ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ ᠶ᠋ᠢᠨ ᠣᠷᠣᠨ᠎ᠤ ᠪᠦᠲᠦᠭᠡᠨ ᠪᠠᠶ᠋ᠢᠭᠤᠯᠤᠯᠲᠠ᠎ᠳᠤ ᠬᠦᠴᠦᠨ ᠪᠦᠬᠦᠢ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ
2026-07-27 09:12:34
ᠵᠣᠬᠢᠶᠠᠭ᠍ᠴᠢ᠄
ᠮᠧᠶ ᠭᠠᠩ
ᠣᠩᠱᠢᠭ᠍ᠰᠠᠨ ᠣᠳᠠᠭ᠎ᠠ᠄
★★★☆☆

—  ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ ᠶ᠋ᠢᠨ  ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠶ ᠶᠢᠩ ᠵᠢᠶᠦᠢ᠍ᠨ᠎ᠢ ᠰᠤᠷᠪᠤᠯᠵᠢᠯᠠᠭᠰᠠᠨ ᠨᠢ

  

ᠴᠢᠳᠠᠪᠤᠷᠢᠲᠠᠨ᠎ᠤ ᠦᠢᠯᠡᠴᠢᠯᠡᠭᠡᠨ᠎ᠦ ᠪᠠᠲᠤᠯᠠᠭ᠎ᠠ ᠶ᠋ᠢᠨ ᠰᠢᠰᠲ᠋ᠧᠮ᠎ᠢ ᠲᠡᠭᠦᠯᠳᠡᠷᠵᠢᠭᠦᠯᠦᠨ᠎ᠡ᠃

                   — 《ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ᠎ᠤ 

                         ᠲᠤᠷᠰᠢᠯᠲᠠ ᠶ᠋ᠢᠨ ᠣᠷᠣᠨ᠎ᠤ ᠶᠡᠷᠦᠩᠬᠡᠢ ᠲᠥᠰᠦᠯ》 ᠡᠴᠡ ᠬᠡᠰᠡᠭᠯᠡᠪᠡ


ᠴᠢᠯᠥᠭᠡᠲᠦ᠍ ᠠᠷᠠᠯᠵᠢᠶᠠᠨ᠎ᠤ ᠲᠤᠷᠰᠢᠯᠲᠠ ᠶ᠋ᠢᠨ ᠣᠷᠣᠨ᠎ᠤ ᠪᠦᠲᠦᠭᠡᠨ ᠪᠠᠶ᠋ᠢᠭᠤᠯᠤᠯᠲᠠ ᠨᠢ ᠡᠬᠢ ᠪᠠᠶᠠᠯᠢᠭ᠎ᠤᠨ ᠳᠠᠪᠠᠭᠤᠯᠢᠭ᠎ᠲᠤ᠌ ᠰᠠᠭᠤᠷᠢᠯᠠᠬᠤ ᠴᠢᠬᠤᠯᠠᠲᠠᠢ ᠪᠥᠭᠡᠳ ᠨᠡᠩ ᠴᠤ᠌ ᠴᠢᠳᠠᠪᠤᠷᠢᠲᠠᠨ᠎ᠤ ᠲᠤᠯᠭᠠᠭᠤᠷᠢᠯᠠᠯ᠎ᠠᠴᠠ ᠰᠠᠯᠵᠤ ᠴᠢᠳᠠᠬᠤ ᠦᠭᠡᠢ ᠶᠤᠮ᠃ ᠴᠢᠳᠠᠪᠤᠷᠢᠲᠠᠨ᠎ᠤ ᠦᠢᠯᠡᠴᠢᠯᠡᠭᠡᠨ᠎ᠦ ᠠᠵᠢᠯ᠎ᠤᠨ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ ᠶ᠋ᠢᠨ ᠣᠷᠣᠨ᠎ᠤ ᠪᠥᠲᠥᠭᠡᠨ ᠪᠠᠶ᠋ᠢᠭᠤᠯᠤᠯᠲᠠ ᠶ᠋ᠢᠨ ᠡᠯ᠎ᠡ ᠵᠦᠢᠯ᠎ᠦᠨ ᠡᠭᠦᠷᠭᠡ ᠶ᠋ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶ᠋ᠢ ᠬᠡᠷᠬᠢᠨ ᠠᠬᠢᠭᠤᠯᠬᠤ ᠲᠤᠬᠠᠶ ᠰᠤᠷᠪᠤᠯᠵᠢᠯᠠᠭᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ ᠶ᠋ᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ  ᠵᠠᠶ ᠶᠢᠩ ᠵᠢᠶᠦᠢ᠍ᠨ᠎ᠢ ᠰᠤᠷᠪᠤᠯᠵᠢᠯᠠᠪᠠ᠃

《ᠥᠪᠥᠷ ᠮᠣᠩᠭᠣᠯ᠎ᠤᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ ᠶ᠋ᠢᠨ ᠣᠷᠣᠨ ᠵᠥᠪᠰᠢᠶᠡᠷᠡᠭᠳᠡᠭᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ ᠶ᠋ᠢᠨ ᠲᠢᠩᠬᠢᠮ ᠴᠢᠯᠥᠭᠡᠲᠦ᠍ ᠠᠷᠠᠯᠵᠢᠶᠠᠨ᠎ᠤ ᠲᠤᠷᠰᠢᠯᠳᠠ ᠵᠢᠨ ᠣᠷᠣᠨ᠎ᠤ ᠠᠵᠤ ᠦᠢᠯᠡᠰ᠎ᠦᠨ ᠬᠥᠭᠵᠢᠯᠲᠡ ᠶ᠋ᠢᠨ ᠬᠡᠷᠡᠭᠴᠡᠭᠡ᠎ᠳᠦ ᠰᠠᠭᠤᠷᠢᠯᠠᠨ᠂ ᠲᠥᠷᠥ ᠶ᠋ᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ᠂ ᠲᠤᠰᠬᠠᠶ ᠵᠦᠢᠯ᠎ᠢᠶᠡᠷ ᠬᠦᠮᠦᠵᠢᠭᠦᠯᠬᠦ᠂ ᠣᠷᠣᠭᠤᠯᠤᠨ ᠠᠪᠴᠢᠷᠠᠬᠤ ᠪᠠ ᠬᠦᠮᠦᠵᠢᠬᠦᠯᠬᠦ ᠶ᠋ᠢ ᠵᠡᠷᠭᠡ᠎ᠪᠡᠷ ᠠᠳᠬᠤᠬᠤ᠂ ᠲᠣᠭᠲᠠᠴᠠ ᠶ᠋ᠢᠨ ᠰᠢᠨ᠎ᠡ ᠶ᠋ᠢ ᠡᠭᠦᠳᠬᠦ᠌ ᠵᠡᠷᠭᠡ ᠲᠠᠯ᠎ᠠ᠎ᠪᠠᠷ ᠣᠯᠠᠨ ᠠᠷᠭ᠎ᠠ ᠬᠡᠮᠵᠢᠶ᠎ᠡ ᠶ᠋ᠢ ᠵᠡᠷᠭᠡ᠎ᠪᠡᠷ ᠬᠡᠷᠡᠭᠯᠡᠵᠦ᠍᠂ ᠴᠢᠯᠥᠭᠡᠲᠦ᠍ ᠠᠷᠠᠯᠵᠢᠶᠠᠨ᠎ᠤ ᠲᠤᠷᠰᠢᠯᠳᠠ ᠵᠢᠨ ᠣᠷᠣᠨ᠎ᠤ ᠬᠥᠭᠵᠢᠯᠲᠡ᠎ᠳᠦ ᠴᠢᠳᠠᠪᠤᠷᠢᠲᠠᠨ᠎ᠤ ᠪᠠᠲᠤ᠌ ᠪᠠᠬᠢ ᠪᠠᠲᠤᠯᠠᠭ᠎ᠠ ᠬᠠᠩᠭᠠᠵᠦ ᠪᠤᠢ》 ᠬᠡᠵᠦ ᠵᠠᠶ ᠶᠢᠩ ᠵᠢᠶᠦᠢ᠍ᠨ ᠬᠡᠯᠡᠪᠡ ᠃

ᠲᠥᠷᠥ ᠶ᠋ᠢᠨ ᠪᠣᠳᠣᠯᠭ᠎ᠠ᠎ᠪᠠᠷ ᠬᠥᠲᠥᠯᠥᠨ ᠳᠠᠭᠠᠭᠤᠯᠬᠤ ᠶ᠋ᠢ ᠴᠢᠩᠭᠠᠳᠬᠠᠵᠤ᠂ ᠨᠠᠷᠢᠯᠢᠭ ᠣᠨᠣᠴᠠᠲᠠᠶ ᠴᠢᠳᠠᠪᠤᠷᠢᠲᠠᠨ᠎ᠤ ᠲᠤᠯᠭᠠᠭᠤᠷᠢᠯᠠᠬᠤ ᠰᠢᠰᠲ᠋ᠧᠮ᠎ᠢ ᠪᠠᠶ᠋ᠢᠭᠤᠯᠤᠨ᠎ᠠ᠃ ᠦᠵᠦ᠍ ᠲᠥᠯᠥᠪᠯᠡᠭᠡ ᠶ᠋ᠢ ᠲᠡᠭᠦᠯᠳᠡᠷᠵᠢᠭᠦᠯᠦᠨ᠂ ᠮᠡᠷᠭᠡᠵᠢᠯ᠎ᠦᠨ ᠴᠢᠳᠠᠪᠤᠷᠢᠲᠠᠨ᠎ᠢ ᠬᠥᠮᠦᠵᠢᠭᠦᠯᠬᠦ᠌ ᠠᠵᠢᠯ᠎ᠢ ᠴᠢᠭᠯᠡᠯᠳᠦ ᠴᠢᠨᠠᠷᠲᠠᠶ᠎ᠪᠠᠷ ᠥᠷᠨᠢᠭᠦᠯᠵᠦ᠍᠂ ᠴᠢᠳᠠᠪᠤᠷᠢᠲᠠᠨ ᠬᠥᠮᠦᠵᠢᠭᠦᠯᠬᠦ᠌ ᠬᠠᠷᠠᠯᠲᠠ᠂ ᠭᠤᠤᠯᠳᠠᠯᠭ᠎ᠠ᠎ᠲᠠᠶ ᠡᠭᠦᠷᠭᠡ᠂ ᠪᠠᠲᠤᠯᠠᠭ᠎ᠠ᠎ᠶᠢᠨ ᠠᠷᠭ᠎ᠠ ᠬᠡᠮᠵᠢᠶ᠎ᠡ ᠶ᠋ᠢ ᠲᠣᠳᠣᠷᠬᠠᠶ᠋ᠢᠯᠠᠨ᠂ 《ᠥᠪᠡᠷᠲᠡᠭᠡᠨ ᠵᠠᠰᠠᠬᠤ ᠣᠷᠣᠨ᠎ᠠᠴᠠ ᠨᠢᠭᠡᠳᠦᠯᠲᠡᠶ ᠲᠥᠯᠥᠪᠯᠡᠬᠦ᠌᠂ ᠠᠶ᠋ᠢᠮᠠᠭ ᠬᠣᠲᠠ᠎ᠪᠠᠷ ᠭᠤᠤᠯᠯᠠᠭᠤᠯᠬᠤ᠂ ᠰᠠᠯᠠᠭ᠎ᠠ ᠮᠥᠴᠢᠷ᠎ᠦᠳ ᠬᠠᠮᠵᠢᠯᠴᠠᠬᠤ᠂ ᠠᠵᠤ ᠠᠬᠤᠶ᠋ᠢᠯᠠᠯ᠎ᠢᠶᠠᠷ ᠭᠤᠤᠯ ᠴᠣᠭᠴᠠ ᠪᠣᠯᠭᠠᠬᠤ》 ᠠᠵᠢᠯ᠎ᠤᠨ ᠪᠠᠶ᠋ᠢᠷᠢᠰᠢᠯ᠎ᠢ ᠪᠤᠢ ᠪᠣᠯᠭᠠᠨ᠎ᠠ᠃ ᠴᠢᠯᠥᠭᠡᠲᠦ᠍ ᠠᠷᠠᠯᠵᠢᠶᠠᠨ᠎ᠤ ᠲᠤᠷᠰᠢᠯᠳᠠ ᠵᠢᠨ ᠣᠷᠣᠨ᠎ᠤ ᠪᠠᠴᠢᠮ ᠬᠡᠷᠡᠭᠰᠡᠬᠦ᠌ ᠬᠣᠪᠣᠷ ᠴᠤᠬᠠᠭ ᠴᠢᠳᠠᠪᠤᠷᠢᠲᠠᠨ᠎ᠤ ᠭᠠᠷᠴᠠᠭ᠎ᠢ ᠡᠯᠰᠡᠨ ᠴᠤᠬᠯᠠᠭᠤᠯᠵᠦ᠂ ᠪᠤᠳᠤᠯᠳᠡ᠎ᠶᠢᠨ ᠬᠦᠴᠦᠨ᠂ ᠰᠢᠨ᠎ᠡ ᠡᠨᠧᠷᠭᠢ᠂ ᠬᠢᠯᠢ ᠠᠯᠤᠰᠯᠠᠭᠰᠠᠨ ᠠᠷᠠᠯᠵᠢᠶ᠎ᠠ ᠵᠡᠷᠭᠡ ᠬᠦᠷᠢᠶᠡᠨ᠎ᠳᠡᠬᠢ ᠠᠵᠢᠯ ᠮᠡᠷᠭᠡᠵᠢᠯ (ᠠᠵᠢᠯ ᠲᠥᠷᠥᠯ) ᠢ᠋ ᠬᠥᠳᠡᠯᠦᠩᠭᠦᠶ ᠪᠡᠷ ᠰᠢᠨᠡᠳᠬᠡᠵᠦ᠂ ᠬᠠᠨᠳᠤᠯᠭ᠎ᠠ ᠲᠠᠢ ᠪᠠᠷ ᠬᠦᠮᠦᠵᠢᠬᠦᠯᠬᠦ ᠪᠠ ᠲᠤᠶ᠋ᠢᠯ᠎ᠤᠨ ᠣᠨᠣᠪᠴᠢᠲᠠᠶ᠎ᠪᠠᠷ ᠣᠷᠣᠭᠤᠯᠤᠨ ᠠᠪᠴᠢᠷᠠᠬᠤ ᠶ᠋ᠢ ᠬᠡᠷᠡᠭᠵᠢᠭᠦᠯᠦᠨ᠎ᠡ᠃ ᠲᠥᠷᠥ ᠶ᠋ᠢᠨ ᠪᠣᠳᠣᠯᠭ᠎ᠠ᠎ᠪᠠᠷ ᠲᠡᠳᠬᠦᠬᠦ᠌ ᠡᠷᠴᠢᠮ᠎ᠢᠶᠡᠨ ᠨᠡᠮᠡᠭᠳᠡᠭᠦᠯᠵᠦ᠍᠂ ᠤᠷ᠎ᠠ ᠮᠡᠷᠭᠡᠰᠢᠯ᠎ᠤᠨ ᠴᠢᠳᠠᠪᠤᠷᠢᠲᠠᠨ᠎ᠤ ᠪᠣᠯᠪᠠᠰᠤᠷᠠᠯ ᠥᠷᠨᠢᠭᠦᠯᠬᠦ᠌᠂ ᠪᠤᠳᠤᠯᠳᠡ᠎ᠶᠢᠨ ᠬᠦᠴᠦᠨ᠂ ᠰᠢᠨ᠎ᠡ ᠡᠨᠧᠷᠭᠢ ᠵᠡᠷᠭᠡ ᠭᠤᠤᠯᠳᠠᠯᠭ᠎ᠠ᠎ᠲᠠᠶ ᠠᠵᠤ ᠦᠢᠯᠡᠰ᠎ᠦᠨ ᠠᠵᠤ ᠠᠬᠤᠶ᠋ᠢᠯᠠᠯ᠎ᠳᠤ ᠲᠣᠭᠲᠠᠭᠠᠯ ᠶᠣᠰᠣᠭᠠᠷ ᠪᠣᠯᠪᠠᠰᠤᠷᠠᠯ ᠪᠠ ᠦᠨᠡᠯᠡᠯᠲᠡ ᠶ᠋ᠢᠨ ᠨᠥᠬᠥᠪᠥᠷᠢ ᠣᠯᠭᠣᠨ᠎ᠠ᠃

ᠠᠵᠤ ᠦᠢᠯᠡᠰ᠎ᠦᠨ ᠣᠨᠴᠠᠯᠢᠭ᠎ᠲᠤ᠌ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠬᠠᠶ᠋ᠢᠵᠢᠭᠰᠠᠨ ᠴᠢᠳᠠᠪᠤᠷᠢᠲᠠᠨ᠎ᠢ ᠲᠤᠰᠬᠠᠶ ᠬᠥᠮᠦᠵᠢᠭᠦᠯᠬᠦ᠌ ᠶ᠋ᠢ ᠴᠢᠩᠭᠠᠳᠬᠠᠨ᠎ᠠ᠃ ᠭᠤᠷᠪᠠᠨ ᠶᠡᠬᠡ ᠬᠡᠰᠡᠭ ᠣᠷᠣᠨ᠎ᠤ ᠵᠦᠷᠢᠶᠡᠴᠢᠯᠡᠭᠰᠡᠨ ᠬᠥᠭᠵᠢᠯᠲᠡ ᠶ᠋ᠢᠨ ᠪᠠᠶ᠋ᠢᠷᠢ ᠲᠣᠭᠲᠠᠭᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠬᠡᠬᠣᠲᠠ ᠶ᠋ᠢᠨ ᠬᠡᠰᠡᠭ᠎ᠨᠢ ᠪᠤᠳᠤᠯᠳᠡ᠎ᠶᠢᠨ ᠬᠦᠴᠦᠨ᠂ ᠠᠮᠢᠳᠤ ᠪᠣᠳᠠᠰ᠎ᠤᠨ ᠡᠮ ᠡᠮᠨᠡᠯᠭᠡ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠶ᠋ᠢ ᠡᠭᠦᠳᠬᠦ᠌ ᠴᠢᠳᠠᠪᠤᠷᠢᠲᠠᠨ᠎ᠢ ᠭᠤᠤᠯᠳᠠᠯᠭ᠎ᠠ᠎ᠲᠠᠶ ᠬᠥᠮᠦᠵᠢᠭᠦᠯᠦᠨ᠎ᠡ; ᠮᠠᠨᠵᠤᠤᠷ᠂ ᠡᠷᠢᠶᠡᠨ ᠬᠣᠲᠠ ᠶ᠋ᠢᠨ ᠬᠡᠰᠡᠭ ᠨᠢ ᠬᠢᠯᠢ ᠠᠯᠤᠰᠯᠠᠭᠰᠠᠨ ᠠᠷᠠᠯᠵᠢᠶ᠎ᠠ᠂ ᠬᠢᠯᠢ ᠶ᠋ᠢᠨ ᠪᠠᠷᠠᠭ᠎ᠠ ᠶ᠋ᠢᠨ ᠭᠦᠢᠯᠭᠡᠭᠡ᠂ ᠣᠯᠠᠨ ᠬᠡᠯᠡᠨ᠎ᠦ ᠦᠢᠯᠡᠴᠢᠯᠡᠭᠡᠨ᠎ᠦ ᠴᠢᠳᠠᠪᠤᠷᠢᠲᠠᠨ᠎ᠢ ᠭᠣᠣᠯᠳᠠᠯᠭ᠎ᠠ᠎ᠲᠠᠶ ᠬᠦᠮᠦᠵᠢᠭᠦᠯᠵᠦ᠂ ᠨᠡᠭᠡᠭᠡᠯᠲᠡᠲᠦ᠍ ᠬᠡᠯᠪᠡᠷᠢ ᠶ᠋ᠢᠨ ᠠᠵᠤ ᠦᠢᠯᠡᠰ᠎ᠦᠨ ᠪᠦᠯᠦᠭᠯᠡᠯ᠎ᠢ ᠴᠣᠭᠴᠠᠯᠠᠨ ᠪᠠᠶ᠋ᠢᠭᠤᠯᠬᠤ᠎ᠳᠤ ᠬᠦᠴᠦᠨ ᠨᠡᠮᠡᠷᠢᠯᠡᠨ᠎ᠡ᠃ ᠡᠭᠦᠨ᠎ᠦ ᠬᠠᠮᠲᠤ᠌᠂ ᠡᠯ᠎ᠡ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ ᠶ᠋ᠢᠨ ᠲᠣᠮᠣ ᠳ᠋ᠠᠶ᠋ᠢᠲ᠋ᠠ ᠶ᠋ᠢᠨ ᠮᠡᠷᠭᠡᠵᠢᠯ᠂ ᠵᠣᠬᠢᠶᠠᠮᠠᠯ ᠣᠶᠤᠨ ᠴᠢᠳᠠᠪᠤᠷᠢ ᠶ᠋ᠢᠨ ᠬᠡᠷᠡᠭᠯᠡᠭᠡ᠂ ᠰᠢᠨ᠎ᠡ ᠡᠨᠧᠷᠭᠢ᠎ᠪᠡᠷ ᠴᠠᠬᠢᠯᠭᠠᠨ ᠭᠠᠷᠭᠠᠬᠤ ᠮᠡᠷᠭᠡᠵᠢᠯ᠂ ᠬᠢᠯᠢ ᠠᠯᠤᠰᠯᠠᠭᠰᠠᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ ᠵᠡᠷᠭᠡ ᠰᠢᠨ᠎ᠡ᠎ᠪᠡᠷ ᠬᠥᠭᠵᠢᠭᠰᠡᠨ ᠲᠤᠰᠬᠠᠶ ᠮᠡᠷᠭᠡᠵᠢᠯ ᠨᠡᠭᠡᠭᠡᠬᠦ᠌ ᠶ᠋ᠢ ᠵᠣᠷᠢᠭᠵᠢᠭᠤᠯᠤᠨ ᠳᠡᠮᠵᠢᠵᠦ᠍᠂ ᠴᠢᠯᠥᠭᠡᠲᠦ᠍ ᠠᠷᠠᠯᠵᠢᠶᠠᠨ᠎ᠤ ᠲᠤᠷᠰᠢᠯᠳᠠ ᠵᠢᠨ ᠣᠷᠣᠨ᠎ᠤ ᠣᠨᠴᠠᠯᠢᠭᠲᠤ᠌ ᠠᠵᠤ ᠦᠢᠯᠡᠰ᠎ᠯᠦᠭᠡ ᠲᠤᠶ᠋ᠢᠯ᠎ᠤᠨ ᠣᠨᠣᠪᠴᠢᠲᠠᠶ᠎ᠪᠠᠷ ᠵᠣᠯᠭᠠᠭᠤᠯᠬᠤ ᠲᠤᠰᠬᠠᠶ ᠮᠡᠷᠭᠡᠵᠢᠯ᠎ᠦᠨ ᠰᠢᠰᠲ᠋ᠧᠮ᠎ᠢ ᠪᠠᠶ᠋ᠢᠭᠤᠯᠤᠨ᠎ᠠ᠃ ᠴᠢᠯᠥᠭᠡᠲᠦ᠍ ᠠᠷᠠᠯᠵᠢᠶᠠᠨ᠎ᠤ ᠲᠤᠷᠰᠢᠯᠳᠠ ᠵᠢᠨ ᠣᠷᠣᠨ᠎ᠤ ᠭᠤᠤᠯᠳᠠᠯᠭ᠎ᠠ᠎ᠲᠠᠶ ᠠᠵᠤ ᠠᠬᠤᠶ᠋ᠢᠯᠠᠯ ᠬᠢᠭᠡᠳ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ᠎ᠨᠤᠭᠤᠳ᠎ᠤᠨ ᠠᠵᠢᠯᠯᠠᠵᠤ ᠰᠤᠷᠤᠯᠴᠠᠬᠤ ᠶ᠋ᠢ ᠨᠢᠭᠡ ᠴᠣᠠᠠᠴᠠᠵᠢᠭᠤᠯᠥᠨ ᠬᠥᠮᠦᠵᠢᠭᠦᠯᠬᠦ᠌ ᠵᠠᠭᠪᠤᠷ᠎ᠢ ᠬᠡᠷᠡᠭᠵᠢᠭᠦᠯᠬᠦ᠌ ᠶ᠋ᠢ ᠳᠡᠮᠵᠢᠵᠦ᠍᠂ ᠴᠢᠳᠠᠪᠤᠷᠢᠲᠠᠨ ᠬᠥᠮᠦᠵᠢᠭᠦᠯᠬᠦ᠌ ᠲᠥᠰᠦᠯ᠎ᠢ ᠬᠠᠮᠲᠤᠷᠠᠨ ᠲᠣᠭᠲᠠᠭᠠᠵᠤ᠂ ᠬᠢᠴᠢᠶᠡᠯ᠎ᠦᠨ ᠵᠢᠭᠠᠬᠤ ᠮᠠᠲ᠋ᠧᠷᠢᠶᠠᠯ᠎ᠢ ᠨᠡᠭᠡᠭᠡᠨ ᠬᠥᠭᠵᠢᠭᠦᠯᠵᠦ᠂ ᠳᠠᠳᠤᠯᠭ᠎ᠠ ᠪᠣᠯᠪᠠᠰᠤᠷᠠᠯ᠎ᠤᠨ ᠰᠠᠭᠤᠷᠢᠨ᠎ᠢ ᠬᠠᠮᠲᠤ ᠪᠠᠷ ᠪᠠᠶ᠋ᠢᠭᠤᠯᠵᠤ᠂ ᠠᠵᠤ ᠠᠬᠤᠶ᠋ᠢᠯᠠᠯ᠎ᠤᠨ ᠬᠢᠨ᠎ᠦ ᠮᠡᠷᠭᠡᠵᠢᠯ᠎ᠦᠨ ᠴᠢᠳᠠᠪᠤᠷᠢᠲᠠᠨ ᠬᠥᠮᠦᠵᠢᠭᠦᠯᠬᠦ᠌ ᠪᠥᠬᠥ᠌ ᠶᠠᠪᠤᠴᠠ᠎ᠳᠤ ᠭᠦᠨᠵᠡᠭᠡᠶ ᠣᠷᠣᠯᠴᠠᠬᠤ ᠶ᠋ᠢ ᠠᠬᠢᠭᠤᠯᠤᠨ᠎ᠠ᠃

ᠣᠷᠣᠭᠤᠯᠤᠨ ᠠᠪᠴᠢᠷᠠᠬᠤ ᠪᠠ ᠬᠦᠮᠦᠵᠢᠬᠦᠯᠬᠦ ᠶ᠋ᠢ ᠵᠡᠷᠭᠡ ᠪᠡᠷ ᠠᠳᠬᠤᠬᠤ ᠶ᠋ᠢ ᠪᠠᠷᠢᠮᠲᠠᠯᠠᠵᠤ᠂ ᠤᠯᠠᠨ ᠡᠰᠢᠵᠢᠭᠰᠡᠨ ᠴᠢᠳᠠᠪᠤᠷᠢᠲᠠᠨ᠎ᠤ ᠬᠠᠩᠭᠠᠯᠭ᠎ᠠ ᠶ᠋ᠢᠨ ᠠᠷᠭ᠎ᠠ ᠵᠠᠮ᠎ᠢ ᠥᠷᠭᠡᠳᠬᠡᠨ᠎ᠡ᠃ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ ᠶ᠋ᠢᠨ ᠶᠠᠮᠤᠨ᠎ᠤ ᠳᠡᠭᠡᠳᠦ ᠵᠡᠷᠭᠡ ᠶ᠋ᠢᠨ ᠴᠢᠳᠠᠪᠤᠷᠢᠲᠠᠨ ᠡᠯᠰᠡᠬᠦ ᠠᠵᠢᠯᠯᠠᠭ᠎ᠠ᠂ ᠴᠢᠳᠠᠪᠤᠷᠢᠲᠠᠨ᠎ᠤ ᠣᠷᠣᠨ ᠠᠯᠤᠰᠯᠠᠭᠰᠠᠨ ᠲᠦᠷᠦᠯ ᠵᠦᠢᠯ᠎ᠢᠶᠡᠷ ᠴᠢᠳᠠᠪᠤᠷᠢᠲᠠᠨ ᠣᠷᠣᠭᠤᠯᠤᠨ ᠠᠪᠴᠢᠷᠠᠬᠤ᠂ ᠤᠯᠤᠰ᠎ᠤᠨ ᠳᠡᠭᠡᠳᠦ ᠵᠡᠷᠭᠡ᠎ᠵᠢᠨ ᠴᠢᠳᠠᠪᠤᠷᠢᠲᠠᠨ ᠪᠠ ᠪᠦᠯᠬᠦᠮ ᠨᠡᠶ᠋ᠢᠲᠡ᠎ᠪᠡᠷ ᠴᠢᠳᠠᠪᠤᠷᠢᠲᠠᠨ ᠣᠷᠣᠭᠤᠯᠤᠨ ᠠᠪᠴᠢᠷᠠᠬᠤ᠎ᠲᠠᠶ ᠤᠶᠠᠯᠳᠤᠭᠤᠯᠤᠨ᠂ ᠲᠤᠰᠢᠶᠠᠯ ᠬᠠᠪᠰᠤᠷᠭᠠᠭᠰᠠᠨ ᠵᠥᠪᠯᠡᠭᠴᠢ᠂ ᠲᠦᠷᠦᠯ ᠵᠦᠢᠯ᠎ᠦᠨ ᠬᠠᠮᠲᠤᠷᠠᠯᠴᠠᠭ᠎ᠠ᠂ ᠮᠡᠷᠭᠡᠵᠢᠯ᠎ᠢᠶᠡᠷ ᠬᠤᠪᠢ ᠤᠷᠤᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠴᠢᠳᠠᠪᠤᠷᠢᠲᠠᠨ᠎ᠢ ᠤᠶᠠᠨ ᠬᠠᠲᠠᠨ᠎ᠢᠶᠠᠷ ᠣᠷᠣᠭᠤᠯᠤᠨ ᠠᠪᠴᠢᠷᠠᠵᠤ᠂ ᠳᠡᠭᠡᠳᠦ ᠵᠡᠷᠭᠡ ᠶ᠋ᠢᠨ ᠴᠢᠳᠠᠪᠤᠷᠢᠲᠠᠨ᠎ᠤ ᠣᠶᠤᠨ᠎ᠤ ᠲᠤᠯᠭᠠᠭᠤᠷᠢᠯᠠᠬᠤ ᠦᠢᠯᠡᠳᠦᠯ᠎ᠢ ᠭᠦᠶ᠋ᠴᠡᠳ ᠪᠠᠳᠠᠷᠠᠭᠤᠯᠤᠨ᠎ᠠ᠃ 《ᠮᠡᠷᠭᠡᠵᠢᠯ ᠴᠢᠳᠠᠪᠤᠷᠢ᠎ᠪᠠᠷ ᠠᠯᠤᠰ ᠢᠷᠡᠭᠡᠳᠦᠶ᠎ᠶᠢ ᠭᠡᠶ᠋ᠢᠭᠦᠯᠬᠦ᠌》 ᠪᠣᠯᠪᠠᠰᠤᠷᠠᠯ᠎ᠤᠨ ᠠᠵᠢᠯᠯᠠᠭ᠎ᠠ ᠶ᠋ᠢ ᠭᠦᠨᠵᠡᠭᠡᠶ ᠬᠡᠷᠡᠭᠵᠢᠭᠦᠯᠵᠦ᠍᠂ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠤ ᠪᠣᠯᠪᠠᠰᠤᠷᠠᠯ᠎ᠤᠨ ᠰᠠᠭᠤᠷᠢᠨ᠂ ᠠᠵᠤ ᠠᠬᠤᠶ᠋ᠢᠯᠠᠯ᠎ᠤᠨ ᠪᠣᠯᠪᠠᠰᠤᠷᠠᠯ᠎ᠤᠨ ᠲᠥᠪ᠂ ᠮᠡᠷᠭᠡᠵᠢᠯ᠎ᠦᠨ ᠠᠵᠢᠯᠴᠢᠨ᠎ᠤ ᠳᠡᠭᠡᠳᠦ ᠰᠤᠷᠭᠠᠭᠤᠯᠢ᠎ᠳᠤ ᠲᠦᠰᠢᠭᠯᠡᠨ᠂ ᠪᠤᠳᠤᠯᠳᠡ᠎ᠶᠢᠨ ᠬᠦᠴᠦᠨ᠎ᠤ ᠠᠵᠢᠯᠯᠠᠭᠠᠨ᠎ᠤ ᠬᠠᠮᠠᠭᠠᠯᠠᠯᠲᠠ᠂ ᠪᠣᠬᠢᠷᠲᠤᠯ ᠥᠬᠡᠶ ᠴᠠᠬᠢᠯᠭᠠᠨ᠎ᠤ ᠮᠡᠷᠭᠡᠵᠢᠯ᠂ ᠬᠢᠯᠢ ᠠᠯᠤᠰᠯᠠᠭᠰᠠᠨ ᠦᠢᠯᠡᠴᠢᠯᠡᠬᠡ ᠵᠡᠷᠭᠡ ᠭᠤᠤᠯᠯᠠᠬᠤ ᠮᠡᠷᠭᠡᠵᠢᠯ ᠴᠢᠳᠠᠪᠤᠷᠢ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠵᠠᠬᠢᠶᠠᠯᠠᠭ᠎ᠠ ᠶ᠋ᠢᠨ ᠮᠠᠶᠢᠭ᠎ᠤᠨ᠂ ᠲᠥᠷᠥᠯ ᠵᠦᠢᠯ᠎ᠤᠨ ᠬᠡᠯᠪᠡᠷᠢ ᠵᠢᠨ ᠪᠣᠯᠪᠠᠰᠤᠷᠠᠯ ᠥᠷᠨᠢᠭᠦᠯᠦᠨ᠂ ᠤᠷᠤᠨ ᠨᠤᠲᠤᠭ᠎ᠤᠨ ᠴᠢᠳᠠᠪᠤᠷᠢᠲᠠᠨ᠎ᠢ ᠨᠠᠩ ᠣᠯᠠᠨ ᠬᠥᠮᠦᠵᠢᠭᠦᠯᠦᠨ᠎ᠡ᠃

ᠲᠣᠭᠲᠠᠴᠠ ᠶ᠋ᠢᠨ ᠪᠠᠲᠤᠯᠠᠭ᠎ᠠ ᠶ᠋ᠢ ᠰᠢᠨᠡᠴᠢᠯᠡᠵᠦ᠍᠂ ᠴᠢᠨᠠᠷ ᠰᠠᠶ᠋ᠢᠲᠠᠢ ᠴᠢᠳᠠᠪᠤᠷᠢᠲᠠᠨ᠎ᠤ ᠬᠥᠭᠵᠢᠯᠲᠡ ᠶ᠋ᠢᠨ ᠣᠷᠴᠢᠨ᠎ᠢ ᠪᠤᠢ ᠪᠣᠯᠭᠠᠨ᠎ᠠ᠃ ᠴᠢᠳᠠᠪᠤᠷᠢᠲᠠᠨ᠎ᠢ ᠦᠨᠡᠯᠡᠬᠦ᠌ ᠲᠣᠭᠲᠠᠴᠠ᠎ᠳᠤ ᠥᠭᠡᠷᠡᠴᠢᠯᠡᠯᠲᠡ ᠬᠢᠵᠦ᠍᠂ 《ᠳᠥᠷᠪᠡ᠎ᠶᠢ ᠯᠡ ᠡᠷᠬᠢᠮᠯᠡᠬᠦ᠌》 ᠬᠣᠷᠢᠭ᠎ᠠ ᠶ᠋ᠢ ᠡᠪᠳᠡᠵᠦ᠍᠂ ᠮᠡᠷᠭᠡᠵᠢᠯ ᠴᠢᠳᠠᠪᠤᠷᠢ ᠶ᠋ᠢᠨ ᠬᠢᠷᠢ ᠲᠦᠪᠱᠢᠨ᠂ ᠰᠢᠨ᠎ᠡ ᠶ᠋ᠢ ᠡᠭᠦᠳᠬᠦ᠌ ᠴᠢᠳᠠᠪᠤᠷᠢ᠂ ᠠᠵᠢᠯ᠎ᠤᠨ ᠠᠮᠵᠢᠯᠲᠠ ᠪᠦᠲᠦᠮᠵᠢ ᠶ᠋ᠢᠨ ᠬᠤᠪᠢ ᠨᠡᠮᠡᠷᠢ᠎ᠪᠡᠷ ᠤᠳᠤᠷᠢᠳᠤᠮᠵᠢ ᠪᠣᠯᠭᠠᠭᠰᠠᠨ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠢ ᠦᠨᠡᠯᠡᠬᠦ᠌ ᠰᠢᠰᠲ᠋ᠧᠮ᠎ᠢ ᠪᠠᠶ᠋ᠢᠭᠤᠯᠵᠤ᠂ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠤ ᠮᠡᠷᠭᠡᠵᠢᠯ᠎ᠦᠨ ᠴᠣᠯᠠ ᠳᠡᠪᠰᠢᠬᠦ᠌ ᠵᠠᠮ᠎ᠢ ᠰᠢᠯᠤᠭᠤᠳᠬᠠᠵᠤ᠂ ᠨᠥᠬᠥᠴᠡᠯ᠎ᠳᠦ ᠨᠡᠶ᠋ᠢᠴᠡᠬᠦ᠌ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠤ ᠬᠠᠮᠢᠶ᠎ᠠ ᠪᠥᠬᠥᠶ ᠮᠡᠷᠭᠡᠵᠢᠯ᠎ᠦᠨ ᠴᠣᠯᠠ᠎ᠪᠠᠨ ᠰᠢᠭᠤᠳ ᠭᠤᠶᠤᠴᠢᠯᠠᠨ ᠮᠡᠳᠡᠭᠦᠯᠬᠦ᠌ ᠶ᠋ᠢ ᠵᠥᠪᠰᠢᠶᠡᠷᠡᠨ᠎ᠡ᠃ ᠴᠠᠯᠢᠩ ᠬᠥᠯᠥᠰᠥ ᠶ᠋ᠢᠨ ᠤᠷᠮᠠᠰᠢᠭᠤᠯᠬᠤ ᠲᠣᠭᠲᠠᠴᠠ ᠶ᠋ᠢ ᠲᠡᠭᠦᠯᠳᠡᠷᠵᠢᠭᠦᠯᠵᠦ᠍᠂ ᠠᠵᠤ ᠠᠬᠤᠶ᠋ᠢᠯᠠᠯ᠎ᠤᠨ ᠮᠡᠷᠭᠡᠵᠢᠯ ᠴᠢᠳᠠᠪᠤᠷᠢ᠎ᠪᠠᠷ ᠤᠳᠤᠷᠢᠳᠤᠮᠵᠢ ᠪᠣᠯᠭᠠᠭᠰᠠᠨ ᠴᠠᠯᠢᠩ ᠬᠥᠯᠥᠰᠥ ᠶ᠋ᠢᠨ ᠬᠤᠪᠢᠶᠠᠷᠢᠯᠠᠯᠲᠠ ᠶ᠋ᠢᠨ ᠲᠦᠷᠢᠮ ᠪᠠᠶ᠋ᠢᠭᠤᠯᠬᠤ ᠶ᠋ᠢ ᠠᠬᠢᠭᠤᠯᠤᠨ᠂ ᠲᠡᠭᠡᠳᠤ ᠮᠡᠷᠭᠡᠵᠢᠯ᠎ᠤᠨ ᠴᠢᠳᠠᠪᠤᠷᠢᠲᠠᠨ᠎ᠤ ᠬᠥᠯᠥᠰᠥ ᠣᠯᠭᠣᠮᠵᠢ ᠶ᠋ᠢ ᠳᠡᠭᠡᠭᠰᠢᠯᠡᠭᠦᠯᠵᠦ᠍᠂ ᠵᠠᠩᠭᠢᠯᠠᠭ᠎ᠠ ᠶ᠋ᠢᠨ ᠠᠵᠢᠯ᠎ᠤᠨ ᠪᠠᠶ᠋ᠢᠷᠢ ᠶ᠋ᠢᠨ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠳᠤ ᠵᠢᠯ᠎ᠤᠨ ᠴᠠᠯᠢᠩ᠎ᠤᠨ ᠲᠦᠷᠢᠮ᠂ ᠵᠥᠪᠯᠡᠯᠴᠡᠭᠡᠷ᠎ᠦᠨ ᠴᠠᠯᠢᠩ᠎ᠤᠨ ᠲᠦᠷᠢᠮ᠎ᠢ ᠬᠡᠷᠡᠭᠵᠢᠭᠦᠯᠦᠨ᠂ ᠳᠡᠭᠡᠳᠦ ᠮᠡᠷᠭᠡᠵᠢᠯ᠎ᠦᠨ ᠴᠢᠳᠠᠪᠤᠷᠢᠲᠠᠨ᠎ᠢ 《ᠮᠡᠷᠭᠡᠵᠢᠯ᠎ᠨᠢ ᠥᠷᠲᠡᠭ᠎ᠲᠡᠶ᠂ ᠬᠥᠳᠡᠯᠮᠦᠷᠢᠯᠡᠪᠡᠯ ᠬᠥᠯᠥᠰᠥ᠍ ᠣᠯᠭᠣᠮᠵᠢ᠎ᠲᠠᠶ》 ᠪᠣᠯᠭᠠᠨ᠎ᠠ᠃

《ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠶ᠋ᠢᠭᠡᠮ᠎ᠦᠨ ᠪᠠᠲᠤᠯᠠᠭ᠎ᠠ ᠶ᠋ᠢᠨ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶ᠋ᠢᠨ 〈1571〉 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ 〈ᠳᠤᠮᠳᠠᠳᠤ ᠤᠯᠤᠰ ᠥᠪᠥᠷ ᠮᠣᠩᠭᠣᠯ) ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ ᠶ᠋ᠢᠨ ᠣᠷᠣᠨ᠎ᠤ ᠶᠡᠷᠦᠩᠬᠡᠶ ᠲᠥᠰᠦᠯ〉 ᠤ᠋ᠨ ᠥᠭᠡᠷᠡᠴᠢᠯᠡᠯᠲᠡ ᠶ᠋ᠢᠨ ᠪᠠᠶ᠋ᠢᠷᠢᠯᠠᠭᠤᠯᠤᠯᠲᠠ᠎ᠲᠠᠶ ᠨᠢᠭᠲᠠ ᠤᠶᠠᠯᠳᠤᠭᠤᠯᠤᠨ᠂ ᠴᠢᠳᠠᠪᠤᠷᠢᠲᠠᠨ᠎ᠤ ᠲᠥᠷᠥ ᠶ᠋ᠢᠨ ᠪᠣᠳᠣᠯᠭ᠎ᠠ ᠶ᠋ᠢᠨ ᠠᠷᠭ᠎ᠠ ᠬᠡᠮᠵᠢᠶ᠎ᠡ ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠬᠥᠮᠦᠵᠢᠭᠦᠯᠬᠦ᠌ ᠰᠢᠰᠲ᠋ᠧᠮ᠎ᠳᠦ ᠰᠢᠨ᠎ᠡ ᠶ᠋ᠢ ᠡᠭᠦᠳᠦᠨ᠂ ᠴᠢᠳᠠᠪᠤᠷᠢᠲᠠᠨ᠎ᠤ ᠦᠢᠯᠡᠴᠢᠯᠡᠭᠡᠨ᠎ᠦ ᠪᠠᠲᠤᠯᠠᠭ᠎ᠠ ᠶ᠋ᠢᠨ ᠴᠢᠳᠠᠪᠤᠷᠢ ᠶ᠋ᠢ ᠳᠡᠭᠡᠭᠰᠢᠯᠡᠭᠦᠯᠵᠦ᠍᠂ ᠴᠢᠳᠠᠪᠤᠷᠢᠲᠠᠨ᠎ᠤ ᠬᠥᠭᠵᠢᠯᠲᠡ ᠶ᠋ᠢᠨ ᠣᠷᠴᠢᠨ ᠨᠦᠭᠦᠴᠡᠯ᠎ᠢ ᠰᠢᠯᠢᠳᠡᠭᠵᠢᠭᠦᠯᠦᠨ᠂ ᠴᠢᠯᠥᠭᠡᠲᠦ᠍ ᠠᠷᠠᠯᠵᠢᠶᠠᠨ᠎ᠤ ᠲᠤᠷᠰᠢᠯᠳᠠ ᠵᠢᠨ ᠣᠷᠣᠨ᠎ᠤ ᠴᠢᠳᠠᠪᠤᠷᠢᠲᠠᠨ᠎ᠤ ᠡᠩᠨᠡᠭᠡ ᠶ᠋ᠢ ᠲᠠᠰᠤᠷᠠᠯᠲᠠ ᠥᠬᠡᠶ ᠥᠷᠭᠡᠳᠬᠡᠬᠦ᠌᠂ ᠬᠡᠪ ᠴᠢᠨᠠᠷ᠎ᠢ ᠲᠣᠭᠲᠠᠭᠤᠨ᠎ᠢᠶᠠᠷ ᠳᠡᠭᠡᠭᠰᠢᠯᠡᠭᠦᠯᠬᠦ᠌᠂ ᠠᠮᠢᠵᠢᠷᠠᠯ᠎ᠤᠨ ᠬᠦᠴᠦᠨ᠎ᠢ ᠭᠦᠶ᠋ᠴᠡᠳ ᠪᠠᠳᠠᠷᠠᠭᠤᠯᠬᠤ ᠶ᠋ᠢ ᠠᠬᠢᠭᠤᠯᠵᠤ᠂ ᠴᠢᠯᠥᠭᠡᠲᠦ᠍ ᠠᠷᠠᠯᠵᠢᠶᠠᠨ᠎ᠤ ᠲᠤᠷᠰᠢᠯᠳᠠ ᠵᠢᠨ ᠣᠷᠣᠨ᠎ᠤ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠤᠯᠲᠠ ᠪᠠ ᠬᠥᠭᠵᠢᠯᠲᠡ᠎ᠳᠦ ᠨᠠᠩ ᠪᠠᠲᠤ᠌ ᠪᠠᠬᠢ ᠴᠢᠳᠠᠪᠤᠷᠢᠲᠠᠨ᠎ᠤ ᠲᠤᠯᠭᠠᠭᠤᠷᠢᠯᠠᠯ ᠬᠠᠩᠭᠠᠨ᠎ᠠ》 ᠭᠡᠵᠦ᠍ ᠵᠠᠶ ᠶᠢᠩ ᠵᠢᠶᠦᠢ᠍ᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号