ᠤᠢᠷ᠎ᠠ ᠵᠢᠨ ᠵᠢᠯ ᠡᠴᠡ ᠤᠯᠠᠭᠠᠨᠴᠠᠪ ᠬᠤᠳᠠ ᠵᠢᠨ ᠵᠢᠨᠢᠡᠭ ᠲᠤᠭᠤᠷᠢᠭ ᠠᠳᠠᠯ ᠠᠬᠤᠢ ᠵᠢᠨ ᠤᠢᠯᠡᠴᠢᠯᠡᠭᠡᠨ ᠤ᠋ ᠶᠠᠰᠤ ᠴᠢᠨᠠᠷ ᠢ᠋ ᠲᠡᠭᠡᠭᠰᠢᠯᠡᠭᠦᠯᠬᠦ ᠠᠵᠢᠯᠯᠠᠭ᠎ᠠ ᠵᠢ ᠦᠷᠭᠦᠯᠵᠢᠯᠡᠨ ᠦᠷᠨᠢᠭᠦᠯᠵᠤ᠂ ᠠᠳᠠᠯ ᠠᠬᠤᠢ ᠵᠢᠨ ᠨᠠᠷᠢᠯᠢᠭ ᠦᠢᠯᠡᠴᠢᠯᠡᠭᠡ ᠪᠡᠷ ᠦᠨᠳᠤᠰᠤᠨ ᠱᠠᠲᠤᠨ ᠤ᠋ ᠵᠠᠰᠠᠯᠲᠠ ᠵᠢᠨ ᠲᠤᠤᠷ ᠢ᠋ ᠨᠢᠭᠲᠠ ᠰᠦᠯᠵᠢᠵᠤ᠂ ᠤᠯᠠᠨ ᠲᠦᠮᠡᠨ ᠳ᠋ᠤ ᠨᠠᠡᠭ ᠲᠠᠭᠠᠯᠠᠮᠵᠢᠲᠠᠢ᠂ ᠨᠡᠡᠭ ᠵᠤᠯ ᠵᠢᠷᠭᠠᠯ ᠲᠠᠢ ᠤᠷᠴᠢᠨ ᠲᠤᠭᠤᠷᠢᠨ ᠢ᠋ ᠪᠦᠷᠢᠯᠳᠦᠭᠦᠯᠤᠨ ᠦᠭᠴᠤ ᠪᠤᠢ᠃
ᠪᠤᠴᠠᠭᠠᠨ ᠨᠡᠭᠦᠯᠭᠡᠭᠰᠡᠨ ᠰᠠᠭᠤᠭᠠᠯᠢ ᠠᠷᠠᠳ ᠤ᠋ᠨ ᠲᠤᠭᠤᠷᠢᠭ ᠤ᠋ᠨ ᠲᠤᠨᠤᠭ ᠲᠦᠭᠦᠭᠡᠷᠤᠮᠵᠢ ᠨᠢ ᠬᠠᠭᠤᠴᠢᠷᠠᠵᠤ᠂ ᠤᠯᠠᠨ ᠵᠤᠢᠯ ᠤ᠋ᠨ ᠠᠰᠠᠭᠤᠳᠠᠯ ᠰᠤᠯᠪᠢᠴᠡᠨ ᠤᠷᠤᠰᠢᠵᠤ᠂ ᠵᠠᠰᠠᠯᠲᠠ ᠬᠢᠬᠦ ᠳ᠋ᠤ ᠴᠤ᠌ ᠮᠠᠰᠢ ᠲᠦᠪᠡᠭᠲᠠᠢ ᠪᠠᠢᠪᠡ᠃ ᠵᠢᠨᠢᠡᠭ ᠲᠤᠭᠤᠷᠢᠭ ᠤ᠋ᠨ ᠱᠸᠡᠭ ᠱᠢ ᠰᠢᠨ ᠴᠸᠡᠭ ᠰᠠᠭᠤᠭᠠᠯᠢ ᠠᠷᠠᠳ ᠤ᠋ᠨ ᠲᠤᠭᠤᠷᠢᠭ ᠨᠢ ᠶᠠᠭ ᠡᠢᠮᠤᠷᠬᠦᠤ ᠪᠠᠢᠳᠠᠯ ᠲᠠᠢ᠂ ᠬᠤᠭ ᠨᠤᠪᠰᠢ ᠪᠠᠨ ᠡᠷᠤᠢ ᠬᠤᠷᠤᠢ ᠦᠭᠡᠢ ᠤᠪᠤᠭᠠᠯᠠᠵᠤ᠂ ᠲᠤᠨᠤᠭ ᠲᠦᠭᠦᠭᠡᠷᠤᠮᠵᠢ ᠨᠢ ᠡᠪᠳᠡᠭᠳᠡᠨ᠂ ᠠᠳᠠᠯ ᠠᠬᠤᠢ ᠵᠢᠨ ᠤᠢᠯᠡᠴᠢᠯᠡᠭᠡ ᠤᠷᠳᠤ ᠬᠤᠭᠤᠴᠠᠭ᠎ᠠ ᠪᠡᠷ ᠲᠤᠳᠠᠭᠳᠠᠵᠤ᠂ ᠬᠦᠷᠰᠢ ᠵᠡᠷᠭᠡᠯᠡᠳᠡᠭᠡ ᠵᠢᠨ ᠵᠠᠭᠤᠷᠠᠯᠳᠤᠭᠠᠨ ᠲᠠᠰᠤᠷᠠᠯᠳᠠ ᠦᠭᠡᠢ ᠡᠭᠦᠰᠴᠤ ᠪᠠᠢᠯ᠎ᠠ᠃ ᠵᠢᠶᠠ ᠷᠦᠡᠭ ᠦᠢᠯᠡᠴᠢᠯᠡᠭᠡᠨ ᠤ᠋ ᠬᠠᠮᠢᠶᠠᠷᠤᠯᠲᠠ ᠵᠢᠨ ᠪᠦᠯᠦᠭᠯᠡᠯ ᠤ᠋ᠨ ᠬᠢᠵᠠᠭᠠᠷᠳᠤ ᠺᠤᠮᠫᠠᠨᠢ ᠱᠸᠡᠭ ᠱᠢ ᠰᠢᠨ ᠴᠸᠡᠭ ᠰᠠᠭᠤᠭᠠᠯᠢ ᠠᠷᠠᠳ ᠤ᠋ᠨ ᠲᠤᠭᠤᠷᠢᠭ ᠲᠤ᠌ ᠢᠷᠡᠵᠤ ᠤᠢᠯᠡᠴᠢᠯᠡᠭᠰᠡᠨ ᠤ᠋ ᠲᠠᠷᠠᠭ᠎ᠠ︽ᠰᠤᠢᠳᠭᠡᠯ ᠬᠤᠷᠢᠶᠠᠬᠤ ᠵᠢ ᠬᠦᠡᠭᠭᠡᠪᠴᠢᠯᠡᠬᠦ᠂ ᠤᠢᠯᠡᠴᠢᠯᠡᠭᠡ ᠵᠢ ᠴᠢᠬᠤᠯᠠᠴᠢᠯᠠᠬᠤ︾ᠤᠢᠯᠠᠭᠠᠭᠳᠠᠬᠤᠨ ᠢ᠋ ᠪᠠᠷᠢᠮᠳᠠᠯᠠᠵᠤ᠂ ᠦᠡᠭᠭᠡᠷᠡᠭᠰᠡᠨ ᠤ᠋ ᠦᠯᠡᠳᠡᠭᠳᠡᠯ ᠠᠰᠠᠭᠤᠳᠠᠯ ᠳ᠋ᠤ ᠴᠢᠭᠯᠡᠭᠦᠯᠦᠨ ᠪᠤᠳᠠᠲᠠᠢ ᠵᠠᠰᠠᠯᠲᠠ ᠬᠢᠪᠡ᠃ ᠰᠠᠭᠤᠭᠠᠯᠢ ᠠᠷᠠᠳ ᠤ᠋ᠨ ᠲᠤᠭᠤᠷᠢᠭ ᠤ᠋ᠨ ᠬᠠᠶᠠᠭᠳᠠᠮᠠᠯ ᠪᠤᠳᠠᠰ ᠢ᠋ ᠴᠡᠪᠡᠷᠯᠡᠨ᠂ ᠬᠤᠭᠤᠯᠠᠢ ᠲᠤᠤᠷ ᠢ᠋ ᠨᠡᠪᠲᠡᠷᠡᠭᠦᠯᠦᠨ ᠦᠭᠡᠷᠡᠴᠢᠯᠡᠨ ᠵᠠᠰᠠᠬᠤ᠂ ᠬᠠᠭᠤᠴᠢᠷᠠᠵᠤ ᠡᠪᠳᠡᠷᠡᠭᠰᠡᠨ ᠲᠤᠨᠤᠭ ᠲᠦᠭᠦᠭᠡᠷᠤᠮᠵᠢ ᠵᠢ ᠰᠤᠯᠢᠬᠤ᠂ ᠨᠤᠭᠤᠭᠠᠷᠠᠭᠤᠯᠤᠯᠲᠠ ᠬᠢᠬᠦ᠂ ᠴᠠᠬᠢᠯᠭᠠᠨ ᠬᠦᠳᠡᠯᠭᠡᠭᠦᠷᠳᠤ ᠲᠤᠭᠤᠢ ᠲᠡᠷᠭᠡ ᠵᠤᠭᠰᠤᠭᠠᠬᠤ ᠭᠠᠵᠠᠷ ᠢ᠋ ᠰᠢᠨ᠎ᠠ ᠪᠡᠷ ᠪᠠᠢᠭᠤᠯᠬᠤ ᠵᠡᠷᠭᠡ ᠲᠠᠯ᠎ᠠ ᠪᠡᠷ ᠪᠤᠳᠠᠲᠠᠢ ᠦᠢᠯᠡᠳᠦᠯᠭᠡᠵᠢᠭᠦᠯᠬᠦ ᠵᠢᠨ ᠲᠠᠭᠠᠤ ᠪᠠᠰᠠ ᠰᠠᠨᠠᠭᠠᠴᠢᠯᠠᠭ᠎ᠠ ᠡᠴᠡ ᠪᠠᠨ ᠬᠠᠷᠢᠭᠤᠴᠠᠯᠭ᠎ᠠ ᠡᠭᠦᠷᠭᠡᠯᠡᠵᠤ᠂ ᠰᠠᠭᠤᠭᠠᠯᠢ ᠠᠷᠠᠳ ᠤ᠋ᠨ ᠲᠤᠭᠤᠷᠢᠭ ᠢ᠋ ᠨᠡᠭᠡᠭᠡᠨ ᠭᠦᠭᠵᠢᠭᠦᠯᠦᠭᠰᠡᠨ ᠬᠤᠳᠠᠯᠳᠤᠭᠠᠴᠢᠨᠤ᠋ ︽ᠬᠠᠭᠤᠴᠢᠨ ᠲᠠᠡᠭᠰᠠ︾ ᠵᠢ ᠲᠤᠬᠢᠲᠠᠢ ᠰᠢᠢᠳᠪᠤᠷᠢᠯᠡᠵᠤ᠂ ᠰᠠᠭᠤᠭᠠᠯᠢ ᠠᠷᠠᠳ ᠲᠤ᠌ ᠭᠡᠷ ᠵᠠᠰᠠᠬᠤ ᠪᠠᠲᠤᠯᠠᠭ᠎ᠠ ᠵᠢᠨ ᠮᠦᠡᠭᠬᠦ ᠵᠢ 100 ᠲᠦᠮᠡ ᠰᠢᠬᠠᠮ ᠲᠦᠭᠦᠷᠢᠭ ᠪᠤᠴᠠᠭᠠᠨ ᠦᠭᠴᠠᠢ᠃
ᠵᠢᠶᠠ ᠷᠦᠡᠭ ᠤᠢᠯᠡᠴᠢᠯᠡᠭᠡᠨ ᠤ᠋ ᠬᠠᠮᠢᠶᠠᠷᠤᠯᠲᠠ ᠵᠢᠨ ᠪᠦᠯᠦᠭᠯᠡᠯ ᠤ᠋ᠨ ᠬᠢᠵᠠᠭᠠᠷᠲᠤ ᠺᠤᠮᠫᠠᠨᠢ ᠵᠢᠨ ᠬᠠᠷᠢᠭᠤᠴᠠᠯᠭᠠᠳᠠᠨ ᠯᠦᠸᠸ ᠵᠢᠨ ᠸᠸᠨ᠂ ᠰᠠᠭᠤᠭᠠᠯᠢ ᠠᠷᠠᠳ ᠤ᠋ᠨ ᠲᠤᠭᠤᠷᠢᠭ ᠲᠤ᠌ ᠢᠯᠡ ᠲᠤᠳᠤ ᠵᠠᠰᠠᠯᠳᠠ ᠵᠢᠨ ᠲᠤᠭᠳᠠᠴᠠ ᠵᠢ ᠪᠠᠢᠭᠤᠯᠵᠤ᠂ ᠰᠠᠭᠤᠭᠠᠯᠢ ᠠᠷᠠᠳ ᠤ᠋ᠨ ᠲᠦᠯᠦᠭᠡᠯᠡᠭᠴᠢ᠂ ᠦᠮᠴᠢᠲᠠᠨ ᠤ᠋ ᠵᠦᠪᠯᠡᠯ ᠤ᠋ᠨ ᠬᠡᠰᠢᠬᠦᠳ ᠢ᠋ ᠤᠷᠢᠵᠤ ᠠᠳᠠᠯ ᠠᠬᠤᠢ ᠵᠢᠨ ᠤᠢᠯᠡᠴᠢᠯᠡᠭᠡ ᠳ᠋ᠤ ᠬᠢᠨᠠᠯᠲᠠ ᠲᠠᠯᠪᠢᠭᠤᠯᠵᠤ᠂ ᠲᠤᠭᠳᠠᠮᠠᠯ ᠬᠤᠭᠤᠴᠠᠭ᠎ᠠ ᠲᠠᠢ ᠪᠡᠷ ᠬᠠᠮᠢᠶ᠎ᠠ ᠪᠦᠬᠦᠢ ᠰᠠᠯᠠᠭ᠎ᠠ ᠮᠦᠴᠢᠷ ᠲᠤ᠌ ᠠᠵᠢᠯ ᠤ᠋ᠨ ᠠᠬᠢᠴᠠ ᠪᠠᠨ ᠮᠡᠳᠡᠭᠦᠯᠦᠨ᠂ ᠤᠢᠯᠡᠴᠢᠯᠡᠭᠡ ᠨᠢ ᠵᠢᠷᠤᠮᠵᠢᠯ ᠲᠠᠢ᠂ ᠵᠠᠷᠤᠳᠠᠯ ᠮᠦᠡᠭᠬᠦ ᠨᠢ ᠲᠤᠳᠤᠷᠬᠠᠢ ᠪᠠᠢᠬᠤ ᠵᠢ ᠪᠠᠲᠤᠯᠠᠵᠤ ᠪᠠᠢᠨ᠎ᠠ ᠬᠡᠵᠤ ᠲᠠᠨᠢᠯᠴᠠᠭᠤᠯᠪᠠ᠃
ᠤᠳᠤᠬᠠᠨ ᠳ᠋ᠤ ᠱᠸᠡᠭ ᠱᠢ ᠰᠢᠨ ᠴᠸᠡᠭ ᠰᠠᠭᠤᠭᠠᠯᠢ ᠠᠷᠠᠳ ᠤ᠋ᠨ ᠲᠤᠭᠤᠷᠢᠭ ᠤ᠋ᠨ ᠤᠷᠴᠢᠨ ᠲᠤᠭᠤᠷᠢᠨ ᠨᠢ ᠴᠡᠪᠡᠷ ᠴᠡᠮᠴᠡᠭᠡᠷ᠂ ᠲᠤᠨᠤᠭ ᠲᠦᠭᠦᠭᠡᠷᠤᠮᠵᠢ ᠨᠢ ᠪᠦᠷᠢᠨ ᠲᠡᠭᠦᠯᠳᠡᠷ᠂ ᠦᠢᠯᠡᠴᠢᠯᠡᠭᠡ ᠨᠢ ᠬᠠᠡᠭᠭᠠᠮᠵᠢᠲᠠᠢ ᠪᠠᠢᠵᠤ᠂ ᠰᠠᠭᠤᠭᠠᠯᠢ ᠠᠷᠠᠳ ᠤ᠋ᠨ ᠬᠠᠨᠤᠮᠵᠢ ᠵᠢᠨ ᠲᠦᠷᠦᠭᠳᠡᠯ ᠨᠢ ᠴᠤ᠌ ᠨᠡᠮᠡᠭᠳᠡᠭᠰᠡᠨ ᠪᠠᠢᠨ᠎ᠠ᠃︽ᠰᠠᠭᠤᠭᠠᠯᠢ ᠠᠷᠠᠳ ᠤ᠋ᠨ ᠲᠤᠭᠤᠷᠢᠭ ᠤ᠋ᠨ ᠤᠷᠴᠢᠨ ᠲᠤᠭᠤᠷᠢᠨ ᠡᠳᠤᠷ ᠢᠷᠡᠭᠦᠶ᠎ᠠ ᠰᠠᠢᠵᠢᠷᠠᠵᠤ᠂ ᠰᠤᠢᠳᠭᠡᠯ ᠬᠤᠷᠢᠶᠠᠬᠤ ᠨᠢ ᠴᠤ᠌ ᠤᠤᠯ ᠤ᠋ᠨ ᠬᠢ ᠡᠴᠡ ᠪᠠᠨ ᠵᠦᠢ ᠵᠤᠬᠢᠰᠲᠠᠢ ᠮᠦᠷᠳᠡᠭᠡᠨ ᠤᠴᠢᠷ ᠶᠠᠪᠤᠳᠠᠯᠢ ᠰᠢᠢᠳᠪᠤᠷᠢᠯᠡᠬᠦ ᠦᠷ᠎ᠠ ᠪᠦᠲᠦᠮᠵᠢ ᠨᠢ ᠴᠤ᠌ ᠦᠨᠳᠤᠷ ᠪᠤᠯᠵᠤ᠂ ᠮᠠᠰᠢ ᠲᠠᠭᠠᠯᠠᠮᠵᠢᠲᠠᠢ ᠰᠠᠨᠠᠭᠳᠠᠵᠤ ᠪᠠᠢᠨ᠎ᠠ︾ᠬᠡᠵᠤ ᠰᠠᠭᠤᠭᠠᠯᠢ ᠠᠷᠠᠳ ᠭᠤᠤ ᠵᠢᠶᠠᠨ ᠶᠠᠷᠢᠵᠠᠢ᠃
ᠵᠢᠨᠢᠡᠭ ᠲᠤᠭᠤᠷᠢᠭ ᠬᠠᠭᠤᠴᠢᠠ ᠰᠠᠭᠤᠭᠠᠯᠢ ᠠᠷᠠᠳ ᠤ᠋ᠨ ᠲᠤᠭᠤᠷᠢᠭ ᠤ᠋ᠨ ᠵᠠᠰᠠᠯᠲᠠ ᠵᠢᠨ ᠬᠦᠴᠢᠷ ᠠᠰᠠᠭᠤᠳᠠᠯ ᠢ᠋ ᠰᠢᠢᠳᠪᠤᠷᠢᠯᠡᠬᠦ ᠵᠢᠨ ᠲᠠᠭᠠᠤ ᠪᠠᠰᠠ ᠰᠢᠨ᠎ᠠ ᠪᠡᠷ ᠪᠠᠢᠭᠤᠯᠤᠭᠰᠠᠨ ᠰᠠᠭᠤᠭᠠᠯᠢ ᠠᠷᠠᠳ ᠤ᠋ᠨ ᠲᠤᠭᠤᠷᠢᠭ ᠤ᠋ᠨ ᠠᠳᠠᠯ ᠠᠬᠤᠢ ᠵᠢᠨ ᠤᠢᠯᠡᠴᠢᠯᠡᠭᠡ ᠵᠢ ᠨᠠᠷᠢᠯᠢᠭᠵᠢᠭᠤᠯᠵᠤ᠂ ᠴᠢᠨᠠᠷ ᠰᠠᠢᠲᠠᠢ ᠤᠷᠤᠨ ᠰᠠᠭᠤᠴᠠ ᠬᠢᠭᠡᠳ ᠲᠤᠳᠤᠨᠤ ᠦᠢᠯᠡᠴᠢᠯᠡᠭᠡ ᠪᠡᠷ ᠤᠯᠠᠨ ᠲᠦᠮᠡᠨ ᠤ᠋ ᠵᠢᠷᠭᠠᠯᠳᠤ ᠲᠦᠷᠦᠭᠳᠡᠯ ᠢ᠋ ᠨᠡᠮᠡᠭᠳᠡᠭᠦᠯᠵᠤ ᠪᠠᠢᠭ᠎ᠠ ᠠᠵᠢ᠃ ᠸᠸᠨ ᠬᠤᠸᠠ ᠰᠢᠤᠸᠠᠢ ᠹᠦ ᠰᠠᠭᠤᠭᠠᠯᠢ ᠠᠷᠠᠳ ᠤ᠋ᠨ ᠲᠤᠭᠤᠷᠢᠭ ᠲᠤ᠌ ᠬᠦᠷᠬᠦ ᠳ᠋ᠤ᠂ ᠱᠦᠸᠸ ᠵᠸᠤ ᠬᠤᠲᠠ ᠵᠢᠨ ᠸᠠᠨ ᠰᠢᠶᠠᠡᠭ ᠯᠸ ᠵᠢᠤᠢ ᠠᠳᠠᠯ ᠠᠬᠤᠢ ᠵᠢᠨ ᠬᠠᠮᠢᠶᠠᠷᠤᠯᠲᠠ ᠵᠢᠨ ᠬᠢᠵᠠᠭᠠᠷᠲᠤ ᠺᠤᠮᠫᠠᠨᠢ ᠵᠢᠨ ᠤᠯᠠᠭᠠᠨᠴᠠᠪ ᠤ᠋ᠨ ᠬᠤᠪᠢᠶᠠᠷᠢ ᠺᠤᠮᠫᠠᠨᠢ ᠡᠴᠡ ᠪᠦᠬᠦ ᠶᠠᠪᠤᠴᠠ ᠳ᠋ᠤ ᠨᠠᠢᠳᠠᠨ ᠬᠠᠮᠢᠶᠠᠷᠤᠭᠤᠯᠤᠭᠰᠠᠨ︽ᠲᠤᠰᠬᠠᠢ ᠬᠠᠮᠢᠶᠠᠷᠤᠭᠴᠢ︾ᠵᠢᠨ ᠤᠢᠯᠡᠴᠢᠯᠡᠭᠡᠨ ᠤ᠋ ᠵᠠᠭᠪᠤᠷ ᠨᠢ ᠬᠦᠮᠦᠰ ᠤ᠋ᠨ ᠠᠡᠭᠬᠠᠷᠤᠯ ᠢ᠋ ᠲᠠᠳᠠᠨ᠎ᠠ᠃ ᠰᠠᠭᠤᠭᠠᠯᠢ ᠠᠷᠠᠳ ᠤ᠋ᠨ ᠲᠤᠭᠤᠷᠢᠭ ᠲᠤ᠌ ᠲᠦᠷᠦᠯ ᠵᠤᠢᠯ᠂ ᠢᠨᠵᠸᠨ᠋ᠸᠷᠢᠡᠭ᠂ ᠠᠳᠠᠯ ᠠᠬᠤᠢ᠂ ᠭᠠᠵᠠᠷ ᠬᠦᠷᠦᠡᠭᠭᠡ᠂ ᠲᠤᠰᠬᠠᠢ ᠬᠠᠮᠢᠶᠠᠷᠤᠭᠴᠢ ᠵᠡᠷᠬᠡ ᠲᠠᠪᠤᠨ ᠲᠠᠯ᠎ᠠ ᠪᠡᠷ ᠬᠤᠯᠪᠤᠭᠠᠯᠠᠨ ᠬᠦᠳᠡᠯᠤᠯᠴᠡᠵᠤ᠂ ᠲᠤᠰᠬᠠᠢ ᠤᠢᠯᠡᠴᠢᠯᠡᠭᠡᠨ ᠤ᠋ ᠪᠦᠯᠬᠦᠮ ᠨᠡᠢᠲᠡ ᠵᠢ ᠵᠤᠬᠢᠶᠠᠨ ᠪᠠᠢᠭᠤᠯᠵᠤ᠂ ᠦᠮᠴᠢᠲᠡᠨ ᠤ᠋ ᠬᠦᠰᠡᠯ ᠱᠠᠭᠠᠷᠳᠠᠯᠭ᠎ᠠ ᠵᠢ ᠨᠡᠢᠳᠡᠮ ᠠᠡᠭᠬᠠᠷᠴᠤ᠂ ᠠᠰᠠᠭᠤᠨ ᠯᠡᠪᠯᠠᠬᠤ᠂ ᠮᠡᠳᠡᠭᠦᠯᠦᠨ ᠲᠤᠰᠬᠠᠬᠤ ᠡᠴᠡ ᠵᠠᠭᠠᠯᠳᠤᠯᠭ᠎ᠠ ᠬᠢᠬᠦ ᠬᠦᠷᠳᠡᠯ᠎ᠠ ᠪᠢᠳᠡᠭᠦᠮᠵᠢᠯᠡᠭᠰᠨᠨ ᠬᠠᠮᠢᠶᠠᠷᠤᠯᠲᠠ ᠵᠢ ᠪᠡᠶᠡᠯᠡᠭᠦᠯᠵᠤ᠂ ᠠᠮᠢᠳᠤᠷᠠᠯ ᠲᠤᠮᠳᠠᠬᠢ ︽ᠪᠤᠬᠢᠨᠢᠳᠦᠯ︾ᠢ᠋ ᠦᠨᠳᠤᠷ ᠪᠦᠲᠦᠮᠵᠢᠲᠠᠢ ᠰᠢᠢᠳᠪᠤᠷᠢᠯᠡᠵᠤ ᠪᠤᠢ᠃
ᠡᠬᠦᠨ ᠤ᠋ ᠬᠠᠮᠲᠤ ᠲᠤᠰ ᠠᠳᠠᠯ ᠠᠬᠤᠢ ᠵᠢᠨ ᠺᠤᠮᠫᠠᠨᠢ ᠪᠠᠰᠠ ᠰᠠᠭᠤᠭᠠᠯᠢ ᠠᠷᠠᠳ ᠤ᠋ᠨ ᠠᠮᠢᠳᠤᠷᠠᠯ ᠤ᠋ᠨ ᠵᠢᠵᠢᠭ ᠰᠠᠵᠢᠭ ᠵᠤᠢᠯᠠᠰ ᠲᠤ᠌ ᠠᠡᠭᠬᠠᠷᠤᠯ ᠵᠢᠡᠨ ᠲᠦᠪᠯᠡᠷᠡᠭᠦᠯᠵᠤ᠂ ᠲᠦᠷᠭᠡᠨ ᠭᠦᠷᠭᠡᠯᠲᠡ ᠵᠢ ᠨᠢ ᠤᠷᠤᠯᠠᠨ ᠬᠤᠷᠢᠶᠠᠬᠤ᠂ ᠪᠤᠷᠤᠭᠠᠨ ᠴᠠᠰᠤ ᠲᠠᠢ ᠡᠳᠤᠷ ᠬᠠᠪᠰᠤᠷᠬᠤ ᠵᠡᠷᠭᠡ ᠤᠢᠯᠠᠴᠢᠯᠡᠭᠡ ᠬᠠᠡᠭᠭᠠᠬᠤ ᠮᠦᠷᠳᠡᠭᠡᠨ ᠨᠠᠰᠤᠲᠠᠢᠴᠤᠳ᠂ ᠵᠠᠮᠳᠡᠭᠴᠤᠤᠨ ᠵᠡᠷᠭᠡ ᠬᠦᠮᠦᠰ ᠲᠤ᠌ ᠴᠢᠭᠯᠡᠭᠦᠯᠦᠨ ᠵᠠᠷᠤᠳᠠᠯ ᠢ᠋ ᠨᠢ ᠤᠷᠤᠯᠠᠨ ᠲᠤᠰᠢᠶᠠᠬᠤ᠂ ᠡᠷᠡᠭᠦᠯ ᠮᠡᠨᠳᠤ ᠵᠢᠨ ᠲᠠᠯ᠎ᠠ ᠪᠡᠷ ᠬᠠᠪᠰᠤᠷᠤᠨ ᠲᠡᠳᠬᠦᠬᠦ ᠵᠡᠷᠭᠡ ᠰᠠᠳᠬᠢᠯ ᠲᠤᠯᠠᠭᠠᠴᠠᠭᠤᠯᠬᠤ ᠤᠢᠯᠠᠴᠢᠯᠡᠭᠡ ᠬᠠᠡᠭᠭᠠᠵᠤ ᠪᠤᠢ᠃