《ᠬᠥᠭᠡᠷᠦᠭᠦᠯᠬᠦ ᠡᠮ᠎ᠢ ᠡᠰᠡᠷᠬᠦᠴᠡᠬᠦ ᠬᠣᠣᠷᠲᠤ ᠡᠳ᠋᠎ᠢ ᠴᠠᠭᠠᠵᠠᠯᠠᠬᠤ ᠡᠮ᠎ᠲᠡᠨᠭ ᠎ᠢ ᠳᠤᠷ᠎ᠠ᠎ᠪᠠᠷ ᠦᠯᠦ ᠬᠡᠷᠡᠭᠯᠡᠬᠦ》 ᠤᠬᠠᠭᠤᠯᠭ᠎ᠠ ᠬᠥᠮᠦᠵᠢᠯ ᠶᠠᠪᠤᠭᠳᠠᠵᠠᠢ
2026-07-26 11:40:19
ᠵᠣᠬᠢᠶᠠᠭ᠍ᠴᠢ᠄
​ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠵᠢᠣᠳᠣᠣ᠂ ᠲᠠᠢᠺᠢᠨᠳᠤᠤ᠂ ᠪᠤᠺᠰ᠎ᠤᠨ ᠲᠡᠮᠡᠴᠡᠭᠡᠨ᠎ᠦ ᠲᠥᠷᠥᠯ ᠵᠦᠢᠯ᠎ᠦᠨ ᠤᠷᠤᠯᠳᠤᠭᠠᠨ᠎ᠤ ᠬᠤᠭᠤᠴᠠᠭᠠᠨ᠎ᠳᠤ ᠤᠷᠤᠯᠳᠤᠭᠠᠨ᠎ᠤ ᠠᠷᠢᠭᠤᠨ ᠴᠡᠪᠡᠷ᠎ᠦᠨ ᠬᠤᠷᠢᠭ᠎ᠠ ᠱᠤᠭᠤᠮ᠎ᠢ ᠪᠠᠲᠤ ᠰᠠᠬᠢᠬᠤ᠎ᠶᠢᠨ ᠲᠥᠯᠥᠭᠡ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠡᠷᠦᠭᠦᠯᠬᠦ ᠡᠮ᠎ᠢ ᠡᠰᠡᠷᠭᠦᠴᠡᠬᠦ ᠲᠥᠪ᠎ᠦᠨ ᠬᠢᠨ ᠪᠤᠭᠤᠲᠤ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠬᠣᠣᠷ ᠴᠠᠭᠠᠵᠠᠯᠠᠬᠤ ᠰᠠᠯᠪᠤᠷᠢ ᠠᠩᠭᠢ᠎ᠲᠠᠢ ᠬᠠᠮᠲᠤᠷᠠᠨ᠂ ᠤᠷᠤᠯᠳᠤᠭᠠᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠨ 《ᠬᠥᠭᠡᠷᠦᠭᠦᠯᠬᠦ ᠡᠮ᠎ᠢ ᠡᠰᠡᠷᠬᠦᠴᠡᠬᠦ᠂ ᠬᠣᠣᠷᠲᠤ ᠡᠳ᠋᠎ᠢ ᠴᠠᠭᠠᠵᠠᠯᠠᠬᠤ᠂ ᠡᠮ ᠲᠡᠨᠭ᠎ᠢ ᠳᠤᠷ᠎ᠠ᠎ᠪᠠᠷ ᠦᠯᠦ ᠬᠡᠷᠡᠭᠯᠡᠬᠦ》  ᠭᠣᠣᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ ᠥᠷᠨᠢᠭᠦᠯᠪᠡ᠃

ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠢ᠎ᠳᠤ ᠬᠥᠭᠡᠷᠦᠭᠦᠯᠬᠦ ᠡᠮ᠎ᠢ ᠡᠰᠡᠷᠭᠦᠴᠡᠬᠦ ᠤᠬᠠᠭᠤᠯᠭ᠎ᠠ᠎ᠶᠢᠨ ᠰᠠᠮᠪᠠᠷ᠎ᠠ ᠭᠠᠷᠭᠠᠵᠤ᠂  ᠬᠣᠣᠷᠲᠤ ᠡᠳ᠋᠎ᠦᠨ ᠵᠠᠭᠪᠤᠷ ᠪᠣᠯᠣᠨ ᠪᠠᠢᠩᠭᠤ ᠲᠣᠬᠢᠶᠠᠯᠳᠤᠳᠠᠭ ᠬᠠᠤᠯᠢ ᠴᠠᠭᠠᠵᠠ᠎ᠠᠴᠠ ᠵᠥᠷᠢᠴᠡᠭᠰᠡᠨ ᠡᠮ᠎ᠦᠨ ᠵᠠᠭᠪᠤᠷ᠎ᠢ ᠳᠡᠯᠭᠡᠨ ᠦᠵᠡᠭᠦᠯᠵᠦ᠂   ᠲᠠᠮᠢᠷᠴᠢᠨ᠂ ᠳᠠᠰᠬᠠᠯᠵᠢᠭᠤᠯᠤᠭ᠍ᠴᠢ᠎ᠳᠦ ᠤᠬᠠᠭᠤᠯᠭ᠎ᠠ ᠬᠥᠮᠦᠵᠢᠯ᠎ᠬᠦᠷᠳᠡᠭᠡᠪᠡ᠃

ᠤᠬᠠᠭᠤᠯᠤᠨ ᠲᠠᠢᠯᠪᠤᠷᠢᠯᠠᠯᠳᠠ ᠨᠢ ᠳᠤᠮᠳᠠᠳᠤ᠎ᠶᠢᠨ ᠪᠡᠶ᠎ᠡ᠎ᠶᠢᠨ ᠲᠠᠮᠢᠷ᠎ᠤᠨ ᠵᠣᠷᠢᠭ᠋ ᠰᠠᠨᠠᠭ᠎ᠠ᠎ᠲᠠᠢ ᠨᠢᠭ᠍ᠲᠠ ᠤᠶᠠᠯᠳᠤᠭᠤᠯᠤᠨ᠂ ᠬᠣᠣᠷᠲᠤ ᠡᠳ᠋ ᠪᠣᠯᠣᠨ ᠬᠥᠭᠡᠷᠦᠭᠦᠯᠬᠦ ᠡᠮ᠎ᠦᠨ ᠲᠥᠷᠥᠯ ᠵᠦᠢᠯ ᠵᠢᠴᠢ ᠬᠣᠣᠷ ᠬᠥᠨᠥᠭᠡᠯ᠎ᠢ ᠰᠢᠰᠲᠧᠮ᠎ᠲᠠᠢ ᠲᠠᠢᠯᠪᠤᠷᠢᠯᠠᠵᠤ᠂ ᠮᠢᠨᠴᠦᠭᠦᠷᠡᠭᠦᠯᠬᠦ ᠪᠠ ᠮᠡᠳᠡᠷᠡᠯ᠎ᠦᠨ ᠲᠥᠷᠥᠯ᠎ᠦᠨ ᠡᠮ ᠲᠡᠨᠭ᠎ᠢ ᠳᠤᠷ᠎ᠠ᠎ᠪᠠᠷ᠎ᠢᠶᠠᠨ ᠬᠡᠷᠡᠭᠯᠡᠭᠰᠡᠨ ᠵᠢᠴᠢ ᠬᠥᠭᠡᠷᠦᠭᠦᠯᠬᠦ ᠡᠮ᠎ᠦᠨ ᠲᠤᠬᠠᠢ ᠲᠣᠭᠲᠠᠭᠠᠯ᠎ᠢ ᠵᠥᠷᠢᠴᠡᠭᠰᠡᠨ᠎ᠭᠡᠷᠡᠭ᠎ᠤᠨ ᠲᠦᠭᠰᠢᠭᠦᠷᠢ᠎ᠶᠢ ᠭᠦᠨᠵᠡᠭᠡᠢ ᠵᠠᠳᠠᠯᠤᠭᠰᠠᠨ᠎ᠤ ᠬᠠᠮᠲᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠭᠣᠣᠯᠳᠠᠯᠭ᠎ᠠ᠎ᠲᠠᠢ ᠲᠠᠢᠯᠪᠤᠷᠢᠯᠠᠪᠠ᠃ ᠲᠤᠬᠠᠢ᠎ᠶᠢᠨ ᠲᠠᠯᠠᠪᠤᠷ᠎ᠲᠤ ᠪᠠᠰᠠ ᠱᠠᠩᠨᠠᠯᠳᠤ ᠠᠰᠠᠭᠤᠯᠲᠠ ᠬᠠᠷᠢᠭᠤᠯᠲᠠ ᠮᠡᠳᠦ ᠵᠢᠨ ᠬᠠᠷᠢᠯᠴᠠᠨ ᠦᠢᠯᠡᠳᠦᠯᠴᠡᠬᠦ ᠭᠣᠭᠴᠣᠭ᠎ᠠ ᠭᠠᠷᠭᠠᠵᠤ᠂ ᠬᠣᠣᠷ ᠴᠠᠭᠠᠵᠠᠯᠠᠬᠤ ᠪᠠ ᠬᠥᠭᠡᠷᠦᠭᠦᠯᠬᠦ ᠡᠮ ᠲᠡᠨᠭ ᠎ᠢ ᠡᠰᠡᠷᠭᠦᠴᠡᠬᠦ ᠮᠡᠳᠡᠯᠭᠡ᠎ᠵᠢ ᠴᠢᠨᠠᠭᠰᠢᠳᠠ ᠤᠬᠠᠭᠤᠯᠵᠠᠢ᠃

ᠲᠣᠰ ᠤᠳᠠᠭᠠᠨ᠎ᠤ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ ᠨᠢ ᠬᠥᠭᠡᠷᠦᠭᠦᠯᠬᠦ ᠡᠮ᠎ᠢ ᠡᠰᠡᠷᠭᠦᠴᠡᠬᠦ ᠰᠤᠷᠭᠠᠨ ᠬᠥᠮᠦᠵᠢᠯ ᠬᠢᠭᠡᠳ ᠬᠣᠣᠷ ᠴᠠᠭᠠᠵᠠᠯᠠᠬᠤ ᠤᠬᠠᠭᠤᠯᠭ᠎ᠠ᠎ᠶᠢ ᠦᠨᠡᠨ ᠬᠦ᠌ ᠭᠦᠨᠵᠡᠭᠡᠢ ᠠᠭᠤᠰᠤᠯᠴᠠᠭᠤᠯᠵᠤ᠂ ᠥᠷᠭᠡᠨ ᠣᠯᠠᠨ ᠪᠡᠶ᠎ᠡ᠎ᠶᠢᠨ ᠲᠠᠮᠢᠷ᠎ᠤᠨ ᠠᠵᠢᠯᠲᠠᠨ ᠵᠢᠴᠢ ᠤᠷᠤᠯᠳᠤᠭᠠᠨ᠎ᠳᠤ ᠣᠷᠣᠯᠴᠠᠭᠰᠠᠳ᠎ᠤᠨ ᠬᠥᠭᠡᠷᠦᠭᠦᠯᠬᠦ ᠡᠮ᠎ᠢ ᠲᠡᠪᠴᠢᠬᠦ᠂ ᠡᠷᠡᠰ ᠪᠠᠲᠤ ᠢᠲᠡᠭᠡᠯ ᠵᠣᠷᠢᠭ᠋᠎ᠢᠶᠠᠷ ᠬᠣᠣᠷᠲᠤ ᠡᠳ᠋᠎ᠢ ᠡᠰᠡᠷᠭᠦᠴᠡᠬᠦ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠬᠠᠵᠤ᠂ 《ᠠᠷᠢᠭᠤᠨ ᠴᠡᠪᠡᠷ ᠠᠯᠲᠠᠨ ᠮᠧᠳᠠᠯ ᠣᠯᠬᠤ》 ᠣᠢᠯᠠᠭᠠᠭᠳᠠᠬᠤᠨ᠎ᠢ ᠬᠥᠮᠥᠰ᠎ᠦᠨ ᠰᠡᠳᠬᠢᠯ᠎ᠳᠦ ᠭᠦᠨ ᠬᠠᠳᠠᠩᠰᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号