ᠥᠪᠥᠷ ᠮᠣᠩᠭᠣᠯ 《ᠰᠤᠷᠭᠠᠨ ᠬᠥᠮᠦᠵᠢᠯ ᠎ᠦᠨ ᠬᠣᠯᠪᠣᠭᠠᠲᠤ ᠴᠣᠭᠴᠠ 》 ᠵᠢᠨ ᠪᠦᠲᠦᠮᠵᠢᠲᠡᠶ ᠠᠵᠢᠯᠯᠠᠭᠠᠨ᠎ᠢ ᠠᠬᠢᠭᠤᠯᠵᠤ ᠪᠣᠶ
2026-07-27 16:14:06
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠪᠥᠬᠥ ᠣᠷᠣᠨ᠎ᠤ ᠳᠤᠮᠳᠠᠳᠤ ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ ᠪᠠᠳᠤ ᠴᠤᠭᠴᠠᠯᠠᠵᠤ ᠭᠡᠷ ᠪᠦᠯᠢ ᠰᠤᠷᠭᠠᠭᠤᠯᠢ ᠨᠡᠢᠭᠡᠮ᠎ᠦᠨ ᠬᠠᠮᠵᠢᠯᠴᠠᠨ ᠬᠥᠮᠥᠨ ᠢ᠋ ᠬᠥᠮᠥᠵᠢᠭᠦᠯᠬᠦ 《ᠰᠤᠷᠭᠠᠨ ᠬᠥᠮᠦᠵᠢᠯ ᠎ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠶᠢ ᠠᠬᠢᠭᠤᠯᠬᠤ ᠰᠤᠳᠤᠯᠤᠨ ᠶᠠᠷᠢᠯᠴᠠᠬᠤ ᠠᠵᠢᠯᠯᠠᠭ᠎ᠠ ᠪᠤᠭᠤᠲᠤ ᠬᠣᠲᠠ᠎ᠳᠤ ᠶᠠᠪᠤᠭᠳᠠᠪᠠ ᠃

ᠠᠵᠢᠯᠯᠠᠭ᠎ᠠ᠎ᠶᠢᠨ ᠬᠤᠭᠤᠴᠠᠭᠠᠨ᠎ᠳᠤ᠂ ᠪᠤᠭᠤᠲᠤ ᠬᠣᠲᠠ ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠂ ᠬᠣᠲᠠ ᠎ᠶᠢᠨ ᠡᠮᠡᠭᠲᠡᠢᠴᠦᠳ ᠎ᠦᠨ ᠬᠣᠯᠪᠣᠭ᠎ᠠ᠂ ᠳ᠋ᠦᠩ ᠾᠧ ᠲᠣᠭᠣᠷᠢᠭ᠋ ᠎ᠤᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠬᠥᠨᠳᠡᠯᠡᠨ ᠲᠣᠭᠣᠷᠢᠭ᠋᠎ᠤᠨ ᠨᠥᠬᠥᠷᠯᠡᠯ ᠶᠡᠬᠡ ᠵᠡᠭᠡᠯᠢ᠎ᠶᠢᠨ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠵᠡᠷᠭᠡ ᠨᠢᠭᠡᠴᠢ᠎ᠡᠴᠡ ᠬᠠᠮᠵᠢᠯᠴᠠᠨ ᠬᠥᠮᠥᠨ ᠢ᠋ ᠬᠥᠮᠥᠵᠢᠭᠦᠯᠬᠦ ᠠᠵᠢᠯ ᠎ᠤᠨ ᠳᠤᠮᠳᠠᠬᠢ ᠬᠠᠢᠨ ᠰᠦᠪᠡᠭᠴᠢᠯᠡᠯᠲᠡ ᠪᠠ ᠦᠢᠯᠡᠳᠦᠯᠭᠡ᠎ᠶᠢ ᠲᠠᠨᠢᠯᠴᠠᠭᠤᠯᠪᠠ᠃ ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠴᠢᠩᠱᠠᠨ ᠲᠣᠭᠣᠷᠢᠭ᠋᠎ᠤᠨ ᠭᠡᠷ ᠪᠦᠯᠢ ᠰᠤᠷᠭᠠᠭᠤᠯᠢ ᠨᠡᠢᠭᠡᠮ᠎ᠦᠨ ᠬᠠᠮᠵᠢᠯᠴᠠᠨ ᠬᠥᠮᠥᠨ ᠢ᠋ ᠬᠥᠮᠥᠵᠢᠭᠦᠯᠬᠦ ᠵᠢᠭᠠᠬᠤ ᠵᠢ ᠰᠤᠳᠤᠯᠬᠤ ᠲᠥᠪ᠂ ᠰᠢᠶᠠᠨ ᠹᠧᠩ ᠳ᠋ᠣᠣ ᠪᠠᠭ᠎ᠠ ᠰᠤᠷᠭᠠᠭᠤᠯᠢ᠂ ᠪᠧᠢ ᠵᠢᠶᠠ ᠨᠡᠢᠭᠡᠮ ᠲᠣᠭᠣᠷᠢᠭ᠋᠎ᠵᠡᠷᠬᠡ ᠪᠡᠷ ᠬᠦᠷᠴᠦ᠂ ᠲᠤᠬᠠᠢ᠎ᠶᠢᠨ ᠭᠠᠵᠠᠷ ᠲᠤᠨᠢ ᠲᠣᠭᠣᠷᠢᠨ ᠦᠵᠡᠬᠦ ᠵᠢᠨ ᠬᠠᠮᠳᠤ ᠪᠤᠭᠤᠲᠤ ᠬᠤᠳᠠ᠎ᠶᠢᠨ ᠶᠡᠷᠡᠨ ᠭᠤᠷᠪᠠᠳᠤᠭᠠᠷ ᠳᠤᠮᠳᠠᠳᠤ ᠰᠤᠷᠭᠠᠭᠤᠯᠢ᠎ᠶᠢᠨ《1+N ᠢᠵᠢᠯᠢ ᠲᠥᠪᠲᠦ ᠲᠣᠭᠣᠷᠢᠭ᠋》 ᠤ᠋ᠨ ᠬᠠᠮᠵᠢᠯᠴᠠᠨ ᠬᠥᠮᠥᠨ ᠢ᠋ ᠬᠥᠮᠥᠵᠢᠭᠦᠯᠬᠦ ᠵᠠᠭᠪᠤᠷ ᠵᠢᠴᠢ 《339》 ᠰᠡᠳᠬᠢᠴᠡ᠎ᠶᠢᠨ ᠡᠷᠡᠭᠦᠯ ᠮᠡᠨᠳᠦ᠎ᠶᠢᠨ ᠬᠥᠮᠦᠵᠢᠯ᠎ᠦᠨ ᠰᠢᠰᠲ᠋ᠧᠮ᠎ᠤᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠲᠣᠭᠣᠷᠢᠨ ᠦᠵᠡᠪᠡ᠃ ᠡᠭᠦᠨ᠎ᠡᠴᠡ ᠭᠠᠳᠠᠨ᠎ᠠ᠂ ᠠᠢᠮᠠᠭ ᠬᠣᠲᠠ᠂ 《ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠶᠢᠨ ᠨᠢᠭᠡᠴᠢ ᠪᠠ ᠰᠤᠷᠭᠠᠭᠤᠯᠢ (ᠬᠡᠦᠬᠡᠳ᠎ᠤᠨ ᠴᠡᠴᠡᠷᠯᠢᠭ) ᠵᠢᠨ ᠲᠥᠯᠥᠭᠡᠯᠡᠭᠴᠢ 《ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠶᠢᠨ ᠠᠵᠢᠯ᠎ᠤᠨ ᠦᠷ᠎ᠡ ᠪᠦᠲᠦᠮᠵᠢ᠎ᠶᠢᠨ ᠲᠠᠯ᠎ᠠ᠎ᠪᠠᠷ ᠨᠡᠢᠲᠡᠯᠢᠭ ᠲᠤᠷᠰᠢᠯᠭ᠎ᠠ᠎ᠪᠠᠨ ᠰᠣᠯᠢᠯᠴᠠᠵᠤ᠂ ᠱᠠᠨᠳᠦ᠋ᠩ ᠮᠤᠵᠢ᠎ᠶᠢᠨ ᠲᠠᠢᠱᠠᠨ ᠰᠤᠷᠭᠠᠨ ᠬᠥᠮᠦᠵᠢᠯ᠎ᠦᠨ ᠰᠢᠨ᠎ᠡ᠎ᠶᠢ ᠡᠭᠦᠳᠬᠦ ᠰᠤᠳᠤᠯᠭᠠᠨ᠎ᠤ ᠬᠦᠷᠢᠶᠡᠯᠡᠩ ᠵᠢᠴᠢ ᠨᠡᠢᠰᠯᠡᠯ ᠎ᠦᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠲᠤᠰᠬᠠᠢ ᠮᠡᠷᠭᠡᠵᠢᠯᠲᠡᠨ ᠡᠷᠳᠡᠮᠲᠡᠳ ᠡᠴᠡ 《ᠰᠤᠷᠭᠠᠨ ᠬᠥᠮᠦᠵᠢᠯ ᠎ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠶᠢᠨ ᠭᠣᠣᠯ ᠯᠣᠭᠢᠭ᠋ ᠪᠠ ᠵᠠᠩᠭᠢᠯᠠᠭ᠎ᠠ᠎ᠶᠢᠨ ᠠᠷᠭ᠎ᠠ ᠵᠠᠮ᠎ᠤᠨ ᠲᠣᠭᠣᠷᠢᠨ᠎ᠳᠤ ᠲᠤᠰᠬᠠᠢ ᠰᠡᠳᠦᠪ᠎ᠢᠶᠡᠷ ᠬᠤᠪᠢᠶᠠᠯᠴᠠᠪᠠ᠃

《ᠰᠤᠷᠭᠠᠨ ᠬᠥᠮᠦᠵᠢᠯ ᠎ᠦᠨ ᠬᠣᠯᠪᠣᠭᠠᠲᠤ ᠴᠣᠭᠴᠠ》 ᠵᠢᠨ ᠪᠠᠢᠭᠤᠯᠤᠯᠲᠠ᠎ᠶᠢ ᠠᠬᠢᠭᠤᠯᠬᠤ ᠪᠣᠯ ᠰᠠᠭᠤᠷᠢ ᠰᠤᠷᠭᠠᠨ ᠬᠥᠮᠦᠵᠢᠯ ᠎ᠦᠨ ᠰᠠᠭᠤᠷᠢ ᠴᠡᠭ ᠎ᠢ ᠪᠠᠲᠤᠳᠬᠠᠬᠤ᠂ ᠶᠣᠰᠣ᠌ ᠰᠤᠷᠲᠠᠬᠤᠨ ᠵᠢᠡᠷ ᠬᠥᠮᠥᠨ ᠎ᠢ ᠬᠥᠮᠥᠵᠢᠭᠦᠯᠬᠦ ᠦᠨᠳᠦᠰᠦᠨ ᠡᠭᠦᠷᠭᠡ ᠎ᠶᠢ ᠨᠠᠢᠳᠠᠪᠤᠷᠢᠵᠢᠭᠤᠯᠬᠤ᠎ᠶᠢᠨ ᠵᠠᠢᠯᠠᠰᠢ ᠦᠭᠡᠢ ᠱᠠᠭᠠᠷᠳᠠᠯᠭ᠎ᠠ ᠮᠥᠨ᠂ ᠪᠠᠰᠠ ᠴᠤ᠌ ᠳᠤᠮᠳᠠᠳᠤ ᠵᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ ᠪᠠᠲᠤ ᠴᠤᠭᠴᠠᠯᠠᠬᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠠᠶ᠋ᠢᠭᠤᠯᠬᠤ᠎ᠶᠢᠨ ᠴᠢᠬᠤᠯᠠ ᠠᠴᠢᠶᠠᠯᠠᠪᠤᠷᠢ ᠮᠥᠨ᠃ ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ 103 ᠬᠣᠰᠢᠭᠤ ᠰᠢᠶᠠᠨ(ᠬᠣᠲᠠ᠂ ᠲᠣᠭᠣᠷᠢᠭ᠋) ᠤ᠋ 《 ᠰᠤᠷᠭᠠᠨ ᠬᠥᠮᠦᠵᠢᠯ ᠎ᠦᠨ ᠬᠣᠯᠪᠣᠭᠠᠲᠤ ᠴᠣᠭᠴᠠ 》 ᠵᠢ 100% ᠎ᠪᠠᠷ ᠵᠣᠬᠢᠶᠠᠨ ᠪᠠᠢᠭᠤᠯᠵᠤ ᠠᠵᠢᠯᠯᠠᠭᠤᠯᠬᠤ᠎ᠶᠢ ᠠᠬᠢᠭᠤᠯᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号