ᠪᠤᠭᠤᠲᠤ᠌ ᠬᠣᠲᠠ ᠵᠢᠨ ᠨᠢᠭᠡ ᠭᠡᠷᠡᠭ ᠎ᠤᠨ ᠵᠢᠱ᠌ᠢᠶ᠎ᠡ 《ᠪᠥᠬᠥ᠌ ᠤᠯᠤᠰ᠎ᠤᠨ ᠤᠰᠤᠨ ᠲᠤᠲᠤᠷᠭ᠎ᠠ ᠪᠠ ᠵᠢᠭᠠᠰᠤ ᠵᠢ ᠬᠠᠮᠲᠤ᠎ᠪᠠᠷ ᠪᠤᠢᠵᠢᠭᠤᠯᠤᠨ ᠪᠠᠶᠠᠵᠢᠭᠰᠠᠨ ᠨᠡᠶ᠋ᠢᠲᠡᠯᠢᠭ ᠬᠡᠷᠡᠭ᠎ᠦᠨ ᠵᠢᠱ᠌ᠢᠶ᠎ᠡ》᠎ᠪᠡᠷ ᠲᠤᠳᠤᠷᠠᠵᠠᠢ
2026-07-27 10:29:36
ᠵᠣᠬᠢᠶᠠᠭ᠍ᠴᠢ᠄
ᠸ·ᠭᠡᠷᠡᠯᠳᠤ
ᠣᠩᠱᠢᠭ᠍ᠰᠠᠨ ᠣᠳᠠᠭ᠎ᠠ᠄
★★★☆☆

ᠣᠶ᠋ᠢᠷ᠎ᠠ᠎ᠳᠤ᠂ ᠪᠥᠬᠥ᠌ ᠤᠯᠤᠰ᠎ᠤᠨ ᠤᠰᠤᠨ ᠭᠠᠷᠤᠯᠲᠠ᠎ᠶᠢᠨ ᠮᠡᠷᠭᠡᠵᠢᠯ᠎ᠢ ᠲᠦᠭᠡᠮᠡᠯᠵᠢᠬᠦᠯᠬᠦ ᠶᠡᠷᠦᠩᠬᠡᠶ ᠥᠷᠲᠡᠭᠡ ᠬᠣᠶᠠᠳᠤᠭᠠᠷ ᠪᠦᠯᠦᠭ᠎ᠦᠨ ᠤᠰᠤᠨ ᠲᠤᠲᠤᠷᠭ᠎ᠠ ᠪᠠ ᠵᠢᠭᠠᠰᠤ᠎ᠶᠢ ᠶᠡᠷᠦᠩᠬᠡᠶ᠋ᠢᠯᠡᠨ ᠳᠠᠷᠢᠵᠤ ᠲᠡᠵᠢᠭᠡᠨ ᠬᠠᠮᠲᠤ᠎ᠪᠠᠷ ᠪᠠᠶᠠᠵᠢᠬᠰᠠᠨ ᠭᠤᠤᠯ ᠴᠣᠭᠴᠠ᠎ᠶᠢᠨ ᠨᠡᠶ᠋ᠢᠲᠡᠯᠢᠭ ᠬᠡᠷᠡᠭ᠎ᠦᠨ ᠵᠢᠱ᠌ᠢᠶ᠎ᠡ᠎ᠶᠢᠨ ᠨᠡᠷᠡᠰ᠎ᠢ ᠨᠡᠶ᠋ᠢᠲᠡᠯᠡᠵᠦ᠍᠂ ᠪᠤᠭᠤᠲᠤ᠌ ᠬᠣᠲᠠ᠎ᠶᠢᠨ ᠮᠠᠯ ᠠᠵᠤ ᠠᠬᠤᠶ ᠤᠰᠤᠨ ᠭᠠᠷᠤᠯᠲᠠ᠎ᠶᠢ ᠲᠦᠭᠡᠮᠡᠯᠵᠢᠬᠦᠯᠬᠦ ᠦᠢᠯᠡᠴᠢᠯᠡᠭᠡᠨ᠎ᠦ ᠲᠥᠪ᠎ᠡᠴᠡ ᠡᠷᠡᠮᠡᠯᠵᠡᠨ ᠮᠡᠳᠡᠭᠦᠯᠦᠭᠰᠡᠨ ᠥᠪᠥᠷ ᠮᠣᠩᠭᠣᠯ᠎ᠤᠨ ᠲᠢᠶᠠᠨ ᠾᠧ ᠠᠮᠢ ᠠᠬᠤᠶ᠎ᠶᠢᠨ ᠲᠠᠷᠢᠶᠠᠯᠠᠩ᠎ᠤᠨ ᠵᠢᠭᠤᠯᠴᠢᠯᠠᠯ᠎ᠤᠨ ᠬᠢᠵᠠᠭᠠᠷᠲᠤ᠌ ᠺᠣᠮᠫᠠᠨᠢ᠎ᠶᠢᠨ 《ᠤᠰᠤᠨ ᠲᠤᠲᠤᠷᠭ᠎ᠠ ᠨᠠᠶ᠋ᠮᠠᠯᠵᠢ ᠬᠠᠮᠲᠤ᠌ ᠣᠷᠣᠰᠢᠬᠤ᠂ ᠲᠠᠷᠢᠶᠠᠯᠠᠩ ᠵᠢᠭᠤᠯᠴᠢᠯᠠᠯ᠎ᠢ ᠠᠭᠤᠰᠤᠯᠴᠠᠭᠤᠯᠬᠤ ᠪᠤᠭᠤᠲᠤ᠎ᠶᠢᠨ ᠲᠢᠶᠠᠨ ᠾᠧ᠎ᠶᠢᠨ 〈ᠳᠥᠷᠪᠡᠨ ᠬᠤᠪᠢᠷᠠᠭᠤᠯᠤᠯᠳᠠ〉᠎ᠶ᠋ᠢᠨ ᠦᠢᠯᠡᠳᠦᠯᠭᠡ》 ᠨᠢ ᠠᠮᠵᠢᠯᠲᠠ᠎ᠲᠠᠶ ᠪᠡᠷ ᠰᠣᠩᠭᠣᠭᠳᠠᠵᠤ᠂ ᠲᠤᠰ ᠨᠡᠷᠡᠰ᠎ᠦᠨ ᠵᠢᠭᠰᠠᠭᠠᠯᠲᠠ᠎ᠳᠤ ᠤᠷᠤᠭᠰᠠᠨ ᠪᠠᠢᠨ᠎ᠠ᠃

ᠲᠣᠰ ᠠᠵᠤ ᠠᠬᠤᠶ᠋ᠢᠯᠠᠯ ᠨᠢ ᠳ᠋ᠦᠩ ᠾᠧ ᠲᠣᠭᠣᠷᠢᠭ᠎ᠤᠨ ᠰᠠᠷᠠᠴᠢᠨ ᠪᠠᠯᠭᠠᠰᠤᠨ᠎ᠤ ᠱ᠌ᠢ ᠳ᠋ᠡ ᠬᠥ᠋ ᠲᠣᠰᠬᠣᠨ᠎ᠳᠤ ᠪᠠᠶ᠋ᠢᠷᠢᠯᠠᠵᠤ᠂ ᠨᠡᠶ᠋ᠢᠲᠡ 2000 ᠲᠦᠮᠡᠨ ᠲᠥᠭᠥᠷᠢᠭ᠎ᠦᠨ ᠪᠠᠯᠠ ᠣᠷᠣᠭᠤᠯᠵᠤ᠂ 1500 ᠮᠥ᠍ ᠬᠤᠵᠢᠷᠯᠢᠭ ᠭᠠᠵᠠᠷ᠎ᠢ ᠥᠭᠡᠷᠡᠴᠢᠯᠡᠨ ᠵᠠᠰᠠᠵᠤ᠂ ᠬᠤᠵᠢᠷᠯᠢᠭ ᠭᠠᠵᠠᠷ᠎ᠢ ᠵᠠᠰᠠᠵᠤ ᠪᠠᠷᠢᠮᠵᠢᠶᠠᠵᠢᠭᠤᠯᠬᠤ᠂ ᠭᠤᠤᠯ ᠎ᠤᠨ ᠨᠠᠶ᠋ᠮᠠᠯᠵᠢ᠎ᠲᠡᠵᠢᠭᠡᠨ ᠦᠷᠡᠵᠢᠭᠦᠯᠬᠦ᠌᠎ᠶᠢ ᠰᠢᠯᠢᠳᠡᠭᠵᠢᠭᠦᠯᠬᠦ᠌᠂ ᠬᠥᠳᠡᠭᠡ ᠲᠣᠰᠬᠣᠨ᠎ᠤ ᠵᠢᠭᠤᠯᠴᠢᠯᠠᠯ᠎ᠤᠨ ᠡᠵᠡᠩᠨᠡᠯᠲᠡ᠎ᠶᠢ ᠲᠥᠷᠥᠯ ᠲᠡᠮᠳᠡᠭᠵᠢᠭᠦᠯᠬᠦ᠌᠂ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠍ ᠡᠷᠴᠢᠮᠵᠢᠭᠦᠯᠬᠦ᠌ ᠬᠥᠭᠵᠢᠯᠲᠡ᠎ᠶᠢᠨ ᠠᠷᠭ᠎ᠠ ᠵᠠᠮ᠎ᠢ ᠰᠦᠪᠡᠭᠴᠢᠯᠡᠨ ᠪᠣᠶ ᠪᠣᠯᠭᠠᠵᠠᠢ᠃ ᠰᠠᠭᠤᠷᠢᠨ ᠭᠠᠵᠠᠷ ᠨᠢ ᠤᠰᠤᠨ ᠲᠤᠲᠤᠷᠭ᠎ᠠ ᠨᠠᠶ᠋ᠮᠠᠯᠵᠢ᠎ᠶᠢᠨ ᠠᠮᠢ ᠠᠬᠤᠢ᠎ᠶᠢᠨ ᠡᠷᠭᠢᠯᠳᠠᠳᠤ ᠲᠠᠷᠢᠵᠤ ᠲᠡᠵᠢᠭᠡᠬᠦ᠌᠎ᠶᠢ ᠬᠡᠷᠡᠭᠵᠢᠭᠦᠯᠵᠦ᠍᠂ ᠳᠠᠪᠤᠰᠤᠨ᠎ᠳᠤ ᠳᠠᠭᠠᠭᠠᠮᠠᠭᠠᠢ ᠳ᠋ᠤᠤ ᠬᠤᠸᠠ ᠰᠢᠶᠠᠩ 2 ᠳ᠋ᠤᠭᠠᠷ ᠨᠣᠮᠧᠷᠲᠤ᠌ ᠤᠰᠤᠨ ᠲᠤᠲᠤᠷᠭ᠎ᠠ᠂ ᠫᠠᠨ ᠵᠢᠨ ᠭᠤᠸᠠᠩ ᠾᠧ 1 ᠳ᠋ᠤᠭᠡᠷ ᠨᠣᠮᠧᠷᠲᠤ᠌ ᠭᠣᠣᠯ᠎ᠤᠨ ᠨᠠᠶ᠋ᠮᠠᠯᠵᠢ᠎ᠶᠢ ᠰᠣᠩᠭᠣᠨ ᠬᠡᠷᠡᠭᠯᠡᠵᠦ᠍᠂ ᠨᠠᠶ᠋ᠮᠠᠯᠵᠢ ᠲᠡᠵᠢᠭᠡᠨ ᠦᠷᠡᠵᠢᠭᠦᠯᠦᠭᠰᠡᠨ ᠤᠰᠤ᠎ᠪᠠᠷ ᠤᠰᠤᠨ ᠲᠤᠲᠤᠷᠭ᠎ᠠ᠎ᠶᠢᠨ ᠲᠠᠷᠢᠶ᠎ᠠ᠎ᠶᠢ ᠤᠰᠤᠯᠠᠵᠤ᠂ ᠤᠰᠤᠨ᠎ᠤ ᠡᠬᠢ ᠪᠠᠶᠠᠯᠢᠭ᠎ᠢ ᠡᠷᠭᠢᠯᠳᠦᠭᠦᠯᠦᠨ ᠠᠰᠢᠭᠯᠠᠬᠤ᠎ᠶᠢ ᠪᠡᠶᠡᠯᠡᠭᠦᠯᠦᠭᠰᠡᠨ ᠪᠠᠢᠨ᠎ᠠ᠃

2026 ᠣᠨ᠎ᠳᠤ ᠲᠤᠰ ᠠᠵᠤ ᠠᠬᠤᠶ᠋ᠢᠯᠠᠯ ᠨᠢ ᠮᠦᠨ ᠭᠤᠤᠯ ᠮᠥᠷᠡᠨ᠎ᠦ ᠰᠢᠰᠲᠸᠮ᠎ᠤᠨ ᠨᠠᠶ᠋ᠮᠠᠯᠵᠢ᠎ᠶᠢᠨ ᠲᠡᠵᠢᠭᠡᠪᠦᠷᠢ᠎ᠶᠢᠨ ᠦᠢᠯᠡᠰ᠎ᠢ ᠬᠠᠶ᠋ᠢᠨ ᠰᠦᠪᠡᠭᠴᠢᠯᠡᠵᠦ᠍᠂ ᠴᠢᠨᠠᠷ ᠰᠠᠶ᠋ᠢᠲᠠᠢ ᠦᠷ᠎ᠠ ᠵᠢᠨ ᠨᠠᠶ᠋ᠮᠠᠯᠵᠢ᠎ᠶᠢ 3000 ᠵᠢᠩ᠂ 20 ᠭᠠᠷᠤᠢ ᠲᠦᠮᠡᠨ ᠰᠢᠷᠬᠡᠭ ᠢ᠋ ᠭᠤᠤᠯ ᠳ᠋ᠤ ᠬᠢᠵᠦ ᠦᠷᠡᠵᠢᠬᠦᠯᠦᠨ᠂ 《ᠱᠸᠨ ᠵᠢᠶᠠᠩ 1 ᠳ᠋ᠤᠭᠡᠷ ᠨᠣᠮᠧᠷᠲᠤ᠌》 ᠵᠠᠬ᠎ᠠ ᠳᠡᠯᠭᠡᠭᠦᠷ ᠲᠤ᠌ ᠡᠷᠳᠡ ᠭᠠᠷᠬᠤ ᠲᠦᠷᠦᠯ ᠵᠦᠢᠯ᠂ ᠴᠠᠭᠠᠨ ᠬᠠᠰ ᠨᠠᠶ᠋ᠮᠠᠯᠵᠢ᠂ ᠤᠯᠠᠭᠠᠨ ᠬᠠᠯᠢᠰᠤᠲᠤ᠌ ᠨᠠᠶ᠋ᠮᠠᠯᠵᠢ᠂ ᠬᠦᠬᠡ ᠬᠠᠯᠢᠰᠤᠲᠤ᠌ ᠨᠠᠶ᠋ᠮᠠᠯᠵᠢ ᠵᠡᠷᠭᠡ ᠰᠢᠨ᠎ᠡ ᠲᠦᠷᠦᠯ ᠵᠦᠢᠯ᠎ᠢ ᠬᠠᠮᠤᠷᠤᠬᠰᠠᠨ ᠪᠠᠢᠨ᠎ᠠ᠃ ᠣᠳᠣᠬᠠᠨ᠎ᠳᠤ ᠦᠷ᠎ᠠ ᠵᠢᠨ ᠨᠠᠶ᠋ᠮᠠᠯᠵᠢ᠎ᠶᠢᠨ ᠪᠤᠢᠵᠢᠯᠳᠠ ᠰᠠᠶ᠋ᠢᠨ ᠪᠠᠶ᠋ᠢᠵᠤ᠂ ᠳᠤᠮᠳᠠᠴᠢ ᠬᠡᠮᠵᠢᠶ᠎ᠡ ᠨᠢ 70g ᠎ᠳ᠋ᠤ᠌ ᠬᠦᠷᠴᠦ᠍᠂ 9 ᠰᠠᠷ᠎ᠠ᠎ᠳᠤ ᠵᠠᠬ᠎ᠠ ᠳᠡᠯᠭᠡᠭᠦᠷ᠎ᠲᠦ᠍ ᠭᠠᠷᠬᠤ ᠪᠣᠯᠤᠮᠵᠢ᠎ᠲᠠᠶ ᠪᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号