《ᠲᠠᠯ᠎ᠠ ᠨᠤᠲᠤᠭ ᠤᠨ ᠰᠣᠶᠣᠯ ᠤᠨ ᠰᠤᠳᠠᠰᠤ·ᠪᠥᠵᠢᠭ᠎ᠦᠨ ᠬᠥᠭ ᠠᠶᠠᠰ ᠲᠤ᠌ ᠠᠭᠤᠰᠤᠯᠴᠠᠨᠠᠮ》 ᠲᠠᠢᠸᠠᠨ ᠬᠣᠭᠣᠯᠠᠢ᠎ᠶᠢᠨ ᠬᠣᠶᠠᠷ ᠬᠦᠪᠡᠬᠡ ᠵᠢᠨ ᠵᠠᠯᠠᠭᠤᠴᠤᠳ ᠪᠠᠭᠠᠴᠤᠳ ᠤᠨ ᠮᠣᠩᠭᠣᠯ ᠪᠥᠵᠢᠭ ᠢ ᠤᠯᠠᠮᠵᠢᠯᠠᠨ ᠵᠠᠯᠭᠠᠮᠵᠢᠯᠠᠬᠤ ᠪᠠ ᠰᠣᠶᠣᠯ᠎ᠤᠨ ᠰᠤᠳᠤᠯᠤᠨ ᠰᠤᠷᠤᠯᠴᠠᠬᠤ ᠰᠤᠯᠢᠯᠴᠠᠭᠠᠨ᠎ᠤ ᠠᠵᠢᠯᠯᠠᠭ᠎ᠠ ᠤᠢᠷ᠎ᠠ ᠳ᠋ᠤ ᠥᠪᠥᠷ ᠮᠣᠩᠭᠣᠯ᠎ᠤᠨ ᠤᠷᠠᠯᠢᠭ᠋᠎ᠤᠨ ᠳᠡᠭᠡᠳᠦ ᠰᠤᠷᠭᠠᠭᠤᠯᠢ᠎ᠳᠤ ᠶᠠᠪᠤᠭᠳᠠᠪᠠ᠃ ᠲᠠᠢᠸᠠᠨ ᠠ᠋ᠴᠠ ᠢᠷᠡᠭᠰᠡᠨ 43 ᠪᠠᠭ᠍ᠰᠢ ᠰᠤᠷᠤᠭ᠍ᠴᠢ ᠲᠤᠰ ᠤᠳᠠᠭᠠᠨ᠎ᠤ ᠠᠵᠢᠯᠯᠠᠭ᠎ᠠ᠎ᠳᠤ ᠣᠷᠣᠯᠴᠠᠵᠠᠢ ᠃
ᠲᠤᠰ ᠤᠳᠠᠭ᠎ᠠ᠎ᠶᠢᠨ ᠰᠤᠳᠤᠯᠤᠨ ᠰᠤᠷᠤᠯᠴᠠᠬᠤ ᠰᠣᠯᠢᠯᠴᠠᠭ᠎ᠠ ᠨᠢ 9 ᠡᠳᠦᠷ ᠶᠠᠪᠤᠭᠳᠠᠵᠤ᠂ ᠲᠤᠰᠬᠠᠢ ᠮᠡᠷᠭᠡᠵᠢᠯ᠎ᠦᠨ ᠵᠢᠭᠠᠨ ᠰᠤᠷᠭᠠᠯᠲᠠ᠂ ᠠᠷᠠᠳ᠎ᠤᠨ ᠵᠠᠩ ᠦᠢᠯᠡ᠎ᠶᠢᠨ ᠤᠢᠯᠠᠭᠠᠯᠳᠠ᠂ ᠦᠷ᠎ᠡ ᠪᠦᠲᠦᠭᠡᠯ᠎ᠦᠨ ᠬᠠᠷᠢᠭᠤ ᠲᠣᠭᠯᠠᠯᠲᠠ ᠵᠡᠷᠭᠡ ᠭᠤᠷᠪᠠᠨ ᠶᠡᠬᠡ ᠣᠨᠴᠠᠯᠢᠭ᠍ᠲᠤ ᠭᠣᠭᠴᠣᠭ᠎ᠠ᠎ᠶᠢ ᠲᠣᠬᠢᠷᠠᠭᠤᠯᠵᠤ᠂ ᠲᠠᠢᠸᠠᠨ ᠬᠣᠭᠣᠯᠠᠢ᠎ᠶᠢᠨ ᠬᠣᠶᠠᠷ ᠬᠦᠪᠡᠬᠡ ᠵᠢᠨ ᠵᠠᠯᠠᠭᠤᠴᠤᠳ᠎ᠤ᠋ᠨ ᠭᠦᠨᠵᠡᠭᠡᠢ ᠰᠣᠯᠢᠯᠴᠠᠭᠠᠨ᠎ᠤ ᠲᠠᠪᠴᠠᠩ᠎ᠢ ᠪᠦᠬᠦ ᠲᠠᠯ᠎ᠠ᠎ᠪᠠᠷ ᠪᠠᠢᠭᠤᠯᠵᠠᠢ᠃ ᠲᠤᠰᠬᠠᠢ ᠮᠡᠷᠭᠡᠵᠢᠯ᠎ᠦᠨ ᠵᠢᠭᠠᠨ ᠰᠤᠷᠭᠠᠯᠲᠠ᠎ᠶᠢᠨ ᠬᠡᠰᠡᠭ᠎ᠲᠦ ᠰᠣᠷᠣᠭ᠍ᠴᠢᠳ᠎ᠦᠨ ᠨᠠᠰᠤᠨ᠎ᠤ ᠪᠠᠢᠳᠠᠯ᠎ᠢ ᠦᠨᠳᠦᠰᠦᠯᠡᠨ ᠭᠤᠷᠪᠠᠨ ᠲᠦᠷᠦᠯ᠎ᠦᠨ ᠮᠣᠩᠭᠣᠯ ᠪᠥᠵᠢᠭ᠎ᠦᠨ ᠲᠤᠰᠬᠠᠢ ᠲᠥᠷᠥᠯ᠎ᠦᠨ ᠵᠢᠭᠠᠨ ᠰᠤᠷᠭᠠᠯᠲᠠ᠎ᠶᠢᠨ ᠠᠩᠭᠢ᠎ᠶᠢ ᠲᠠᠰ ᠬᠤᠪᠢᠶᠠᠨ ᠡᠷᠬᠢᠯᠡᠵᠦ᠂ ᠲᠤᠰᠬᠠᠢ ᠮᠡᠷᠭᠡᠵᠢᠯ᠎ᠦᠨ ᠪᠠᠭ᠍ᠰᠢ᠎ᠠᠴᠠ ᠰᠢᠰᠲᠧᠮ ᠲᠠᠢ ᠬᠢᠴᠢᠶᠡᠯ ᠤᠷᠤᠪᠠ᠃ ᠬᠢᠴᠢᠶᠡᠯ ᠨᠢ ᠤᠯᠠᠮᠵᠢᠯᠠᠯᠲᠤ ᠦᠨᠳᠦᠰᠦᠲᠡᠨ᠎ᠦ ᠪᠥᠵᠢᠭ ᠦᠨ ᠦᠨᠳᠦᠰᠦᠨ ᠪᠡᠶ᠎ᠡ ᠪᠠᠢᠳᠠᠯ᠂ ᠬᠥᠳᠡᠯᠦᠯ᠎ᠦᠨ ᠤᠷ᠎ᠠ ᠮᠡᠷᠭᠡᠵᠢᠯ᠂ ᠠᠢᠵᠠᠮ ᠴᠣᠬᠢᠯᠭ᠎ᠠ ᠶ᠋ᠢᠨ ᠭᠤᠤᠯ ᠴᠦᠮ᠎ᠠ ᠪᠣᠯᠣᠨ ᠳᠤᠮᠳᠠᠳᠤ ᠶ᠋ᠢᠨ ᠭᠠᠵᠠᠷ ᠣᠷᠣᠨ᠎ᠤ ᠣᠯᠠᠨ ᠡᠰᠢᠲᠦ ᠤᠷᠠᠯᠢᠭ᠋᠎ᠤᠨ ᠣᠨᠴᠠᠯᠢᠭ᠋ ᠤᠨ ᠲᠣᠭᠣᠷᠢᠨ ᠳᠤ ᠲᠠᠢᠯᠤᠮᠵᠢ ᠬᠢᠵᠦ᠂ ᠲᠠᠢᠸᠠᠨ᠎ᠤ ᠰᠤᠷᠤᠭ᠍ᠴᠢᠳ᠎ᠤᠨ ᠪᠥᠵᠢᠭ ᠦᠨ ᠰᠠᠭᠤᠷᠢ ᠶ᠋ᠢ ᠪᠠᠲᠤᠳᠬᠠᠨ᠂ ᠮᠣᠩᠭᠣᠯ ᠦᠨᠳᠦᠰᠦᠲᠡᠨ ᠦ ᠪᠥᠵᠢᠭ᠎ᠦᠨ ᠤᠷᠠᠯᠢᠭ᠋ ᠤᠨ ᠣᠬᠢ ᠰᠣᠳᠣ᠌ ᠶ᠋ᠢ ᠲᠦᠷᠭᠡᠨ ᠣᠢᠯᠠᠭᠠᠬᠤ᠎ᠳᠤ ᠬᠦᠴᠦᠨ ᠨᠡᠮᠡᠷᠢᠯᠡᠪᠡ᠃
《ᠥᠩᠭᠡᠷᠡᠭᠰᠡᠨ᠎ᠳᠦ ᠵᠦᠪᠭᠡᠨ ᠤᠬᠤᠷ ᠸᠢᠳᠢᠤ᠋ ᠡᠴᠡ ᠡᠢᠮᠦᠷᠬᠦᠤ ᠤᠯᠠᠮᠵᠢᠯᠠᠯᠲᠤ ᠦᠨᠳᠦᠰᠦᠲᠡᠨ ᠦ ᠪᠥᠵᠢᠭ ᠢ ᠰᠤᠨᠢᠷᠬᠠᠨ ᠦᠵᠡᠵᠦ ᠪᠠᠢᠵᠠᠢ᠂ ᠤᠳᠤ ᠥᠪᠡᠷ᠎ᠦᠨ ᠪᠡᠶ᠎ᠡ᠎ᠪᠡᠷ᠎ᠢᠶᠡᠨ ᠰᠤᠷᠤᠯᠴᠠᠮᠠᠨᠵᠢᠨ ᠰᠠᠶᠢ ᠬᠥᠳᠡᠯᠭᠡᠭᠡᠨ ᠨᠢᠬᠡᠪᠤᠷᠢ ᠳ᠋ᠤᠨᠢ ᠳᠤᠮᠳᠠᠳᠤ᠎ᠶᠢᠨ ᠦᠨᠳᠦᠰᠦᠲᠡᠨ᠎ᠦ ᠥᠪᠡᠷᠮᠢᠴᠡ ᠬᠠᠢᠷ᠎ᠠ ᠰᠡᠳᠬᠢᠯᠭᠡ᠎ᠶᠢᠨ ᠢᠯᠡᠳᠬᠡᠯᠲᠡ ᠬᠠᠳᠠᠭᠠᠯᠠᠭᠳᠠᠵᠤ ᠪᠠᠢᠬᠤ᠎ᠶᠢ ᠮᠡᠳᠡᠵᠡᠢ᠃ ᠪᠠᠭ᠍ᠰᠢ ᠮᠢᠨᠢ ᠬᠦᠯᠢᠴᠡᠩᠭᠦᠢ᠎ᠪᠡᠷ ᠮᠢᠨᠤ ᠬᠦᠳᠡᠯᠤᠯ ᠪᠠᠢᠳᠠᠯ᠎ᠢ ᠵᠠᠯᠠᠷᠠᠭᠤᠯᠵᠤ᠂ ᠦᠪᠦᠷ ᠮᠤᠨᠭᠭᠤᠯ᠎ᠦᠨ ᠰᠤᠷᠤᠭ᠍ᠴᠢᠳ ᠴᠤ᠌ ᠪᠢᠳᠠᠨ ᠳᠠᠢ ᠬᠠᠮᠳᠤ ᠪᠣᠯᠪᠠᠰᠤᠷᠠᠵᠤ᠂ ᠬᠡᠳᠦᠬᠡᠨ ᠡᠳᠦᠷ᠎ᠦᠨ ᠳᠣᠲᠣᠷ᠎ᠠ ᠰᠠᠢᠨ ᠨᠠᠢᠵᠠ ᠪᠤᠯᠤᠯᠴᠠᠵᠠᠢ》 ᠬᠡᠵᠤ 22 ᠨᠠᠰᠤᠲᠠᠢ ᠲᠠᠢᠸᠠᠨ᠎ᠤ ᠰᠤᠷᠤᠬᠴᠢ ᠦᠪᠡᠷ᠎ᠦᠨ ᠤᠯᠤᠯᠳᠠ ᠲᠦᠷᠦᠭᠳᠡᠯ᠎ᠢᠶᠡᠨ ᠬᠤᠪᠢᠶᠠᠯᠴᠠᠨ᠎ᠠ᠃
ᠠᠵᠢᠯᠯᠠᠭ᠎ᠠ᠎ᠶᠢᠨ ᠬᠤᠭᠤᠴᠠᠭᠠᠨ᠎ᠳᠤ᠂ ᠪᠠᠰᠠ ᠲᠠᠢᠸᠠᠨ ᠤ ᠪᠠᠭ᠍ᠰᠢ ᠰᠤᠷᠤᠭ᠍ᠴᠢᠳ᠎ᠢ ᠵᠣᠬᠢᠶᠠᠨ ᠪᠠᠢᠭᠤᠯᠤᠨ ᠲᠠᠯ᠎ᠠ ᠨᠤᠲᠤᠭ ᠮᠠᠯᠵᠢᠬᠤ ᠣᠷᠣᠨ ᠳᠤ ᠬᠦᠨᠵᠡᠭᠡᠢᠷᠡᠬᠦᠯᠦᠨ᠂ ᠥᠪᠥᠷ ᠮᠣᠩᠭᠣᠯ᠎ᠤᠨ ᠥᠨᠢ ᠤᠳᠠᠭᠠᠨ ᠲᠡᠦᠬᠡ ᠰᠣᠶᠣᠯ᠎ᠤᠨ ᠰᠤᠳᠠᠰᠤ ᠪᠣᠯᠣᠨ ᠠᠷᠠᠳ᠎ᠤᠨ ᠵᠠᠩ ᠦᠢᠯᠡ᠎ᠶᠢ ᠪᠠᠶᠡᠴᠢᠯᠡᠨ ᠣᠢᠯᠠᠭᠠᠭᠤᠯᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠤᠯᠠᠨ ᠶᠠᠩᠵᠤ ᠶᠢᠨ ᠷᠢᠳᠢ ᠰᠢᠳᠢ ᠶᠢ ᠮᠡᠳᠡᠷᠡᠬᠦᠯᠵᠦ᠂ ᠲᠠᠢᠸᠠᠨ ᠬᠣᠭᠣᠯᠠᠢ᠎ᠶᠢᠨ ᠬᠣᠶᠠᠷ ᠬᠦᠪᠡᠬᠡ ᠵᠢᠨ ᠵᠠᠯᠠᠭᠤᠴᠤᠳ ᠪᠠᠭᠠᠴᠤᠳ᠎ᠦᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠭᠦᠨᠵᠡᠭᠡᠢᠷᠡᠭᠦᠯᠵᠡᠢ᠃