ᠦᠪᠦᠷ ᠮᠤᠩᠭᠤᠯ᠎ᠱᠢᠤᠳᠠᠨ᠎ᠤ ᠬᠠᠮᠢᠶᠠᠷᠤᠯᠲᠠ᠎ᠶ᠋ᠢᠨ ᠱᠢᠰᠲ᠋ᠧᠮ᠎ᠦᠨ ᠭᠤᠤᠯᠳᠠᠯᠭ᠎ᠠ᠎ᠲᠠᠶ ᠠᠵᠢᠯ᠎ᠢ ᠳᠣᠭᠢᠷᠠᠭᠤᠯᠤᠨ ᠠᠬᠢᠭᠤᠯᠬᠤ ᠬᠤᠷᠠᠯ ᠬᠢᠪᠡ
2026-07-27 09:36:55
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

ᠤᠢᠷ᠎ᠠ᠎ᠶᠢᠨ ᠡᠳᠦᠷ᠂ ᠤᠯᠤᠰ᠎ᠤᠨ ᠱᠢᠤᠳᠠᠨ᠎ᠤ ᠬᠠᠮᠢᠶᠠᠷᠤᠯᠳᠡ᠎ᠶᠢᠨ ᠲᠣᠪᠴᠢᠶ᠎ᠠ᠎ᠶ᠋ᠢᠨ ᠭᠤᠤᠯᠳᠠᠯᠭ᠎ᠠ᠎ᠲᠠᠶ ᠠᠵᠢᠯ᠎ᠤᠨ ᠲᠣᠬᠢᠷᠠᠭᠤᠯᠤᠯᠲᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ᠂ ᠰᠢᠥᠳᠠᠨ᠎ᠤ ᠶᠠᠪᠤᠳᠠᠯ᠎ᠤᠨ ᠡᠯ᠎ᠡ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠬᠤ᠎ᠶ᠋ᠢᠨ ᠲᠦᠯᠦᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠪᠥᠬᠥ᠌ ᠣᠷᠣᠨ᠎ᠤ ᠱᠢᠤᠳᠠᠨ᠎ᠤ ᠬᠠᠮᠢᠶᠠᠷᠤᠯᠲᠠ᠎ᠶ᠋ᠢᠨ ᠱᠢᠰᠲ᠋ᠧᠮ᠎ᠦᠨ ᠭᠤᠤᠯᠳᠠᠯᠭ᠎ᠠ᠎ᠲᠠᠶ ᠠᠵᠢᠯ᠎ᠢ ᠳᠣᠭᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠵᠠᠢ᠃

ᠬᠤᠷᠠᠯ᠎ᠡᠴᠡ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠪᠥᠬᠥ᠌ ᠣᠷᠣᠨ᠎ᠤ ᠰᠢᠥᠳᠠᠨ᠎ᠤ ᠠᠵᠢᠯ ᠲᠥᠷᠥᠯ᠎ᠦᠨ ᠬᠥᠭ᠌ᠵᠢᠯᠲᠡ᠎ᠳᠦ ᠲᠤᠯᠭᠠᠷᠠᠵᠤ ᠪᠠᠢᠭ᠎ᠠ ᠪᠠᠢᠳᠠᠯ ᠪᠠ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯ᠎ᠢ ᠣᠨᠣᠴᠠᠲᠠᠶ ᠡᠵᠡᠮᠳᠡᠵᠦ᠍᠂ ᠤᠯᠤᠰ᠎ᠤᠨ ᠰᠢᠥᠳᠠᠨ᠎ᠤ ᠬᠠᠮᠢᠶᠠᠷᠤᠯᠳᠡ᠎ᠶᠢᠨ ᠲᠣᠪᠴᠢᠶ᠎ᠠ᠎ᠡᠴᠡ ᠳᠤᠷᠠᠳᠤᠭ᠍ᠰᠠᠨ 《ᠬᠣᠶᠠᠷ᠎ᠢ ᠠᠬᠢᠭᠤᠯᠬᠤ》᠂ 《ᠭᠤᠷᠪᠠ᠎ᠶ᠋ᠢ ᠳᠡᠭᠡᠭ᠌ᠰᠢᠯᠡᠭᠦᠯᠬᠦ᠌》 ᠠᠵᠢᠯ᠎ᠤᠨ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠵᠤ᠂ ᠦᠪᠡᠷᠳᠡᠭᠡᠨ ᠵᠠᠰᠠᠬᠤ ᠣᠷᠣᠨ᠎ᠤ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠳᠤᠷᠠᠳᠤᠭ᠍ᠰᠠᠨ 9 ᠲᠠᠯ᠎ᠠ᠎ᠶ᠋ᠢᠨ 29 ᠵᠦᠶ᠋ᠯ᠎ᠦᠨ ᠪᠣᠳᠠᠲᠠᠶ ᠠᠵᠢᠯ᠎ᠤᠨ ᠠᠷᠭ᠎ᠠ ᠬᠡᠮᠵᠢᠶ᠎ᠡ᠂ ᠱᠢᠤᠳᠠᠨ᠎ᠤ ᠲᠦᠷᠭᠡᠨ ᠬᠦᠷᠭᠡᠯᠳᠡ᠎ᠶᠢᠨ ᠦᠶ᠋ᠯᠡᠰ᠎ᠦᠨ ᠠᠷᠠᠳ᠎ᠤᠨ ᠠᠮᠢᠳᠤᠷᠠᠯ ᠳ᠋ᠦ ᠤᠢᠷᠠᠳᠤᠭᠰᠠᠨ 7 ᠪᠣᠳᠠᠲᠤ ᠶᠠᠪᠤᠳᠠᠯ᠎ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠦ᠂ ᠡᠯ᠎ᠡ ᠵᠦᠢᠯ᠎ᠦᠨ ᠦᠨᠳᠦᠰᠦᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠭᠣᠣᠯ ᠬᠠᠷᠢᠭᠤᠴᠠᠯᠭ᠎ᠠ ᠭᠣᠣᠯ ᠠᠵᠢᠯ᠎ᠢ ᠰᠠᠢᠲᠤᠷ ᠠᠳᠭᠤᠵᠤ᠂ ᠬᠠᠷᠢᠭᠤᠴᠠᠯᠭᠠᠲᠤ ᠰᠡᠳᠭᠢᠯᠭᠡ᠎ᠪᠡᠷ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠵᠢᠯ᠎ᠤᠨ ᠱᠢᠨ᠎ᠡ᠎ᠶ᠋ᠢ ᠡᠭᠦᠳᠬᠦ᠌᠎ᠶ᠋ᠢ ᠴᠢᠬᠤᠯᠠᠴᠢᠯᠠᠨ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠤᠨ ᠡᠯ᠎ᠡ ᠠᠢᠮᠠᠭ ᠬᠣᠲᠠ᠎ᠶ᠋ᠢᠨ ᠠᠵᠢᠯ ᠲᠥᠷᠥᠯ᠎ᠦᠨ ᠠᠵᠢᠯ᠎ᠤᠨ ᠬᠢᠯᠠᠰ ᠴᠡᠭ᠎ᠢ ᠳᠣᠪᠣᠢᠯᠭᠠᠵᠤ᠂ ᠰᠢᠥᠳᠠᠨ᠎ᠤ ᠠᠵᠢᠯ ᠲᠥᠷᠥᠯ᠎ᠦᠨ ᠬᠥᠭ᠌ᠵᠢᠯᠲᠡ᠎ᠶ᠋ᠢ ᠠᠬᠢᠭᠤᠯᠤᠨ᠂ ᠵᠥᠪ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠡᠮᠬᠢ ᠵᠢᠷᠤᠮ᠎ᠲᠠᠶ ᠰᠠᠢᠲᠤᠷ ᠥᠷᠨᠢᠭᠦᠯᠵᠦ᠍᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠪᠠᠢᠴᠠᠭᠠᠨ ᠳᠡᠯᠭᠡᠬᠦ᠌ ᠱᠠᠭᠠᠷᠳᠠᠯᠭ᠎ᠠ᠎ᠲᠠᠶ ᠬᠠᠷᠭᠤᠭᠤᠯᠵᠤ᠂ ᠰᠠᠨᠠᠭᠠᠴᠢᠯᠠᠭ᠎ᠠ᠎ᠡᠴᠡ᠎ᠪᠠᠨ ᠠᠰᠠᠭᠤᠳᠠᠯ᠎ᠢ ᠲᠠᠨᠢᠵᠤ᠂ ᠴᠡᠭ᠌ᠴᠡᠯᠡᠨ ᠰᠠᠢᠵᠢᠷᠠᠭᠤᠯᠬᠤ ᠠᠷᠭ᠎ᠠ ᠬᠡᠮᠵᠢᠢ᠎ᠡ᠎ᠶ᠋ᠢ ᠨᠠᠷᠢᠯᠢᠬ᠍ᠵᠢᠭᠤᠯᠵᠦ᠍᠂ ᠳᠠᠩᠰᠠ ᠬᠠᠷᠭᠤᠭᠤᠯᠵᠤ ᠳ᠋ᠤᠭᠠᠷ ᠬᠠᠰᠤᠬᠤ᠎ᠶ᠋ᠢ ᠴᠢᠩᠭᠠᠳᠭᠠᠵᠤ᠂ ᠰᠤᠷᠤᠯᠴᠠᠯᠭ᠎ᠠ ᠬᠥᠮᠦᠵᠢᠯ᠎ᠢ ᠲᠠᠷᠢᠬᠢ ᠲᠣᠯᠣᠭᠠᠢ᠎ᠳᠠᠭᠠᠨ ᠬᠠᠳᠠᠩᠱᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠤᠨ᠂ ᠠᠵᠢᠯ᠎ᠤᠨ ᠪᠠᠢᠷᠢᠯᠠᠭᠤᠯᠤᠯᠲᠠ ᠪᠠᠨ ᠱᠢᠨᠵᠢᠯᠡᠬᠦ᠌ ᠤᠬᠠᠭᠠᠨᠴᠢ᠎ᠪᠠᠷ ᠲᠥᠯᠥᠪᠯᠡᠵᠦ᠍᠂ ᠭᠤᠤᠯᠳᠠᠯᠭ᠎ᠠ᠎ᠲᠠᠶ ᠠᠵᠢᠯ᠎ᠢ ᠡᠮᠬᠢ ᠵᠢᠷᠤᠮ᠎ᠲᠠᠶ ᠠᠬᠢᠭᠤᠯᠵᠤ᠂ ᠵᠢᠯ᠎ᠤᠨ ᠬᠠᠷᠠᠯᠲᠠ᠎ᠪᠠᠨ ᠪᠥᠬᠥ᠌ ᠲᠠᠯ᠎ᠠ᠎ᠪᠠᠷ ᠪᠡᠶᠡᠯᠡᠭᠦᠯᠬᠦ᠌᠎ᠳᠦ ᠪᠠᠲᠤ ᠪᠠᠬᠢ ᠰᠠᠭᠤᠷᠢ ᠲᠠᠯᠪᠢᠵᠤ ᠥᠭ᠌ᠬᠦ ᠬᠡᠷᠡᠭ᠌ᠲᠡᠶ ᠬᠡᠵᠦ ᠱᠠᠭᠠᠷᠳᠠᠵᠠᠢ᠃ ᠥᠪᠥᠷ ᠮᠣᠩᠭᠣᠯ᠎ᠤᠨ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ ᠭᠤᠤᠯᠳᠠᠯᠭ᠎ᠠ᠎ᠲᠠᠶ ᠠᠵᠢᠯ᠎ᠢ ᠲᠣᠬᠢᠷᠠᠭᠤᠯᠤᠨ ᠠᠬᠢᠭᠤᠯᠬᠤ ᠬᠤᠷᠠᠯ᠎ᠤᠨ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠴᠢᠩᠭ᠎ᠠ ᠠᠩᠬᠠᠷᠴᠤ᠌᠂ ᠡᠯ᠎ᠡ ᠵᠦᠶ᠋ᠯ᠎ᠦᠨ ᠠᠵᠢᠯ᠎ᠤᠨ ᠲᠦᠷᠭᠡᠨ ᠪᠥᠭᠡᠳ ᠯᠠᠪᠳᠠᠭᠤᠨ᠂ ᠪᠣᠳᠠᠲᠠᠶ ᠦᠷ᠎ᠡ ᠪᠦᠲᠦᠮᠵᠢ ᠤᠯᠬᠤ᠎ᠶ᠋ᠢ ᠠᠬᠢᠭᠤᠯᠵᠤ᠂ ᠡᠯ᠎ᠡ ᠵᠦᠶ᠋ᠯ᠎ᠦᠨ ᠵᠢᠯ᠎ᠤᠨ ᠭᠤᠤᠯᠳᠠᠯᠭ᠎ᠠ᠎ᠲᠠᠶ ᠡᠭᠦᠷᠭᠡ ᠪᠠᠨ ᠲᠡᠭᠦᠰ ᠠᠮᠵᠢᠯᠲᠠ᠎ᠲᠠᠶ ᠪᠡᠶᠡᠯᠡᠭᠦᠯᠬᠦ᠌᠎ᠶ᠋ᠢ ᠪᠠᠲᠤᠯᠠᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号