ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠳᠤ ᠪᠥᠬᠥ ᠬᠦᠴᠦᠨ᠎ᠢᠶᠡᠷ᠎ᠢᠶᠡᠨ ᠪᠡᠯᠡᠳᠬᠡᠵᠦ ᠪᠠᠢᠨ᠎ᠠ᠃ ᠲᠠᠮᠢᠷᠴᠢᠳ᠎ᠤᠨ ᠤᠷᠤᠯᠳᠤᠭᠠᠨ᠎ᠤ ᠬᠢᠷᠢ ᠲᠦᠪᠰᠢᠨ᠎ᠢ ᠪᠠᠲᠤᠳᠬᠠᠨ᠂ ᠤᠷᠤᠯᠳᠤᠭᠠᠨ᠎ᠳᠤ ᠰᠢᠯᠢᠳᠡᠭ ᠬᠢᠷᠢ ᠪᠦᠲᠦᠮᠵᠢ ᠣᠯᠬᠤ᠎ᠶᠢᠨ ᠲᠥᠯᠥᠭᠡ ᠬᠥᠬᠡᠡᠡᠣᠲᠠ᠎ᠶᠢᠨ ᠫᠢᠩᠫᠠᠩ ᠪᠥᠮᠪᠥᠭᠡ᠎ᠶᠢᠨ ᠲᠥᠯᠥᠭᠡᠯᠡᠭᠴᠢᠳ᠎ᠦᠨ ᠠᠩᠭᠢ ᠦᠪᠡᠳᠡᠭᠰᠢ ᠴᠤᠭᠯᠠᠭᠠᠨ᠎ᠤ ᠤᠷᠤᠯᠳᠤᠭᠠᠨ᠎ᠡᠴᠡ ᠡᠮᠦᠨᠡᠬᠢ ᠪᠢᠲᠡᠭᠦᠮᠵᠢᠯᠡᠭᠰᠡᠨ ᠪᠣᠯᠪᠠᠰᠤᠷᠠᠯ ᠲᠦᠷᠦᠭᠦᠬᠡᠨ ᠬᠥᠬᠡᠡᠡᠣᠲᠠ ᠳ᠋ᠤ ᠡᠬᠢᠯᠡᠪᠡ᠃ ᠲᠣᠰ ᠤᠳᠠᠭᠠᠨ᠎ᠤ ᠫᠢᠩᠫᠠᠩ ᠪᠥᠮᠪᠥᠭᠡ᠎ᠶᠢᠨ ᠪᠣᠯᠪᠠᠰᠤᠷᠠᠯ᠎ᠤᠨ ᠬᠤᠭᠤᠴᠠᠭ᠎ᠠ ᠨᠢ ᠬᠣᠶᠠᠷ ᠭᠠᠷᠠᠭ ᠪᠣᠯᠣᠨ᠎ᠠ᠃
ᠲᠣᠰ ᠤᠳᠠᠭᠠᠨ᠎ᠤ ᠤᠷᠤᠯᠳᠤᠭᠠᠨ ᠨᠢ ᠪᠦᠬᠦ ᠤᠷᠤᠨ᠎ᠤ ᠬᠡᠪᠴᠢᠶᠠᠨ᠎ᠳᠡᠬᠢ ᠳᠤᠮᠤ ᠤᠷᠤᠯᠳᠤᠭᠠᠨ ᠪᠤᠯᠬᠤ ᠳᠤᠯᠠ ᠬᠦᠬᠡᠬᠤᠳᠠ ᠵᠢᠨ ᠫᠢᠩᠫᠠᠩ ᠪᠦᠮᠪᠤᠬᠡ ᠵᠢᠨ ᠠᠩᠬᠢ ᠵᠢᠨ ᠬᠢᠨ ᠶᠡᠬᠡ ᠪᠡᠷ ᠬᠦᠨᠳᠤᠳᠬᠡᠨ ᠦᠵᠡᠵᠤ᠂ ᠣᠷᠣᠯᠴᠠᠬᠤ ᠱᠠᠲᠤᠯᠢᠭ ᠡᠩᠨᠡᠭᠡ ᠨᠢ ᠪᠦᠷᠢᠨ ᠲᠡᠭᠦᠯᠳᠡᠷ᠂ ᠬᠠᠮᠤᠷᠬᠤ ᠬᠡᠪᠴᠢᠶ᠎ᠡ ᠨᠢ ᠪᠥᠬᠥ ᠲᠠᠯ᠎ᠠ᠎ᠶᠢᠨ ᠪᠠᠢᠵᠤ᠂ ᠡᠷᠡᠭᠲᠡᠢ ᠡᠮᠡᠭᠲᠡᠢ᠎ᠶᠢᠨ ᠬᠥᠬᠡ ᠳᠤᠭᠤᠢᠯᠠᠩ᠂ ᠬᠥᠬᠡᠭᠴᠢᠨ ᠳᠤᠭᠤᠢᠯᠠᠩ᠂ ᠤᠯᠠᠭᠠᠨ ᠳᠤᠭᠤᠢᠯᠠᠩ ᠵᠡᠷᠭᠡ ᠵᠢᠷᠭᠤᠭᠠᠨ ᠳᠤᠭᠤᠢᠯᠠᠩ ᠭᠠᠷᠭᠠᠵᠤ᠂ 19 ᠵᠦᠢᠯ᠎ᠤᠨ ᠤᠷᠤᠯᠳᠤᠭᠠᠨ ᠳᠦ ᠦᠷᠢᠰᠦᠯᠳᠦᠬᠦ ᠪᠤᠯᠤᠨ᠎ᠠ᠃ ᠪᠣᠯᠪᠠᠰᠤᠷᠠᠯ᠎ᠳᠤ ᠨᠡᠶ᠋ᠢᠲᠡ 40 ᠭᠠᠷᠤᠢ ᠲᠠᠮᠢᠷᠴᠢᠨ᠂ ᠳᠠᠰᠬᠠᠯᠵᠢᠭᠤᠯᠤᠭ᠍ᠴᠢ ᠣᠷᠣᠯᠴᠠᠪᠠ᠂ ᠡᠭᠦᠨ᠎ᠦ ᠳᠣᠲᠣᠷ᠎ᠠ ᠤᠷᠤᠯᠳᠤᠭᠠᠨ᠎ᠳᠤ ᠣᠷᠣᠯᠴᠠᠬᠤ ᠪᠡᠷ ᠪᠠᠢᠭ᠎ᠠ 29 ᠲᠠᠮᠢᠷᠴᠢᠨ ᠨᠢ ᠴᠥᠮ ᠪᠦᠬᠦ ᠬᠣᠲᠠ᠎ᠶᠢᠨ ᠫᠢᠩᠫᠠᠩ ᠪᠥᠮᠪᠥᠭᠡ᠎ᠶᠢᠨ ᠪᠡᠯᠡᠳᠬᠡᠯ ᠴᠢᠳᠠᠪᠤᠷᠢᠲᠠᠨ᠎ᠤ ᠳᠣᠲᠣᠷ᠎ᠠ᠎ᠡᠴᠡ ᠳᠡᠰ ᠳᠡᠰ᠎ᠢᠶᠠᠷ ᠰᠢᠯᠢᠨ ᠰᠢᠯᠭᠠᠷᠠᠭᠤᠯᠤᠭᠰᠠᠨ ᠰᠢᠯᠢᠳᠡᠭ ᠲᠠᠮᠢᠷᠴᠢᠨ ᠪᠤᠯᠤᠨ᠎ᠠ᠃ ᠲᠣᠰ ᠤᠳᠠᠭᠠᠨ᠎ᠤ ᠪᠣᠯᠪᠠᠰᠤᠷᠠᠯ᠎ᠤᠨ ᠪᠥᠬᠥ ᠶᠠᠪᠤᠴᠠ᠎ᠶᠢ ᠤᠷᠤᠯᠳᠤᠭᠠᠨ᠎ᠤ ᠪᠣᠳᠠᠲᠤ ᠪᠠᠢᠳᠠᠯ ᠵᠢᠡᠷ ᠪᠠᠷᠢᠮᠵᠢᠶᠠᠯᠠᠵᠤ᠂ ᠬᠠᠨᠳᠤᠯᠭᠠᠲᠤ ᠴᠢᠨᠠᠷᠲᠠᠢ᠎ᠪᠠᠷ ᠪᠠᠭᠤᠷᠠᠢ ᠲᠠᠯ᠎ᠠ᠎ᠶᠢ ᠨᠢ ᠨᠥᠬᠥᠪᠦᠷᠢᠯᠡᠬᠦ ᠵᠡᠷᠭᠡ ᠪᠣᠯᠪᠠᠰᠤᠷᠠᠯ᠎ᠤᠨ ᠠᠷᠭ᠎ᠠ ᠮᠠᠶᠢᠭ ᠠᠪᠴᠤ᠂ ᠲᠤᠰᠬᠠᠢᠵᠢᠭ᠍ᠰᠠᠨ ᠳᠠᠰᠬᠠᠯᠵᠢᠭᠤᠯᠤᠭ᠍ᠴᠢ᠎ᠶᠢᠨ ᠪᠦᠯᠬᠦᠮ᠎ᠢ ᠵᠣᠬᠢᠶᠠᠨ ᠪᠠᠢᠭᠤᠯᠵᠦ᠂ ᠲᠥᠪᠯᠡᠷᠡᠭᠦᠯᠦᠨ ᠪᠣᠯᠪᠠᠰᠤᠷᠠᠭᠤᠯᠬᠤ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠵᠦ ᠪᠤᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号