7 ᠰᠠᠷ᠎ᠠ᠎ᠶᠢᠨ 20 ᠤ᠋ ᠡᠳᠦᠷ᠂ ᠤᠯᠠᠭᠠᠨᠴᠠᠪ᠎ᠤᠨ ᠬᠤᠷᠠᠯ ᠦᠵᠡᠰᠬᠦᠯᠡᠩ᠎ᠦᠨ ᠲᠥᠪ᠎ᠦᠨ ᠵᠡᠭᠦᠨ ᠣᠷᠳᠣᠨ᠎ᠤ ᠬᠡᠷ᠎ᠲᠤ ᠲᠡᠷᠭᠡᠨ᠎ᠦ ᠵᠣᠭᠰᠣᠭᠠᠯ᠎ᠳᠤ ᠪᠡᠭᠡᠵᠢᠩ᠎ᠡᠴᠡ ᠢᠷᠡᠭᠰᠡᠨ ᠵᠢᠭᠤᠯᠴᠢᠯᠠᠭᠴᠢ ᠵᠠᠩ ᠵᠧᠨ ᠺᠦᠶ᠄ 《ᠤᠯᠠᠭᠠᠨᠴᠠᠪ ᠶᠣᠰᠣᠲᠠᠶ ᠰᠠᠢᠬᠠᠨ ᠭᠠᠵᠠᠷ ᠪᠠᠢᠨ᠎ᠠ᠂ ᠬᠥᠬᠡ ᠲᠩᠷᠢ ᠬᠦᠪᠤᠡᠭ ᠴᠠᠭᠠᠨ ᠡᠭᠦᠯᠡ ᠬᠦᠮᠦᠰ ᠤ᠋ᠨ ᠰᠡᠳᠬᠢᠯ ᠢ᠋ ᠠᠭᠤᠵᠢᠷᠠᠭᠤᠯᠵᠤ᠂ ᠰᠠᠷᠠᠭᠤᠯ ᠲᠠᠷᠳᠠᠡᠭ ᠵᠠᠮ ᠨᠢ ᠲᠡᠭᠰᠢ ᠰᠠᠢᠬᠠᠨ ᠵᠤᠷᠠᠢᠭᠠᠳ᠂ ᠴᠡᠯᠡᠭᠡᠷ ᠨᠤᠭᠤᠭᠠᠨ ᠤᠢ ᠮᠤᠳᠤ ᠲᠠᠢ ᠴᠡᠴᠡᠷᠯᠢᠭ ᠤ᠋ᠳ ᠬᠤᠲᠠ ᠵᠢᠨ ᠲᠤᠮᠳᠠ ᠪᠠᠢᠷᠢᠰᠢᠵᠤ᠂ ᠠᠮᠳᠠᠳᠤ ᠢᠳᠡᠭᠡᠨ ᠰᠢᠯᠤᠰᠤ ᠬᠤᠷᠠᠭᠤᠯᠤᠨ᠂ ᠡᠨᠳᠡ ᠢᠷᠡᠪᠡᠯ ᠶᠠᠪᠤᠬᠤ ᠰᠠᠨᠠᠭ᠎ᠠ ᠥᠬᠡᠶ ᠪᠣᠯᠴᠢᠬᠠᠨ᠎ᠠ》ᠭᠡᠵᠦ ᠰᠤᠷᠪᠤᠯᠵᠢᠯᠠᠭᠴᠢ᠎ᠳᠤ ᠰᠡᠳᠬᠢᠯ ᠳᠣᠭᠳᠣᠯᠤᠨ ᠶᠠᠷᠢᠯ᠎ᠠ᠃
ᠵᠠᠩ ᠵᠧᠨ ᠺᠦᠶ᠎ᠶᠢᠨ ᠡᠨᠡ ᠬᠦ᠌ ᠦᠨᠡᠨ ᠰᠡᠳᠬᠢᠯ᠎ᠦᠨ ᠦᠭᠡ᠎ᠨᠢ ᠪᠥᠬᠥ᠌ ᠤᠯᠤᠰ᠎ᠤᠨ ᠡᠯ᠎ᠡ ᠭᠠᠵᠠᠷ᠎ᠠᠴᠠ ᠢᠷᠡᠭᠰᠡᠨ ᠮᠠᠰᠢ ᠣᠯᠠᠨ ᠵᠢᠭᠤᠯᠴᠢᠯᠠᠭᠰᠠᠳ᠎ᠤᠨ ᠲᠥᠷᠥᠭᠳᠡᠯ ᠪᠣᠯᠤᠨ᠎ᠠ᠃
ᠣᠶ᠋ᠢᠷ᠎ᠠ᠎ᠶᠢᠨ ᠵᠢᠯ᠎ᠡᠴᠡ ᠨᠠᠭᠠᠰᠢ᠂ ᠤᠯᠠᠭᠠᠨᠴᠠᠪ ᠬᠣᠲᠠ᠎ᠶᠢᠨ ᠵᠢᠨᠢᠩ ᠲᠣᠭᠣᠷᠢᠭ ᠣᠨᠴᠠᠭᠠᠢ ᠰᠡᠷᠢᠭᠦᠨ ᠠᠭᠤᠷ ᠠᠮᠢᠰᠬᠤᠯ᠂ ᠬᠡᠬᠡᠷᠡᠯᠡᠨ ᠪᠠᠭᠤᠳᠠᠯᠯᠠᠬᠤ ᠵᠢᠭᠤᠯᠴᠢᠯᠠᠯ ᠳ᠋ᠤ ᠬᠠᠨᠳᠤᠭᠤᠯᠤᠭᠰᠠᠨ ᠢᠵᠢ ᠪᠥᠷᠢᠨ ᠲᠤᠨᠤᠭ ᠲᠦᠭᠦᠭᠡᠷᠤᠮᠵᠢ ᠵᠢᠴᠢ ᠳᠥᠷᠪᠡᠨ ᠵᠦᠭ ᠨᠢ᠋ᠮᠠᠨ ᠵᠣᠪᠬᠢᠰᠲᠤ᠌ ᠨᠡᠪᠲᠡᠷᠡᠭᠰᠡᠨ ᠵᠠᠮ ᠬᠠᠷᠢᠯᠴᠠᠭᠠᠨ᠎ᠤ ᠳᠠᠪᠠᠭᠤᠯᠢᠭ᠎ᠲᠠᠭᠠᠨ ᠲᠦᠰᠢᠭᠯᠡᠨ᠂ ᠰᠡᠷᠢᠭᠦᠨ ᠠᠭᠤᠷ ᠠᠮᠢᠰᠬᠤᠯ᠎ᠤᠨ 《ᠬᠦᠢᠲᠡᠨ ᠰᠡᠷᠢᠬᠦᠨ ᠡᠬᠢ ᠪᠠᠶᠠᠯᠢᠭ》 ᠢ᠋ ᠲᠡᠷᠭᠡ ᠵᠢᠯᠣᠭᠣᠳᠤᠨ ᠵᠢᠭᠤᠯᠴᠢᠯᠠᠬᠤ 《ᠬᠠᠯᠠᠮᠰᠢᠯ ᠠᠵᠤ ᠤᠢᠯᠡᠰ》 ᠪᠣᠯᠭᠠᠨ ᠬᠤᠪᠢᠷᠠᠭᠤᠯᠵᠤ᠂ ᠪᠥᠬᠥ᠌ ᠤᠯᠤᠰ᠎ᠤᠨ ᠡᠯ᠎ᠡ ᠭᠠᠵᠠᠷ᠎ᠤᠨ ᠬᠡᠷ᠎ᠲᠤ ᠲᠡᠷᠭᠡᠨ ᠪᠠᠬᠠᠲᠡᠳ ᠤ᠋ᠨ ᠵᠤᠰᠠᠯᠠᠩ᠎ᠤᠨ ᠲᠠᠷᠬᠠᠨ ᠤᠷᠤᠨ ᠪᠣᠯᠵᠠᠢ᠃
ᠳᠡᠯᠭᠡᠷ ᠵᠤᠨ᠎ᠤ ᠭᠣᠣᠯ ᠦᠳᠡ᠎ᠳᠦ᠂ ᠤᠯᠠᠭᠠᠨᠴᠠᠪ᠎ᠤᠨ ᠬᠤᠷᠠᠯ ᠦᠵᠡᠰᠬᠦᠯᠡᠩ᠎ᠦᠨ ᠲᠥᠪ᠎ᠦᠨ ᠵᠡᠭᠦᠨ ᠣᠷᠳᠣᠨ᠎ᠤ ᠭᠡᠷ᠎ᠲᠤ ᠲᠡᠷᠭᠡᠨ ᠤ᠋ ᠵᠤᠭᠰᠤᠭᠠᠯ ᠳ᠋ᠤ 30 ᠭᠠᠷᠤᠢ ᠡᠯ᠎ᠡ ᠵᠦᠢᠯ᠎ᠦᠨ ᠭᠡᠷ᠎ᠲᠤ ᠲᠡᠷᠭᠡ ᠪᠠᠭᠤᠳᠠᠯᠯᠠᠪᠠ᠃ ᠭᠡᠷ᠎ᠲᠤ ᠲᠡᠷᠭᠡᠨ᠎ᠦ ᠬᠠᠵᠠᠭᠤ᠎ᠳᠤ ᠵᠠᠷᠢᠮ ᠵᠢᠭᠤᠯᠴᠢᠯᠠᠭᠰᠡᠳ ᠦᠳᠡ᠎ᠶᠢᠨ ᠬᠣᠭᠣᠯᠠ᠎ᠪᠠᠨ ᠪᠡᠯᠡᠳᠬᠡᠬᠦ᠎ᠳᠤ᠂ ᠵᠠᠷᠢᠮ ᠨᠢ ᠮᠣᠳᠣᠨ ᠰᠡᠭᠦᠳᠡᠷ ᠲᠦ᠍ ᠰᠠᠭᠤᠭᠠᠳ᠂ ᠴᠠᠢ ᠤᠤᠭᠤᠨ ᠰᠡᠷᠢᠭᠦᠴᠡᠨᠠ᠃ ᠪᠠᠰᠠ ᠵᠠᠷᠢᠮ ᠨᠢ ᠰᠠᠶᠢᠬᠠᠨ ᠤᠬᠢᠶᠠᠭᠰᠠᠨ ᠬᠤᠪᠴᠠᠰᠤ᠎ᠪᠠᠨ ᠨᠡᠷᠡᠨ᠎ᠳᠦ ᠡᠭᠡᠭᠡᠵᠦ᠍᠂ ᠲᠠᠭᠠᠲᠠᠢ ᠰᠡᠯᠡᠭᠦᠦ ᠠᠮᠢᠳᠤᠷᠠᠯ᠎ᠢ ᠡᠳ᠋ᠯᠡᠵᠡᠭᠡᠨᠡ᠃
ᠾᠧᠪᠧᠶ᠎ᠶᠢᠨ ᠪᠤᠤᠳ᠋ᠢᠩᠡᠴᠡ ᠢᠷᠡᠭᠰᠡᠨ ᠵᠢᠭᠤᠯᠴᠢᠯᠠᠭᠴᠢ ᠵᠠᠩ ᠯᠦ᠍ ᠮᠢᠩ᠂ ᠮᠠ ᠬᠤᠸᠠ ᠡᠷ᠎ᠡ ᠡᠮ᠎ᠡ ᠬᠣᠶᠠᠭᠤᠯᠠ ᠭᠣᠭᠣᠳ᠂ ᠡᠪᠡᠷ ᠬᠡᠮᠬᠡ ᠵᠡᠷᠭᠡ ᠢᠳᠡᠰᠢᠨ ᠨᠣᠭᠣᠭ᠎ᠠ᠎ᠪᠠᠨ ᠭᠠᠷᠭᠠᠭᠠᠳ᠂ ᠤᠬᠢᠶᠠᠬᠤ᠂ ᠬᠡᠷᠴᠢᠬᠦ᠌᠂ ᠬᠠᠭᠤᠷᠬᠤ ᠠᠵᠢᠯ ᠢ᠋ ᠬᠠᠮᠵᠢᠯᠴᠡᠨ ᠬᠢᠵᠤ᠂ ᠤᠳᠠᠯ ᠦᠭᠡᠢ ᠠᠩᠬᠢᠯᠤᠮ᠎ᠠ ᠰᠠᠶ᠋ᠢᠬᠠᠨ ᠦᠨᠦᠷ ᠲᠠᠢ ᠬᠠᠭᠤᠷᠤᠭᠰᠠᠨ ᠨᠣᠭᠣᠭ᠎ᠠ᠎ᠪᠠᠨ ᠫᠢᠯᠡ ᠳ᠋ᠤ ᠬᠢᠵᠤ ᠬᠣᠭᠣᠯᠠᠨ ᠰᠢᠷᠡᠭᠡᠨ ᠳᠡᠭᠡᠷ᠎ᠡ ᠪᠠᠨ ᠭᠠᠷᠭᠠᠯ᠎ᠠ᠃
ᠮᠠ ᠬᠤᠸᠠ᠄ 《ᠪᠢᠳᠡ ᠨᠢᠳᠤᠨᠤᠨ ᠠᠡᠭᠬ᠎ᠠ ᠤᠳᠠᠭ᠎ᠠ ᠵᠢᠨᠢᠩ ᠲᠣᠭᠣᠷᠢᠭ᠎ᠲᠤ᠌ ᠢᠷᠡᠭᠰᠡᠨ᠂ ᠲᠤᠬᠠᠶ᠎ᠶᠢᠨ ᠦᠶ᠎ᠡ᠎ᠳᠦ ᠬᠡᠷ᠎ᠲᠤ ᠲᠡᠷᠭᠡᠨ ᠤ᠋ ᠬᠡᠭᠡᠷᠡᠯᠡᠨ ᠪᠠᠭᠤᠳᠠᠯᠯᠠᠬᠤ ᠭᠠᠵᠠᠷ᠎ᠤᠨ ᠤᠰᠤ ᠬᠡᠷᠡᠭᠯᠡᠬᠦ᠌ ᠠᠰᠠᠭᠤᠳᠠᠯ ᠤ᠋ᠨ ᠲᠤᠬᠠᠢ ᠪᠢ ᠰᠦᠯᠵᠢᠶᠠᠨ ᠳᠡᠭᠡᠷ᠎ᠡ ᠸᠢᠳᠢᠣ᠋ ᠪᠢᠴᠢᠯᠭᠡ ᠭᠠᠷᠭᠠᠵᠠᠢ᠂ ᠲᠡᠭᠡᠭᠰᠡᠨ ᠴᠢᠨᠢ ᠲᠤᠬᠠᠶ᠎ᠶᠢᠨ ᠭᠠᠵᠠᠷ᠎ᠤᠨ ᠵᠠᠰᠠᠭ᠎ᠤᠨ ᠣᠷᠳᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠢᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠢ᠋ ᠵᠤᠬᠢᠴᠠᠭᠤᠯᠵᠦ᠂ ᠮᠠᠨ᠎ᠦ ᠤᠰᠤ ᠬᠡᠷᠡᠭᠯᠡᠬᠦ᠌ ᠠᠰᠠᠭᠤᠳᠠᠯ᠎ᠢ ᠲᠡᠷᠡ ᠲᠠᠷᠤᠢ᠎ᠳᠤ᠎ᠨᠢ ᠰᠢᠢᠳᠪᠤᠷᠢᠯᠡᠵᠦ ᠦᠭᠭᠦᠭᠰᠡᠨ᠂ ᠡᠬᠦᠨ᠎ᠳᠤ ᠪᠢ ᠮᠠᠰᠢ ᠰᠡᠳᠬᠢᠯ ᠲᠤᠭᠳᠤᠯᠤᠭᠰᠠᠨ ᠰᠢᠦ᠃ ᠡᠨᠡ ᠵᠢᠯ ᠪᠢᠳᠡ ᠡᠨᠳᠡ ᠢᠷᠡᠭᠡᠳ ᠨᠢᠭᠡᠨᠲᠡ ᠬᠠᠭᠠᠰ ᠰᠠᠷ᠎ᠠ ᠰᠠᠭᠤᠴᠢᠬᠠᠵᠠᠢ᠃ ᠪᠢᠳᠡ ᠡᠨᠳᠡᠬᠢ ᠬᠥᠬᠡ ᠲᠩᠷᠢ ᠬᠥᠪᠥᠩ ᠴᠠᠭᠠᠨ ᠡᠭᠦᠯᠡ᠂ ᠦᠬᠡᠷ ᠬᠣᠨᠢᠨ ᠮᠢᠬ᠎ᠠ ᠵᠡᠷᠭᠡ ᠠᠮᠲᠠᠲᠤ᠌ ᠢᠳᠡᠭᠡᠨ ᠳ᠋ᠤ ᠶᠠᠭᠡ ᠲᠤᠷᠠᠲᠠᠢ᠂ ᠭᠡᠷ᠎ᠲᠤ ᠲᠡᠷᠭᠡᠨ ᠤ᠋ ᠬᠡᠭᠡᠷᠡᠯᠡᠨ ᠪᠠᠭᠤᠳᠠᠯᠯᠠᠬᠤ ᠭᠠᠵᠠᠷ᠎ᠤᠨ ᠴᠠᠬᠢᠯᠭᠠᠨ ᠴᠡᠨᠡᠭᠯᠡᠬᠦ᠌ ᠪᠠᠭᠠᠨ᠎ᠠ᠂ ᠤᠰᠤ ᠴᠠᠬᠢᠯᠭᠠᠨ᠎ᠤ ᠲᠥᠬᠥᠭᠡᠷᠦᠮᠵᠢ᠂ ᠨᠡᠶ᠋ᠢᠲᠡ᠎ᠶᠢᠨ ᠵᠣᠷᠯᠣᠩ ᠵᠡᠷᠭᠡ ᠲᠣᠨᠣᠭ ᠲᠥᠬᠥᠭᠡᠷᠦᠮᠵᠢ᠎ᠶᠢ ᠶᠠᠭ ᠠᠯᠬᠤᠮ ᠠᠯᠬᠤᠮ᠎ᠢᠶᠠᠷ ᠲᠡᠭᠦᠯᠳᠡᠷᠵᠢᠭᠦᠯᠵᠦ᠍ ᠪᠤᠢ᠂ ᠬᠠᠮᠢᠶ᠎ᠠ ᠪᠦᠬᠦᠢ ᠰᠠᠯᠠᠭ᠎ᠠ ᠮᠥᠴᠢᠷ᠎ᠡᠴᠡ ᠵᠢᠭᠤᠯᠴᠢᠯᠠᠭᠰᠠᠳ᠎ᠲᠤ᠌ ᠲᠤᠯᠭᠠᠷᠠᠭᠰᠠᠨ ᠠᠰᠠᠭᠤᠳᠠᠯ᠎ᠢ ᠣᠨᠴᠠᠭᠠᠶ ᠴᠢᠬᠤᠯᠠᠴᠢᠯᠠᠵᠤ᠂ ᠪᠠᠶ᠋ᠢᠳᠠᠯ᠎ᠢ ᠣᠶ᠋ᠢᠯᠠᠭᠠᠭᠰᠠᠨᠤ ᠳᠠᠷᠠᠭ᠎ᠠ ᠳᠠᠷᠤᠶ ᠲᠦᠷᠭᠡᠨ ᠰᠢᠢᠳᠪᠤᠷᠢᠯᠡᠵᠤ ᠦᠭᠳᠡᠭ》 ᠬᠡᠪᠠ᠃
ᠱᠠᠨᠳᠦ᠋ᠩ᠎ᠦᠨ ᠶᠠᠨᠲ᠋ᠠᠶᠠᠴᠠ ᠢᠷᠡᠭᠰᠡᠨ ᠴᠢᠦᠶ ᠯᠢᠨ ᠬᠤᠸᠠ ᠤᠳᠠᠭᠠᠨ ᠵᠢᠯ ᠠᠶᠠᠯᠠᠨ ᠵᠢᠭᠤᠯᠴᠢᠯᠠᠵᠤ ᠪᠠᠢᠨ᠎ᠠ᠃ ᠲᠡᠷᠡ ᠬᠡᠳᠦᠨ ᠵᠢᠯ ᠤ᠋ᠨ ᠡᠮᠦᠨ᠎ᠠ ᠵᠢᠨᠢᠩ᠎ᠳᠦ ᠠᠡᠭᠬ᠎ᠠ ᠢᠷᠡᠭᠰᠡᠨ᠎ᠡᠴᠡ ᠨᠠᠭᠠᠰᠢ ᠡᠨᠳᠡᠬᠢ ᠰᠡᠷᠢᠭᠦᠨ ᠲᠠᠭᠠᠯᠠᠮᠵᠢᠲᠠᠶ ᠠᠭᠤᠷ ᠠᠮᠢᠰᠬᠤᠯ᠎ᠳᠤ ᠭᠦᠨ ᠲᠠᠲᠠᠭᠳᠠᠵᠠᠶ᠃ 《ᠵᠢᠯ ᠪᠦᠷᠢ᠎ᠶᠢᠨ ᠵᠤᠨ ᠡᠨᠳᠡ ᠢᠷᠡᠵᠦ᠍ ᠵᠢᠭᠤᠯᠴᠢᠯᠠᠬᠤ ᠬᠥᠮᠦᠰ ᠮᠠᠰᠢ ᠤᠯᠠᠨ ᠪᠠᠢᠳᠠᠭ᠂ ᠵᠦᠭᠡᠷ ᠰᠢᠭ ᠪᠠᠭᠤᠳᠠᠯᠯᠠᠬᠤ ᠭᠠᠵᠠᠷ ᠡᠵᠡᠯᠡᠬᠦ᠌᠎ᠶᠢᠨ ᠲᠥᠯᠥᠭᠡ ᠪᠢ ᠡᠨᠡ ᠵᠢᠯ᠎ᠦᠨ 5 ᠰᠠᠷ᠎ᠠ ᠪᠤᠯᠬᠤ ᠲᠠᠢ ᠵᠡᠷᠭᠡ ᠵᠢᠨᠢᠡᠭ ᠲᠤᠭᠤᠷᠢᠭ ᠲᠤ᠌ ᠢᠷᠡᠴᠢᠬᠡᠵᠠᠢ︾ᠭᠡᠵᠦ᠍ ᠰᠤᠷᠪᠤᠯᠵᠢᠯᠠᠭᠴᠢ᠎ᠳᠤ ᠶᠠᠷᠢᠪᠠ᠃
ᠴᠢᠦᠢ ᠯᠢᠨ ᠬᠤᠸᠠ᠎ᠶᠢᠨ ᠰᠡᠳᠬᠢᠯ᠎ᠢ ᠠᠮᠤᠷᠵᠢᠭᠤᠯᠤᠭᠰᠠᠨ ᠨᠢ ᠵᠢᠨᠢᠩ ᠲᠣᠭᠣᠷᠢᠭ᠎ᠤᠨ ᠳᠠᠪᠠᠭᠤᠯᠢᠭ ᠭᠠᠵᠠᠷ ᠵᠦᠢ ᠵᠢᠨ ᠪᠠᠢᠷᠢᠰᠢᠯ ᠪᠤᠯᠤᠨ ᠵᠠᠮ ᠬᠠᠷᠢᠯᠴᠠᠭᠠᠨ ᠤ᠋ ᠨᠦᠭᠦᠴᠡᠯ ᠪᠣᠯᠤᠨ᠎ᠠ᠃ ᠲᠡᠭᠦᠨ᠎ᠦ ᠬᠡᠦᠬᠡᠳ ᠨᠢ ᠪᠡᠭᠡᠵᠢᠩ᠎ᠳᠦ ᠰᠤᠷᠤᠯᠴᠠᠵᠤ ᠪᠠᠢᠳᠠᠭ᠂ ᠠᠮᠠᠷᠠᠯᠲᠠ ᠪᠤᠯᠤᠭᠰᠠᠨ ᠤ᠋ ᠲᠠᠷᠠᠭ᠎ᠠ ᠪᠡᠭᠡᠵᠢᠩ᠎ᠡᠴᠡ ᠲᠦᠷᠭᠡᠨ᠎ᠦ ᠭᠠᠯᠲᠤ᠌ ᠲᠡᠷᠭᠡᠨ᠎ᠳᠦ ᠰᠠᠭᠤᠭᠠᠳ ᠬᠤᠶᠠᠷ ᠴᠠᠭ ᠶᠠᠪᠤᠪᠠᠯ ᠤᠯᠠᠭᠠᠨᠴᠠᠪᠲᠤ᠌ ᠢᠷᠡᠴᠢᠭᠡᠳᠡᠭ᠃ 《ᠬᠡᠦᠬᠡᠳ᠎ᠦᠳ ᠭᠠᠷᠠᠭ᠎ᠤᠨ ᠰᠡᠭᠦᠯᠴᠢ᠎ᠪᠡᠷ ᠢᠷᠡᠵᠦ᠍ ᠪᠤᠯᠤᠨ᠎ᠠ᠂ ᠡᠩ᠎ᠦᠨ ᠴᠠᠭ᠎ᠲᠤ᠌ ᠪᠢᠳᠡ ᠡᠨᠳᠡ ᠲᠠᠪᠠᠳᠠᠢ ᠠᠮᠢᠳᠤᠷᠠᠨ᠎ᠠ᠃ ᠬᠡᠷᠪᠡ ᠭᠡᠷ᠎ᠲᠦ᠍ ᠤᠴᠢᠷ᠎ᠲᠠᠶ ᠪᠣᠯ ᠲᠡᠷᠭᠡ ᠵᠢᠯᠣᠭᠣᠳᠬᠤ ᠪᠤᠶᠤ ᠲᠦᠷᠭᠡᠨ ᠤ᠋ ᠭᠠᠯᠲᠤ᠌ ᠲᠡᠷᠭᠡᠨ᠎ᠳᠤ ᠰᠠᠭᠤᠭᠠᠳ ᠪᠤᠴᠠᠬᠤ᠎ᠳᠤ ᠪᠦᠷ ᠮᠠᠰᠢ ᠳᠥᠭᠥᠮ ᠡ᠃ ᠡᠶ᠋ᠢᠮᠦ ᠶᠠᠪᠤᠵᠤ ᠰᠠᠭᠤᠬᠤ ᠳ᠋ᠤ ᠲᠦᠭᠦᠮ ᠵᠠᠮ ᠬᠠᠷᠢᠯᠴᠠᠭᠠᠨ᠎ᠤ ᠳᠠᠪᠠᠭᠤᠯᠢᠭ ᠲᠠᠢ ᠲᠤᠯᠠ ᠪᠢᠳᠡ ᠵᠢᠨᠢᠩ᠎ᠢ ᠵᠢᠯ ᠪᠦᠷᠢ᠎ᠶᠢᠨ ᠲᠣᠭᠲᠠᠮᠠᠯ ᠬᠡᠷ ᠪᠦᠯᠢ ᠵᠢᠨ ᠵᠢᠡᠨ ᠵᠤᠰᠠᠯᠠᠩ᠎ᠤᠨ ᠭᠠᠵᠠᠷ ᠪᠣᠯᠭᠠᠵᠠᠶ︾ᠬᠡᠵᠤ ᠴᠢᠦᠶ ᠯᠢᠨ ᠬᠤᠸᠠ ᠶᠠᠷᠢᠬᠰᠠᠨ ᠪᠠᠢᠨ᠎ᠠ᠃
ᠥᠷᠭᠡᠨ ᠣᠯᠠᠨ ᠵᠢᠭᠤᠯᠴᠢᠯᠠᠭᠰᠡᠳ᠎ᠤᠨ ᠬᠦᠷᠢᠶᠡᠯᠡᠯ᠎ᠢ ᠣᠯᠤᠶ᠎ᠠ ᠭᠡᠪᠡᠯ᠂ ᠰᠡᠷᠢᠭᠦᠨ ᠠᠭᠤᠷ ᠠᠮᠢᠰᠬᠤᠯ᠂ ᠬᠥᠬᠡ ᠲᠩᠷᠢ ᠬᠦᠪᠦᠡᠭ ᠴᠠᠭᠠᠨ ᠡᠭᠦᠯᠡ ᠵᠡᠷᠭᠡ ᠪᠠᠶ᠋ᠢᠭᠠᠯᠢ᠎ᠶᠢᠨ ᠨᠥᠬᠥᠴᠡᠯ᠎ᠢ ᠪᠦᠷᠢᠯᠳᠦᠭᠦᠯᠬᠦ᠎ᠡᠴᠡ ᠭᠠᠳᠠᠨ᠎ᠠ ᠂ ᠪᠠᠰᠠ ᠲᠤᠬᠠᠶ᠎ᠶᠢᠨ ᠭᠠᠵᠠᠷ᠎ᠤᠨ ᠪᠦᠷᠢᠨ ᠲᠡᠭᠦᠯᠳᠡᠷ ᠣᠯᠠᠨ ᠨᠡᠶ᠋ᠢᠲᠡ᠎ᠶᠢᠨ ᠰᠠᠭᠤᠷᠢ ᠲᠥᠬᠥᠭᠡᠷᠦᠮᠵᠢ ᠪᠠ ᠨᠥᠬᠥᠷᠰᠡᠭ ᠰᠣᠶᠣᠯ ᠢᠷᠭᠡᠨᠰᠢᠯ᠎ᠦᠨ ᠣᠷᠴᠢᠨ ᠲᠣᠭᠣᠷᠢᠨᠪᠠᠢᠬᠤ ᠬᠡᠷᠡᠭᠲᠡᠢ᠃
ᠵᠢᠨᠢᠩ ᠲᠣᠭᠣᠷᠢᠭ᠎ᠤᠨ ᠰᠣᠶᠣᠯ ᠵᠢᠭᠤᠯᠴᠢᠯᠠᠯ ᠪᠡᠶ᠎ᠡ᠎ᠶᠢᠨ ᠲᠠᠮᠢᠷ᠎ᠤᠨ ᠲᠣᠪᠴᠢᠶᠠᠨ᠎ᠤ ᠳᠡᠳ᠋ ᠳᠠᠷᠤᠭ᠎ᠠ ᠭᠦᠸᠧ ᠬᠤᠸᠠ ᠹᠧᠩ᠄ 《ᠮᠠᠨ᠎ᠤ ᠤᠯᠠᠭᠠᠨᠴᠠᠪ᠎ᠤᠨ ᠠᠭᠤᠷ ᠠᠮᠢᠰᠬᠤᠯ ᠤᠨᠴᠠᠭᠠᠢ ᠰᠡᠷᠢᠭᠦᠨ ᠲᠠᠭᠠᠲᠠᠢ ᠪᠣᠯᠬᠣᠷ ᠤᠢᠷ᠎ᠡ᠎ᠶᠢᠨ ᠬᠣᠶᠠᠷ ᠵᠢᠯ᠎ᠡᠴᠡ ᠡᠬᠢᠯᠡᠨ ᠵᠤᠨ ᠤ᠋ ᠤᠯᠠᠷᠢᠯ᠎ᠳᠤ ᠵᠢᠨᠢᠩ᠎ᠳᠤ ᠢᠷᠡᠭᠦ ᠵᠢᠭᠤᠯᠴᠢᠯᠠᠭᠰᠡᠳ ᠠᠭᠠᠵᠢᠮ᠎ᠢᠶᠠᠷ ᠣᠯᠠᠰᠢᠷᠠᠯ᠎ᠠ᠃ ᠡᠨᠡ ᠬᠦ᠌ ᠪᠠᠶ᠋ᠢᠳᠠᠯ᠎ᠳᠤ ᠴᠢᠭᠯᠡᠭᠦᠯᠦᠨ᠂ ᠵᠢᠨᠢᠩ ᠲᠣᠭᠣᠷᠢᠭ᠎ᠤᠨ ᠵᠠᠰᠠᠭ᠎ᠤᠨ ᠣᠷᠳᠣᠨ ᠵᠢᠯ᠎ᠦᠨ ᠡᠬᠢᠨ᠎ᠡᠴᠡ ᠡᠬᠢᠯᠡᠨ ᠰᠣᠶᠣᠯ ᠵᠢᠭᠤᠯᠴᠢᠯᠠᠯ᠎ᠤᠨ ᠲᠣᠪᠴᠢᠶ᠎ᠠ᠎ᠶᠢ ᠲᠣᠬᠢᠷᠠᠭᠤᠯᠵᠤ᠂ ᠬᠡᠷ᠎ᠲᠤ ᠲᠡᠷᠭᠡᠨ ᠤ᠋ ᠬᠡᠬᠡᠷᠡᠯᠡᠨ ᠪᠠᠭᠤᠳᠠᠯᠯᠠᠬᠤ ᠭᠠᠵᠠᠷ ᠤ᠋ᠨ ᠤᠢᠯᠡᠴᠢᠯᠡᠭᠡᠨᠦ ᠶᠠᠰᠤ ᠴᠢᠨᠠᠷ᠂ ᠰᠠᠭᠤᠷᠢ ᠲᠥᠬᠥᠭᠡᠷᠦᠮᠵᠢ᠎ᠶᠢᠨ ᠪᠠᠶ᠋ᠢᠳᠠᠯ᠎ᠢ ᠣᠶ᠋ᠢᠯᠠᠭᠠᠵᠤ᠂ ᠰᠠᠭᠤᠷᠢ ᠲᠥᠬᠥᠭᠡᠷᠦᠮᠵᠢ᠎ᠶᠢ ᠲᠦᠷᠭᠡᠨ ᠲᠡᠭᠦᠯᠳᠡᠷᠵᠢᠭᠦᠯᠵᠦ᠍᠂ ᠤᠰᠤ ᠲᠤᠰᠬᠤ ᠴᠤᠷᠭᠤ᠂ ᠪᠣᠬᠢᠷ ᠤᠰᠤ ᠴᠤᠭᠯᠠᠭᠤᠯᠬᠤ ᠴᠥᠭᠥᠷᠥᠮ᠎ᠢ ᠨᠡᠮᠡᠭᠳᠡᠭᠦᠯᠦᠨ᠂ ᠬᠣᠭ ᠨᠣᠪᠰᠢ᠎ᠶᠢᠨ ᠰᠠᠪᠠ᠎ᠶᠢ ᠤᠯᠠᠨ ᠲᠤᠬᠢᠷᠠᠭᠤᠯᠵᠤ᠂ ᠢᠯᠠᠩᠭᠤᠶ᠎ᠠ ᠵᠢᠨᠢᠡᠭ ᠤ᠋ᠨ ᠠᠷᠠᠰᠤᠨ ᠡᠳ᠋ᠯᠡᠯ ᠤ᠋ᠨ ᠬᠣᠲᠠ᠎ᠶᠢᠨ ᠬᠡᠷᠳᠤ ᠲᠡᠷᠭᠡᠨ ᠤ᠋ ᠬᠡᠬᠡᠷᠡᠯᠡᠨ ᠪᠠᠭᠤᠳᠠᠯᠯᠠᠬᠤ ᠭᠠᠵᠠᠷ ᠲᠤ᠌ ᠤᠬᠢᠶᠠᠯᠭ᠎ᠠ ᠵᠢᠨ ᠦᠷᠦᠭᠡ᠂ ᠬᠤᠪᠴᠠᠰᠤ ᠤᠬᠢᠶᠠᠬᠤ ᠦᠷᠦᠭᠡ᠂ ᠨᠡᠶ᠋ᠢᠲᠡ᠎ᠶᠢᠨ ᠵᠣᠷᠯᠣᠩ᠎ᠢ ᠨᠢᠭᠡ ᠴᠣᠭᠴᠠᠵᠢᠭᠤᠯᠤᠭᠰᠠᠨ ᠶᠡᠷᠦᠩᠬᠡᠶ᠋ᠢᠯᠡᠭᠰᠡᠨ ᠴᠢᠨᠠᠷᠲᠠᠶ ᠰᠠᠭᠤᠷᠢ ᠲᠥᠬᠥᠭᠡᠷᠦᠮᠵᠢ᠎ᠶᠢ ᠨᠡᠮᠡᠵᠦ᠍ ᠲᠤᠬᠢᠷᠠᠭᠤᠯᠤᠭᠠᠳ᠂ ᠵᠢᠭᠤᠯᠴᠢᠯᠠᠭᠴᠢᠳ᠎ᠤᠨ ᠦᠨᠳᠦᠰᠦᠨ ᠠᠮᠢᠳᠤᠷᠠᠯ᠎ᠤᠨ ᠬᠡᠷᠡᠭᠴᠡᠭᠡ᠎ᠶᠢ ᠪᠠᠲᠤᠯᠠᠵᠤ ᠪᠤᠢ》 ᠭᠡᠵᠤ ᠰᠤᠷᠪᠤᠯᠵᠢᠯᠠᠭᠴᠢ᠎ᠳᠤ ᠲᠠᠨᠢᠯᠴᠠᠭᠤᠯᠵᠠᠢ᠃
ᠰᠤᠷᠪᠤᠯᠵᠢᠯᠠᠭᠴᠢ᠎ᠶᠢᠨ ᠡᠪᠤᠷ ᠲᠡᠮᠳᠡᠭᠯᠡᠯ᠄
7 ᠰᠠᠷ᠎ᠠ᠎ᠶᠢᠨ 20᠎ᠤ᠋ ᠡᠳᠦᠷ᠂ ᠰᠤᠷᠪᠤᠯᠵᠢᠯᠠᠭᠴᠢ ᠵᠢᠨᠢᠩ ᠲᠣᠭᠣᠷᠢᠭ᠎ᠤᠨ ᠭᠡᠷ᠎ᠲᠦ᠍ ᠲᠡᠷᠭᠡᠨ ᠤ᠋ ᠬᠡᠭᠡᠷᠡᠯᠡᠨ ᠪᠠᠭᠤᠳᠠᠯᠯᠠᠬᠤ ᠭᠠᠵᠠᠷ ᠤ᠋ᠳ ᠵᠢᠡᠷ ᠬᠦᠷᠬᠦ᠌᠎ᠳᠦ᠂ ᠲᠠᠪᠳᠠᠢᠬᠠᠨ ᠵᠤᠰᠠᠵᠤ ᠪᠠᠢᠭ᠎ᠠ ᠠᠮᠢᠳᠤᠷᠠᠯ ᠤ᠋ᠨ ᠵᠢᠷᠤᠭ ᠲᠡᠯᠭᠡᠭᠳᠡᠨ᠎ᠠ᠃ ᠡᠯ᠎ᠡ ᠭᠠᠵᠠᠷ᠎ᠤᠨ ᠵᠢᠭᠤᠯᠴᠢᠯᠠᠭᠰᠠᠳ ᠭᠠᠵᠠᠷ ᠰᠣᠩᠭᠣᠨ 《ᠨᠤᠲᠤᠭᠰᠢᠵᠤ》᠂ ᠲᠤᠬᠠᠢ ᠵᠢᠨ ᠭᠠᠵᠠᠷ ᠤ᠋ᠨ ᠰᠢᠯᠢᠳᠡᠭ ᠤᠷᠴᠢᠨ ᠨᠦᠭᠦᠴᠡᠯ ᠢ᠋ ᠡᠷᠡᠬᠡᠢ ᠭᠠᠷᠭᠠᠨ ᠮᠠᠭᠲᠠᠵᠠᠭᠠᠨ᠎ᠠ᠃ ᠵᠢᠨᠢᠩ ᠲᠣᠭᠣᠷᠢᠭ ᠵᠢᠭᠤᠯᠴᠢᠯᠠᠭᠰᠡᠳ᠎ᠢ ᠶᠡᠬᠡ ᠬᠡᠮᠵᠢᠶ᠎ᠡ᠎ᠪᠡᠷ ᠲᠡᠳᠡᠨ ᠠᠪᠴᠢᠷᠠᠵᠤ ᠴᠢᠳᠠᠭᠰᠠᠨ ᠨᠢ ᠡᠨᠳᠡᠬᠢ ᠰᠡᠷᠢᠭᠦᠨ ᠲᠠᠭᠠᠯᠠᠮᠵᠢᠲᠠᠢ ᠠᠭᠤᠷ ᠠᠮᠢᠰᠬᠤᠯ᠂ ᠲᠦᠭᠦᠮ ᠲᠦᠳᠡ ᠵᠠᠮ ᠬᠠᠷᠢᠯᠴᠠᠭ᠎ᠠ ᠵᠡᠷᠭᠡ ᠲᠠᠪᠠᠭᠤᠯᠢᠭ ᠨᠦᠭᠦᠴᠡᠯ ᠳ᠋ᠤ ᠰᠠᠭᠤᠷᠢᠯᠠᠭᠰᠠᠨ ᠵᠢᠡᠷ ᠦᠯᠦ ᠪᠠᠷᠠᠨ᠂ ᠨᠡᠩ ᠴᠤ᠌ ᠲᠤᠬᠠᠢ᠎ᠶᠢᠨ ᠭᠠᠵᠠᠷ᠎ᠤᠨ ᠦᠨᠡᠨᠴᠢ ᠦᠢᠯᠡᠴᠢᠯᠡᠭᠡ ᠡᠴᠡ ᠰᠠᠯᠵᠤ ᠴᠢᠳᠠᠬᠤ ᠦᠭᠡᠢ᠃ ᠵᠢᠭᠤᠯᠴᠢᠯᠠᠨ ᠰᠠᠭᠤᠷᠢᠰᠢᠬᠤ ᠬᠡᠷᠡᠭᠴᠡᠭᠡ᠎ᠳᠤ ᠴᠢᠭᠯᠡᠭᠦᠯᠦᠨ᠂ ᠵᠢᠨᠢᠩ ᠲᠣᠭᠣᠷᠢᠭ 5 ᠪᠠᠷᠢᠮᠵᠢᠶᠠᠵᠢᠭᠰᠠᠨ ᠭᠡᠷ᠎ᠲᠤ ᠲᠡᠷᠭᠡᠨ ᠤ᠋ ᠬᠡᠭᠡᠷᠡᠯᠡᠨ ᠪᠠᠭᠤᠳᠠᠯᠯᠠᠬᠤ ᠭᠠᠵᠠᠷ᠎ᠢ ᠬᠤᠪᠢᠶᠠᠷᠢᠯᠠᠨ ᠲᠣᠭᠲᠠᠭᠠᠵᠤ᠂ ᠤᠰᠤ ᠴᠠᠬᠢᠯᠭᠠᠨ᠂ ᠨᠡᠶ᠋ᠢᠲᠡ᠎ᠶᠢᠨ ᠵᠣᠷᠯᠣᠩ᠂ ᠤᠬᠢᠶᠠᠯᠭ᠎ᠠ᠎ᠶᠢᠨ ᠭᠠᠵᠠᠷ ᠵᠡᠷᠭᠡ ᠵᠢ ᠢᠵᠢ ᠪᠦᠷᠢᠳᠦᠭᠦᠯᠦᠨ ᠲᠣᠬᠢᠷᠠᠭᠤᠯᠵᠤ᠂ ᠵᠢᠭᠤᠯᠴᠢᠯᠠᠭᠰᠡᠳ᠎ᠤᠨ ᠬᠡᠷᠡᠭᠴᠡᠭᠡᠱᠠᠭᠠᠷᠳᠠᠯᠭᠠ ᠶᠢ ᠰᠠᠨᠠᠭᠠᠴᠢᠯᠠᠭ᠎ᠠ᠎ᠠᠴᠠ᠎ᠪᠠᠨ ᠬᠦᠯᠢᠶᠠᠨ ᠰᠢᠢᠳᠪᠤᠷᠢᠯᠡᠵᠤ᠂ ᠬᠡᠭᠡᠷᠡᠯᠡᠨ ᠪᠠᠭᠤᠳᠠᠯᠯᠠᠬᠤ ᠳ᠋ᠤ ᠲᠤᠯᠭᠠᠷᠠᠵᠤ ᠪᠠᠢᠭ᠎ᠠ ᠬᠦᠴᠢᠷ ᠠᠰᠠᠭᠤᠳᠠᠯ᠎ᠢ ᠨᠢ ᠴᠠᠭ ᠲᠤᠬᠠᠢᠳᠤᠨᠢ ᠰᠢ᠌ᠳᠪᠦᠷᠢᠯᠡᠵᠤ ᠪᠤᠢ᠃
ᠡᠨᠳᠡᠬᠢ᠎ᠶᠢᠨ ᠪᠠᠶ᠋ᠢᠭᠠᠯᠢᠯᠢᠭ 《ᠬᠦᠢᠳᠡᠨ ᠰᠡᠷᠢᠭᠦᠨ ᠡᠬᠢ ᠪᠠᠶᠠᠯᠢᠭ》 ᠪᠤᠯᠤᠨ ᠬᠠᠯᠠᠭᠤᠨ ᠳᠤᠲᠤᠨᠤ ᠦᠢᠯᠡᠴᠢᠯᠡᠭᠡ ᠨᠢ ᠡᠨᠡ ᠵᠢᠯ 8000 ᠭᠠᠷᠤᠢ ᠵᠢᠭᠤᠯᠴᠢᠯᠠᠭᠴᠢ ᠵᠢ ᠲᠠᠲᠠᠨ ᠠᠪᠴᠢᠷᠡᠵᠤ᠂ ᠬᠡᠷᠡᠭᠯᠡᠭᠡ᠎ᠶᠢ ᠲᠠᠢᠴᠢᠯᠠᠬᠰᠠᠨ ᠭᠡᠮᠵᠢᠶ᠎ᠡ 500 ᠭᠠᠷᠤᠢ ᠲᠦᠮᠡᠨ ᠲᠥᠭᠥᠷᠢᠭ᠎ᠲᠤ ᠬᠦᠷᠪᠡ᠃ ᠰᠡᠷᠢᠭᠦᠨ ᠲᠠᠭᠠᠲᠠᠢ ᠠᠭᠤᠷ ᠠᠮᠢᠰᠬᠤᠯ ᠪᠠ ᠢᠵᠢ ᠪᠦᠷᠢᠳᠦᠭᠦᠯᠦᠭᠰᠡᠨ ᠤᠯᠠᠨ ᠨᠡᠢᠲᠡ ᠵᠢᠨ ᠰᠠᠭᠤᠷᠢ ᠲᠦᠭᠦᠭᠡᠷᠤᠮᠵᠢ ᠨᠢ ᠵᠢᠨᠢᠩ ᠲᠣᠭᠣᠷᠢᠭ᠎ᠤᠨ ᠠᠷᠠᠳ᠎ᠢ ᠪᠠᠶᠠᠵᠢᠭᠤᠯᠤᠨ ᠬᠤᠳᠠ᠎ᠪᠠᠨ ᠮᠠᠨᠳᠤᠭᠤᠯᠬᠤ ᠬᠠᠯᠠᠮᠰᠢᠯ ᠰᠣᠶᠣᠯ ᠵᠢᠭᠤᠯᠴᠢᠯᠠᠯ᠎ᠤᠨ ᠠᠵᠤ ᠦᠢᠯᠡᠰ ᠪᠤᠯᠵᠤ ᠪᠤᠢ᠃