7 ᠰᠠᠷ᠎ᠠ᠎ᠶᠢᠨ 20᠎ᠤ᠋ ᠡᠳᠦᠷ ᠡᠴᠡ 22 ᠤ᠋ᠨ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠡᠴᠡ ᠵᠢᠯᠣᠭᠣᠳᠴᠤ᠌᠂ ᠪᠤᠭᠤᠲᠤ᠌ ᠬᠤᠳᠠ᠎ᠶᠢᠨ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠡᠴᠡ ᠭᠣᠣᠯᠯᠠᠨ ᠡᠷᠬᠢᠯᠡᠭᠰᠡᠨ《ᠠᠷᠪᠠᠨ ᠵᠢᠷᠭᠤᠳᠤᠭᠠᠷ ᠬᠤᠭᠤᠴᠠᠭᠠᠨ᠎ᠤ ᠲᠠᠮᠢᠷ᠎ᠤᠨ ᠴᠤᠭᠯᠠᠭᠠᠨᠳ᠋ᠦ ᠪᠤᠯᠵᠤᠶ᠎ᠠ·ᠰᠢᠨ᠎ᠡ ᠢᠷᠡᠭᠡᠳᠦᠢ᠎ᠵᠢ ᠬᠠᠮᠳᠤ ᠪᠡᠷ ᠵᠢᠷᠤᠭᠯᠠᠶ᠎ᠠ — ᠪᠤᠭᠤᠲᠤ᠌ ᠬᠤᠳᠠ᠎ᠶᠢᠨ ᠰᠤᠷᠪᠤᠯᠵᠢᠯᠠᠭ᠎ᠠ᠎ᠶᠢᠨ ᠠᠶᠠᠯᠠᠯ》 ᠤ᠋ᠨ ᠠᠵᠢᠯᠯᠠᠭ᠎ᠠ ᠪᠤᠭᠤᠲᠤ᠌ ᠬᠤᠳᠠ᠎ᠳᠤ ᠶᠠᠪᠤᠭᠳᠠᠪᠠ᠃ ᠲᠥᠪ᠎ᠤᠨ᠂ ᠥᠪᠡᠷᠲᠡᠭᠡᠨ ᠵᠠᠰᠠᠬᠤ ᠣᠷᠣᠨ᠂ ᠪᠤᠭᠤᠲᠤ᠌ ᠬᠣᠲᠠ᠎ᠶᠢᠨ ᠠᠯᠪᠠᠨ᠎ᠤ ᠵᠠᠭᠤᠴᠢᠯᠠᠭᠤᠷ᠎ᠤᠨ ᠰᠤᠷᠪᠤᠯᠵᠢᠯᠠᠭᠴᠢ ᠪᠤᠭᠤᠳᠤ ᠬᠤᠳᠠ᠎ᠳᠦ ᠴᠤᠭᠯᠠᠷᠠᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ ᠪᠠ ᠳᠣᠯᠣᠳᠤᠭᠠᠷ ᠬᠤᠭᠤᠴᠠᠭᠠᠨ᠎ᠤ ᠵᠡᠮᠳᠡᠭᠴᠦᠳ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ ᠵᠢᠴᠢ ᠣᠨᠴᠠᠭᠠᠶ ᠣᠯᠢᠮᠫᠢᠺ᠎ᠤᠨ ᠴᠤᠭᠯᠠᠭᠠᠨ᠎ᠤ ᠪᠡᠯᠡᠳᠬᠡᠯ ᠠᠵᠢᠯ᠂ ᠬᠣᠲᠠ᠎ᠶᠢᠨ ᠰᠢᠨᠡᠴᠢᠯᠡᠯᠲᠡ᠂ ᠰᠣᠶᠣᠯ ᠪᠡᠶ᠎ᠡ᠎ᠶᠢᠨ ᠲᠠᠮᠢᠷ ᠵᠢᠭᠤᠯᠴᠢᠯᠠᠯ᠎ᠤᠨ ᠠᠭᠤᠰᠤᠯᠴᠠᠯ᠎ᠤᠨ ᠪᠠᠶ᠋ᠢᠳᠠᠯ᠎ᠢ ᠲᠤᠭᠤᠷᠢᠨ ᠰᠤᠷᠪᠤᠯᠵᠢᠯᠠᠵᠤ᠂ ᠪᠤᠭᠤᠳᠤ ᠬᠤᠳᠠ ᠵᠢᠨ ᠬᠦᠭᠵᠢᠯᠳᠡ ᠬᠤᠪᠢᠷᠠᠯᠳᠠ ᠵᠢ ᠪᠦᠬᠦ ᠲᠠᠯ᠎ᠠ ᠪᠡᠷ ᠤᠢᠯᠠᠭᠠᠯ᠎ᠠ᠃
3 ᠡᠳᠦᠷ᠎ᠦᠨ ᠬᠤᠭᠤᠴᠠᠭᠠᠨ᠎ᠳᠤ᠂ ᠰᠤᠷᠪᠤᠯᠵᠢᠯᠠᠬᠤ ᠪᠦᠯᠬᠦᠮ᠎ᠤᠨ ᠬᠢᠨ ᠤᠷᠤᠯᠳᠤᠭᠠᠨ᠎ᠤ ᠲᠠᠯᠠᠪᠤᠷ ᠣᠷᠳᠣᠨ᠂ ᠪᠤᠭᠤᠲᠤ᠎ᠶᠢᠨ ᠪᠤᠯᠤᠳ ᠲᠡᠮᠤᠷ᠎ᠦᠨ ᠪᠦᠯᠦᠭᠯᠡᠯ᠂ ᠤᠮᠠᠷᠠᠲᠤ᠎ᠶᠢᠨ ᠬᠤᠪᠢᠴᠠᠭᠠᠳᠤ ᠬᠢᠵᠠᠭᠠᠷᠲᠤ᠌ ᠺᠣᠮᠫᠠᠨᠢ᠂ ᠪᠤᠭᠤᠲᠤ᠎ᠶᠢᠨ ᠴᠢ ᠱ᠌ᠢ ᠰᠦ᠎ᠶᠢᠨ ᠦᠢᠯᠡᠰ᠎ᠦᠨ ᠬᠢᠵᠠᠭᠠᠷᠲᠤ᠌ ᠺᠣᠮᠫᠠᠨᠢ᠂ ᠭᠣᠣᠯ ᠰᠡᠳᠦᠪᠲᠦ᠍ ᠦᠵᠡᠮᠵᠢ ᠵᠢᠨ ᠵᠡᠭᠡᠯᠢ ᠲᠣᠭᠣᠷᠢᠭ᠂ ᠪᠤᠭᠤᠲᠤ᠌ ᠵᠢᠨ ᠲᠡᠦᠬᠡ ᠰᠣᠶᠣᠯ᠎ᠤᠨ ᠵᠡᠭᠡᠯᠢ ᠲᠣᠭᠣᠷᠢᠭ᠂ ᠰᠢ ᠨᠢᠶᠠᠨ ᠲᠠᠷᠢᠶᠠᠯᠠᠩ᠎ᠤᠨ ᠲᠠᠯᠠᠪᠠᠢ᠂ ᠲᠦᠮᠡᠳ ᠪᠠᠷᠠᠭᠤᠨ ᠬᠣᠰᠢᠭᠤᠨ᠎ᠤ ᠵᠢᠦ ᠹᠸᠩ ᠱᠠᠨ ᠠᠭᠤᠯᠠ᠂ ᠳ᠋ᠠ ᠶᠠᠨ ᠲᠠᠨ ᠰᠣᠶᠣᠯ ᠵᠢᠭᠤᠯᠴᠢᠯᠠᠯ᠎ᠤᠨ ᠲᠦᠷᠦᠯ ᠵᠦᠢᠯ᠂ ᠮᠠᠶ᠋ᠢᠳᠠᠷᠢ ᠵᠤᠤ ᠵᠢᠨ ᠦᠵᠡᠮᠵᠢ᠎ᠶᠢᠨ ᠣᠷᠣᠨ ᠵᠡᠷᠭᠡ ᠴᠡᠭ᠎ᠲᠦ᠍ ᠬᠦᠷᠴᠦ᠍᠂ ᠤᠢ᠌ᠷ᠎ᠠ ᠵᠠᠢ᠎ᠠᠴᠠ ᠪᠤᠭᠤᠲᠤ᠎ᠶᠢᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠬᠠᠲᠠᠭᠤ ᠪᠣᠳᠠᠲᠤ᠌ ᠬᠦᠴᠦᠨ᠂ ᠰᠣᠶᠣᠯ ᠵᠢᠭᠤᠯᠴᠢᠯᠠᠯ᠎ᠤᠨ ᠰᠢᠨ᠎ᠡ ᠳᠦᠷᠰᠦ ᠪᠠᠶ᠋ᠢᠳᠠᠯ᠂ ᠬᠤᠳᠠ᠎ᠶᠢᠨ ᠬᠥᠭᠵᠢᠶᠡᠨ ᠨᠠᠷᠬᠢᠶᠠᠨᠳᠤ ᠪᠠᠢᠳᠠᠯ᠎ᠢ ᠪᠡᠶᠡᠴᠢᠯᠡᠨ ᠣᠶ᠋ᠢᠯᠠᠭᠠᠪᠠ᠃
ᠲᠤᠬᠠᠶ᠎ᠶᠢᠨ ᠭᠠᠵᠠᠷ᠎ᠤᠨ ᠭᠦᠨᠵᠡᠭᠡᠶ ᠰᠤᠷᠪᠤᠯᠵᠢᠯᠠᠭ᠎ᠠ ᠨᠢ ᠵᠠᠭᠤᠴᠢᠯᠠᠭᠤᠷ᠎ᠤᠨ ᠰᠤᠷᠪᠤᠯᠵᠢᠯᠠᠭᠴᠢᠳᠲᠸ᠋ ᠭᠦᠨ ᠰᠠᠭᠤᠭᠳᠠᠯ ᠦᠯᠡᠳᠡᠭᠡᠵᠡᠢ᠃ ᠲᠥᠪ ᠲᠧᠯᠸᠢᠰ᠎ᠦᠨ ᠰᠤᠷᠪᠤᠯᠵᠢᠯᠠᠭᠴᠢ ᠹᠠᠨ ᠶᠤᠸᠠᠨ ᠶᠤᠸᠠᠨ᠄ 《〈ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ〉 ᠤ᠋ ᠡᠬᠢᠨ᠎ᠦ ᠬᠤᠭᠤᠴᠠᠭᠠᠨ᠎ᠤ ᠰᠤᠷᠪᠤᠯᠵᠢᠯᠠᠭ᠎ᠠ᠎ᠶᠢᠨ ᠠᠵᠢᠯᠯᠠᠭ᠎ᠠ᠎ᠳᠤ ᠣᠷᠣᠯᠴᠠᠭᠰᠠᠨ᠎ᠳᠠᠭᠠᠨ ᠮᠠᠰᠢ ᠪᠠᠶᠠᠷᠯᠠᠵᠤ ᠪᠠᠶ᠋ᠢᠨ᠎ᠠ᠃ ᠪᠤᠭᠤᠲᠤ᠌ ᠬᠣᠲᠠ ᠵᠢᠨ ᠬᠢᠨ ᠭᠦᠢᠴᠡᠳ ᠪᠡᠯᠡᠳᠬᠡᠯ ᠬᠢᠵᠦ᠍᠂ ᠡᠮᠦᠨᠡᠬᠢ ᠬᠤᠭᠤᠴᠠᠭᠠᠨ᠎ᠤ ᠤᠷᠤᠯᠳᠤᠭᠠᠨ ᠴᠤ᠌ ᠡᠮᠬᠢ ᠵᠢᠷᠤᠮ᠎ᠲᠠᠶ ᠶᠠᠪᠤᠭᠳᠠᠵᠤ ᠪᠠᠶ᠋ᠢᠬᠤ᠎ᠶᠢ ᠣᠯᠵᠤ ᠬᠠᠷᠠᠯ᠎ᠠ᠃ 〈ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ〉 ᠤ᠋ ᠠᠵᠠ ᠲᠣᠬᠢᠶᠠᠯ᠎ᠢᠶᠠᠷ ᠤᠯᠠᠨ᠎ᠢᠶᠠᠷ᠎ᠢᠶᠠᠨ ᠪᠤᠭᠤᠲᠤ᠎ᠶᠢᠨ ᠰᠣᠶᠣᠯ ᠵᠢᠭᠤᠯᠴᠢᠯᠠᠯ᠂ ᠠᠵᠤ ᠦᠢᠯᠡᠰ᠎ᠤᠨ ᠣᠨᠴᠠᠯᠢᠭ ᠵᠢᠴᠢ ᠪᠤᠭᠤᠲᠤ ᠬᠤᠳᠠ ᠵᠢᠨ ᠬᠥᠭᠵᠢᠯᠲᠡ ᠪᠣᠯᠤᠨ ᠥᠪᠡᠷᠲᠡᠭᠡᠨ ᠵᠠᠰᠠᠬᠤ ᠣᠷᠣᠨ᠎ᠤ ᠬᠤᠪᠢᠷᠠᠯᠲᠠ᠎ᠶᠢ ᠨᠡᠩ ᠪᠦᠬᠦ᠌ ᠲᠠᠯ᠎ᠠ᠎ᠪᠠᠷ ᠣᠯᠵᠤ ᠬᠠᠷᠠᠬᠤ ᠪᠣᠯᠤᠨ᠎ᠠ》 ᠬᠡᠪᠡ᠃ ᠬᠥᠬᠡᠬᠣᠲᠠ᠎ᠶᠢᠨ ᠬᠠᠮ ᠵᠠᠭᠤᠴᠢᠯᠠᠭᠤᠷ᠎ᠤᠨ ᠲᠥᠪ᠎ᠦᠨ ᠰᠤᠷᠪᠤᠯᠵᠢᠯᠠᠭᠴᠢ ᠢᠦᠢ ᠮᠸᠩ ᠶᠤᠸᠠᠨ᠄ 《ᠪᠢ ᠪᠣᠯ ᠪᠤᠭᠤᠲᠤ᠌ ᠵᠢᠨ ᠬᠥᠮᠦᠨ ᠶᠤᠮ᠂ ᠭᠡᠪᠡᠴᠦ᠍ ᠲᠤᠰ ᠤᠳᠠᠭ᠎ᠠ ᠵᠢᠨ ᠰᠤᠷᠪᠤᠯᠵᠢᠯᠠᠭ᠎ᠠ ᠵᠢᠨ ᠴᠡᠭ᠎ᠤᠳ ᠵᠢᠡᠷ ᠠᠩᠬ᠎ᠠ ᠤᠳᠠᠭ᠎ᠠ ᠢᠷᠡᠵᠦ᠍ ᠪᠠᠶ᠋ᠢᠨ᠎ᠠ᠃ ᠤᠮᠠᠷᠠᠲᠤ᠌ ᠵᠢᠨ ᠬᠦᠨᠳᠦ ᠬᠡᠯᠪᠡᠷᠢ᠎ᠶᠢᠨ ᠠᠴᠢᠶᠠᠨ᠎ᠤ ᠮᠠᠰᠢᠨ ᠲᠡᠷᠭᠡ᠎ᠡᠴᠡ ᠭᠤᠶᠤ ᠦᠵᠡᠮᠵᠢᠲᠤ ᠵᠡᠭᠡᠯᠢ ᠭᠤᠳᠤᠮᠵᠢ᠎ᠶᠢᠨ ᠰᠢᠨ᠎ᠡ ᠬᠡᠯᠪᠡᠷᠢ᠎ᠶᠢᠨ ᠡᠵᠡᠩᠨᠡᠯᠲᠡ ᠨᠤᠬᠦᠳ ᠨᠢ ᠨᠠᠳᠠ᠎ᠳᠤ ᠪᠦᠷ ᠰᠢᠨ᠎ᠡ ᠰᠡᠪᠡᠭᠦᠨ ᠲᠦᠷᠦᠭᠳᠡᠯ ᠦᠭᠴᠡᠢ᠃ ᠪᠤᠭᠤᠲᠤ᠌ ᠵᠢᠨ ᠶᠡᠬᠡ ᠵᠡᠭᠡᠯᠢ ᠪᠠᠭ᠎ᠠ ᠭᠤᠳᠤᠮᠵᠢ᠎ᠪᠡᠷ 〈ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ〉 ᠤ᠋ ᠠᠭᠤᠷ ᠠᠮᠢᠰᠬᠤᠯ ᠥᠳᠬᠡᠨ ᠵᠤᠵᠠᠭᠠᠨ ᠪᠤᠢ᠂ ᠡᠨᠡ ᠬᠦ᠌ ᠦᠪᠡᠳᠡᠭᠰᠢ ᠴᠤᠭᠯᠠᠭᠠᠨ᠎ᠢ ᠦᠪᠡᠳᠡᠭᠰᠢ ᠶᠡᠬᠡᠪᠡᠷ ᠡᠷᠬᠢᠯᠡᠬᠦ ᠵᠢ ᠬᠦᠰᠡᠵᠦ᠍ ᠪᠠᠶ᠋ᠢᠨ᠎ᠠ》 ᠭᠡᠪᠡ᠃
ᠪᠡᠶ᠎ᠡ ᠵᠢᠨ ᠲᠠᠮᠢᠷ᠎ᠤᠨ ᠴᠤᠬᠯᠠᠭᠠᠨ᠎ᠤ ᠡᠬᠢᠯᠡᠯᠲᠡ ᠵᠢᠨ ᠶᠤᠰᠤᠯᠠᠯ ᠶᠠᠪᠤᠬᠤ ᠲᠤᠲᠤᠮ ᠣᠶ᠋ᠢᠷᠠᠳᠤᠵᠤ ᠪᠠᠶ᠋ᠢᠨ᠎ᠠ᠂ ᠪᠤᠭᠤᠲᠤ᠌ ᠬᠣᠲᠠ ᠵᠢᠨ ᠬᠢᠨ ᠪᠥᠬᠥ᠌ ᠶᠠᠪᠤᠴᠠ᠎ᠶᠢᠨ ᠰᠣᠷᠢᠯᠲᠠ᠎ᠪᠠᠨ ᠦᠷᠭᠦᠯᠵᠢᠯᠡᠨ ᠨᠠᠷᠢᠯᠢᠭᠵᠢᠭᠤᠯᠵᠤ᠂ ᠪᠡᠶ᠎ᠡ᠎ᠶᠢᠨ ᠲᠠᠮᠢᠷ᠎ᠤᠨ ᠦᠪᠡᠳᠡᠭᠰᠢ ᠴᠤᠭᠯᠠᠭᠠᠨ᠎ᠤ ᠬᠣᠲᠠ᠎ᠶᠢᠨ ᠬᠥᠭᠵᠢᠯᠲᠡ᠎ᠶᠢ ᠳᠠᠶ᠋ᠢᠴᠢᠯᠠᠬᠤ ᠶᠡᠷᠦᠩᠬᠡᠶ᠋ᠢᠯᠡᠭᠰᠡᠨ ᠦᠢᠯᠡᠳᠦᠯ᠎ᠢ ᠴᠢᠨᠠᠭᠰᠢᠳᠠ ᠥᠷᠭᠡᠳᠬᠡᠵᠦ᠍᠂ ᠳᠥᠭᠥᠮ ᠳᠥᠲᠡ᠂ ᠠᠮᠤᠷ ᠲᠦᠪᠰᠢᠨ᠂ ᠭᠣᠶ᠋ᠢᠳᠠ ᠰᠠᠶ᠋ᠢᠬᠠᠨ ᠪᠡᠶ᠎ᠡ᠎ᠶᠢᠨ ᠲᠠᠮᠢᠷ᠎ᠤᠨ ᠦᠪᠡᠳᠡᠭᠰᠢ ᠴᠤᠭᠯᠠᠭᠠᠨ᠎ᠢᠶᠠᠷ ᠦᠨᠳᠦᠰᠦᠲᠡᠨ᠎ᠦ ᠪᠦᠯᠬᠦᠮᠳᠡᠯ᠂ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠬᠤ᠂ ᠬᠣᠲᠠ᠎ᠶᠢᠨ ᠰᠢᠨ᠎ᠡ ᠳᠦᠷᠰᠦ ᠪᠠᠶ᠋ᠢᠳᠠᠯ᠎ᠢ ᠢᠯᠡᠷᠡᠭᠦᠯᠬᠦ᠌ ᠪᠣᠯᠤᠨ᠎ᠠ᠃