7 ᠰᠠᠷ᠎ᠠ᠎ᠶᠢᠨ 21 ᠤ᠋ ᠡᠳᠦᠷ᠂ ᠠᠷᠠᠳ ᠤᠨ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ 《ᠪᠥᠬᠥ᠌ ᠤᠯᠤᠰ᠎ᠤᠨ ᠠᠩᠬᠠᠳᠠᠭᠴᠢ ᠪᠦᠯᠦᠭ ᠬᠤᠷᠢᠮ ᠪᠡᠯᠪᠡᠰᠦᠷᠡᠯ᠎ᠦᠨ ᠵᠠᠩᠰᠢᠯ ᠲᠠᠳᠬᠠᠯ᠎ᠤᠨ ᠥᠭᠡᠷᠡᠴᠢᠯᠡᠯᠲᠡ᠎ᠶᠢᠨ ᠨᠡᠶ᠋ᠢᠲᠡᠯᠢᠭ ᠬᠡᠷᠡᠭ᠎ᠦᠨ ᠵᠢᠱ᠌ᠢᠶ᠎ᠡ》 ᠵᠢ ᠨᠡᠶ᠋ᠢᠲᠡᠯᠡᠵᠦ᠍᠂ ᠪᠥᠬᠥ᠌ ᠤᠯᠤᠰ᠎ᠤᠨ 20 ᠭᠠᠵᠠᠷ ᠤᠷᠤᠨ ᠤ ᠦᠢᠯᠡᠳᠦᠯᠭᠡ᠎ᠶᠢᠨ ᠠᠷᠭ᠎ᠠ ᠬᠢᠳᠡᠯ ᠢ ᠬᠠᠮᠤᠷᠴᠤ᠌᠂ ᠡᠯ᠎ᠡ ᠭᠠᠵᠠᠷ᠎ᠤᠨ ᠬᠤᠷᠢᠮ ᠪᠡᠯᠪᠡᠰᠦᠷᠡᠯ ᠦᠨ ᠵᠠᠩ ᠦᠢᠯᠡ ᠵᠢᠨ ᠥᠭᠡᠷᠡᠴᠢᠯᠡᠯᠲᠡ᠎ᠶᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ᠌᠎ᠳᠦ ᠯᠠᠪᠯᠠᠯᠲᠠ ᠪᠣᠯᠭᠠᠵᠤ ᠪᠣᠯᠬᠤ ᠥᠯᠢᠭᠡᠷ ᠳᠠᠭᠤᠷᠢᠶᠠᠯ ᠬᠠᠩᠭᠠᠬᠤ ᠪᠣᠯᠤᠨ᠎ᠠ᠃
ᠾᠧᠪᠧᠶ ᠮᠤᠵᠢ᠎ᠶᠢᠨ ᠾᠧ ᠵᠢᠶᠠᠨ ᠬᠣᠲᠠ᠎ᠶᠢᠨ ᠣᠷᠣᠭ ᠬᠤᠷᠢᠮ᠎ᠤᠨ ᠵᠠᠩᠰᠢᠯ ᠲᠠᠳᠬᠠᠯ᠎ᠤᠨ ᠥᠭᠡᠷᠡᠴᠢᠯᠡᠯᠲᠡ᠎ᠶᠢᠨ ᠬᠡᠷᠡᠭ ᠦᠨ ᠵᠢᠱ᠌ᠢᠶ᠎ᠡ᠎ᠳᠦ᠂ ᠲᠤᠬᠠᠶ᠎ᠶᠢᠨ ᠭᠠᠵᠠᠷ᠎ᠤᠨ᠎ᠬᠢᠨ ᠦᠨᠳᠦᠰᠦᠨ ᠱᠠᠲᠤᠨ᠎ᠤ ᠬᠠᠮᠲᠤ ᠶᠢᠨ ᠵᠠᠰᠠᠯᠲᠠ᠎ᠪᠠᠷ ᠰᠠᠭᠤᠷᠢ ᠪᠣᠯᠭᠠᠵᠤ᠂ ᠬᠣᠲᠠ᠂ ᠰᠢᠶᠠᠩ᠂ ᠲᠣᠰᠬᠣᠨ ᠭᠤᠷᠪᠠᠨ ᠱᠠᠲᠤᠨ ᠤ ᠣᠷᠣᠭ ᠬᠤᠷᠢᠮ᠎ᠤᠨ ᠵᠠᠩᠰᠢᠯ ᠲᠠᠳᠬᠠᠯ᠎ᠤᠨ ᠥᠭᠡᠷᠡᠴᠢᠯᠡᠯᠲᠡ᠎ᠶᠢᠨ ᠬᠣᠯᠪᠣᠭᠠᠯᠠᠨ ᠬᠥᠳᠡᠯᠦᠯᠴᠡᠬᠦ᠌ ᠲᠠᠪᠴᠠᠩ᠎ᠢ ᠪᠠᠶ᠋ᠢᠭᠤᠯᠵᠤ᠂ ᠪᠥᠬᠥ᠌ ᠬᠣᠲᠠ᠎ᠶᠢᠨ 639 ᠲᠣᠰᠬᠣᠨ (ᠨᠡᠶ᠋ᠢᠭᠡᠮ ᠲᠣᠭᠣᠷᠢᠭ) ᠢ᠋ ᠵᠢᠭᠠᠨ ᠵᠢᠯᠣᠭᠣᠳᠴᠤ᠌ ᠪᠠᠶ᠋ᠢᠭᠠᠳ《ᠣᠷᠣᠭ ᠬᠤᠷᠢᠮ᠎ᠤᠨ ᠶᠠᠪᠤᠳᠠᠯ᠎ᠢ ᠰᠢᠨ᠎ᠡ᠎ᠪᠡᠷ ᠭᠦᠢᠴᠡᠳᠬᠡᠬᠦ ᠳᠦ ᠶᠡᠬᠡ ᠬᠡᠮᠵᠢᠶᠡᠨ᠎ᠤ ᠪᠣᠭᠲᠣᠯᠠᠬᠤ ᠪᠡᠯᠡᠭ᠎ᠢ ᠬᠢᠵᠠᠭᠠᠷᠯᠠᠵᠤ᠂ ᠪᠣᠭᠲᠣᠯᠠᠬᠤ ᠪᠡᠯᠡᠭ ᠥᠬᠡᠶ ᠪᠠᠶ᠋ᠢᠬᠤ᠎ᠶᠢ ᠵᠣᠷᠢᠭᠵᠢᠭᠤᠯᠬᠤ》 ᠵᠢ ᠲᠣᠰᠬᠣᠨ᠎ᠤ ᠲᠦᠷᠢᠮ ᠠᠷᠠᠳ ᠤᠨ ᠭᠡᠷ᠎ᠡ᠎ᠳᠦ ᠪᠢᠴᠢᠵᠦ᠍ ᠣᠷᠣᠭᠤᠯᠪᠠ; ᠢᠨᠠᠭᠯᠠᠬᠤ᠂ ᠣᠷᠣᠭᠯᠠᠬᠤ᠂ ᠤᠷᠤᠭᠯᠠᠭᠰᠠᠨᠤ ᠲᠠᠷᠠᠭᠠᠬᠢ ᠠᠮᠢᠳᠤᠷᠠᠯ᠎ᠢ ᠬᠠᠮᠤᠷᠤᠭᠰᠠᠨ ᠪᠥᠬᠥ᠌ ᠦᠶᠡᠯᠡᠯ᠎ᠦᠨ ᠦᠢᠯᠡᠴᠢᠯᠡᠭᠡ᠎ᠶᠢ ᠪᠣᠶ ᠪᠣᠯᠭᠠᠨ᠎ᠠ; ᠣᠯᠠᠨ ᠡᠰᠢᠲᠦ᠍ ᠠᠷᠠᠳ᠎ᠲᠤ᠌ ᠠᠰᠢᠭ ᠬᠦᠷᠲᠡᠭᠡᠬᠦ᠌ ᠠᠵᠢᠯᠯᠠᠭ᠎ᠠ᠎ᠪᠠᠷ ᠵᠠᠭᠤᠴᠢ ᠪᠣᠯᠭᠠᠵᠤ᠂ ᠣᠷᠣᠭ ᠬᠤᠷᠢᠮ᠎ᠤᠨ 《ᠣᠶᠤᠨ ᠰᠠᠨᠠᠭᠠᠨ᠎ᠤ ᠴᠥᠮ᠎ᠡ》 ᠵᠢ ᠳᠠᠬᠢᠨ ᠱᠤᠭᠤᠨ᠎ᠠ᠃ ᠣᠳᠣᠬᠠᠨ᠎ᠳᠤ᠂ ᠲᠤᠬᠠᠶ᠎ᠶᠢᠨ ᠭᠠᠵᠠᠷ᠎ᠤᠨ 《ᠪᠣᠭᠲᠣᠯᠠᠬᠤ ᠪᠡᠯᠡᠭ ᠪᠠᠭ᠎ᠠ᠂ ᠪᠣᠭᠲᠣᠯᠠᠬᠤ ᠪᠡᠯᠡᠭ ᠦᠭᠡᠢ》 ᠪᠠᠢᠳᠠᠯ ᠨᠢᠭᠡᠨᠲᠡ ᠭᠤᠤᠯ ᠤᠷᠤᠰᠬᠠᠯ ᠪᠣᠯᠵᠣ᠂ ᠬᠤᠷᠢᠮ ᠨᠠᠶ᠋ᠢᠷ᠎ᠤᠨ ᠳᠤᠮᠳᠠᠴᠢ ᠵᠠᠷᠤᠳᠠᠯ 60 % ᠡᠴᠡ ᠳᠡᠭᠡᠭᠰᠢ ᠪᠠᠭᠤᠷᠠᠪᠠ᠃
ᠵᠧᠵᠢᠶᠠᠩ ᠮᠤᠵᠢ᠎ᠶᠢᠨ ᠵᠢᠶᠠᠨ ᠳᠧ ᠬᠣᠲᠠ᠎ᠶᠢᠨ ᠣᠷᠣᠰᠢᠭᠤᠯᠭ᠎ᠠ᠎ᠶᠢᠨ ᠵᠠᠨᠭᠰᠢᠯ ᠲᠠᠳᠬᠠᠯ᠎ᠢ ᠦᠭᠡᠷᠡᠴᠢᠯᠡᠬᠦ ᠬᠡᠷᠡᠭ᠎ᠦᠨ ᠵᠢᠱ᠌ᠢᠶ᠎ᠡ᠎ᠳᠦ᠂ ᠲᠤᠬᠠᠶ᠎ᠶᠢᠨ ᠭᠠᠵᠠᠷ᠎ᠤᠨ᠎ᠬᠢᠨ ᠣᠷᠣᠰᠢᠭᠤᠯᠭ᠎ᠠ᠎ᠶᠢᠨ ᠬᠦᠷᠢᠶᠡᠨ᠎ᠳᠡᠬᠢ ᠲᠣᠪᠣᠶ᠋ᠢᠮ᠎ᠠ ᠠᠰᠠᠭᠤᠳᠠᠯ ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠣᠷᠣᠰᠢᠭᠤᠯᠭ᠎ᠠ᠎ᠶᠢᠨ ᠠᠵᠢᠯ ᠬᠢᠭᠰᠡᠳ ᠦᠨ ᠡᠨᠡ ᠬᠦ᠌ ᠵᠠᠩᠭᠢᠯᠠᠭ᠎ᠠ᠎ᠶᠢᠨ ᠬᠦᠮᠦᠰ᠎ᠢ ᠴᠢᠩᠭ᠎ᠠ ᠡᠵᠡᠮᠳᠡᠨ᠂ 《ᠨᠠᠰᠤ ᠪᠠᠷᠠᠬᠤ᠂ ᠴᠢᠨᠳᠠᠷ᠂ ᠣᠷᠣᠰᠢᠭᠤᠯᠭ᠎ᠠ᠂ ᠲᠠᠬᠢᠯᠭ᠎ᠠ》 ᠵᠢᠨ ᠪᠥᠬᠥ᠌ ᠶᠠᠪᠤᠴᠠ᠎ᠶᠢᠨ ᠲᠣᠭᠣᠷᠢᠨ᠎ᠳᠤ᠂ ᠵᠧᠵᠢᠶᠠᠩ ᠮᠤᠵᠢ᠎ᠶᠢᠨ ᠲᠣᠭᠠᠴᠢᠯᠠᠭᠰᠠᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ 2.0 ᠪᠣᠯᠤ ᠨ 《ᠵᠧ ᠯᠢ ᠱᠢ ᠠᠨ》 ᠲᠠᠪᠴᠠᠩ᠎ᠳᠤ ᠲᠦᠰᠢᠭᠯᠡᠨ᠂ 《ᠲᠣᠭᠠᠴᠢᠯᠠᠭᠰᠠᠨ ᠤᠶᠤᠨᠳᠤ ᠣᠷᠣᠰᠢᠭᠤᠯᠭ᠎ᠠ᠎ᠶᠢᠨ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ》 ᠵᠢᠨ ᠲᠠᠪᠴᠠᠩ ᠢ ᠰᠢᠨ᠎ᠡ᠎ᠪᠡᠷ ᠡᠭᠦᠳᠦᠨ ᠪᠠᠶ᠋ᠢᠭᠤᠯᠵᠤ᠂ ᠬᠣᠶ᠋ᠢᠨᠠᠬᠢ ᠶᠠᠪᠤᠳᠠᠯ᠎ᠢ 《ᠨᠢᠭᠡ ᠯᠡ ᠤᠳᠠᠭ᠎ᠠ᠎ᠳᠦ ᠭᠦᠢᠴᠡᠳᠬᠡᠬᠦ᠌》᠂ ᠥᠪ ᠬᠥᠷᠥᠩᠭᠡ᠎ᠶᠢ ᠪᠠᠶ᠋ᠢᠴᠠᠭᠠᠨ ᠯᠠᠪᠯᠠᠬᠤ᠎ᠳᠤ 《ᠨᠢᠭᠡ ᠯᠡ ᠳᠠᠷᠤᠪᠴᠢ ᠪᠠᠷ ᠨᠡᠪᠲᠡᠷᠡᠭᠦᠯᠬᠦ᠌》᠂ ᠪᠣᠯᠪᠠᠰᠤᠨ ᠣᠷᠣᠰᠢᠭᠤᠯᠭ᠎ᠠ᠎ᠶᠢ 《ᠨᠢᠭᠡ ᠴᠣᠭᠴᠠᠵᠢᠭᠤᠯᠤᠨ ᠬᠠᠮᠢᠶᠠᠷᠬᠤ》 ᠵᠢ ᠪᠡᠶᠡᠯᠡᠭᠦᠯᠪᠡ᠃
ᠡᠳᠡᠭᠡᠷ ᠬᠡᠷᠡᠭ᠎ᠦᠨ ᠵᠢᠱ᠌ᠢᠢ᠎ᠡ᠎ᠳᠦ ᠪᠠᠰᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭᠠᠨ ᠠᠶ᠋ᠢᠮᠠᠭ᠎ᠤᠨ ᠤᠯᠠᠭᠠᠨᠬᠣᠲᠠ᠂ ᠬᠠᠷᠠᠮᠥᠢ᠍ᠷᠡᠨ ᠮᠤᠵᠢ᠎ᠶᠢᠨ ᠴᠢᠴᠢᠬᠠᠷ ᠬᠤᠳᠠ᠎ᠶᠢᠨ ᠺᠸ ᠱᠠᠨ ᠰᠢᠶᠠᠨ᠂ ᠠᠨᠾᠦᠢ᠍ᠢ ᠮᠤᠵᠢ᠎ᠶᠢᠨ ᠪᠸᠩ ᠪᠦ᠋ ᠬᠤᠳᠠ᠎ᠶᠢᠨ ᠬᠤᠸᠠᠢ ᠶᠤᠸᠠᠨ ᠰᠢᠶᠠᠨ᠂ ᠱᠠᠨᠳᠦ᠋ᠩ ᠮᠤᠵᠢ᠎ᠶᠢᠨ ᠶᠠᠨᠲ᠋ᠠᠢ ᠵᠢᠨ ᠠᠵᠤ ᠠᠬᠤᠢ ᠮᠡᠷᠭᠡᠵᠢᠯ᠎ᠦᠨ ᠨᠡᠬᠡᠬᠡᠯᠳᠡ᠎ᠶᠢᠨ ᠣᠷᠣᠨ᠂ ᠭᠤᠸᠠᠩᠰᠢ᠎ᠶᠢᠨ ᠵᠤᠸᠠᠩ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠨᠠᠨᠨᠢᠩ ᠬᠤᠳᠠ᠎ᠶᠢᠨ ᠰᠢ ᠰᠢᠶᠠᠩ ᠲᠠᠩ ᠲᠣᠭᠣᠷᠢᠭ᠂ ᠴᠦᠩᠴᠢᠩ ᠬᠤᠳᠠ᠎ᠶᠢᠨ ᠳ᠋ᠠᠽᠦ᠋ ᠲᠣᠭᠣᠷᠢᠭ᠂ ᠰᠸᠴᠤᠸᠠᠨ ᠮᠤᠵᠢ᠎ᠶᠢᠨ ᠳ᠋ᠠ ᠵᠸᠤ ᠬᠤᠳᠠ᠎ᠶᠢᠨ ᠰᠢᠤᠸᠠᠨ ᠬᠠᠨ ᠰᠢᠶᠠᠨ᠂ ᠭᠠᠨᠰᠦ ᠮᠤᠵᠢ᠎ᠶᠢᠨ ᠫᠢᠩ ᠯᠢᠶᠠᠩ ᠬᠤᠳᠠ᠎ᠶᠢᠨ ᠯᠢᠩ ᠲᠠᠢ ᠰᠢᠶᠠᠨ᠂ ᠪᠡᠭᠡᠵᠢᠩ ᠬᠤᠳᠠ᠎ᠶᠢᠨ ᠳ᠋ᠠ ᠰᠢᠩ ᠲᠣᠭᠣᠷᠢᠭ ᠵᠡᠷᠭᠡ ᠭᠠᠵᠠᠷ᠎ᠤᠨ ᠤᠯᠠᠨ ᠡᠰᠢᠴᠢᠯᠡᠭᠰᠡᠨ ᠦᠢᠯᠡᠳᠦᠯᠭᠡ᠎ᠶᠢ ᠪᠠᠭᠲᠠᠭᠠᠵᠠᠢ᠃
ᠠᠷᠠᠳ᠎ᠤᠨ ᠶᠠᠪᠤᠳᠠᠯ᠎ᠤᠨ ᠶᠠᠮᠤᠨ ᠡᠴᠡ᠂ ᠡᠯ᠎ᠡ ᠭᠠᠵᠠᠷ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠨᠡᠶ᠋ᠢᠲᠡᠯᠢᠭ ᠬᠡᠷᠡᠭ᠎ᠦᠨ ᠵᠢᠱ᠌ᠢᠶ᠎ᠡ᠎ᠶᠢᠨ ᠲᠤᠷᠰᠢᠯᠭ᠎ᠠ ᠠᠷᠭ᠎ᠠ ᠬᠢᠳᠡᠯ᠎ᠢ ᠨᠠᠷᠢᠨ ᠬᠢᠨᠠᠮᠠᠭᠠᠶ ᠰᠤᠷᠤᠯᠴᠠᠨ ᠲᠣᠯᠢ ᠪᠤᠯᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠷᠠᠳ᠎ᠤᠨ ᠶᠠᠪᠤᠳᠠᠯ ᠤᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢᠨ ᠬᠠᠷᠠᠯᠲᠠ᠎ᠲᠠᠶ ᠤᠶᠠᠯᠳᠤᠭᠤᠯᠤᠨ᠂ ᠨᠡᠶ᠋ᠢᠭᠡᠮ ᠦᠨ ᠬᠡᠷᠡᠭ ᠶᠠᠪᠤᠳᠠᠯ᠎ᠤᠨ ᠠᠵᠢᠯ᠎ᠤᠨ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠍᠂ ᠵᠠᠩᠰᠢᠯ ᠲᠠᠳᠬᠠᠯ᠎ᠢ ᠥᠭᠡᠷᠡᠴᠢᠯᠡᠬᠦ᠌᠎ᠶᠢ ᠦᠷᠭᠦᠯᠵᠢᠯᠡᠨ ᠠᠬᠢᠭᠤᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ᠌ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ ᠢ ᠦᠨᠡᠨ ᠬᠦ᠌ ᠨᠡᠮᠡᠭᠳᠡᠭᠦᠯᠬᠦ᠌ ᠬᠡᠷᠡᠭᠲᠡᠶ ᠭᠡᠵᠦ᠍ ᠱᠠᠭᠠᠷᠳᠠᠪᠠ᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 21 ᠤ᠋ ᠴᠠᠬᠢᠯᠭᠠᠨ ᠮᠡᠳᠡᠭᠡ)