ ᠢᠯᠠᠭᠰᠠᠳ ᠬᠦᠴᠦᠨ᠎ᠲᠡᠶ᠂ ᠦᠪᠡᠷ ᠢ᠋ ᠪᠡᠨ ᠢᠯᠠᠭᠰᠠᠳ ᠬᠦᠴᠦᠷᠬᠡᠭ᠃ ᠶᠡᠷᠦᠩᠬᠡᠶ ᠱᠦᠵᠢ ᠰᠢ ᠵᠢᠨ ᠫᠢᠩ᠄ 《ᠪᠢᠳᠡ ᠭᠠᠭᠴᠠ ᠬᠦ᠌ ᠵᠣᠷᠢᠭᠲᠠᠶ᠎ᠪᠠᠷ ᠥᠪᠡᠷ ᠪᠡᠶ᠎ᠡ ᠵᠢᠨ ᠬᠤᠪᠢᠰᠬᠠᠯ ᠬᠢᠪᠡᠯ ᠰᠠᠶᠢ ᠲᠡᠦᠬᠡ᠎ᠶᠢᠨ ᠰᠠᠨᠠᠭᠠᠴᠢᠯᠠᠭᠠᠲᠤ᠌ ᠡᠷᠬᠡ᠎ᠶᠢ ᠣᠯᠵᠤ ᠴᠢᠳᠠᠨ᠎ᠠ》 ᠭᠡᠵᠦ ᠵᠢᠭᠠᠵᠤ ᠭᠠᠷᠭᠠᠪᠠ᠃
ᠵᠠᠭᠤ ᠭᠠᠷᠤᠢ ᠵᠢᠯ᠎ᠦᠨ ᠲᠡᠮᠡᠴᠡᠯ᠎ᠦᠨ ᠠᠶᠠᠨ᠎ᠢᠶᠠᠨ ᠡᠷᠭᠢᠴᠡᠭᠦᠯᠪᠡᠯ᠂ ᠮᠠᠨ᠎ᠤ ᠨᠠᠮ ᠳᠠᠪᠲᠠᠭᠳᠠᠨ ᠪᠣᠯᠪᠠᠰᠤᠷᠠᠭᠠᠳ ᠴᠤᠭ ᠰᠦᠯᠳᠡ ᠪᠠᠳᠠᠷᠠᠩᠭᠤᠢ ᠪᠣᠯᠤᠭᠰᠠᠨ᠎ᠤ ᠨᠢᠭᠡᠨ ᠮᠠᠰᠢ ᠴᠢᠬᠤᠯᠠ ᠰᠢᠯᠲᠠᠭᠠᠨ ᠪᠣᠯ ᠳᠠᠷᠤᠢ ᠨᠠᠮ ᠨᠢ ᠨᠠᠮ᠎ᠢᠶᠠᠨ ᠬᠠᠮᠢᠶᠠᠷᠬᠤ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶᠢ ᠢᠮᠠᠭᠲᠠ ᠪᠠᠷᠢᠮᠲᠠᠯᠠᠵᠤ᠂ ᠲᠤᠰ ᠪᠡᠶ᠎ᠡ᠎ᠶᠢᠨ᠎ᠢᠶᠡᠨ ᠡᠯ᠎ᠡ ᠲᠡᠦᠬᠡᠨ ᠴᠠᠭ ᠦᠶ᠎ᠡ᠎ᠳᠦ ᠲᠤᠯᠭᠠᠷᠠᠭᠰᠠᠨ ᠠᠶᠤᠯ ᠲᠦᠭᠰᠢᠭᠦᠷᠢ ᠪᠠ ᠰᠢᠯᠭᠠᠯᠲᠠ᠎ᠶᠢ ᠲᠠᠰᠤᠷᠠᠯᠲᠠ ᠦᠭᠡᠢ ᠰᠠᠶ᠋ᠢᠲᠤᠷ ᠠᠷᠭᠠᠴᠠᠭᠠᠵᠤ᠂ ᠮᠠᠨ᠎ᠤ ᠨᠠᠮ ᠳᠡᠯᠡᠬᠡᠢ᠎ᠶᠢᠨ ᠪᠠᠶ᠋ᠢᠳᠠᠯ᠎ᠳᠤ ᠭᠦᠨᠵᠡᠭᠡᠢ ᠬᠤᠪᠢᠷᠠᠯᠲᠠ ᠭᠠᠷᠴᠤ᠌ ᠪᠠᠶ᠋ᠢᠭ᠎ᠠ ᠲᠡᠦᠬᠡᠨ ᠠᠬᠢᠴᠠ ᠳᠤᠮᠳᠠ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠡᠯ᠎ᠡ ᠵᠦᠢᠯ᠎ᠦᠨ ᠠᠶᠤᠯ ᠲᠦᠭᠰᠢᠭᠦᠷᠢ ᠪᠠ ᠰᠢᠯᠭᠠᠯᠲᠠ᠎ᠶᠢ ᠠᠷᠭᠠᠴᠠᠭᠠᠬᠤ ᠲᠡᠦᠬᠡᠨ ᠠᠬᠢᠴᠠ ᠳᠤᠮᠳᠠ ᠢᠮᠠᠭᠲᠠ ᠪᠦᠬᠦ᠌ ᠤᠯᠤᠰ᠎ᠤᠨ ᠠᠷᠠᠳ ᠲᠦᠮᠡᠨ᠎ᠦ ᠲᠦᠰᠢᠭ ᠲᠤᠯᠭᠠᠭᠤᠷᠢ ᠪᠣᠯᠬᠤ᠎ᠶᠢ ᠦᠨᠡᠨ ᠬᠦ᠌ ᠪᠠᠲᠤᠯᠠᠭᠰᠠᠨ᠎ᠳᠤ ᠪᠠᠶ᠋ᠢᠨ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠲᠡᠦᠬᠡᠲᠦ᠍ ᠴᠢᠨᠠᠷᠲᠠᠢ᠂ ᠪᠦᠲᠦᠭᠡᠯᠴᠢ ᠴᠢᠨᠠᠷᠲᠠᠢ ᠠᠮᠵᠢᠯᠲᠠ ᠣᠯᠵᠤ᠂ ᠪᠦᠬᠦ᠌ ᠲᠠᠯ᠎ᠠ᠎ᠶᠢᠨ᠂ ᠭᠦᠨ ᠳᠠᠪᠬᠤᠷᠭ᠎ᠠ᠎ᠶᠢᠨ ᠨᠥᠯᠥᠭᠡ ᠲᠤᠰᠬᠠᠯ ᠭᠠᠷᠴᠤ᠌᠂ ᠰᠢᠨ᠎ᠡ ᠴᠠᠭ ᠦᠶ᠎ᠡ᠎ᠶᠢᠨ ᠨᠠᠮ᠎ᠤᠨ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ᠌᠎ᠶᠢᠨ ᠢᠯᠡ ᠲᠣᠳᠣ ᠣᠨᠴᠠᠯᠢᠭ ᠪᠤᠯᠵᠤ᠂ ᠵᠠᠭᠤᠨ ᠵᠢᠯ᠎ᠦᠨ ᠲᠤᠮᠤ ᠨᠠᠮ᠎ᠤᠨ ᠥᠪᠡᠷ ᠪᠡᠶ᠎ᠡ᠎ᠵᠢᠨ ᠬᠤᠪᠢᠰᠬᠠᠯ ᠬᠢᠬᠦ᠌ ᠰᠢᠨ᠎ᠡ ᠠᠬᠤᠢ ᠪᠠᠶ᠋ᠢᠳᠠᠯ᠎ᠢ ᠨᠡᠭᠡᠭᠡᠪᠡ᠃ ᠮᠠᠨ᠎ᠤ ᠨᠠᠮ ᠥᠪᠡᠷ ᠪᠡᠶ᠎ᠡ᠎ᠵᠢᠨ ᠬᠤᠪᠢᠰᠬᠠᠯ ᠬᠢᠬᠦ᠌᠎ᠪᠡᠷ ᠳᠠᠮᠵᠢᠭᠤᠯᠤᠨ᠂ ᠠᠷᠠᠳ ᠤᠯᠠᠨ᠎ᠯᠤᠭ᠎ᠠ᠎ᠶᠢᠨ ᠰᠠᠯᠵᠤ ᠪᠣᠯᠤᠰᠢ ᠦᠭᠡᠢ ᠬᠠᠷᠢᠴᠠᠭ᠎ᠠ᠎ᠶᠢ ᠪᠠᠲᠤᠯᠠᠬᠤ᠂ ᠠᠷᠠᠳ ᠲᠦᠮᠡᠨ ᠴᠢᠩ ᠰᠡᠳᠬᠢᠯ᠎ᠡᠴᠡ᠎ᠪᠡᠨ ᠬᠦᠷᠢᠶᠡᠯᠡᠬᠦ᠌ ᠲᠡᠦᠬᠡᠨ ᠰᠠᠨᠠᠭᠠᠴᠢᠯᠠᠭᠠᠲᠤ᠌ ᠡᠷᠬᠡ᠎ᠶᠢ ᠣᠯᠵᠤ᠂ ᠪᠦᠬᠦ᠌ ᠨᠠᠮ᠎ᠤᠨ ᠳᠡᠭᠡᠳᠦ ᠬᠡᠮᠵᠢᠶᠡᠨ᠎ᠦ ᠪᠦᠯᠬᠦᠮᠳᠡᠯ ᠨᠢᠭᠡᠳᠦᠯ᠎ᠢ ᠣᠯᠵᠤ᠂ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠵᠤ᠂ ᠠᠷᠠᠳ ᠲᠦᠮᠡᠨ᠎ᠢ ᠳᠠᠭᠠᠭᠤᠯᠤᠨ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠲᠡᠦᠬᠡᠨ ᠰᠠᠨᠠᠭᠠᠴᠢᠯᠠᠭᠠᠲᠤ᠌ ᠡᠷᠬᠡ᠎ᠶᠢ ᠣᠯᠵᠠᠢ᠃
ᠥᠨᠥᠳᠦᠷ᠂ ᠪᠢᠳᠡ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌᠎ᠲᠡᠶ ᠲᠡᠦᠬᠡ᠎ᠶᠢᠨ ᠠᠯᠢ ᠴᠤ᠌ ᠦᠶ᠎ᠡ᠎ᠡᠴᠡ ᠢᠯᠡᠭᠦᠦ ᠣᠶ᠋ᠢᠷᠠᠳᠴᠤ᠌᠂ ᠨᠡᠩ ᠢᠯᠡᠭᠦᠦ ᠢᠲᠡᠭᠡᠯ ᠪᠠ ᠴᠢᠳᠠᠪᠤᠷᠢ᠎ᠲᠠᠶ ᠪᠣᠯᠵᠠᠢ᠃ ᠡᠭᠦᠨ᠎ᠦ ᠬᠠᠮᠲᠤ᠌ ᠣᠳᠣᠬᠠᠨ᠎ᠤ ᠳᠡᠯᠡᠬᠡᠢ ᠶᠢᠷᠲᠢᠨᠴᠦ᠍ ᠶᠠᠭ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶᠢ ᠥᠩᠭᠡᠷᠡᠭᠡᠵᠦ᠍᠂ ᠮᠠᠨ᠎ᠤ ᠤᠯᠤᠰ᠎ᠤᠨ ᠬᠥᠭᠵᠢᠯᠲᠡ᠎ᠳᠦ ᠨᠢᠭᠡᠨ ᠲᠣᠭᠲᠠᠭᠤᠨ ᠪᠤᠰᠤ ᠴᠢᠨᠠᠷ ᠲᠣᠭᠲᠠᠭᠠᠯᠲᠤ᠌ ᠪᠤᠰᠤ ᠴᠢᠨᠠᠷ ᠨᠡᠮᠡᠭᠳᠡᠭᠰᠡᠨ ᠳᠡᠯᠡᠬᠡᠢ ᠶᠢᠷᠲᠢᠨᠴᠦ᠍ ᠲᠤᠯᠭᠠᠷᠠᠵᠤ᠂ ᠳᠣᠲᠣᠭᠠᠳᠤ ᠭᠠᠳᠠᠭᠠᠳᠤ᠎ᠶᠢᠨ ᠣᠷᠴᠢᠨ ᠨᠥᠬᠥᠴᠡᠯ᠎ᠦᠨ ᠬᠤᠪᠢᠷᠠᠯᠲᠠ ᠲᠦᠷᠭᠡᠨ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ᠋ ᠡᠭᠦᠷᠭᠡ ᠬᠦᠨᠳᠦ᠂ ᠵᠥᠷᠢᠴᠡᠯ ᠠᠶᠤᠯ ᠲᠦᠭᠰᠢᠭᠦᠷᠢ ᠥᠷᠢᠰᠥᠯᠳᠦᠭᠡᠨ ᠤᠯᠠᠨ᠂ ᠲᠦᠷᠦ᠎ᠶᠢ ᠵᠠᠰᠠᠵᠤ ᠵᠠᠰᠠᠭ᠎ᠢ ᠡᠷᠬᠢᠯᠡᠬᠦ᠌ ᠰᠢᠯᠭᠠᠯᠲᠠ ᠤᠷᠢᠳ ᠡᠮᠦᠨ᠎ᠡ ᠪᠠᠶ᠋ᠢᠭ᠎ᠠ ᠦᠭᠡᠢ ᠶᠡᠬᠡ ᠪᠠᠶ᠋ᠢᠬᠤ᠎ᠶᠢ ᠴᠤ᠌ ᠣᠯᠵᠤ ᠬᠠᠷᠠᠬᠤ ᠬᠡᠷᠡᠭᠲᠡᠢ᠃
ᠤᠷᠤᠭᠰᠢᠯᠠᠯᠲᠠ᠎ᠶᠢᠨ ᠵᠠᠮ ᠳᠡᠭᠡᠷ᠎ᠡ᠂ ᠪᠠᠶ᠋ᠢᠳᠠᠯ ᠤᠯᠠᠮ ᠪᠤᠳᠤᠯᠢᠶᠠᠨᠲᠠᠢ᠂ ᠡᠭᠦᠷᠭᠡ ᠤᠯᠠᠮ ᠪᠡᠷᠬᠡ ᠬᠠᠲᠠᠭᠤᠵᠢᠯᠲᠠᠢ ᠪᠣᠯᠬᠤ ᠲᠤᠳᠤᠮ᠂ ᠨᠠᠮ᠎ᠤᠨ ᠪᠦᠬᠦ᠌ ᠲᠠᠯ᠎ᠠ᠎ᠶᠢᠨ ᠤᠳᠤᠷᠢᠳᠤᠯᠭ᠎ᠠ᠎ᠶᠢ ᠤᠯᠠᠮ ᠪᠠᠷᠢᠮᠲᠠᠯᠠᠨ ᠴᠢᠩᠭᠠᠳᠬᠠᠵᠤ᠂ ᠨᠠᠮ᠎ᠢᠶᠠᠨ ᠨᠡᠩ ᠪᠠᠲᠤ᠌ ᠴᠢᠩᠭ᠎ᠠ ᠬᠦᠴᠦᠨ᠎ᠲᠡᠶ ᠪᠣᠯᠭᠠᠨ ᠪᠠᠶ᠋ᠢᠭᠤᠯᠵᠤ᠂ ᠬᠦᠴᠢᠷ᠎ᠢ ᠲᠤᠭᠤᠯᠤᠨ ᠪᠡᠷᠬᠡ᠎ᠶᠢ ᠳᠠᠪᠠᠬᠤ᠂ ᠵᠥᠷᠢᠴᠡᠯ᠎ᠢ ᠠᠷᠢᠯᠭᠠᠬᠤ᠂ ᠪᠤᠳᠤᠯᠢᠶᠠᠨᠲᠠᠢ ᠪᠠᠶ᠋ᠢᠳᠠᠯ᠎ᠢ ᠡᠵᠡᠮᠳᠡᠬᠦ᠌ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠍᠂ ᠰᠠᠨᠠᠭᠠᠴᠢᠯᠠᠭᠠᠲᠤ᠌ ᠪᠠᠶ᠋ᠢᠷᠢ᠎ᠶᠢ ᠲᠡᠮᠡᠴᠡᠨ ᠤᠯᠬᠤ᠂ ᠳᠠᠪᠠᠭᠤᠯᠢᠭ ᠪᠠᠶ᠋ᠢᠷᠢ᠎ᠶᠢ ᠲᠡᠮᠡᠴᠡᠨ ᠤᠯᠬᠤ᠂ ᠢᠷᠡᠭᠡᠳᠦᠢ᠎ᠶᠢ ᠲᠡᠮᠡᠴᠡᠨ ᠤᠯᠬᠤ᠎ᠪᠠᠷ ᠴᠢᠷᠮᠠᠶ᠋ᠢᠬᠤ ᠬᠡᠷᠡᠭᠲᠡᠢ᠃
ᠰᠢᠨ᠎ᠡ ᠠᠶᠠᠨ᠎ᠳᠤ᠂ ᠪᠢᠳᠡ ᠰᠠᠨᠠᠭᠠᠴᠢᠯᠠᠭᠠᠲᠤ᠌ ᠴᠢᠨᠠᠷ᠎ᠢ ᠡᠵᠡᠮᠰᠢᠵᠦ᠍᠂ ᠬᠤᠪᠢᠷᠠᠯᠲᠠ᠎ᠶᠢ ᠣᠨᠣᠪᠴᠢᠲᠠᠢ ᠲᠠᠨᠢᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠴᠠᠭ ᠦᠶ᠎ᠡ᠎ᠶᠢ ᠬᠦᠳᠦᠯᠥᠨ ᠳᠠᠭᠠᠭᠤᠯᠬᠤ᠎ᠶᠢ ᠪᠠᠷᠢᠮᠲᠠᠯᠠᠵᠤ᠂ ᠲᠡᠦᠬᠡ᠎ᠶᠢᠨ ᠤᠷᠳᠤ ᠤᠷᠤᠰᠬᠠᠯ ᠳᠤᠮᠳᠠ᠎ᠡᠴᠡ ᠬᠤᠪᠢᠰᠤᠯᠲᠠ᠎ᠶᠢᠨ ᠯᠣᠭᠢᠭ᠎ᠢ ᠨᠡᠪᠲᠡ ᠠᠵᠢᠭᠯᠠᠵᠤ᠂ ᠴᠠᠭ ᠦᠶ᠎ᠡ᠎ᠶᠢᠨ ᠶᠡᠬᠡ ᠤᠷᠤᠰᠬᠠᠯ᠎ᠡᠴᠡ ᠬᠥᠭᠵᠢᠯᠲᠡ᠎ᠶᠢᠨ ᠠᠵᠠ ᠲᠣᠬᠢᠶᠠᠯ ᠢ ᠡᠵᠡᠮᠳᠡᠵᠦ᠍᠂ ᠪᠦᠬᠦ᠌ ᠪᠥᠮᠪᠥᠷᠴᠡᠭ᠎ᠦᠨ ᠰᠠᠯᠬᠢ ᠪᠣᠷᠣᠭᠠᠨ᠎ᠤ ᠳᠤᠮᠳᠠ ᠪᠠᠶ᠋ᠢᠯᠳᠤᠬᠤ ᠪᠤᠳᠤᠯᠭ᠎ᠠ ᠶᠢᠨ ᠣᠷᠣᠨ ᠪᠠᠶ᠋ᠢᠷᠢ ᠪᠠᠨ ᠣᠨᠣᠪᠴᠢᠲᠠᠢ ᠬᠠᠷᠭᠤᠭᠤᠯᠵᠤ᠂ ᠳᠤᠮᠳᠠᠳᠤ ᠤᠯᠤᠰ᠎ᠤᠨ ᠬᠥᠭᠵᠢᠯᠲᠡ ᠲᠠᠪᠰᠢᠯᠳᠠ᠎ᠶᠢᠨ ᠬᠤᠪᠢ ᠵᠠᠶᠠᠭ᠎ᠠ᠎ᠶᠢ ᠥᠪᠡᠷ᠎ᠦᠨ ᠭᠠᠷ᠎ᠲᠠᠭᠠᠨ ᠪᠠᠲᠤ᠌ ᠡᠵᠡᠮᠳᠡᠬᠦ᠌ ᠬᠡᠷᠡᠭᠲᠡᠢ᠃
ᠰᠢᠨ᠎ᠡ ᠠᠶᠠᠨ᠎ᠳᠤ᠂ ᠪᠢᠳᠡ ᠵᠢᠮ᠎ᠡ ᠶᠣᠰᠣ ᠶᠢ ᠡᠵᠡᠮᠳᠡᠵᠦ᠍᠂ ᠬᠤᠪᠢᠷᠠᠯᠲᠠ᠎ᠶᠢ ᠢᠳᠡᠪᠬᠢᠲᠡᠢ ᠠᠷᠭᠠᠴᠠᠭᠠᠵᠤ᠂ ᠢᠮᠠᠭᠲᠠ ᠠᠷᠠᠳ ᠲᠦᠮᠡᠨ ᠦ ᠰᠠᠢ᠌ᠨ ᠰᠠᠶ᠋ᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢᠶᠡᠷ ᠲᠡᠮᠡᠴᠡᠬᠦ᠌ ᠬᠠᠷᠠᠯᠲᠠ᠎ᠪᠠᠨ ᠪᠣᠯᠭᠠᠵᠤ᠂ ᠰᠢᠨᠵᠢᠯᠡᠬᠦ᠌ ᠤᠬᠠᠭᠠᠨᠴᠢ ᠦᠵᠡᠯ ᠰᠠᠨᠠᠭᠠᠨ᠎ᠤ ᠠᠷᠭ᠎ᠠ ᠪᠣᠯᠤᠨ ᠠᠵᠢᠯ᠎ᠤᠨ ᠠᠷᠭ᠎ᠠ᠎ᠪᠠᠨ ᠬᠡᠷᠡᠭᠯᠡᠵᠦ᠍᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠍᠂ ᠬᠠᠷᠠᠯᠲᠠ᠎ᠲᠠᠶ᠎ᠪᠠᠷ ᠬᠦᠴᠦᠯᠡᠵᠦ᠍᠂ ᠪᠣᠳᠠᠲᠠᠢ ᠠᠵᠢᠯᠯᠠᠨ ᠯᠠᠪᠳᠠᠭᠤᠨ ᠪᠠᠲᠤᠲᠠᠢ ᠠᠵᠢᠯᠯᠠᠵᠤ ᠴᠢᠨᠠᠷ ᠰᠠᠶ᠋ᠢᠲᠠᠢ ᠬᠥᠭᠵᠢᠯᠲᠡ᠎ᠶᠢᠨ ᠰᠢᠨ᠎ᠡ ᠪᠠᠶ᠋ᠢᠳᠠᠯ᠎ᠢ ᠡᠭᠦᠳᠬᠦ᠌ ᠬᠡᠷᠡᠭᠲᠡᠢ᠃
ᠰᠢᠨ᠎ᠡ ᠠᠶᠠᠨ᠎ᠳᠤ᠂ ᠪᠢᠳᠡ ᠡᠯᠪᠡᠭ ᠪᠠᠶᠠᠯᠢᠭ ᠡᠭᠦᠳᠦᠯᠲᠡ᠎ᠲᠡᠶ᠂ ᠰᠠᠨᠠᠭᠠᠴᠢᠯᠠᠭ᠎ᠠ᠎ᠡᠴᠡ᠎ᠪᠠᠨ ᠬᠤᠪᠢᠷᠠᠯᠲᠠ ᠶᠢ ᠡᠷᠢᠯᠬᠢᠯᠡᠵᠦ᠍᠂ ᠠᠶᠤᠯ ᠲᠦᠭᠰᠢᠭᠦᠷᠢ ᠥᠷᠢᠰᠥᠯᠳᠦᠭᠡᠨ᠎ᠦ ᠳᠤᠮᠳᠠ ᠠᠵᠠ ᠲᠣᠬᠢᠶᠠᠯ ᠢ ᠠᠮᠵᠢᠵᠤ᠂ ᠪᠠᠭᠤᠷᠠᠢ ᠭᠣᠭᠴᠣᠭ᠎ᠠ᠎ᠳᠤ ᠨᠠᠷᠢᠯᠢᠭ ᠣᠨᠣᠪᠴᠢᠲᠠᠢ᠎ᠪᠠᠷ ᠪᠠᠶ᠋ᠢᠳᠠᠯ᠎ᠢ ᠡᠪᠳᠡᠵᠦ᠍᠂ ᠰᠢᠨ᠎ᠡ᠎ᠶᠢ ᠡᠭᠦᠳᠬᠦ᠌ ᠠᠮᠢᠵᠢᠷᠠᠯ᠎ᠤᠨ ᠬᠦᠴᠦᠨ᠎ᠢ ᠥᠷᠢᠰᠥᠯᠳᠦᠭᠦᠯᠦᠨ ᠬᠥᠭᠵᠢᠭᠡᠵᠦ᠍᠂ ᠴᠢᠨᠠᠷ ᠰᠠᠶ᠋ᠢᠲᠠᠢ ᠬᠥᠭᠵᠢᠯᠲᠡ᠎ᠪᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠠᠬᠢᠭᠤᠯᠬᠤ ᠰᠦᠷ ᠳᠠᠯᠠᠶ᠋ᠢᠴᠠᠲᠠᠢ ᠬᠥᠳᠡᠯᠭᠡᠬᠦ᠌ ᠬᠦᠴᠦᠨ᠎ᠢ ᠬᠤᠷᠠᠮᠳᠤᠭᠤᠯᠬᠤ ᠬᠡᠷᠡᠭᠲᠡᠢ᠃
ᠳᠠᠪᠬᠤᠷ ᠳᠠᠪᠬᠤᠷ ᠪᠤᠭᠤᠮᠳᠠ ᠵᠢ ᠰᠢᠪᠳᠤᠯᠤᠨ ᠰᠢᠨ᠎ᠡ ᠣᠷᠴᠢᠯᠠᠩ᠎ᠢ ᠨᠡᠭᠡᠭᠡᠵᠦ᠍᠂ ᠨᠡᠩ ᠴᠤ᠌ ᠳᠠᠷᠪᠠᠭᠤᠯ ᠬᠡᠶ᠋ᠢᠰᠬᠡᠨ ᠤᠷᠤᠰᠬᠠᠯ᠎ᠤᠨ ᠡᠮᠦᠨ᠎ᠡ ᠵᠣᠭᠰᠣᠨ᠎ᠠ᠃
ᠰᠦᠷ ᠳᠠᠯᠠᠶ᠋ᠢᠴᠠᠲᠠᠶ ᠬᠥᠬᠡ ᠮᠥᠷᠡᠨ᠎ᠦ ᠤᠰᠤ ᠰᠢᠭ᠋᠂ ᠪᠣᠱᠣᠭ᠎ᠠ ᠬᠠᠳᠠ ᠪᠠᠷᠲᠠᠭᠠᠲᠤ᠌ ᠳᠠᠩ ᠨᠢ ᠲᠡᠭᠦᠨ᠎ᠦ ᠳᠣᠯᠭᠢᠶᠠᠯᠠᠨ ᠤᠷᠤᠭᠰᠢᠯᠠᠬᠤ᠎ᠶᠢ ᠬᠣᠷᠢᠭᠯᠠᠵᠤ ᠴᠢᠳᠠᠬᠤ ᠦᠭᠡᠢ᠃ 《ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠬᠤ᠎ᠪᠠᠷ ᠵᠣᠷᠢᠭ ᠰᠢᠭᠤᠳᠤᠭᠰᠠᠨ᠂ ᠠᠷᠠᠳ ᠲᠦᠮᠡᠨ ᠴᠢᠩ ᠰᠡᠳᠬᠢᠯ᠎ᠡᠴᠡ᠎ᠪᠡᠨ ᠬᠦᠷᠢᠶᠡᠯᠡᠭᠰᠡᠨ᠂ ᠵᠣᠷᠢᠭᠲᠠᠢ᠎ᠪᠠᠷ ᠥᠪᠡᠷ ᠪᠡᠶ᠎ᠡ ᠵᠢᠨ ᠬᠤᠪᠢᠰᠬᠠᠯ ᠬᠢᠭᠰᠡᠨ᠂ ᠡᠯ᠎ᠡ ᠵᠦᠢᠯ᠎ᠦᠨ ᠰᠠᠯᠬᠢ ᠳᠠᠪᠠᠯᠭᠠᠨ᠎ᠤ ᠰᠢᠯᠭᠠᠯᠲᠠ᠎ᠶᠢ ᠳᠠᠭᠠᠭᠠᠵᠤ ᠴᠢᠳᠠᠭᠰᠠᠨ᠂ ᠴᠤᠭ ᠪᠠᠳᠠᠷᠠᠩᠭᠤᠢ ᠮᠠᠷᠺᠰ᠎ᠤᠨ ᠦᠵᠡᠯ᠎ᠦᠨ ᠲᠦᠷᠦ᠍ ᠪᠠᠷᠢᠭᠴᠢ ᠨᠠᠮ》 ᠨᠢ ᠯᠠᠪᠲᠠᠢ ᠲᠦᠭ ᠲᠦᠮᠡᠨ ᠳᠤᠮᠳᠠᠳᠤ᠎ᠶᠢᠨ ᠬᠥᠪᠡᠭᠦᠳ ᠥᠬᠢᠳ᠎ᠢ ᠳᠠᠭᠠᠭᠤᠯᠤᠨ ᠠᠭᠤᠤ ᠶᠡᠬᠡ ᠰᠡᠷᠭᠦᠨ ᠮᠠᠨᠳᠤᠯᠲᠠ᠎ᠶᠢᠨ ᠠᠶᠠᠨ ᠳ᠋ᠦ ᠲᠤᠮᠤ ᠠᠯᠬᠤᠮ᠎ᠢᠶᠠᠷ ᠤᠷᠤᠭᠰᠢᠯᠠᠵᠤ᠂ ᠨᠡᠩ ᠤᠯᠠᠨ ᠬᠥᠮᠦᠰ᠎ᠢ ᠭᠠᠶ᠋ᠢᠬᠠᠭᠤᠯᠤᠮᠠ ᠶᠢᠷᠲᠢᠨᠴᠦ᠎ᠶᠢᠨ ᠭᠠᠶ᠋ᠢᠬᠠᠮᠰᠢᠭ᠎ᠢ ᠡᠭᠦᠳᠬᠦ᠌ ᠪᠣᠯᠤᠨ᠎ᠠ᠃
(ᠰᠢᠨᠬᠤᠸᠠ ᠬᠤᠷᠢᠶ᠎ᠠ ᠵᠢᠨ ᠪᠡᠭᠡᠵᠢᠩ ᠤ᠋ᠨ ᠴᠠᠬᠢᠯᠭᠠᠨ ᠮᠡᠳᠡᠭᠡ)