ᠡᠭᠦᠷᠭᠡᠯᠡᠯ ᠬᠠᠷᠢᠭᠤᠴᠠᠯᠭ᠎ᠠ ᠪᠠᠨ ᠠᠭᠤᠳᠠᠮ ᠰᠦᠨᠢᠳ ᠎ᠤᠨ ᠦᠷᠦᠴᠡᠨ᠎ᠳᠦ ᠪᠢᠴᠢᠭᠯᠡᠨ᠎ᠡ
2026-07-27 16:29:13
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠤᠶᠤᠳᠠᠳ᠎ᠤᠨ ᠵᠤᠨ ᠎ᠤ ᠠᠮᠠᠷᠠᠯᠳᠠ᠎ᠶᠢᠨ ᠨᠡᠢᠭᠡᠮ᠎ᠤᠨ ᠦᠢᠯᠡᠳᠦᠯᠭᠡ᠎ᠶᠢᠨ ᠠᠵᠢᠯᠯᠠᠭ᠎ᠠ ᠵᠢ ᠲᠡᠮᠳᠡᠭᠯᠡᠪᠡ

 

ᠠᠭᠤᠳᠠᠮ ᠨᠤᠳᠤᠭ ᠠᠮᠤᠭᠤᠯᠠᠩ ᠬᠠᠨᠠᠢᠵᠤ᠂ ᠤᠶᠤᠳᠠᠨ ᠵᠠᠯᠠᠭᠤᠴᠤᠳ ᠮᠦᠷᠦᠭᠡᠳᠦᠯ᠎ᠢᠶᠡᠨ ᠬᠦᠬᠡᠭᠡᠴᠡᠯᠳᠦᠨ᠎ᠡ᠃ 7 ᠰᠠᠷ᠎ᠠ᠎ᠶᠢᠨ 9 ᠎ᠤ᠋ ᠡᠳᠦᠷ᠎ᠡᠴᠡ 15 ᠎ᠤ᠋ ᠡᠳᠦᠷ ᠪᠣᠯᠲᠠᠯ᠎ᠠ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠡᠨᠧᠷᠭᠢ ᠬᠢᠭᠡᠳ ᠬᠥᠳᠡᠯᠭᠡᠬᠦ ᠬᠦᠴᠦᠨ᠎ᠦ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶᠢᠨ 31 ᠤᠶᠤᠳᠠᠨ᠂ 4 ᠪᠠᠭᠰᠢ ᠪᠡᠷ  ᠪᠦᠷᠢᠯᠳᠦᠭᠰᠡᠨ ᠵᠣᠨ ᠎ᠤ ᠠᠮᠠᠷᠠᠯᠲᠠ ᠎ᠶᠢᠨ ᠦᠢᠯᠡᠳᠦᠯᠭᠡ᠎ᠶᠢᠨ ᠲᠦᠷᠪᠡᠨ ᠪᠦᠯᠬᠦᠮ ᠎ᠤᠨ ᠬᠢᠨ ᠰᠢᠯᠢ᠎ᠶᠢᠨ ᠭᠣᠣᠯ ᠠᠢᠮᠠᠭ ᠎ᠤᠨ ᠰᠥᠨᠢᠳ ᠪᠠᠷᠠᠭᠤᠨ ᠬᠣᠰᠢᠭᠤᠨ᠎ᠳᠤ ᠭᠦᠨᠵᠡᠭᠡᠢᠷᠡᠵᠦ ᠨᠡᠢᠭᠡᠮ᠎ᠦᠨ ᠦᠢᠯᠡᠳᠦᠯᠭᠡ᠎ᠳ᠋ᠤ ᠤᠷᠤᠯᠴᠠᠵᠠᠢ᠃ ᠡᠨᠡ ᠬᠦ᠌ 2026 ᠣᠨ᠎ᠤ ᠣᠶᠤᠲᠠᠳ᠎ᠤᠨ ᠵᠤᠨ ᠎ᠤ ᠠᠮᠠᠷᠠᠯᠲᠠ᠎ᠶᠢᠨ《ᠭᠤᠷᠪᠠ᠎ᠶᠢ ᠬᠥᠳᠡᠭᠡ ᠪᠠᠭᠤᠯᠭᠠᠬᠤ》 ᠨᠡᠢᠭᠡᠮ᠎ᠦᠨ ᠦᠢᠯᠡᠳᠦᠯᠭᠡ᠎ᠶᠢᠨ ᠠᠵᠢᠯᠯᠠᠭ᠎ᠠ ᠪᠡᠷ᠂ ᠲᠦᠷᠪᠡᠨ ᠪᠦᠯᠬᠦᠮ ᠨᠢ ᠡᠨᠧᠷᠭᠢ᠎ᠶᠢ ᠬᠥᠭᠵᠢᠭᠦᠯᠦᠨ ᠮᠠᠨᠳᠤᠭᠤᠯᠬᠤ᠂ ᠲᠦᠷᠦ ᠎ᠶᠢᠨ ᠪᠣᠳᠣᠯᠭ᠎ᠠ ᠎ᠶᠢ ᠤᠬᠠᠭᠤᠯᠤᠨ ᠲᠠᠢᠯᠪᠤᠷᠢᠯᠠᠬᠤ᠂ ᠰᠣᠶᠣᠯ᠎ᠢ ᠳᠡᠯᠭᠡᠷᠡᠭᠦᠯᠬᠦ ᠪᠠ ᠪᠣᠬᠢᠷᠲᠤᠯ ᠦᠭᠡᠢ ᠬᠦᠭᠵᠢᠯᠳᠡ ᠵᠢ ᠠᠬᠢᠭᠤᠯᠬᠤ ᠵᠡᠷᠭᠡ ᠭᠣᠣᠯ ᠰᠡᠳᠦᠪ᠎ᠦᠨ ᠲᠣᠭᠣᠷᠢᠨ᠎ᠳᠤ ᠰᠢᠷᠢᠰ ᠦᠢᠯᠡᠴᠢᠯᠡᠭᠡ ᠥᠷᠨᠢᠭᠦᠯᠵᠦ᠂ ᠰᠢᠨ᠎ᠡ ᠴᠠᠭ ᠦᠶ᠎ᠡ᠎ᠶᠢᠨ ᠵᠠᠯᠠᠭᠤᠴᠤᠳ᠎ᠤᠨ ᠡᠭᠦᠷᠭᠡᠯᠡᠯ ᠬᠠᠷᠢᠭᠤᠴᠠᠯᠭ᠎ᠠ ᠪᠠᠨ ᠪᠢᠴᠢᠭᠯᠡᠯ᠎ᠡ᠃


 《ᠲᠠᠯ᠎ᠠ ᠨᠤᠲᠤᠭ᠎ᠤᠨ ᠡᠨᠧᠷᠭᠢ᠎ᠶᠢᠨ ᠬᠥᠩᠭᠡᠨ ᠮᠣᠷᠢᠲᠤ ᠴᠡᠷᠢᠭ》


《〈ᠲᠠᠯ᠎ᠠ ᠨᠤᠲᠤᠭ᠎ᠤᠨ ᠡᠨᠧᠷᠭᠢ᠎ᠶᠢᠨ ᠬᠥᠩᠭᠡᠨ ᠮᠣᠷᠢᠲᠤ ᠴᠡᠷᠢᠭ〉 ︱ 〈ᠬᠡᠬᠡᠨ ᠰᠠᠷᠠᠭᠤᠯ ᠢᠨᠵᠧᠨᠧᠷᠢᠩ〉᠎ᠦᠨ ᠵᠣᠷᠢᠭ᠋ ᠰᠠᠨᠠᠭ᠎ᠠ ᠎ᠶᠢ ᠵᠠᠯᠭᠠᠮᠵᠢᠯᠠᠵᠤ ᠮᠠᠯᠵᠢᠬᠤ ᠣᠷᠣᠨ᠎ᠤ ᠡᠨᠧᠷᠭᠢ᠎ᠶᠢᠨ ᠬᠥᠭᠵᠢᠯᠲᠡ᠎ᠳᠦ ᠦᠢᠯᠡᠴᠢᠯᠡᠬᠦ》 ᠦᠢᠯᠡᠳᠦᠯᠭᠡ᠎ᠶᠢᠨ ᠪᠦᠯᠬᠦᠮ ᠨᠢ ᠤᠯᠤᠰ᠎ᠤᠨ ᠵᠢᠵᠢᠭ ᠬᠡᠯᠪᠡᠷᠢ᠎ᠶᠢᠨ ᠰᠠᠯᠬᠢᠨ ᠎ᠤ ᠬᠦᠴᠦᠨ᠎ᠦ ᠴᠠᠬᠢᠯᠭᠠᠨ ᠭᠠᠷᠭᠠᠬᠤ ᠮᠠᠰᠢᠨ ᠪᠣᠯᠣᠨ ᠰᠠᠯᠬᠢᠨ᠎ᠤ ᠬᠦᠴᠦᠨ ᠪᠠ ᠭᠡᠷᠡᠯᠴᠢ᠎ᠴᠡᠨᠡᠭ ᠬᠠᠷᠢᠯᠴᠠᠨ ᠨᠥᠬᠥᠪᠦᠷᠢᠯᠡᠬᠦ ᠰᠢᠰᠲ᠋ᠧᠮ ᠎ᠤᠨ ᠴᠢᠬᠤᠯᠠ ᠲᠤᠷᠰᠢᠯᠲᠠ᠎ᠶᠢᠨ ᠴᠡᠭ ᠪᠣᠯᠬᠤ ᠰᠥᠨᠢᠳ ᠪᠠᠷᠠᠭᠤᠨ ᠬᠣᠰᠢᠭᠤ᠎ᠪᠠᠷ ᠦᠢᠯᠡᠳᠦᠯᠭᠡ᠎ᠶᠢᠨ ᠴᠡᠭ ᠪᠣᠯᠭᠠᠵᠤ᠂ ᠳᠡᠭᠡᠷ᠎ᠡ ᠵᠠᠭᠤᠨ ᠎ᠤ ᠨᠠᠶᠠᠭᠠᠳ ᠣᠨ᠎ᠠᠴᠠ ᠨᠠᠭᠠᠰᠢᠬᠢ ᠳᠡᠭᠡᠳᠦ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠤᠨ ᠲᠠᠯ᠎ᠠ ᠨᠤᠲᠤᠭ ᠎ᠲᠤ ᠦᠨᠳᠦᠰᠦᠯᠡᠵᠦ᠂ ᠦᠨᠳᠦᠰᠦᠨ ᠱᠠᠲᠤᠨ᠎ᠳᠤ ᠦᠢᠯᠡᠴᠢᠯᠡᠬᠦ ᠢᠷᠠᠭᠤ ᠠᠯᠳᠠᠷᠲᠤ ᠤᠯᠠᠮᠵᠢᠯᠠᠯ᠎ᠢ ᠦᠷᠭᠦᠯᠵᠢᠯᠡᠭᠦᠯᠦᠯ᠎ᠡ᠃

ᠦᠢᠯᠡᠳᠦᠯᠬᠡ ᠵᠢᠨ ᠪᠦᠯᠬᠦᠮ᠎ᠤᠨ ᠭᠡᠰᠢᠭᠦᠳ ᠦᠨᠳᠦᠰᠦᠨ ᠱᠠᠳᠤᠨ ᠳ᠋ᠤ ᠪᠠᠭᠤᠬᠤ ᠡᠴᠡ ᠪᠠᠨ ᠡᠮᠦᠨ᠎ᠡ᠂《ᠮᠠᠯᠵᠢᠬᠤ ᠣᠷᠣᠨ᠎ᠤ ᠰᠠᠯᠬᠢᠨ᠎ᠤ ᠬᠦᠴᠦᠨ ᠪᠠ ᠭᠡᠷᠡᠯᠴᠢ᠎ᠴᠡᠨᠡᠭ᠎ᠤᠨ ᠬᠠᠷᠢᠯᠴᠠᠨ ᠨᠥᠬᠥᠪᠦᠷᠢᠯᠡᠬᠦ ᠲᠥᠬᠦᠭᠡᠷᠦᠮᠵᠢ᠎ᠶᠢᠨ ᠬᠡᠷᠡᠭᠯᠡᠯᠲᠡ ᠬᠠᠮᠠᠭᠠᠯᠠᠯᠲᠠ᠎ᠶᠢᠨ ᠭᠠᠷ᠎ᠤᠨ ᠠᠪᠤᠯᠭ᠎ᠠ》ᠵᠢ ᠨᠠᠢᠷᠠᠭᠤᠯᠤᠨ ᠵᠣᠬᠢᠶᠠᠵᠤ᠂ ᠲᠦᠷᠦ ᠵᠢᠨ ᠪᠤᠳᠤᠯᠭ᠎ᠠ ᠵᠢ ᠤᠬᠠᠭᠤᠯᠤᠨ ᠳᠠᠢᠯᠪᠤᠷᠢᠯᠠᠬᠤ ᠠᠭᠤᠯᠭ᠎ᠠ ᠳ᠋ᠠᠭᠠᠨ᠂ ᠳᠡᠬᠡᠳᠤ ᠰᠤᠷᠭᠠᠭᠤᠯᠢ ᠵᠢᠨ ᠠᠬᠠᠮᠠᠳ ᠦᠶ᠎ᠡ᠎ᠶᠢᠨ ᠬᠥᠮᠥᠰ᠎ᠦᠨ ᠳᠤᠮᠳᠠ ᠪᠠᠭ᠎ᠠ ᠬᠡᠯᠪᠡᠷᠢ᠎ᠶᠢᠨ ᠰᠠᠯᠬᠢᠨ᠎ᠤ ᠬᠦᠴᠦᠨ ᠎ᠦ ᠴᠠᠬᠢᠯᠭᠠᠨ ᠭᠠᠷᠭᠠᠬᠤ ᠮᠠᠰᠢᠨ᠎ᠤ ᠬᠡᠷᠡᠭᠯᠡᠭᠡᠨ᠎ᠦ ᠮᠡᠷᠭᠡᠵᠢᠯ ᠎ᠦᠨ ᠬᠦᠴᠢᠷ ᠠᠰᠠᠭᠤᠳᠠᠯ ᠎ᠢ ᠰᠢᠢᠳᠪᠦᠷᠢᠯᠡᠬᠦ ᠪᠡᠷ ᠵᠢᠳᠬᠦᠵᠦ ᠢᠷᠡᠭᠰᠡᠨ᠂ ᠬᠢᠯᠢ ᠬᠢᠵᠠᠭᠠᠷ ᠎ᠤᠨ ᠮᠠᠯᠵᠢᠬᠤ ᠣᠷᠣᠨ ᠎ᠤ 15 ᠲᠦᠮᠡᠨ ᠡᠷᠦᠬᠡ᠎ᠶᠢᠨ ᠠᠷᠠᠳ ᠲᠦᠮᠡᠨ᠎ᠳᠦ ᠠᠰᠢᠭ᠋ ᠬᠦᠷᠲᠡᠭᠡᠭᠰᠡᠨ ᠲᠡᠮᠡᠴᠡᠯ ᠎ᠦᠨ ᠥᠩᠭᠡᠷᠡᠯᠲᠡ᠎ᠶᠢ ᠠᠭᠤᠰᠬᠠᠵᠤ᠂ ᠤᠯᠠᠨ ᠲᠦᠮᠡᠨ᠎ᠦ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠎ᠪᠡᠷ ᠡᠨᠧᠷᠭᠢ᠎ᠶᠢᠨ ᠲᠦᠷᠦ᠎ᠶᠢᠨ ᠪᠣᠳᠣᠯᠭ᠎ᠠ᠎ᠵᠢ ᠮᠠᠯᠴᠢᠳ ᠲᠸ᠋ ᠤᠬᠠᠭᠤᠯᠵᠠᠢ᠃

ᠦᠢᠯᠡᠳᠦᠯᠬᠡ ᠵᠢᠨ ᠪᠦᠯᠬᠦᠮ᠎ᠤᠨ ᠬᠢᠨ ᠰᠦᠨᠢᠳ ᠪᠠᠷᠠᠭᠤᠨ ᠬᠤᠰᠢᠭᠤᠨ᠎ᠤ ᠰᠠᠩᠪᠤᠯᠠᠭ ᠰᠤᠮᠤ ᠵᠢᠨ ᠪᠤᠷᠤ ᠦᠨᠳᠦᠷ ᠭᠠᠴᠠᠭ᠎ᠠ ᠵᠢᠨ ᠮᠠᠯᠴᠢᠨ᠎ᠤᠷᠠᠩᠭᠤᠸ᠎ᠠ ᠵᠢᠨ ᠬᠢᠨ ᠳ᠋ᠤ ᠬᠦᠷᠬᠦ ᠳ᠋ᠤ ᠳᠡᠳᠡᠨ᠎ᠤ ᠬᠡᠷᠡᠯᠴᠢ ᠴᠡᠨᠡᠭ᠎ᠤᠨ ᠬᠠᠪᠳᠠᠰᠤ ᠨᠢ ᠶᠠᠭ ᠡᠪᠳᠡᠷᠡᠬᠡᠳ ᠪᠠᠢᠭᠰᠠᠨ ᠲᠠᠢ ᠳᠤᠬᠢᠶᠠᠯᠳᠤᠪᠠ᠃ ᠤᠶᠤᠳᠠᠳ ᠮᠠᠨᠢ ᠰᠤᠷᠤᠭᠰᠠᠨ ᠮᠡᠷᠬᠡᠵᠢᠯ ᠳ᠋ᠡᠬᠡᠨ ᠲᠦᠰᠢᠭᠯᠡᠨ᠂ ᠬᠡᠷᠡᠯᠴᠢ ᠴᠡᠨᠡᠭ᠎ᠤᠨ ᠬᠠᠪᠳᠠᠰᠤ ᠵᠢ ᠨᠢ ᠵᠠᠰᠠᠨ ᠰᠡᠯᠪᠢᠵᠦ ᠦᠭᠬᠦᠭᠰᠡᠨ ᠵᠢᠡᠷ ᠪᠠᠷᠠᠬᠤ ᠦᠬᠡᠢ᠂ ᠡᠳᠦᠷ ᠳᠤᠳᠤᠮ ᠬᠡᠷᠬᠢᠨ ᠰᠡᠯᠪᠢᠨ ᠬᠠᠮᠠᠭᠠᠯᠠᠬᠤ ᠮᠡᠷᠬᠡᠵᠢᠯ᠎ᠢ ᠵᠢᠭᠠᠵᠤ᠂ ᠬᠢᠴᠢᠶᠡᠯ᠎ᠦᠨ ᠲᠠᠩᠬᠢᠮ᠎ᠳᠤ ᠰᠤᠷᠤᠭᠰᠠᠨ ᠠᠭᠤᠯᠭ᠎ᠠ ᠪᠠᠨ ᠪᠣᠳᠠᠲᠠᠢ ᠴᠢᠳᠠᠪᠤᠷᠢ ᠪᠣᠯᠭᠠᠨ ᠬᠤᠪᠢᠷᠠᠭᠤᠯᠤᠭᠰᠠᠨ ᠪᠠᠢᠯ᠎ᠠ᠃

 《 ᠮᠠᠨ ᠎ᠤ ᠡᠨᠡ ᠬᠦ᠌ 〈ᠡᠨᠧᠷᠭᠢ ᠎ᠶᠢᠨ  ᠬᠥᠩᠭᠡᠨ ᠮᠣᠷᠢᠲᠤ ᠴᠡᠷᠢᠭ〉 ᠮᠠᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠷᠡᠯ ᠢᠯᠴᠢ ᠵᠢ ᠬᠦᠳᠡᠬᠡ ᠨᠤᠳᠤᠭ ᠮᠠᠯᠴᠢᠨ ᠠᠢᠯ ᠳ᠋ᠤ ᠬᠦᠷᠬᠡᠵᠦ ᠪᠠᠢᠨ᠎ᠠ᠃ ᠪᠢᠳᠡ ᠮᠠᠯᠴᠢᠨ ᠠᠢᠯ ᠎ᠤᠨ ᠬᠦᠷᠢᠶᠡᠨ᠎ᠳ᠋ᠡᠬᠢ ᠰᠠᠯᠬᠢᠨ᠎ᠤ᠎ᠬᠦᠴᠦᠨ᠎ᠤ ᠴᠠᠬᠢᠯᠭᠠᠨ ᠭᠠᠷᠭᠠᠬᠤ ᠮᠠᠰᠢᠨ ᠪᠠ ᠬᠡᠷᠡᠯᠴᠢ ᠴᠡᠨᠡᠭ᠎ᠤᠨ ᠬᠠᠪᠳᠠᠰᠤ ᠵᠢ ᠬᠠᠷᠠᠭᠠᠳ᠂ ᠰᠢᠨ᠎ᠡ ᠡᠨᠧᠷᠭᠢ ᠨᠢ ᠵᠥᠪᠬᠡᠨ ᠲᠤᠷᠰᠢᠯᠲᠠ᠎ᠶᠢᠨ ᠲᠠᠰᠤᠭ᠎ᠤᠨ ᠲᠣᠭ᠎ᠠ ᠪᠠᠷᠢᠮᠲᠠ ᠲᠡᠳᠦᠢ ᠪᠢᠰᠢ᠂ ᠬᠠᠷᠢᠨ ᠮᠠᠯᠴᠢᠨ᠎ᠠᠢᠯ᠎ᠤᠨ ᠲᠣᠭᠲᠠᠭᠤᠨ ᠴᠠᠬᠢᠯᠭᠠᠨ᠂ ᠬᠠᠯᠠᠭᠤᠨ ᠳᠤᠯᠠᠭᠠᠬᠠᠨ ᠬᠡᠷᠡᠯ ᠢᠯᠴᠢ ᠪᠠᠢᠵᠤ᠂ ᠡᠨᠡ ᠬᠡᠰᠡᠭ ᠲᠠᠯ᠎ᠠ ᠨᠤᠲᠤᠭ᠎ᠤᠨ ᠦᠷᠭᠦᠯᠵᠢᠯᠡᠬᠦ ᠬᠥᠭᠵᠢᠯᠲᠡ᠎ᠶᠢᠨ ᠢᠷᠡᠭᠡᠳᠦᠢ ᠪᠤᠯᠬᠤ ᠵᠢ ᠬᠦᠨᠵᠡᠭᠡᠢ ᠮᠡᠳᠡᠷᠡᠯ᠎ᠡ》 ᠬᠡᠵᠦ 2024 ᠤᠨ᠎ᠤ ᠰᠢᠨ᠎ᠡ ᠡᠨᠧᠷᠬᠢ ᠵᠢᠨ ᠳᠤᠰᠬᠠᠢ ᠮᠡᠷᠬᠡᠵᠢᠯ᠎ᠤᠨ ᠤᠶᠤᠳᠠᠨ ᠵᠠᠩ ᠮᠢᠶᠤᠤ ᠶᠠᠷᠢᠯ᠎ᠠ᠃


QQ20260727-162640.png



ᠤᠶᠤᠲᠠᠳ ᠰᠦᠨᠢᠳ ᠪᠠᠷᠠᠭᠤᠨ ᠬᠤᠰᠢᠭᠤᠨ ᠎ᠤ  ᠲᠠᠪᠤᠳᠤᠭᠠᠷ ᠪᠠᠭ᠎ᠠ  ᠰᠤᠷᠭᠠᠭᠤᠯᠢ ᠵᠢᠨ ᠰᠤᠷᠤᠭᠴᠢᠳ ᠲᠠᠢ ᠬᠠᠮᠲᠤ ᠪᠠᠢᠭ᠎ᠠ ᠨᠢ 


 《ᠨᠡᠢᠳᠡᠯᠢᠭ ᠬᠡᠯᠡ ᠵᠢ ᠲᠦᠬᠡᠮᠡᠯᠵᠢᠬᠦᠯᠬᠦ ᠪᠦᠯᠬᠦᠮ》

 《ᠠᠳᠠᠯᠢᠬᠠᠨ ᠬᠡᠯᠡ ᠠᠶᠠᠯᠭᠤ ᠵᠢ ᠲᠦᠬᠡᠮᠡᠯᠵᠢᠬᠦᠯᠵᠦ ᠰᠡᠳᠬᠢᠯ ᠨᠢᠬᠡᠳᠦᠨ ᠬᠦᠰᠡᠯ ᠵᠡᠬᠦᠳᠦ ᠪᠠᠨ ᠳᠡᠷᠬᠡᠯᠰᠢᠬᠦᠯᠦᠶ᠎ᠠ》 ᠨᠡᠢᠳᠡᠯᠢᠭ ᠬᠡᠯᠡ ᠵᠢ ᠲᠦᠬᠡᠮᠡᠯᠵᠢᠬᠦᠯᠬᠦ  ᠪᠦᠯᠬᠦᠮ ᠨᠢ 《ᠰᠤᠷᠭᠠᠨ ᠬᠥᠮᠦᠵᠢᠯ᠎ᠦᠨ ᠬᠦᠴᠦᠷᠬᠡᠭ ᠤᠯᠤᠰ᠎ᠤᠨ ᠪᠠᠢᠭᠤᠯᠤᠯᠲᠠ᠎ᠶᠢᠨ ᠲᠥᠯᠦᠪᠵᠢᠭᠦᠯᠭᠡ᠎ᠶᠢᠨ ᠬᠥᠲᠥᠯᠪᠦᠷᠢ(2024 ︱ 2035 ᠣᠨ)》 ᠵᠢᠨ ᠬᠠᠮᠢᠶ᠎ᠠ ᠪᠦᠬᠦᠢ ᠡᠭᠦᠷᠭᠡ᠎ᠶᠢ ᠬᠢᠯᠢ ᠬᠢᠵᠠᠭᠠᠷ᠎ᠤᠨ ᠮᠠᠯᠵᠢᠬᠤ ᠣᠷᠣᠨ᠎ᠳᠤ ᠯᠠᠪᠳᠠᠭᠤᠨ ᠪᠠᠳᠤᠳᠠᠢ ᠨᠠᠢᠳᠠᠪᠤᠷᠢᠵᠢᠭᠤᠯᠤᠨ ᠦᠷ᠎ᠠ ᠪᠦᠲᠦᠮᠵᠢ ᠭᠠᠷᠭᠠᠬᠤ᠎ᠵᠢᠴᠢ ᠮᠠᠯᠵᠢᠬᠤ ᠣᠷᠣᠨ᠎ᠤ ᠣᠯᠠᠨ ᠲᠦᠮᠡᠨ᠎ᠦ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠡᠷᠡᠭᠯᠡᠭᠡᠨ᠎ᠦ ᠴᠢᠳᠠᠪᠤᠷᠢ᠎ᠶᠢ ᠳᠡᠬᠡᠭᠰᠢᠯᠡᠬᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠳᠣᠲᠣᠭᠠᠳᠤ᠎ᠶᠢᠨ ᠬᠥᠭᠵᠢᠯᠲᠡ᠎ᠶᠢᠨ ᠬᠥᠳᠡᠯᠭᠡᠬᠦ ᠬᠦᠴᠦᠨ᠎ᠢ ᠴᠢᠩᠭᠠᠷᠠᠭᠤᠯᠬᠤ᠎ᠶᠢ ᠵᠤᠷᠢᠭᠰᠠᠨ ᠶᠤᠮ᠃

ᠤᠬᠠᠭᠤᠯᠭ᠎ᠠ ᠵᠢᠨ ᠠᠵᠢᠯ ᠵᠢᠡᠨ ᠨᠡᠩ ᠰᠠᠢᠳᠤᠷ ᠬᠢᠬᠦ ᠵᠢᠨ ᠲᠦᠯᠦᠬᠡ ᠤᠶᠤᠳᠠᠳ ᠮᠠᠨᠢ ᠪᠡᠯᠡᠳᠬᠡᠯ ᠱᠠᠳᠤᠨ ᠳ᠋ᠠᠭᠠᠨ ᠲᠤᠰᠬᠠᠢ ᠮᠡᠷᠭᠡᠵᠢᠯ᠎ᠦᠨ ᠬᠡᠯᠡᠨ᠎ᠦ ᠵᠢᠭᠠᠨ ᠰᠤᠷᠭᠠᠯᠲᠠ᠎ᠶᠢᠨ ᠪᠣᠯᠪᠠᠰᠤᠷᠠᠯ ᠭᠥᠷᠳᠡᠵᠦ᠂ ᠮᠠᠯᠵᠢᠬᠤ ᠣᠷᠣᠨ᠎ᠤ ᠣᠯᠠᠨ ᠲᠦᠮᠡᠨ᠎ᠦ ᠦᠬᠡ ᠬᠡᠯᠡᠨ᠎ᠦ ᠳᠠᠳᠬᠠᠯ ᠪᠠ ᠪᠣᠳᠠᠲᠠᠢ ᠬᠡᠷᠡᠭᠯᠡᠭᠡᠨ᠎ᠦ ᠲᠠᠯᠠᠪᠤᠷ᠎ᠲᠠᠢ ᠤᠶᠠᠯᠳᠤᠭᠤᠯᠤᠨ ᠲᠤᠰᠬᠠᠢ ᠵᠢᠭᠠᠬᠤ ᠮᠠᠲᠧᠷᠢᠶᠠᠯ ᠨᠠᠢᠷᠠᠭᠤᠯᠤᠨ ᠪᠢᠴᠢᠵᠦ᠂ 《ᠡᠳᠦᠷ ᠲᠤᠲᠤᠮ᠎ᠤᠨ ᠬᠡᠷᠡᠭᠯᠡᠭᠡᠨ᠎ᠦ ᠬᠡᠯᠡᠨ᠎ᠦ ᠠᠬᠤᠢ ᠤᠷᠴᠢᠨ᠎ᠳ᠋ᠡᠬᠢ ᠶᠠᠷᠢᠯᠴᠠᠭ᠎ᠠ》᠂ 《ᠲᠥᠷᠥ᠎ᠶᠢᠨ ᠪᠣᠳᠣᠯᠭ᠎ᠠ᠎ᠶᠢᠨ ᠨᠡᠷ᠎ᠡ ᠲᠣᠮᠢᠶ᠎ᠠ᠎ᠶᠢᠨ ᠮᠣᠩᠭᠣᠯ ᠬᠢᠲᠠᠳ ᠬᠡᠯᠡᠨ ᠎ᠤ ᠬᠠᠷᠢᠴᠠᠭᠤᠯᠤᠭᠰᠠᠨ ᠲᠠᠢᠯᠤᠮᠵᠢ 》 ᠵᠡᠷᠭᠡ ᠣᠨᠴᠠᠯᠢᠭ᠍ᠲᠤ ᠬᠢᠴᠢᠶᠡᠯ᠎ᠦᠨ ᠵᠠᠭᠪᠤᠷ᠎ᠢ ᠲᠦᠰᠦᠪᠯᠡᠨ ᠪᠡᠯᠡᠳᠬᠡᠪᠡ᠃ ᠨᠡᠢᠳᠡᠯᠢᠭ ᠬᠡᠯᠡ ᠵᠢ ᠳᠡᠯᠭᠡᠷᠡᠭᠦᠯᠬᠦ ᠪᠣᠳᠠᠲᠤ ᠦᠷ᠎ᠡ ᠪᠦᠲᠦᠮᠵᠢ᠎ᠶᠢ ᠳᠡᠭᠡᠭᠰᠢᠯᠡᠭᠦᠯᠬᠦ᠎ᠶᠢᠨ ᠲᠥᠯᠥᠭᠡ᠂ ᠤᠶᠤᠳᠠᠳ ᠮᠠᠨᠢ 《ᠭᠤᠷᠪᠠᠨ ᠮᠢᠩᠭᠠᠨ ᠥᠨᠥᠴᠢᠨ ᠬᠡᠦᠬᠡᠳ ᠢ᠋ ᠦᠪᠦᠷ ᠮᠤᠩᠭᠤᠯ ᠳ᠋ᠤ ᠦᠷᠡᠴᠢᠯᠡᠨ ᠳᠡᠵᠢᠬᠡᠭᠰᠡᠨ 》 ᠂ 《ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ》 ᠵᠡᠷᠭᠡ ᠬᠤᠪᠢᠰᠬᠠᠯᠲᠤ ᠥᠯᠢᠭᠡᠷ᠎ᠢ ᠵᠢᠭᠠᠬᠤ ᠮᠠᠲᠧᠷᠢᠶᠠᠯ ᠳ᠋ᠠᠭᠠᠨ ᠠᠭᠤᠰᠬᠠᠵᠤ᠂ ᠨᠡᠢᠳᠡᠯᠢᠭ ᠬᠡᠯᠡ ᠵᠢ ᠳᠡᠯᠭᠡᠷᠡᠭᠦᠯᠬᠦ᠎ᠶᠢ ᠨᠡᠩ ᠠᠮᠢᠳᠤᠯᠢᠭ᠋ ᠪᠤᠳᠠᠳᠠᠢ ᠪᠤᠯᠭᠠᠵᠠᠢ᠃

ᠦᠢᠯᠡᠳᠦᠯᠭᠡ᠎ᠶᠢᠨ ᠬᠤᠭᠤᠴᠠᠭᠠᠨ᠎ᠳᠤ᠂ ᠪᠦᠯᠬᠦᠮ ᠎ᠤᠨ ᠬᠢᠨ ᠰᠦᠨᠢᠳ ᠪᠠᠷᠠᠭᠤᠨ ᠬᠤᠰᠢᠭᠤᠨ ᠎ᠤ ᠷᠠᠰᠢᠶᠠᠨ ᠨᠡᠢᠭᠡᠮ ᠲᠣᠭᠣᠷᠢᠭ᠋᠂ ᠵᠢᠷᠭᠠᠯᠠᠩ ᠶᠡᠷᠦᠩᠬᠡᠢᠯᠡᠭᠰᠡᠨ ᠨᠠᠰᠤᠳᠠᠢᠴᠤᠳ ᠎ᠤᠨ ᠠᠰᠠᠷᠠᠮᠵᠢ ᠎ᠶᠢᠨ ᠬᠦᠷᠢᠶᠡᠯᠡᠩ ᠪᠣᠯᠣᠨ ᠲᠠᠪᠤᠳᠤᠭᠠᠷ ᠪᠠᠭ᠎ᠠ ᠰᠤᠷᠭᠠᠭᠤᠯᠢ᠎ᠶᠢᠨ ᠬᠢᠴᠢᠶᠡᠯ ᠎ᠦ᠋ᠨ ᠲᠠᠩᠬᠢᠮ᠎ᠳᠤ ᠭᠦᠨᠵᠡᠭᠡᠢᠷᠡᠵᠦ᠂ ᠦᠭᠡ ᠬᠡᠯᠡᠨ᠎ᠦ ᠪᠣᠯᠪᠠᠰᠤᠷᠠᠯ ᠪᠣᠯᠣᠨ ᠨᠡᠢᠳᠡᠯᠢᠭ ᠬᠡᠯᠡ ᠵᠢ ᠲᠦᠭᠡᠮᠡᠯᠵᠢᠭᠦᠯᠬᠦ᠎ᠶᠢ ᠠᠬᠢᠭᠤᠯᠬᠤ ᠤᠬᠠᠭᠤᠯᠭ᠎ᠠ ᠲᠠᠢᠯᠪᠤᠷᠢᠯᠠᠯᠲᠠ᠎ᠶᠢ ᠱᠠᠲᠤ ᠬᠤᠪᠢᠶᠠᠨ ᠲᠦᠷᠦᠯ ᠬᠤᠪᠢᠶᠠᠨ ᠥᠷᠨᠢᠭᠦᠯᠵᠦ᠂ ᠦᠭᠡ ᠬᠡᠯᠡ᠎ᠪᠡᠷ ᠬᠣᠯᠪᠣᠭᠠᠰᠤ ᠪᠣᠯᠭᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠬᠦᠮᠦᠵᠢᠯ᠎ᠢ ᠰᠠᠢᠳᠤᠷ ᠬᠢᠵᠡᠬᠡᠪᠡ᠃ 《ᠨᠢᠬᠡᠨ ᠮᠤᠩᠭᠤᠯ ᠤᠶᠤᠳᠠᠨ ᠪᠤᠯᠤᠭᠰᠠᠨ ᠎ᠤ ᠬᠤᠪᠢ ᠳ᠋ᠤ᠂ ᠪᠦᠯᠬᠦᠮ᠎ᠤᠨ ᠨᠠᠢᠵᠠ ᠨᠦᠬᠦᠳ ᠪᠤᠯᠤᠨ ᠮᠠᠯᠴᠢᠳ᠎ᠤᠨ ᠬᠣᠭᠣᠷᠣᠨᠳᠣᠬᠢ ᠬᠠᠷᠢᠯᠴᠠᠭᠠᠨ᠎ᠤ ᠬᠥᠭᠥᠷᠭᠡ ᠬᠤᠯᠪᠤᠭᠠᠰᠤ ᠪᠤᠯᠵᠤ ᠶᠠᠪᠤᠬᠤ ᠳ᠋ᠠᠭᠠᠨ ᠦᠨᠳᠦᠰᠦᠲᠡᠨ᠎ᠨᠦᠭᠦᠳ᠎ᠦᠨ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠰᠠᠯᠠᠯᠴᠠᠬᠤ ᠬᠠᠢᠷ᠎ᠠ ᠰᠡᠳᠬᠢᠯᠭᠡ ᠎ᠶᠢ ᠦᠨᠡᠨ ᠬᠦ᠌ ᠣᠢᠯᠠᠭᠠᠵᠤ ᠮᠡᠳᠡᠷᠡᠯ᠎ᠡ᠃ ᠬᠣᠢᠰᠢᠳᠠ ᠪᠢ ᠦᠨᠳᠦᠰᠦᠲᠡᠨ᠎ᠨᠦᠭᠦᠳ᠎ᠦᠨ ᠵᠠᠯᠠᠭᠤᠴᠤᠳ᠎ᠲᠠᠢ ᠬᠠᠮᠲᠤ ᠪᠠᠷ ᠦᠨᠳᠦᠰᠦᠨ ᠱᠠᠲᠤᠨ᠎ᠳᠤ ᠦᠢᠯᠡᠴᠢᠯᠡᠵᠦ᠂ ᠭᠠᠷ ᠬᠣᠯᠪᠣᠨ ᠤᠷᠤᠭᠰᠢᠯᠠᠨ᠎ᠠ》 ᠬᠡᠵᠦ ᠤᠩᠨᠢᠭᠤᠳ ᠨᠤᠳᠤᠭ ᠳᠠᠢ ᠤᠶᠤᠳᠠᠨ ᠶᠢᠨ ᠹᠧᠩ ᠶᠠᠷᠢᠯ᠎ᠠ᠃


QQ20260727-162704.png



ᠤᠶᠤᠲᠠᠳ ᠮᠠᠯᠴᠢᠨ ᠠᠢᠯ ᠎ᠤᠨ ᠭᠡᠷᠡᠯᠴᠢ ᠴᠡᠨᠡᠭ ᠎ᠤᠨ ᠬᠠᠪᠲᠠᠰᠤ ᠵᠢ ᠴᠡᠪᠡᠷᠯᠡᠵᠦ ᠦᠭᠬᠦᠨ᠎ᠡ



《ᠪᠣᠬᠢᠷᠲᠤᠯ ᠦᠭᠡᠢ ᠬᠥᠭᠵᠢᠯᠲᠡ ᠵᠢ ᠤᠬᠠᠭᠤᠯᠬᠤ ᠪᠦᠯᠬᠦᠮ 》


《ᠡᠨᠧᠷᠬᠢ ᠪᠡᠷ ᠰᠠᠢᠨ ᠰᠠᠢᠬᠠᠨ ᠬᠡᠷ ᠤᠷᠤᠨ ᠵᠢᠡᠨ ᠴᠤᠭᠴᠠᠯᠠᠨ᠎ᠠ》 ᠪᠣᠬᠢᠷᠲᠤᠯ ᠦᠭᠡᠢ ᠬᠥᠭᠵᠢᠯᠲᠡ ᠵᠢ ᠤᠬᠠᠭᠤᠯᠤᠨ ᠲᠠᠢᠯᠪᠤᠷᠢᠯᠠᠬᠤ ᠪᠦᠯᠬᠦᠮ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ ᠲᠦᠭᠡᠮᠡᠯᠵᠢᠭᠦᠯᠬᠦ᠎ᠪᠡᠷ ᠭᠣᠣᠯ ᠰᠢᠵᠢᠮ ᠪᠣᠯᠭᠠᠵᠤ᠂ ᠴᠡᠪᠡᠷ ᠡᠨᠧᠷᠭᠢ᠎ᠶᠢᠨ ᠦᠨᠳᠦᠰᠦᠨ ᠤᠨᠤᠯ᠎ᠢ ᠲᠦᠭᠡᠮᠡᠯᠵᠢᠭᠦᠯᠬᠦ ᠪᠠ ᠠᠵᠤ ᠠᠬᠤᠢ᠎ᠶᠢᠨ ᠦᠷ᠎ᠡ ᠠᠰᠢᠭ᠋᠎ᠢ ᠲᠠᠨᠢᠨ ᠮᠡᠳᠡᠬᠦᠢ᠎ᠶᠢ ᠳᠡᠭᠡᠭᠰᠢᠯᠡᠭᠦᠯᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠡᠨᠧᠷᠭᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢ 《ᠠᠵᠢᠯ ᠲᠥᠷᠥᠯ᠎ᠦᠨ ᠡᠬᠢ ᠪᠠᠶᠠᠯᠢᠭ᠋》 ᠡᠴᠡ 《ᠬᠥᠮᠥᠨ ᠢ᠋ ᠬᠥᠮᠥᠵᠢᠭᠦᠯᠬᠦ ᠡᠬᠢ ᠪᠠᠶᠠᠯᠢᠭ᠋》 ᠪᠤᠯᠭᠠᠨ ᠬᠤᠪᠢᠷᠠᠭᠤᠯᠬᠤ ᠠᠷᠭ᠎ᠠ ᠵᠠᠮ᠎ᠢ ᠨᠡᠪᠲᠡᠷᠡᠭᠦᠯᠬᠦ᠎ᠵᠢ ᠵᠣᠷᠢᠵᠠᠢ᠃

ᠦᠢᠯᠡᠳᠦᠯᠬᠡ ᠵᠢᠨ ᠪᠡᠯᠡᠳᠬᠡᠯ ᠱᠠᠲᠤᠨ ᠳ᠋ᠠᠭᠠᠨ᠂ ᠤᠶᠤᠳᠠᠳ ᠮᠠᠨᠢ ᠵᠠᠯᠠᠭᠤᠴᠤᠳ ᠪᠠᠭᠠᠴᠤᠳ᠎ᠤᠨ ᠲᠠᠨᠢᠨ ᠮᠡᠳᠡᠬᠦᠢ᠎ᠶᠢᠨ ᠣᠨᠴᠠᠯᠢᠭ᠋᠎ᠲᠤ ᠴᠢᠭᠯᠡᠭᠦᠯᠦᠨ《ᠰᠠᠯᠬᠢᠨ᠎ᠤ ᠠᠶᠠᠯᠠᠯ》᠂ 《ᠭᠡᠷᠡᠯ᠎ᠦᠨ ᠬᠦᠴᠦᠨ》 ᠵᠡᠷᠭᠡ ᠰᠢᠷᠢᠰ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠬᠢᠴᠢᠶᠡᠯ᠎ᠢ ᠲᠥᠰᠥᠪᠯᠡᠵᠦ᠂ ᠠᠪᠴᠤ ᠶᠠᠪᠤᠬᠤ᠎ᠳᠤ ᠳᠥᠭᠥᠮ ᠰᠠᠯᠬᠢᠨ᠎ᠤ ᠬᠦᠴᠦᠨ ᠵᠢᠡᠷ ᠴᠠᠬᠢᠯᠭᠠᠨ ᠭᠠᠷᠭᠠᠬᠤ ᠵᠠᠭᠪᠤᠷ᠂ ᠬᠡᠷᠡᠯᠴᠢ ᠴᠡᠨᠡᠭ᠎ᠤᠨ ᠵᠢᠵᠢᠭ ᠮᠠᠰᠢᠨ ᠲᠡᠷᠭᠡ ᠵᠡᠷᠭᠡ ᠬᠠᠷᠢᠯᠴᠠᠨ ᠦᠢᠯᠡᠳᠦᠯᠴᠡᠬᠦ ᠬᠡᠯᠪᠡᠷᠢ ᠵᠢᠨ ᠵᠢᠭᠠᠬᠤ ᠪᠠᠭᠠᠵᠢ᠎ᠶᠢ ᠰᠤᠳᠤᠯᠤᠨ ᠦᠢᠯᠡᠳᠦᠵᠦ᠂ ᠬᠡᠢᠰᠪᠦᠷᠢ ᠰᠠᠯᠬᠢᠨ᠎ᠤ ᠬᠦᠴᠦᠨ ᠪᠠ ᠭᠡᠷᠡᠯᠴᠢ ᠴᠡᠨᠡᠭ ᠬᠠᠷᠢᠯᠴᠠᠨ ᠨᠥᠬᠥᠪᠦᠷᠢᠯᠡᠨ ᠴᠠᠬᠢᠯᠭᠠᠨ ᠭᠠᠷᠭᠠᠬᠤ ᠤᠭ ᠶᠣᠰᠣ᠌᠎ᠶᠢ ᠦᠵᠡᠭᠳᠡᠬᠦᠢᠴᠡ᠂ ᠬᠦᠷᠦᠯᠴᠡᠬᠦᠢᠴᠡ ᠪᠤᠳᠠᠳᠤ ᠲᠤᠷᠰᠢᠯᠲᠠ ᠪᠣᠯᠭᠠᠨ ᠬᠤᠪᠢᠷᠠᠭᠤᠯᠵᠠᠢ᠃

 ᠦᠢᠯᠡᠳᠦᠯᠭᠡ᠎ᠶᠢᠨ ᠬᠤᠭᠤᠴᠠᠭᠠᠨ᠎ᠳᠤ᠂ ᠲᠡᠳᠡ ᠰᠦᠨᠢᠳ ᠪᠠᠷᠠᠭᠤᠨ ᠬᠤᠰᠢᠭᠤᠨ᠎ᠤ ᠳᠠᠪᠤᠳᠤᠭᠠᠷ ᠪᠠᠭ᠎ᠠ ᠰᠤᠷᠭᠠᠭᠤᠯᠢ ᠳ᠋ᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠬᠢᠴᠢᠶᠡᠯ᠎ᠦᠨ ᠲᠠᠩᠬᠢᠮ᠎ᠢᠶᠠᠷ ᠭᠣᠣᠯ ᠠᠴᠢᠶᠠᠯᠠᠪᠤᠷᠢ ᠪᠣᠯᠭᠠᠵᠤ᠂ ᠠᠮᠢᠳᠤᠯᠢᠭ᠋ ᠰᠣᠨᠢᠷᠬᠠᠯᠲᠠᠢ ᠲᠠᠢᠯᠤᠮᠵᠢ ᠪᠠ ᠬᠠᠷᠢᠯᠴᠠᠨ ᠦᠢᠯᠡᠳᠦᠯᠴᠡᠬᠦ ᠲᠤᠷᠰᠢᠯᠲᠠ ᠎ᠪᠠᠷ ᠵᠠᠯᠠᠭᠤᠴᠤᠳ ᠪᠠᠭᠠᠴᠤᠳ᠎ᠤᠨ ᠴᠡᠪᠡᠷ ᠡᠨᠧᠷᠭᠢ᠎ᠶᠢᠨ ᠲᠤᠬᠠᠢ ᠳᠤᠷ᠎ᠠ ᠰᠣᠨᠢᠷᠬᠠᠯ ᠢ᠋ ᠬᠥᠭᠵᠢᠭᠡᠵᠦ᠂ ᠵᠠᠯᠠᠭᠤᠴᠤᠳ ᠪᠠᠭᠠᠴᠤᠳ᠎ᠤᠨ ᠰᠡᠳᠬᠢᠯ᠎ᠳᠦ ᠪᠣᠬᠢᠷᠲᠤᠯ ᠦᠭᠡᠢ ᠬᠥᠭᠵᠢᠯᠲᠡ᠎ᠶᠢᠨ ᠦᠷ᠎ᠡ᠎ᠶᠢ ᠰᠠᠴᠤᠪᠠ᠃ 《ᠲᠡᠷᠡ ᠬᠦ᠌ ᠭᠱᠠᠨ ᠳ᠋ᠤ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠨᠢ ᠰᠢᠨᠵᠢᠯᠡᠬᠦ ᠤᠬᠠᠭᠠᠨ᠎ᠳᠤ ᠬᠠᠢᠷᠠᠲᠠᠢ ᠬᠦᠮᠦᠰ᠎ᠤᠨ ᠰᠡᠳᠬᠢᠯ᠎ᠤᠨ ᠤᠴᠢ ᠵᠢ ᠬᠦᠭᠵᠢᠬᠡᠬᠦ ᠶᠠᠪᠤᠳᠠᠯ ᠪᠤᠯᠬᠤ ᠵᠢ ᠬᠦᠨ ᠤᠬᠠᠵᠠᠢ᠃ ᠪᠠᠰᠠ ᠮᠠᠯᠵᠢᠬᠤ ᠣᠷᠣᠨ᠎ᠳᠤ ᠭᠦᠨᠵᠡᠭᠡᠢᠷᠡᠵᠦ ᠮᠠᠯᠴᠢᠳ᠎ᠲᠤ ᠰᠠᠯᠬᠢᠨ᠎ᠤ ᠬᠦᠴᠦᠨ᠎ᠤ ᠡᠨᠧᠷᠭᠢ᠎ᠶᠢᠨ ᠬᠡᠷᠡᠭᠯᠡᠯᠲᠡ᠎ᠶᠢ ᠲᠠᠢᠯᠪᠤᠷᠢᠯᠠᠵᠤ ᠦᠭᠬᠦ ᠲᠤᠮᠳᠠ ᠡᠴᠡ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ᠎ᠶᠢᠨ ᠦᠨ᠎ᠡ ᠦᠷᠳᠡᠭ᠎ᠢ ᠨᠡᠩ ᠣᠢᠯᠠᠭᠠᠵᠠᠢ᠃ ᠰᠢᠨ᠎ᠡ ᠡᠨᠧᠷᠭᠢ᠎ᠶᠢᠨ ᠲᠤᠰᠬᠠᠢ ᠮᠡᠷᠭᠡᠵᠢᠯ᠎ᠦᠨ ᠰᠤᠷᠤᠭ᠍ᠴᠢ ᠪᠣᠯᠤᠭᠰᠠᠨ᠎ᠤ ᠬᠤᠪᠢ᠎ᠳᠤ᠂ ᠪᠣᠬᠢᠷᠲᠤᠯ ᠦᠭᠡᠢ ᠡᠨᠧᠷᠭᠢ᠎ᠪᠡᠷ ᠳᠠᠯ᠎ᠠ ᠨᠤᠳᠤᠭ᠎ᠢᠶᠡᠨ ᠬᠦᠭᠵᠢᠭᠦᠯᠬᠦ ᠳ᠋ᠤ ᠬᠦᠴᠦᠨ᠎ᠢᠶᠡᠨ ᠡᠷᠭᠦᠨ᠎ᠡ》 ᠬᠡᠵᠦ ᠰᠢᠨ᠎ᠡ ᠡᠨᠧᠷᠬᠢ ᠵᠢᠨ ᠳᠤᠰᠬᠠᠢ ᠮᠡᠷᠬᠡᠵᠢᠯ᠎ᠤᠨ 2025 ᠤᠨ᠎ᠤ ᠤᠶᠤᠳᠠᠨ ᠭᠦᠧᠧ ᠬᠤᠩ ᠢᠤᠢ ᠶᠠᠷᠢᠯ᠎ᠠ᠃

  ᠳᠤᠰ ᠳᠡᠬᠡᠳᠤ ᠰᠤᠷᠭᠠᠭᠤᠯᠢ ᠵᠢᠨ ᠤᠶᠤᠳᠠᠳ《ᠭᠡᠭᠡᠨ ᠰᠠᠷᠠᠭᠤᠯ ᠢᠨᠵᠧᠨᠧᠷᠢᠩ》ᠤ᠋ᠨ ᠵᠠᠮ᠎ᠢᠶᠠᠷ ᠲᠠᠬᠢᠨ ᠵᠠᠮᠨᠠᠵᠤ᠂ ᠳᠡᠬᠡᠳᠤ ᠰᠤᠷᠭᠠᠭᠤᠯᠢ ᠵᠢᠨ ᠠᠬᠠᠮᠠᠳ ᠨᠢᠬᠡ ᠦᠶ᠎ᠠ ᠵᠢᠨ ᠬᠢᠨ ᠤ᠋ ᠤᠮᠠᠷᠠᠲᠤ ᠬᠢᠯᠢ᠎ᠳᠦ ᠦᠨᠳᠦᠰᠦᠯᠡᠵᠦ᠂ ᠮᠠᠯᠵᠢᠬᠤ ᠣᠷᠣᠨ᠎ᠳᠤ ᠦᠢᠯᠡᠴᠢᠯᠡᠬᠦ ᠵᠣᠷᠢᠭ᠋ ᠰᠠᠨᠠᠭ᠎ᠠ᠎ᠶᠢ ᠤᠯᠠᠮᠵᠢᠯᠠᠬᠤ᠎ᠶᠢᠨ ᠳᠠᠭᠠᠤ《ᠠᠶᠠᠯᠠᠨ ᠰᠤᠷᠤᠯᠴᠠᠬᠤ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ》ᠵᠢᠡᠷ ᠦᠨᠳᠦᠰᠦᠨ ᠱᠠᠲᠤ ᠪᠠ ᠣᠯᠠᠨ ᠲᠦᠮᠡᠨ᠎ᠦ ᠳᠤᠮᠳᠠ ᠬᠦᠨᠵᠡᠬᠡᠢᠷᠡᠨ᠂ ᠬᠢᠴᠢᠶᠡᠯ᠎ᠦᠨ ᠲᠠᠩᠬᠢᠮ᠎ᠠᠴᠠ ᠲᠠᠯ᠎ᠠ ᠨᠤᠲᠤᠭ ᠬᠦᠷᠲᠡᠯ᠎ᠡ᠂ ᠤᠨᠤᠯ᠎ᠠᠴᠠ ᠦᠢᠯᠡᠳᠦᠯᠭᠡ ᠬᠦᠷᠲᠡᠯ᠎ᠡ᠂ ᠲᠤᠰᠬᠠᠢ ᠮᠡᠷᠭᠡᠵᠢᠯ᠎ᠢᠶᠡᠷ᠎ᠢᠶᠡᠨ ᠦᠨᠳᠦᠰᠦᠨ ᠱᠠᠲᠤᠨ᠎ᠳᠤ ᠦᠢᠯᠡᠴᠢᠯᠡᠵᠦ᠂ ᠬᠠᠯᠠᠭᠤᠨ ᠰᠡᠳᠬᠢᠯᠭᠡ᠎ᠪᠡᠷ᠎ᠢᠶᠡᠨ ᠤᠯᠠᠨ᠎ᠤ ᠰᠡᠳᠬᠢᠯ᠎ᠢ ᠳᠤᠯᠠᠭᠠᠴᠠᠭᠤᠯᠵᠤ᠂ ᠠᠭᠤᠳᠠᠮ ᠲᠠᠮᠤᠴᠢ᠎ᠶᠢᠨ ᠦᠷᠦᠴᠡᠨ ᠳ᠋ᠤ ᠰᠢᠨ᠎ᠡ ᠴᠠᠭ ᠦᠶ᠎ᠡ᠎ᠶᠢᠨ ᠣᠶᠤᠲᠠᠳ᠎ᠤᠨ ᠡᠭᠦᠷᠭᠡᠯᠡᠯ ᠪᠤᠯᠤᠨ ᠬᠠᠷᠢᠭᠤᠴᠠᠯᠭ᠎ᠠ ᠪᠠᠨ ᠪᠢᠴᠢᠭᠯᠡᠭᠰᠡᠨ ᠠᠵᠢ᠃


ᠬᠠᠮᠢᠶ᠎ᠠ ᠪᠦᠬᠦᠢ ᠬᠤᠯᠪᠤᠭᠠᠰᠤ᠄ 


 ᠰᠥᠨᠢᠳ ᠪᠠᠷᠠᠭᠤᠨ ᠬᠣᠰᠢᠭᠤ ᠪᠤᠯ ᠤᠯᠤᠰ᠎ᠤᠨ ᠵᠢᠵᠢᠭ ᠬᠡᠯᠪᠡᠷᠢ᠎ᠶᠢᠨ ᠰᠠᠯᠬᠢᠨ᠎ᠤ ᠬᠦᠴᠦᠨ᠎ᠤ ᠴᠠᠬᠢᠯᠭᠠᠨ ᠭᠠᠷᠭᠠᠬᠤ ᠮᠠᠰᠢᠨ ᠪᠣᠯᠣᠨ ᠰᠠᠯᠬᠢᠨ᠎ᠤ ᠬᠦᠴᠦᠨ ᠪᠠ ᠭᠡᠷᠡᠯᠴᠢ ᠴᠡᠨᠡᠭ ᠬᠠᠷᠢᠯᠴᠠᠨ ᠨᠥᠬᠥᠪᠦᠷᠢᠯᠡᠬᠦ ᠰᠢᠰᠲᠧᠮ ᠎ᠦᠨ ᠴᠢᠬᠤᠯᠠ ᠲᠤᠷᠰᠢᠯᠲᠠ᠎ᠶᠢᠨ ᠴᠡᠭ ᠪᠤᠯᠤᠨ᠎ᠠ᠃ 2000 ᠣᠨ᠎ᠳᠤ᠂ ᠥᠪᠡᠷᠲᠡᠭᠡᠨ ᠵᠠᠰᠠᠬᠤ ᠣᠷᠣᠨ ᠡᠴᠡ ᠴᠠᠬᠢᠯᠭᠠᠨ ᠨᠡᠪᠳᠡᠷᠡᠭᠡ ᠦᠭᠡᠢ ᠮᠠᠯᠵᠢᠬᠤ ᠣᠷᠣᠨ᠎ᠳᠤ 《ᠬᠡᠬᠡᠨ ᠰᠠᠷᠠᠭᠤᠯ ᠢᠨᠵᠧᠨᠧᠷᠢᠩ》 ᠢ᠋ ᠬᠡᠷᠡᠭᠵᠢᠭᠦᠯᠵᠦ᠂ ᠴᠠᠬᠢᠯᠭᠠᠨ ᠦᠭᠡᠢ ᠮᠠᠯᠵᠢᠬᠤ ᠡᠷᠦᠬᠡ ᠨᠤᠬᠦᠳ ᠲᠸ᠋ 1.2 ᠲᠦᠮᠡ ᠭᠠᠷᠤᠢ ᠢᠵᠢ ᠰᠠᠯᠬᠢᠨ᠎ᠤ ᠬᠦᠴᠦᠨ ᠪᠠ ᠭᠡᠷᠡᠯᠴᠢ ᠴᠡᠨᠡᠭ ᠬᠠᠷᠢᠯᠴᠠᠨ ᠨᠥᠬᠥᠪᠦᠷᠢᠯᠡᠬᠦ ᠴᠠᠬᠢᠯᠭᠠᠨ ᠬᠠᠩᠭᠠᠬᠤ ᠰᠢᠰᠲᠧᠮ᠎ᠢ ᠤᠭᠰᠠᠷᠠᠵᠤ ᠦᠭᠴᠡᠢ᠃ 《ᠲᠡᠭᠦᠨ ᠡᠴᠡ ᠡᠬᠢᠯᠡᠨ ᠦᠪᠦᠷ ᠮᠤᠩᠭᠤᠯ ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠡᠨᠧᠷᠬᠢ ᠪᠠ ᠬᠦᠳᠡᠯᠬᠡᠬᠦ ᠬᠦᠴᠦᠨ ᠎ᠤ ᠢᠨᠵᠧᠨ᠋ᠧᠷᠢᠩ᠎ᠤᠨ ᠳᠡᠭᠡᠳᠦ ᠰᠤᠷᠭᠠᠭᠤᠯᠢ ᠎ᠶᠢᠨ ᠦᠶ᠎ᠡ ᠦᠶ᠎ᠡ ᠎ᠶᠢᠨ ᠪᠠᠭ᠍ᠰᠢ ᠰᠤᠷᠤᠭ᠍ᠴᠢᠳ ᠲᠠᠯ᠎ᠠ ᠨᠤᠲᠤᠭ᠎ᠲᠤ ᠭᠦᠨᠵᠡᠭᠡᠢᠷᠡᠵᠦ᠂ ᠪᠡᠷᠬᠡ ᠠᠰᠠᠭᠤᠳᠠᠯ ᠎ᠢ ᠰᠢᠢᠳᠪᠦᠷᠢᠯᠡᠵᠦ ᠦᠨᠳᠦᠰᠦᠨ ᠱᠠᠲᠤᠨ᠎ᠳᠤ ᠦᠢᠯᠡᠴᠢᠯᠡᠭᠰᠡᠬᠡᠷ ᠢᠷᠡᠵᠡᠢ》 ᠬᠡᠵᠦ ᠲᠤᠰ ᠳᠡᠬᠡᠳᠤ ᠰᠤᠷᠭᠠᠭᠤᠯᠢ ᠵᠢᠨ ᠳᠡᠳ᠋ ᠵᠠᠬᠢᠷᠤᠯ ᠼᠠᠩ ᠱᠧᠨ ᠰᠤᠷᠪᠤᠯᠵᠢᠯᠠᠭ᠎ᠠ ᠬᠦᠯᠢᠶᠡᠬᠦ ᠳ᠋ᠡᠬᠡᠨ ᠳᠠᠨᠢᠯᠴᠠᠭᠤᠯᠪᠠ᠃    

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号