ᠪᠠᠭᠠᠲᠤᠷ ᠪᠥᠬᠥ ᠤᠯᠤᠰ᠎ᠤᠨ 《ᠬᠠᠮᠤᠭ ᠎ᠤᠨ ᠭᠣᠶᠣ᠌ ᠴᠡᠷᠢᠭ ᠎ᠦᠨ ᠠᠯᠪᠠ᠎ᠠᠴᠠ ᠬᠠᠯᠠᠬᠳᠠᠬᠰᠠᠳ》 ᠵᠢᠡᠷ ᠰᠣᠩᠭᠣᠭᠳᠠᠪᠠ
2026-07-25 11:36:39
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠶᠡᠷᠦᠩᠬᠡᠢ ᠱᠦᠵᠢ ᠰᠢ ᠵᠢᠨ ᠫᠢᠩ᠎ᠦᠨ ᠴᠡᠷᠢᠭ᠎ᠦᠨ ᠠᠯᠪᠠ᠎ᠠᠴᠠ ᠬᠠᠯᠠᠭᠳᠠᠭᠰᠠᠳ᠎ᠤᠨ ᠠᠵᠢᠯ᠎ᠤᠨ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠢᠭᠡᠮ ᠳᠠᠶᠠᠭᠠᠷ᠎ᠲᠤ ᠤᠯᠤᠰ᠎ᠤᠨ ᠪᠠᠲᠤᠯᠠᠨ ᠬᠠᠮᠠᠭᠠᠯᠠᠯᠲᠠ᠎ᠶᠢ ᠬᠠᠯᠠᠮᠵᠢᠯᠠᠬᠤ᠂ ᠴᠡᠷᠢᠭ ᠬᠥᠮᠥᠨ᠎ᠦ ᠲᠤᠬᠠᠢᠯᠠᠭᠰᠠᠨ ᠠᠵᠢᠯ ᠎ᠢ ᠬᠦᠨᠳᠦᠳᠬᠡᠬᠦ᠂ ᠴᠡᠷᠢᠭ ᠎ᠦᠨ ᠠᠯᠪᠠ᠎ᠠᠴᠠ ᠬᠠᠯᠠᠭᠳᠠᠭᠰᠠᠳ᠎ᠢ ᠬᠦᠨᠳᠦᠳᠬᠡᠬᠦ ᠭᠦᠨ ᠵᠤᠵᠠᠭᠠᠨ ᠠᠭᠤᠷ ᠠᠮᠢᠰᠬᠤᠯ ᠎ᠢ ᠪᠣᠶ ᠪᠣᠯᠭᠠᠬᠤ᠎ᠶᠢᠨ ᠳᠤᠰᠠᠳᠠ ᠂ 7 ᠰᠠᠷ᠎ᠠ᠎ᠶᠢᠨ 22 ᠤ᠋ᠨ ᠡᠳᠦᠷ᠂ ᠲᠥᠪ ᠎ᠦᠨ ᠤᠬᠠᠭᠤᠯᠬᠤ ᠬᠡᠯᠲᠡᠰ᠂ ᠴᠡᠷᠢᠭ᠎ᠦᠨ ᠠᠯᠪᠠ᠎ᠠᠴᠠ ᠬᠠᠯᠠᠭᠳᠠᠭᠰᠠᠳ ᠎ᠤᠨ ᠶᠠᠪᠤᠳᠠᠯ᠎ᠤᠨ ᠶᠠᠮᠤᠨ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠤᠯᠤᠰ ᠲᠥᠷᠥ ᠎ᠶᠢᠨ ᠠᠵᠢᠯ ᠎ᠤᠨ ᠬᠡᠯᠲᠡᠰ᠎ᠡᠴᠡ ᠪᠦᠬᠦ ᠨᠡᠢᠭᠡᠮ ᠳ᠋ᠤ 《ᠬᠠᠮᠤᠭ᠎ᠤᠨ ᠭᠣᠶᠣ᠌ ᠴᠡᠷᠢᠭ᠎ᠦᠨ ᠠᠯᠪᠠ᠎ᠠᠴᠠ ᠬᠠᠯᠠᠭᠳᠠᠭᠰᠠᠳ》 ᠢ᠋ ᠨᠡᠢᠲᠡᠯᠡᠪᠡ᠃ ᠬᠦᠬᠡᠬᠣᠲᠠ᠎ᠶᠢᠨ ᠴᠡᠷᠢᠭ ᠤ᠋ᠨ ᠠᠯᠪᠠ᠎ᠡᠴᠡ ᠬᠠᠯᠠᠭᠳᠠᠭᠰᠠᠳ ᠪᠠᠭᠠᠲᠤᠷ ᠢᠷᠠᠭᠤ ᠠᠯᠳᠠᠷᠲᠠᠢ᠎ᠪᠠᠷ ᠰᠣᠩᠭᠣᠭᠳᠠᠵᠤ᠂ ᠪᠥᠬᠥ ᠤᠯᠤᠰ᠎ᠤᠨ 18 《ᠬᠠᠮᠤᠭ᠎ᠤᠨ ᠭᠣᠶᠣ᠌ ᠴᠡᠷᠢᠭ᠎ᠤᠨ ᠠᠯᠪᠠ  ᠡᠴᠨ  ᠬᠠᠯᠠᠭᠳᠠᠭᠰᠠᠳ》 ᠤ᠋ᠨ ᠨᠢᠭᠡ ᠨᠢ  ᠪᠣᠯᠵᠠᠢ᠃

ᠪᠠᠭᠠᠲᠤᠷ᠂ ᠡᠷᠡᠭᠲᠡᠢ᠂ ᠮᠣᠩᠭᠣᠯ ᠦᠨᠳᠦᠰᠦᠲᠡᠨ᠂ ᠲᠦᠩᠯᠢᠶᠣᠣ ᠬᠤᠳᠠ᠎ᠶᠢᠨ ᠬᠥᠮᠥᠨ᠂ 1990 ᠣᠨ᠎ᠤ 8 ᠰᠠᠷ᠎ᠠ᠎ᠳᠤ ᠲᠦᠷᠦᠵᠠᠢ᠃ 2007 ᠣᠨ᠎ᠳᠤ ᠴᠡᠷᠢᠭ᠎ᠲᠦ ᠣᠷᠣᠵᠤ᠂ 2018 ᠣᠨ᠎ᠳᠤ ᠴᠡᠷᠢᠭ᠎ᠤ᠋ᠨ ᠠᠯᠪᠠ ᠡᠴᠡ ᠬᠠᠯᠠᠭᠳᠠᠪᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠃ ᠣᠲᠣ᠌ ᠬᠥᠬᠡᠬᠣᠲᠠ᠎ᠶᠢᠨ ᠢᠦᠢᠴᠢᠤᠸᠠᠨ ᠲᠣᠭᠣᠷᠢᠭ᠋᠎ᠤᠨ ᠡᠮᠦᠨ᠎ᠡ ᠬᠣᠶᠠᠳᠤᠭᠠᠷ ᠲᠣᠭᠣᠷᠢᠯ ᠵᠠᠮ᠎ᠤᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ᠎ᠶᠢᠨ ᠨᠠᠮ᠎ᠤᠨ ᠡᠭᠦᠷ᠎ᠦᠨ ᠳᠡᠳ᠋ ᠱᠦᠵᠢ᠂ ᠥᠷᠲᠡᠭᠡᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠨᠢᠭᠡᠳᠦᠭᠡᠷ ᠳᠡᠰ᠎ᠤᠨ ᠵᠢᠯᠣᠭᠣᠳᠤᠭ᠍ᠴᠢ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠴᠣᠯᠠ ᠲᠠᠢ᠃ 2022 ᠣᠨ᠎ᠳᠤ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠲᠥᠯᠥᠭᠡᠯᠡᠭᠴᠢ᠎ᠪᠡᠷ ᠰᠣᠩᠭᠣᠭᠳᠠᠪᠠ᠃ ᠲᠡᠷᠡ ᠤᠷᠢᠳ ᠬᠣᠵᠢᠳ 《ᠪᠥᠬᠥ ᠤᠯᠤᠰ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ》᠂ 《ᠪᠥᠬᠥ ᠤᠯᠤᠰ᠎ᠤᠨ ᠠᠷᠠᠳ ᠲᠦᠮᠡᠨ᠎ᠳᠦ ᠲᠠᠭᠠᠰᠢᠶᠠᠭᠳᠠᠭᠰᠠᠨ ᠠᠯᠪᠠᠲᠠᠨ》 ᠂ 《 ᠪᠥᠬᠥ ᠤᠯᠤᠰ᠎ᠤᠨ ᠶᠣᠰᠣ᠌ ᠰᠤᠷᠲᠠᠬᠤᠨ᠎ᠤ ᠵᠢᠱ᠌ᠢᠶᠡᠴᠢ》 ᠂ 《 ᠳᠤᠮᠳᠠᠳᠤ ᠤᠯᠤᠰ᠎ᠤᠨ ᠵᠠᠯᠠᠭᠤᠴᠤᠳ᠎ᠤᠨ ᠲᠠᠪᠤᠨ ᠰᠠᠷ᠎ᠠ᠎ᠶᠢᠨ ᠳᠥᠷᠪᠡᠨ᠎ᠦ ᠱᠠᠩᠨᠠᠯ》 ᠂ 《ᠪᠥᠬᠥ ᠤᠯᠤᠰ᠎ᠤᠨ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠢᠰᠲᠧᠮ᠎ᠦᠨ ᠲᠡᠷᠢᠭᠦᠨ᠎ᠦ ᠠᠵᠢᠯᠲᠠᠨ》 ᠵᠡᠷᠭᠡ ᠢᠷᠠᠭᠤ ᠠᠯᠳᠠᠷ᠎ᠢ᠋ ᠭᠥᠷᠳᠡᠪᠡ; ᠬᠤᠪᠢ ᠬᠥᠮᠥᠨ᠎ᠦ ᠬᠣᠶᠠᠳᠤᠭᠠᠷ ᠳᠡᠰ᠎ᠤᠨ ᠭᠠᠪᠢᠶ᠎ᠠ ᠵᠢ 2 ᠤᠳᠠᠭ᠎ᠠ᠂ ᠭᠤᠷᠪᠠᠳᠤᠭᠠᠷ ᠳᠡᠰ᠎ᠤᠨ ᠭᠠᠪᠢᠶ᠎ᠠ  ᠵᠢ  2 ᠤᠳᠠᠭ᠎ᠠ ᠪᠠᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号