《ᠨᠠᠮ᠎ᠤᠨ ᠬᠡᠰᠢᠬᠦᠨ ᠺᠠᠳ᠋ᠷᠴᠤᠳ᠎ᠤᠨ ᠤᠬ ᠰᠠᠨᠠᠭ᠎ᠠ ᠪᠠ ᠡᠬᠦᠷᠭᠡ ᠬᠠᠷᠢᠭᠤᠴᠠᠯᠭ᠎ᠠ》 ᠰᠢᠷᠢᠰ ᠮᠡᠳᠡᠭᠡᠯᠡᠯ ②— ᠪᠣᠳᠠᠲᠠᠢ ᠠᠵᠢᠯᠯᠠᠨ ᠪᠣᠳᠠᠲᠤ ᠦᠷ᠎ᠡ ᠪᠦᠲᠦᠮᠵᠢ ᠭᠠᠷᠭᠠᠵᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠨ ᠴᠢᠨᠠᠷ ᠰᠠᠢᠲᠠᠢ ᠬᠦᠭᠵᠢᠯᠲᠡ ᠵᠢ ᠠᠬᠢᠭᠤᠯᠤᠨ᠎ᠠ
2026-07-27 11:01:44
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠪᠣᠳᠠᠲᠠᠢ ᠠᠵᠢᠯᠯᠠᠬᠤ ᠪᠣᠯ ᠠᠮᠵᠢᠯᠲᠠ ᠪᠦᠲᠦᠮᠵᠢ ᠭᠠᠷᠭᠠᠬᠤ᠎ᠶᠢᠨ ᠦᠨᠳᠦᠰᠦ᠂ ᠰᠠᠢᠳᠤᠷ ᠭᠦᠢᠴᠡᠳᠬᠡᠬᠦ ᠪᠣᠯ ᠬᠠᠷᠢᠭᠤᠴᠠᠯᠭ᠎ᠠ ᠡᠭᠦᠷᠭᠡᠯᠡᠬᠦ᠎ᠶᠢᠨ ᠰᠠᠭᠤᠷᠢ ᠮᠥᠨ᠃ ᠡᠨᠡ ᠵᠢᠯ᠎ᠡᠴᠡ ᠨᠠᠭᠠᠰᠢ᠂ ᠮᠠᠨ᠎ᠤ ᠤᠷᠤᠨ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠶ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ 《ᠶᠠᠮᠠᠷ ᠶᠠᠩᠵᠤ᠎ᠶᠢᠨ ᠵᠠᠰᠠᠭ᠎ᠤᠨ ᠠᠵᠢᠯ᠎ᠤᠨ ᠪᠦᠲᠦᠮᠵᠢ ᠵᠢ ᠡᠭᠦᠳᠬᠦ᠂ ᠵᠠᠰᠠᠭ᠎ᠤᠨ ᠠᠵᠢᠯ᠎ᠤᠨ ᠪᠦᠲᠦᠮᠵᠢ᠎ᠶᠢ ᠬᠡᠷᠬᠢᠨ ᠡᠭᠦᠳᠬᠦ》 ᠭᠣᠣᠯ ᠰᠡᠳᠦᠪ᠎ᠲᠠᠢ ᠨᠢᠭ᠍ᠲᠠ ᠤᠶᠠᠯᠳᠤᠭᠤᠯᠤᠨ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠵᠢᠨ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ᠎ᠳᠤ ᠰᠠᠭᠤᠷᠢᠯᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠬᠡᠢ ᠬᠣᠭᠣᠰᠤᠨ ᠠᠮᠵᠢᠯᠲᠠ ᠪᠦᠲᠦᠮᠵᠢ᠂ ᠣᠢᠷ᠎ᠠ ᠬᠠᠷᠠᠭᠠᠲᠤ ᠰᠡᠳᠬᠢᠬᠦᠢ ᠪᠣᠯᠣᠨ ᠬᠡᠯᠪᠡᠷᠢᠴᠢ ᠦᠵᠡᠯ᠎ᠢ ᠲᠠᠶᠠᠭᠳᠠᠵᠤ᠂ ᠭᠣᠣᠯ ᠬᠠᠷᠢᠭᠤᠴᠠᠯᠭ᠎ᠠ ᠭᠣᠣᠯ ᠠᠵᠢᠯ᠎ᠢᠶᠠᠨ ᠭᠦᠨᠵᠡᠭᠡᠢ ᠬᠢᠵᠦ᠂ ᠨᠢᠭᠡᠳᠦᠭᠡᠷ ᠹᠷᠣᠨᠲ᠎ᠲᠤ ᠬᠦᠨᠵᠡᠭᠡᠢᠷᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠠᠢ᠎ᠶᠢ ᠡᠷᠬᠢᠮᠯᠡᠬᠦ᠂ ᠪᠣᠳᠠᠲᠤ ᠦᠷ᠎ᠡ ᠪᠦᠲᠦᠮᠵᠢ᠎ᠶᠢ ᠡᠷᠬᠢᠮᠯᠡᠬᠦ᠂ ᠠᠯᠤᠰ ᠬᠡᠳᠤ᠎ᠳᠦ ᠠᠰᠢᠭ᠍ᠲᠠᠢ ᠪᠠᠢᠬᠤ ᠬᠠᠲᠠᠭᠤ ᠴᠢᠩᠭ᠎ᠠ ᠰᠤᠷᠲᠠᠯ᠎ᠢᠶᠠᠷ ᠦᠢᠯᠡᠳᠦᠯᠭᠡ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠪᠣᠯᠣᠨ ᠲᠡᠦᠬᠡ᠎ᠶᠢᠨ ᠰᠢᠯᠭᠠᠯᠲᠠ᠎ᠶᠢ ᠳᠠᠭᠠᠭᠠᠵᠤ ᠳᠡᠶ᠋ᠢᠯᠬᠦ ᠬᠥᠭᠵᠢᠯᠲᠡ᠎ᠶᠢᠨ ᠬᠠᠭᠤᠳᠠᠰᠤ᠎ᠶᠢ ᠪᠢᠴᠢᠭᠯᠡᠵᠦ ᠪᠠᠢᠨ᠎ᠠ᠃

ᠵᠠᠰᠠᠭ᠎ᠤᠨ ᠠᠵᠢᠯ᠎ᠤᠨ ᠪᠦᠲᠦᠮᠵᠢ ᠵᠢᠨ ᠲᠤᠬᠠᠢ ᠵᠦᠪ ᠦᠵᠡᠯᠲᠡ ᠵᠢ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠪᠦᠬᠦ  ᠶᠠᠪᠤᠴᠠ ᠎ᠳᠤ ᠠᠭᠤᠰᠤᠯᠴᠠᠭᠤᠯᠪᠠ

ᠪᠦᠬᠦ ᠣᠷᠣᠨ ᠲᠠᠶᠠᠭᠠᠷ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠢ ᠪᠤᠯᠭᠠᠨ ᠦᠢᠯᠡᠲᠦᠯᠭᠡᠵᠢᠭᠦᠯᠬᠦ ᠵᠢ ᠦᠨᠡᠨ᠎ᠬᠦ ᠠᠳᠬᠤᠨ ᠪᠣᠳᠠᠲᠠᠢ ᠠᠵᠢᠯᠯᠠᠬᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠶᠢᠨ ᠤᠬᠠᠮᠰᠠᠷ ᠪᠣᠯᠭᠠᠨ ᠬᠤᠪᠢᠷᠠᠭᠤᠯᠵᠤ ᠂ ᠠᠵᠢᠯ ᠢ᠋ᠢᠡᠨ ᠦᠯᠦ ᠬᠢᠬᠦ᠂ ᠤᠳᠠᠭᠠᠰᠢᠷᠠᠭᠤᠯᠤᠨ ᠬᠢᠬᠦ᠂ ᠳᠤᠷ᠎ᠠ᠎ᠪᠠᠷ᠎ᠢᠶᠠᠨ ᠦᠢᠯᠡᠳᠬᠦ ᠪᠠ ᠬᠡᠯᠪᠡᠷᠢᠴᠢ ᠦᠵᠡᠯ᠂ ᠦᠩᠭᠡᠨ ᠲᠠᠯ᠎ᠠ᠎ᠶᠢᠨ ᠠᠵᠢᠯ ᠬᠢᠬᠦ ᠵᠡᠷᠭᠡ ᠠᠰᠠᠭᠤᠳᠠᠯ᠎ᠢ ᠡᠷᠡᠰ ᠵᠠᠯᠠᠷᠠᠭᠤᠯᠤᠨ ᠵᠠᠰᠠᠵᠤ᠂ 《ᠠᠵᠢᠯ᠎ᠤᠨ ᠪᠠᠢᠷᠢᠨ᠎ᠳᠤ ᠪᠠᠢᠪᠠᠯ ᠡᠷᠬᠡᠪᠰᠢ ᠬᠠᠷᠢᠭᠤᠴᠠᠯᠭ᠎ᠠ᠎ᠪᠠᠨ ᠭᠦᠢᠴᠡᠳᠬᠡᠵᠦ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠪᠡᠯ ᠡᠷᠬᠡᠪᠰᠢ ᠪᠣᠳᠠᠲᠠᠢ ᠠᠵᠢᠯᠯᠠᠵᠤ᠂ ᠠᠵᠢᠯ ᠶᠠᠪᠤᠳᠠᠯ ᠪᠦᠲᠦᠭᠡᠬᠦ᠎ᠳᠦ ᠪᠣᠳᠠᠲᠤ ᠦᠷ᠎ᠡ ᠪᠦᠲᠦᠮᠵᠢ᠎ᠶᠢ ᠡᠷᠬᠢᠮᠯᠡᠬᠦ》ᠢᠯᠡ ᠲᠣᠳᠣ᠌ ᠤᠳᠤᠷᠢᠳᠤᠮᠵᠢ᠎ᠶᠢ ᠪᠤᠢ ᠪᠣᠯᠭᠠᠪᠠ᠃

ᠡᠯ᠎ᠡ ᠭᠠᠵᠠᠷ ᠤᠷᠤᠨ ᠡᠯ᠎ᠡ ᠨᠢᠭᠡᠴᠢ᠎ᠶᠢᠨ ᠬᠢᠨ ᠰᠤᠷᠤᠯᠴᠠᠬᠤ ᠠᠵᠢᠯᠯᠠᠬᠤ ᠵᠢ ᠤᠶᠠᠯᠳᠤᠭᠤᠯᠬᠤ᠎ᠶᠢ ᠪᠠᠷᠢᠮᠲᠠᠯᠠᠵᠤ᠂ ᠠᠵᠢᠯᠯᠠᠬᠤ᠎ᠪᠠᠷ ᠰᠤᠷᠤᠯᠴᠠᠯᠭ᠎ᠠ᠎ᠵᠢ ᠦᠢᠯᠡᠳᠦᠯᠭᠡᠵᠢᠭᠦᠯᠵᠦ᠂ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ᠎ᠶᠢ ᠪᠣᠳᠠᠲᠠᠢ ᠠᠵᠢᠯ᠂ ᠪᠣᠳᠠᠲᠠᠢ ᠠᠵᠢᠯ᠎ᠤᠨ ᠪᠠᠢᠷᠢ᠂ ᠪᠣᠳᠠᠲᠠᠢ ᠲᠦᠷᠦᠯ ᠵᠦᠢᠯ ᠳᠡᠭᠡᠷ᠎ᠡ ᠨᠠᠢᠳᠠᠪᠤᠷᠢᠵᠢᠭᠤᠯᠪᠠ᠃ ᠶᠠᠭ᠍ᠰᠢ ᠬᠤᠳᠠ᠎ᠶᠢᠨ ᠬᠢᠨ ᠬᠣᠲᠠ ᠰᠢᠶᠠᠨ ᠰᠢᠶᠠᠩ ᠭᠤᠷᠪᠠᠨ ᠱᠠᠲᠤᠨ᠎ᠤ ᠬᠤᠯᠪᠤᠭᠠᠯᠠᠨ ᠬᠦᠲᠡᠯᠦᠯᠴᠡᠵᠦ ᠪᠤᠲᠠᠲᠠᠢ ᠬᠢᠬᠦ ᠲᠤᠬᠲᠠᠴᠠ ᠵᠢ ᠪᠠᠢᠭᠤᠯᠵᠦ᠂ ᠺᠠᠳ᠋ᠷ᠎ᠤᠨ ᠳᠣᠷᠣᠭ᠍ᠰᠢ ᠪᠠᠭᠤᠵᠤ ᠲᠠᠭᠠᠭᠠᠴᠢᠯᠠᠨ ᠬᠠᠷᠢᠯᠴᠠᠬᠤ᠂ ᠨᠢᠭᠡᠳᠦᠭᠡᠷ ᠹᠷᠣᠨᠲ᠎ᠲᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠶᠢ ᠠᠬᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠂ ᠠᠵᠤ ᠦᠢᠯᠡᠰ᠎ᠦᠨ ᠬᠥᠭᠵᠢᠯᠲᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠭᠣᠣᠯᠳᠠᠯᠭ᠎ᠠ᠎ᠲᠠᠢ ᠡᠭᠦᠷᠭᠡ᠎ᠶᠢᠨ ᠲᠣᠭᠣᠷᠢᠨ᠎ᠳᠤ ᠪᠣᠳᠠᠲᠠᠢ ᠠᠵᠢᠯᠯᠠᠬᠤ ᠨᠠᠷᠢᠨ ᠳᠠᠨᠭᠰᠠ᠂ ᠬᠠᠷᠢᠭᠤᠴᠠᠯᠭ᠎ᠠ᠎ᠶᠢᠨ ᠨᠠᠷᠢᠨ ᠳᠠᠨᠭᠰᠠ᠂ ᠦᠷ᠎ᠡ ᠪᠦᠲᠦᠮᠵᠢ᠎ᠶᠢᠨ ᠨᠠᠷᠢᠨ ᠳᠠᠨᠭᠰᠠ᠎ᠶᠢ ᠪᠠᠢᠭᠤᠯᠵᠤ᠂ ᠠᠯᠪᠠᠨ ᠭᠡᠷ᠎ᠲᠦ ᠰᠠᠭᠤᠵᠤ ᠮᠠᠲᠧᠷᠢᠶᠠᠯ ᠦᠵᠡᠬᠦ᠂ ᠮᠡᠳᠡᠭᠦᠯᠦᠯᠲᠡ᠎ᠶᠢᠨ ᠬᠦᠰᠦᠨᠦᠭᠲᠦ᠎ᠳᠦ ᠴᠢᠭᠯᠡᠭᠦᠯᠦᠨ ᠠᠵᠢᠯ᠎ᠤᠨ ᠪᠦᠲᠦᠮᠵᠢ ᠭᠠᠷᠭᠠᠬᠤ᠎ᠶᠢ ᠡᠷᠡᠰ ᠬᠤᠷᠢᠬᠯᠠᠪᠠ᠃ ᠬᠥᠬᠡᠬᠣᠲᠠ᠎ᠶᠢᠨ ᠬᠢᠨ ᠺᠠᠳ᠋ᠷ᠎ᠢ ᠬᠢᠨᠠᠨ ᠰᠢᠯᠭᠠᠵᠤ ᠦᠨᠡᠯᠡᠬᠦ ᠰᠢᠰᠲᠧᠮ᠎ᠢ ᠦᠷᠭᠦᠯᠵᠢᠯᠡᠨ ᠰᠢᠯᠢᠳᠡᠭᠵᠢᠭᠦᠯᠵᠦ᠂ ᠦᠨᠳᠦᠰᠦᠨ ᠱᠠᠲᠤᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠂ ᠠᠮᠢ ᠠᠬᠤᠢ ᠵᠢ ᠬᠠᠮᠠᠭᠠᠯᠠᠬᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠂ ᠤᠯᠠᠨ ᠲᠦᠮᠡᠨ᠎ᠦ ᠮᠠᠭᠲᠠᠭᠠᠯ ᠰᠠᠢᠰᠢᠶᠠᠯ᠎ᠢ ᠣᠯᠬᠤ ᠵᠡᠷᠭᠡ ᠤᠷᠳᠤ ᠬᠤᠭᠤᠴᠠᠭᠠᠨ᠎ᠤ ᠪᠦᠲᠦᠮᠵᠢᠲᠡᠶ ᠭᠦᠢᠴᠡᠳᠬᠡᠬᠦ ᠲᠣᠭ᠎ᠠ᠎ᠶᠢᠨ ᠡᠵᠡᠯᠡᠬᠦ ᠬᠠᠷᠢᠴᠠᠯ ᠢ᠋ ᠶᠡᠬᠡ᠎ᠪᠡᠷ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠬᠢᠨᠠᠨ ᠰᠢᠯᠭᠠᠯᠲᠠ ᠪᠡᠷ ᠺᠠᠳ᠋ᠷᠴᠤᠳ᠎ᠢ ᠭᠡᠳᠡᠷᠬᠦ ᠱᠠᠯᠠᠪᠲᠠᠭᠤᠯᠤᠨ ᠠᠵᠢᠯ᠎ᠤᠨ ᠰᠤᠷᠲᠠᠯ᠎ᠢ ᠨᠢ ᠬᠤᠪᠢᠷᠠᠭᠤᠯᠵᠤ᠂ ᠺᠠᠳ᠋ᠷᠴᠤᠳ᠎ᠤᠨ ᠣᠬᠣᠷ ᠬᠤᠭᠤᠴᠠᠭᠠᠨ᠎ᠤ ᠠᠵᠢᠯ᠎ᠤᠨ ᠪᠦᠲᠦᠮᠵᠢ᠎ᠶᠢᠨ ᠰᠡᠳᠬᠢᠬᠦᠢ᠎ᠡᠴᠡ ᠨᠢ ᠲᠠᠪᠠᠭᠤᠯᠵᠦ᠂ ᠰᠠᠨᠠᠭᠠᠴᠢᠯᠠᠭ᠎ᠠ ᠡᠴᠡ᠎ᠪᠠᠨ ᠦᠨᠳᠦᠰᠦᠨ ᠱᠠᠲᠤᠨ᠎ᠳᠤ ᠬᠦᠨᠵᠡᠭᠡᠢᠷᠡᠨ᠂  ᠬᠠᠷᠢᠭᠤᠴᠠᠯᠭ᠎ᠠ᠎ᠪᠠᠨ ᠭᠦᠢᠴᠡᠳᠬᠡᠵᠦ᠂ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠪᠤᠲᠠᠲᠠᠢᠵᠢᠭᠤᠯᠤᠨ ᠨᠠᠢᠲᠠᠪᠤᠷᠢᠵᠢᠭᠤᠯᠬᠤ ᠪᠡᠷ ᠬᠥᠲᠥᠯᠥᠨ ᠵᠢᠯᠤᠭᠣᠳᠴᠠᠢ᠃

ᠠᠵᠢᠯ᠎ᠤᠨ ᠪᠠᠢᠷᠢ᠎ᠶᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ ᠪᠣᠳᠠᠲᠠᠢ   ᠠᠵᠢᠯᠯᠠᠵᠤ ᠪᠣᠳᠠᠲᠤ ᠠᠮᠵᠢᠯᠲᠠ ᠪᠦᠲᠦᠮᠵᠢ ᠭᠠᠷᠭᠠᠪᠠ

ᠪᠦᠬᠦ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ ᠠᠵᠢᠯ᠎ᠤᠨ ᠪᠠᠢᠷᠢ᠎ᠶᠢᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠵᠤ᠂ ᠠᠮᠤᠷ ᠲᠦᠪᠰᠢᠨ ᠲᠣᠭᠲᠠᠭᠤᠨ᠎ᠢ ᠬᠠᠮᠠᠭᠠᠯᠠᠬᠤ᠂ ᠠᠮᠢ ᠠᠬᠤᠢ ᠵᠢ ᠬᠠᠮᠠᠭᠠᠯᠠᠬᠤ᠂ ᠠᠵᠤ ᠦᠢᠯᠡᠰ ᠲᠸ᠋ ᠬᠦᠴᠦᠨ ᠣᠯᠭᠣᠬᠤ᠂ ᠠᠷᠠᠳ᠎ᠤᠨ ᠠᠮᠢᠳᠤᠷᠠᠯ ᠳ᠋ᠤ ᠦᠢᠯᠡᠴᠢᠯᠡᠬᠦ ᠵᠡᠷᠭᠡ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠭᠣᠣᠯ ᠳᠠᠢ᠍ᠢᠨ᠎ᠦ ᠲᠠᠯᠠᠪᠤᠷ᠎ᠲᠤ ᠠᠩᠬᠠᠷᠤᠯ᠎ᠢᠶᠠᠨ ᠲᠥᠪᠯᠡᠷᠡᠭᠦᠯᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠤᠷᠳᠤ ᠬᠤᠭᠤᠴᠠᠭ᠎ᠠ᠎ᠪᠠᠷ ᠴᠢᠷᠮᠠᠢᠨ᠂ ᠵᠠᠰᠠᠭ᠎ᠤᠨ ᠠᠵᠢᠯ᠎ᠤᠨ ᠪᠦᠲᠦᠮᠵᠢ ᠪᠡᠷ ᠢ᠋ᠢᠡᠨ ᠤᠯᠠᠨ ᠲᠦᠮᠡᠨ᠎ᠳᠦ ᠠᠰᠢᠭ᠋ ᠬᠦᠷᠲᠡᠭᠡᠵᠡᠢ᠃

ᠬᠢᠯᠢ ᠬᠢᠵᠠᠭᠠᠷ᠎ᠤᠨ ᠠᠮᠤᠷ ᠲᠤᠬᠲᠠᠭᠤᠨ᠂ ᠦᠨᠳᠦᠰᠦᠲᠡᠨ᠎ᠤ ᠪᠦᠯᠬᠦᠮᠲᠡᠯ ᠪᠤᠯ ᠦᠪᠦᠷ ᠮᠤᠩᠭᠤᠯ᠎ᠤᠨ ᠬᠠᠮᠤᠭ᠎ᠤᠨ ᠰᠠᠭᠤᠷᠢ᠂ ᠬᠠᠮᠤᠭ᠎ᠤᠨ ᠴᠦᠮ᠎ᠡ ᠪᠤᠯᠬᠤ ᠵᠠᠰᠠᠭ᠎ᠤᠨ ᠠᠵᠢᠯ᠎ᠤᠨ ᠪᠦᠲᠦᠮᠵᠢ ᠪᠤᠯᠤᠨ᠎ᠠ᠃ ᠬᠥᠯᠥᠨ ᠪᠤᠢ᠍ᠢᠷ ᠬᠤᠳᠠ᠎ᠶᠢᠨ ᠬᠠᠭᠤᠴᠢᠨ ᠪᠠᠷᠭᠤ ᠬᠣᠰᠢᠭᠤᠨ᠎ᠤ ᠬᠠᠨᠳᠠᠭᠠᠢ ᠰᠤᠮᠤ ᠬᠢᠯᠢ᠎ᠶᠢᠨ ᠵᠠᠰᠠᠯᠲᠠ᠎ᠶᠢᠨ ᠭᠣᠣᠯ ᠠᠵᠢᠯ᠎ᠳᠤ ᠰᠠᠭᠤᠷᠢᠯᠠᠨ᠂《ᠨᠠᠮ᠎ᠤᠨ ᠠᠵᠢᠯ ᠢ᠋ ᠬᠣᠯᠪᠤᠭᠠᠯᠠᠨ ᠪᠠᠶ᠋ᠢᠭᠤᠯᠬᠤ᠂ ᠲᠣᠰᠬᠣᠨ᠎ᠤ ᠠᠵᠢᠯ ᠢ᠋ ᠬᠣᠯᠪᠤᠭᠠᠯᠠᠨ ᠰᠦᠪᠡᠭᠴᠢᠯᠡᠬᠦ᠂ ᠴᠠᠭᠳᠠᠭᠠᠨ᠎ᠤ ᠠᠵᠢᠯ᠎ᠢ ᠬᠣᠯᠪᠤᠭᠠᠯᠠᠨ ᠠᠳᠬᠤᠬᠤ》ᠭᠤᠷᠪᠠᠨ ᠠᠵᠢᠯ᠎ᠢ ᠠᠭᠤᠰᠤᠯᠴᠠᠭᠤᠯᠤᠨ ᠵᠠᠰᠠᠬᠤ ᠵᠠᠭᠪᠤᠷ᠎ᠢ ᠬᠡᠷᠡᠭᠵᠢᠭᠦᠯᠵᠦ᠂ ᠰᠤᠮᠤ ᠡᠴᠡ ᠨᠢᠭᠡᠳᠦᠯᠲᠡᠢ ᠲᠥᠯᠥᠪᠵᠢᠭᠦᠯᠦᠭᠰᠡᠨ᠂ ᠭᠠᠴᠠᠭ᠎ᠠ ᠡᠴᠡ ᠭᠣᠣᠯᠯᠠᠨ ᠤᠳᠤᠷᠢᠳᠤᠭᠰᠠᠨ᠂ ᠨᠠᠮ᠎ᠤᠨ ᠭᠡᠰᠢᠭᠦᠨ ᠳᠠᠭᠠᠭᠤᠯᠤᠭᠰᠠᠨ᠂ ᠤᠯᠠᠨ ᠲᠦᠮᠡᠨ ᠣᠷᠣᠯᠴᠠᠭᠰᠠᠨ ᠠᠮᠤᠷ ᠲᠦᠪᠰᠢᠨ᠎ᠦ ᠪᠠᠢᠭᠤᠯᠤᠯᠲᠠ᠎ᠶᠢᠨ ᠰᠢᠰᠲ᠋ᠸᠮ᠎ᠢ ᠪᠠᠢᠭᠤᠯᠪᠠ᠃ ᠲᠤᠬᠠᠢ᠎ᠶᠢᠨ ᠭᠠᠵᠠᠷ᠎ᠤᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠮ᠎ᠤᠨ ᠭᠡᠰᠢᠭᠦᠨ᠎ᠦ ᠬᠢᠯᠢ ᠬᠢᠵᠠᠭᠠᠷ᠎ᠢ ᠬᠠᠮᠠᠭᠠᠯᠠᠬᠤ ᠡᠩᠨᠡᠭᠡ᠎ᠶᠢ ᠪᠠᠢᠩᠭᠤᠵᠢᠭᠤᠯᠤᠨ ᠵᠣᠬᠢᠶᠠᠨ ᠪᠠᠢᠭᠤᠯᠵᠤ᠂ ᠬᠢᠯᠢ ᠬᠢᠵᠠᠭᠠᠷ᠎ᠢ ᠲᠣᠭᠣᠷᠢᠨ ᠴᠠᠬᠲᠠᠬᠤ᠂ ᠳᠠᠯᠳᠠ ᠭᠡᠮ᠎ᠢ ᠵᠢᠭ᠍ᠰᠠᠭᠠᠨ ᠪᠠᠢᠴᠠᠭᠠᠬᠤ᠂ ᠮᠠᠯᠵᠢᠬᠤ ᠣᠷᠣᠨ᠎ᠤ ᠲᠣᠣᠷᠵᠢᠯ᠎ᠤᠨ ᠵᠢᠭ᠍ᠰᠠᠭᠠᠯ᠎ᠤᠨ ᠭᠠᠵᠠᠷ᠎ᠲᠤ ᠲᠦᠰᠢᠭᠯᠡᠨ ᠠᠷᠠᠳ᠎ᠤᠨ ᠪᠠᠢᠳᠠᠯ᠎ᠢ ᠰᠤᠷᠪᠤᠯᠵᠢᠯᠠᠨ᠂ ᠵᠥᠷᠢᠴᠡᠯ᠎ᠢ ᠡᠶᠡᠳᠡᠭᠦᠯᠵᠦ᠂ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠤᠨ ᠲᠠᠢᠯᠪᠤᠷᠢᠯᠠᠬᠤ᠂ ᠬᠥᠷᠰᠢ ᠵᠡᠷᠭᠡᠯᠡᠳᠡᠭᠡ᠎ᠪᠡᠷ᠎ᠢᠶᠡᠨ ᠬᠠᠷᠢᠯᠴᠠᠨ ᠬᠠᠪᠰᠤᠷᠤᠯᠴᠠᠬᠤ ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ᠂ ᠬᠢᠯᠢ᠎ᠶᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠡᠶ᠎ᠡ ᠨᠠᠢᠷᠲᠠᠢ᠎ᠪᠠᠷ ᠬᠠᠮᠲᠤ ᠣᠷᠣᠰᠢᠬᠤ ᠰᠠᠢᠨ ᠰᠠᠢᠬᠠᠨ ᠪᠠᠢᠳᠠᠯ᠎ᠢ ᠦᠷᠭᠦᠯᠵᠢᠯᠡᠨ ᠪᠡᠬᠢᠵᠢᠭᠦᠯᠪᠡ᠃

ᠠᠮᠢ ᠠᠬᠤᠢ᠎ᠶᠢᠨ ᠵᠠᠰᠠᠯᠲᠠ ᠪᠣᠯ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠦᠢᠯᠡᠳᠦᠯᠭᠡᠵᠢᠭᠦᠯᠬᠦ ᠴᠢᠬᠤᠯᠠ ᠦᠢᠯᠡᠳᠦᠯᠭᠡ ᠵᠢᠨ ᠨᠢᠭᠡ ᠪᠤᠯᠤᠨ᠎ᠠ᠃ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠦᠲᠦᠭᠡᠨ ᠪᠠᠢᠭᠤᠯᠤᠯᠲᠠ᠎ᠶᠢ ᠴᠢᠬᠤᠯᠠᠴᠢᠯᠠᠨ᠂ ᠬᠠᠮᠢᠶᠠᠷᠴᠤ ᠬᠠᠮᠠᠭᠠᠯᠠᠬᠤ᠎ᠶᠢ ᠬᠥᠩᠭᠡᠪᠴᠢᠯᠡᠬᠦ ᠥᠷᠥᠭᠡᠰᠦᠭᠡᠯ ᠰᠡᠳᠬᠢᠬᠦᠢ᠎ᠶᠢ ᠡᠷᠡᠰ ᠲᠠᠶᠠᠭᠳᠠᠵᠤ᠂ ᠠᠮᠢ ᠠᠬᠤᠢ᠎ᠶᠢ ᠤᠷᠢᠳ ᠢ᠋ᠢᠡᠷ ᠪᠤᠳᠤᠯᠬᠢᠯᠠᠬᠤ᠂ ᠥᠨᠢ ᠤᠳᠠᠭᠠᠨ ᠴᠢᠷᠮᠠᠢᠯᠭ᠎ᠠ ᠭᠠᠷᠭᠠᠬᠤ᠎ᠶᠢ ᠪᠠᠷᠢᠮᠲᠠᠯᠠᠪᠠ᠃ ᠠᠯᠠᠱᠠ ᠠᠢᠮᠠᠭ ᠨᠠᠮ᠎ᠤᠨ ᠪᠠᠢᠭᠤᠯᠤᠯᠲᠠ᠎ᠪᠠᠷ ᠬᠦᠲᠦᠯᠦᠨ ᠲᠠᠭᠠᠭᠤᠯᠵᠦ ᠠᠮᠢ ᠠᠬᠤᠢ᠎ᠶᠢ ᠰᠡᠷᠭᠦᠭᠡᠬᠦ ᠪᠠ ᠠᠷᠠᠳ᠎ᠢ ᠪᠠᠶᠠᠵᠢᠭᠤᠯᠬᠤ ᠠᠵᠤ ᠦᠢᠯᠡᠰ᠎ᠢ ᠠᠭᠤᠰᠤᠯᠴᠠᠭᠤᠯᠤᠨ ᠬᠥᠭᠵᠢᠭᠦᠯᠵᠤ᠂《ᠨᠠᠮ᠎ᠤᠨ ᠡᠭᠦᠷ ᠬᠦᠲᠦᠯᠦᠨ ᠲᠠᠭᠠᠭᠤᠯᠬᠤ᠂ ᠨᠠᠮ᠎ᠤᠨ ᠭᠡᠰᠢᠭᠦᠨ ᠲᠦᠷᠦᠭᠦᠯᠡᠨ ᠬᠢᠬᠦ᠂ ᠤᠯᠠᠨ ᠲᠦᠮᠡᠨ ᠤᠷᠤᠯᠴᠠᠬᠤ》 ᠵᠠᠭᠪᠤᠷ ᠢ᠋ᠢᠡᠷ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢᠭᠤᠯᠤᠨ ᠭᠣᠪᠢ᠎ᠶᠢᠨ ᠡᠮᠦᠨ᠎ᠡ ᠹᠷᠣᠨᠲ᠎ᠲᠤ ᠦᠨᠳᠦᠰᠦᠯᠡᠵᠦ᠂ ᠵᠠᠬ ᠮᠤᠳᠤ ᠨᠥᠬᠥᠵᠦ ᠲᠠᠷᠢᠬᠤ᠂ ᠤᠷᠭᠤᠮᠠᠯ᠎ᠤᠨ ᠬᠤᠴᠢᠯᠭ᠎ᠠ᠎ᠶᠢ ᠬᠠᠮᠢᠶᠠᠷᠤᠨ ᠬᠠᠮᠠᠭᠠᠯᠠᠬᠤ᠂ ᠡᠯᠡᠰᠦ ᠵᠢ ᠵᠠᠰᠠᠬᠤ ᠵᠡᠷᠭᠡ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠴᠠᠭᠠᠨ ᠭᠣᠶᠣᠣ᠎ᠶᠢᠨ ᠣᠨᠴᠠᠯᠢᠭ᠍ᠲᠤ ᠡᠯᠡᠰᠦᠨ᠎ᠦ ᠠᠵᠤ ᠦᠢᠯᠡᠰ᠎ᠢ ᠲᠣᠭᠲᠠᠭᠤᠨ᠎ᠢᠶᠠᠷ ᠬᠥᠭᠵᠢᠭᠦᠯᠵᠦ᠂ ᠦᠷᠭᠦᠯᠵᠢᠯᠡᠨ ᠡᠯᠡᠰᠦ᠎ᠶᠢ ᠵᠠᠰᠠᠵᠤ ᠨᠣᠭᠣᠭᠠᠷᠠᠭᠤᠯᠬᠤ᠎ᠶᠢᠨ ᠬᠠᠮᠲᠤ ᠤᠯᠠᠨ ᠲᠦᠮᠡᠨ᠎ᠢ ᠲᠠᠢ᠍ᠢᠴᠢᠯᠠᠨ ᠣᠷᠣᠯᠭ᠎ᠠ᠎ᠶᠢ ᠨᠢ ᠲᠣᠭᠲᠠᠭᠤᠨ᠎ᠢᠶᠠᠷ ᠨᠡᠮᠡᠭᠳᠡᠭᠦᠯᠵᠦ᠂ ᠭᠦᠨ ᠲᠠᠷᠢᠵᠤ ᠨᠠᠷᠢᠨ ᠠᠷᠠᠴᠢᠯᠠᠨ᠂ ᠭᠣᠪᠢ᠎ᠶᠢᠨ ᠠᠮᠢ ᠠᠬᠤᠢ᠎ᠶᠢᠨ ᠳᠡᠪᠢᠰᠭᠡᠷ ᠥᠩᠭᠡ᠎ᠶᠢ ᠰᠠᠬᠢᠨ ᠬᠠᠮᠠᠭᠠᠯᠠᠪᠠ᠃ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤᠨ᠎ᠤ ᠬᠤᠶᠠᠷ ᠰᠤᠮᠤ ᠢ᠋ᠢᠨ ᠬᠤᠸᠠᠳ᠋ᠸᠩ ᠭᠠᠴᠠᠭ᠎ᠠ᠎ᠶᠢᠨ ᠨᠠᠮ᠎ᠤᠨ ᠡᠭᠦᠷ ᠠᠮᠢ ᠠᠬᠤᠢ᠎ᠶᠢᠨ ᠵᠠᠰᠠᠯᠲᠠ᠎ᠶᠢᠨ ᠡᠭᠦᠷᠭᠡ ᠬᠠᠷᠢᠭᠤᠴᠠᠯᠭ᠎ᠠ᠎ᠶᠢ ᠪᠠᠲᠤ ᠡᠭᠦᠷᠭᠡᠯᠡᠵᠦ᠂ ᠨᠠᠮ᠎ᠤᠨ ᠭᠡᠰᠢᠭᠦᠨ᠎ᠦ ᠡᠯᠡᠰᠦ᠎ᠶᠢ ᠵᠠᠰᠠᠬᠤ ᠰᠠᠯᠪᠤᠷᠢ ᠪᠠᠭ᠎ᠠ ᠠᠩᠭᠢ᠎ᠶᠢ ᠵᠣᠬᠢᠶᠠᠨ ᠪᠠᠢᠭᠤᠯᠵᠤ᠂ ᠵᠢᠯ ᠲᠤᠷᠰᠢ ᠡᠯᠡᠰᠦᠷᠬᠡᠭ ᠭᠠᠵᠠᠷ᠎ᠤᠨ ᠡᠮᠦᠨ᠎ᠡ ᠹᠷᠣᠨᠲ᠎ᠲᠤ ᠦᠨᠳᠦᠰᠦᠯᠡᠵᠦ ᠡᠯᠡᠰᠦᠨ᠎ᠦ ᠬᠠᠯᠬᠠᠪᠴᠢ᠎ᠶᠢ ᠲᠡᠭᠰᠢᠯᠡᠨ᠂ ᠤᠷᠭᠤᠮᠠᠯ᠎ᠤᠨ ᠬᠤᠴᠢᠯᠭ᠎ᠠ᠎ᠶᠢ ᠨᠥᠬᠥᠪᠦᠷᠢᠯᠡᠵᠦ᠂ ᠨᠤᠲᠤᠭ ᠪᠡᠯᠴᠢᠭᠡᠷ᠎ᠢ ᠵᠠᠰᠠᠨ ᠰᠡᠷᠭᠦᠭᠡᠵᠦ᠂ ᠨᠡᠭᠦᠳᠡᠯ ᠡᠯᠡᠰᠦᠷᠬᠡᠭ ᠭᠠᠵᠠᠷ᠎ᠤᠨ ᠨᠣᠭᠣᠭᠠᠷᠠᠭᠤᠯᠤᠯᠲᠠ᠎ᠶᠢ ᠠᠯᠬᠤᠮ ᠠᠯᠬᠤᠮ᠎ᠢᠶᠠᠷ ᠰᠠᠢᠵᠢᠷᠠᠭᠤᠯᠪᠠ᠃

ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠪᠠᠢᠷᠢᠰᠢᠭᠤᠯᠤᠯᠲᠠ᠎ᠳᠤ ᠰᠠᠭᠤᠷᠢᠯᠠᠵᠤ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠯ ᠺᠠᠳ᠋ᠷᠴᠤᠳ᠎ᠤᠨ ᠬᠠᠲᠠᠭᠤ ᠴᠢᠩᠭ᠎ᠠ ᠵᠠᠰᠠᠭ᠎ᠤᠨ ᠠᠵᠢᠯ᠎ᠤᠨ ᠪᠦᠲᠦᠮᠵᠢ ᠪᠣᠯᠣᠨ᠎ᠠ᠃ ᠪᠦᠬᠦ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠳᠠᠲᠠᠢ ᠠᠵᠢᠯᠯᠠᠬᠤ᠎ᠪᠠᠷ ᠤᠳᠤᠷᠢᠳᠤᠮᠵᠢ ᠪᠣᠯᠭᠠᠨ᠂ ᠪᠦᠳᠦᠭᠦᠯᠢᠭ᠎ᠢᠶᠡᠷ ᠬᠥᠭᠵᠢᠭᠦᠯᠬᠦ᠂ ᠬᠤᠳᠠᠯ ᠬᠠᠭᠤᠷᠮᠠᠭ᠎ᠢᠶᠠᠷ ᠨᠡᠮᠡᠭᠳᠡᠭᠦᠯᠬᠦ᠎ᠶᠢ ᠡᠷᠡᠰ ᠬᠣᠷᠢᠭ᠍ᠯᠠᠪᠠ᠃ ᠪᠠᠶᠠᠨᠨᠠᠭᠤᠷ ᠬᠤᠲᠠ ᠢ᠋ᠢᠨ ᠦᠶᠦᠸᠠᠨ ᠰᠢᠶᠠᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠰᠠᠢᠨ ᠡᠭᠦᠯᠳᠡᠷ᠎ᠢ ᠳᠡᠯᠭᠡᠷᠡᠭᠦᠯᠬᠦ᠂ ᠲᠠᠷᠢᠶᠠᠨ ᠭᠠᠵᠠᠷ᠎ᠤᠨ ᠬᠠᠮᠢᠶᠠᠷᠤᠯᠲᠠ ᠬᠠᠮᠠᠭᠠᠯᠠᠯᠲᠠ ᠢ᠋ᠢᠨ ᠪᠦᠬᠦ ᠶᠠᠪᠤᠴᠠ ᠵᠢ ᠴᠢᠩᠭ᠎ᠠ ᠠᠳᠬᠤᠨ᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠪᠦᠬᠦ ᠬᠡᠯᠬᠢᠶ᠎ᠡ᠎ᠶᠢᠨ ᠠᠵᠢᠯ᠎ᠢ ᠪᠣᠳᠠᠲᠠᠢ ᠠᠳᠬᠤᠵᠤ᠂ ᠪᠣᠳᠠᠲᠠᠢ ᠠᠵᠢᠯᠯᠠᠨ ᠠᠮᠤ ᠪᠤᠳᠠᠭᠠᠨ᠎ᠤ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠪᠠᠲᠤ ᠰᠠᠬᠢᠪᠠ᠃ᠦᠪᠦᠷ ᠮᠤᠩᠭᠤᠯ ᠤ᠋ᠨ ᠡᠨᠧᠷᠭᠢ᠎ᠶᠢᠨ ᠪᠦᠯᠦᠭᠯᠡᠯ᠂ᠴᠠᠬᠢᠯᠭᠠᠨ ᠬᠦᠴᠦᠨ ᠤ᠋ ᠪᠦᠯᠦᠭᠯᠡᠯ ᠵᠡᠷᠭᠡ ᠤᠯᠤᠰ᠎ᠤᠨ ᠥᠮᠴᠢᠯᠡᠯᠲᠦ ᠠᠵᠤ ᠠᠬᠤᠢᠯᠠᠯ᠎ᠤᠨ ᠨᠠᠮ᠎ᠤᠨ ᠭᠡᠰᠢᠭᠦᠨ᠎ᠦ ᠪᠣᠭᠣᠮᠲᠠ ᠰᠢᠪᠲᠤᠯᠬᠤ ᠠᠩᠭᠢ ᠬᠡᠯᠪᠡᠷᠢ᠎ᠪᠡᠨ ᠬᠤᠪᠢᠷᠠᠭᠤᠯᠬᠤ ᠭᠣᠣᠯ ᠬᠠᠷᠢᠭᠤᠴᠠᠯᠭ᠎ᠠ᠎ᠳᠤ ᠰᠠᠭᠤᠷᠢᠯᠠᠵᠤ᠂ ᠪᠣᠬᠢᠷᠲᠤᠯ ᠦᠭᠡᠢ ᠬᠥᠭᠵᠢᠯᠲᠡ᠎ᠶᠢᠨ ᠡᠭᠦᠷᠭᠡ᠎ᠶᠢ ᠡᠭᠦᠷᠭᠡᠯᠡᠵᠦ᠂ ᠤᠯᠠᠮᠵᠢᠯᠠᠯᠲᠤ ᠡᠨᠧᠷᠭᠢ᠎ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠎ᠶᠢ ᠲᠦᠷᠦᠭᠦᠯᠡᠨ ᠠᠬᠢᠭᠤᠯᠵᠤ᠂ ᠰᠢᠨ᠎ᠡ ᠡᠨᠧᠷᠭᠢ᠎ᠶᠢᠨ ᠲᠦᠷᠦᠯ ᠵᠦᠢᠯ᠎ᠢ ᠨᠠᠢᠳᠠᠪᠤᠷᠢᠵᠢᠭᠤᠯᠵᠤ᠂ ᠦᠷ᠎ᠡ ᠠᠰᠢᠭ᠋᠎ᠢᠶᠠᠷ ᠳᠣᠣᠷ᠎ᠠ ᠡᠨᠧᠷᠭᠢ᠎ᠶᠢᠨ ᠬᠣᠷᠣᠭᠳᠠᠯ᠎ᠤᠨ ᠲᠦᠷᠦᠯ ᠵᠦᠢᠯ᠎ᠢ ᠴᠢᠩᠭ᠎ᠠ ᠡᠵᠡᠮᠳᠡᠵᠦ᠂ ᠤᠯᠤᠰ᠎ᠤᠨ ᠡᠨᠧᠷᠭᠢ᠎ᠶᠢᠨ ᠪᠠᠢᠯᠳᠤᠬᠤ ᠪᠣᠳᠣᠯᠭ᠎ᠠ᠎ᠶᠢ ᠨᠠᠢᠳᠠᠪᠤᠷᠢᠵᠢᠭᠤᠯᠬᠤ᠎ᠶᠢ ᠪᠠᠲᠤᠯᠠᠪᠠ᠃ ᠭᠠᠭᠴᠠᠮᠣᠳᠤ᠂ ᠡᠷᠢᠶᠡᠨ ᠬᠤᠳᠠ᠂ ᠮᠠᠨᠵᠤᠤᠷ ᠵᠡᠷᠭᠡ ᠬᠢᠯᠢ᠎ᠶᠢᠨ ᠪᠣᠭᠣᠮᠲᠠ᠎ᠶᠢᠨ ᠨᠠᠮ᠎ᠤᠨ ᠵᠣᠬᠢᠶᠠᠨ ᠪᠠᠢᠭᠤᠯᠤᠯᠲᠠ ᠪᠣᠭᠣᠮᠲᠠ ᠪᠡᠷ ᠥᠩᠭᠡᠷᠡᠬᠦ ᠶᠠᠪᠤᠴᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠦᠷᠬᠡᠨ ᠬᠡᠪᠴᠢᠶᠡᠨ᠎ᠤ ᠬᠢᠯᠢ ᠢ᠋ᠢᠨ ᠪᠤᠭᠤᠮᠲᠠ ᠢ᠋ᠢᠨ ᠠᠵᠦ ᠠᠬᠤᠢ ᠵᠢ ᠬᠦᠭᠵᠢᠭᠦᠯᠵᠦ᠂ ᠶᠡᠬᠡ ᠲᠠᠯ᠎ᠠ᠎ᠳᠤ ᠦᠢᠯᠡᠴᠢᠯᠡᠬᠦ ᠦᠷᠭᠦᠯᠵᠢᠯᠡᠬᠦ ᠪᠣᠳᠠᠲᠤ ᠠᠮᠵᠢᠯᠲᠠ᠎ᠶᠢ ᠪᠣᠳᠠᠲᠠᠢᠵᠢᠭᠤᠯᠪᠠ᠃

ᠠᠷᠠᠳ ᠲᠦᠮᠡᠨ᠎ᠳᠦ ᠪᠤᠶᠠᠨ ᠦᠢᠯᠡᠳᠬᠦ ᠪᠣᠯ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠪᠤᠯᠤᠨ᠎ᠠ᠃ ᠪᠦᠬᠦ ᠣᠷᠣᠨ᠎ᠢᠶᠠᠷ᠎ᠢᠶᠠᠨ 《ᠳᠥᠷᠪᠡ᠎ᠶᠢ ᠦᠨᠳᠦᠰᠦᠨ ᠱᠠᠲᠤᠨ᠎ᠳᠤ ᠪᠠᠭᠤᠯᠭᠠᠬᠤ》 ᠶ᠋ᠢ ᠦᠷᠭᠦᠯᠵᠢᠯᠡᠨ ᠭᠦᠨᠵᠡᠭᠡᠢᠷᠡᠭᠦᠯᠵᠦ᠂ ᠤᠯᠠᠨ ᠲᠦᠮᠡᠨ᠎ᠤ ᠬᠠᠨᠤᠮᠵᠢ ᠢ᠋ᠢᠨ ᠬᠡᠮᠵᠢᠶ᠎ᠡ ᠵᠢ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠪᠠᠷᠢᠮᠵᠢᠶ᠎ᠠ ᠪᠤᠯᠭᠠᠪᠠ᠃ ᠬᠥᠬᠡᠬᠣᠲᠠ᠎ᠶᠢᠨ ᠨᠠᠮ᠎ᠤᠨ ᠭᠡᠰᠢᠭᠦᠨ ᠺᠠᠳ᠋ᠷᠴᠤᠳ ᠪᠠᠢᠩᠭᠤ᠎ᠶᠢᠨ ᠴᠢᠨᠠᠷᠲᠠᠢ᠎ᠪᠠᠷ ᠡᠭᠦᠳᠡ᠎ᠪᠡᠨ ᠨᠡᠭᠡᠭᠡᠨ ᠰᠠᠨᠠᠯ ᠬᠤᠷᠢᠶᠠᠵᠦ᠂ ᠭᠡᠷ ᠲᠦ᠍ᠨᠢ ᠬᠦᠷᠴᠦ ᠬᠡᠷᠡᠭᠴᠡᠭᠡ᠎ᠶᠢ ᠨᠢ ᠠᠰᠠᠭᠤᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠡᠬᠡ ᠲᠠᠩᠰᠠ᠎ᠶᠢ ᠪᠠᠢᠭᠤᠯᠵᠤ᠂ ᠨᠢᠭᠡᠳ ᠨᠢᠭᠡ᠎ᠪᠡᠷ ᠨᠠᠢᠳᠠᠪᠤᠷᠢᠵᠢᠭᠤᠯᠤᠨ᠂ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠤᠨ ᠪᠠᠴᠢᠮᠲᠠᠵᠦ ᠬᠦᠴᠢᠷᠲᠡᠵᠦ ᠵᠤᠪᠠᠨᠢᠵᠦ ᠬᠦᠰᠡᠵᠦ ᠪᠠᠢᠭ᠎ᠠ ᠠᠰᠠᠭᠤᠳᠠᠯ᠎ᠢ ᠤᠨᠢᠨ ᠳᠡᠭᠡᠷ᠎ᠡ ᠨᠢ ᠰᠢᠢᠳᠪᠦᠷᠢᠯᠡᠪᠡ᠃ ᠲᠦᠩᠯᠢᠶᠣᠣ᠎ᠶᠢᠨ ᠡᠪᠡᠳᠴᠢᠨ ᠬᠢᠵᠢᠭ᠎ᠢ ᠰᠡᠷᠭᠡᠢᠯᠡᠨ ᠡᠵᠡᠮᠲᠡᠬᠦ ᠰᠢᠰᠲᠧᠮ᠎ᠦᠨ ᠨᠠᠮ᠎ᠤᠨ ᠡᠭᠦᠷ ᠮᠠᠯᠵᠢᠬᠤ ᠣᠷᠣᠨ᠎ᠳᠤ ᠪᠠᠢᠩᠭᠤ᠎ᠶᠢᠨ ᠴᠢᠨᠠᠷᠲᠠᠢ ᠠᠯᠪᠠᠨ ᠵᠢᠷᠤᠮ᠎ᠤᠨ ᠡᠮᠴᠢᠯᠡᠭᠡ᠂ ᠡᠷᠡᠭᠦᠯ ᠮᠡᠨᠳᠦ᠎ᠶᠢᠨ ᠤᠬᠠᠭᠤᠯᠭ᠎ᠠ᠂ ᠬᠢᠵᠢᠭ᠎ᠦᠨ ᠪᠠᠢᠳᠠᠯ᠎ᠤᠨ ᠬᠢᠨᠠᠨ ᠬᠡᠮᠵᠢᠯᠲᠡ᠎ᠶᠢ ᠥᠷᠨᠢᠭᠦᠯᠵᠦ᠂ ᠪᠤᠢ᠍ᠢᠳᠠ ᠪᠥᠭᠯᠡᠭᠦᠦ ᠮᠠᠯᠵᠢᠬᠤ ᠣᠷᠣᠨ᠎ᠤ ᠤᠯᠠᠨ ᠨᠡᠶ᠋ᠢᠲᠡ᠎ᠶᠢᠨ ᠦᠢᠯᠡᠴᠢᠯᠡᠭᠡᠨ᠎ᠦ ᠳᠤᠲᠠᠭᠤᠳᠠᠯ᠎ᠢ ᠨᠥᠬᠥᠪᠦᠷᠢᠯᠡᠪᠡ᠃ ᠡᠯ᠎ᠡ ᠭᠠᠵᠠᠷ᠎ᠤᠨ ᠨᠠᠮ᠎ᠤᠨ ᠬᠡᠰᠢᠭᠦᠨ ᠺᠠᠳ᠋ᠷᠴᠤᠳ ᠤᠤᠭᠤᠬᠤ ᠤᠰᠤᠨ᠎ᠤ ᠠᠮᠤᠷ ᠲᠦᠪᠰᠢᠨ᠂ ᠬᠦᠲᠡᠭᠡ ᠲᠤᠰᠬᠤᠨ᠎ᠤ ᠵᠠᠮ ᠬᠠᠷᠢᠯᠴᠠᠭ᠎ᠠ᠂ ᠨᠠᠰᠤᠵᠢᠯ᠎ᠤᠨ ᠠᠰᠠᠷᠠᠮᠵᠢ ᠡᠮᠴᠢᠯᠡᠭᠡ ᠵᠡᠷᠭᠡ ᠲᠦᠭᠡᠮᠡᠯ ᠬᠠᠷᠠᠭᠠᠯᠵᠠᠯ᠎ᠤᠨ ᠴᠢᠨᠠᠷᠲᠠᠢ ᠠᠷᠠᠳ᠎ᠤᠨ ᠠᠮᠢᠳᠤᠷᠠᠯ᠎ᠤᠨ ᠢᠨᠵᠸᠨ᠋ᠸᠷᠢᠩ᠎ᠳᠤ ᠠᠩᠬᠠᠷᠤᠯ ᠢ᠋ᠢᠡᠨ ᠲᠦᠪᠯᠡᠷᠡᠭᠦᠯᠦᠨ᠂ ᠪᠣᠳᠠᠲᠤ ᠶᠠᠪᠤᠳᠠᠯ᠎ᠢ ᠪᠦᠬᠦ ᠬᠦᠴᠦᠨ᠎ᠢᠶᠡᠷ᠎ᠢᠶᠡᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠷᠲᠡᠮᠵᠢ᠎ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ᠎ᠦ ᠲᠥᠷᠥᠭᠳᠡᠯ᠎ᠢ ᠳᠡᠭᠡᠭᠰᠢᠯᠡᠭᠦᠯᠵᠡᠢ᠃

ᠪᠣᠳᠠᠲᠠᠢ ᠠᠵᠢᠯᠯᠠᠬᠤ ᠰᠤᠷᠲᠠᠯ ᠎ᠢ ᠳᠠᠪᠲᠠᠨ ᠪᠣᠯᠪᠠᠰᠤᠷᠠᠭᠤᠯᠵᠤ ᠡᠭᠦᠷᠭᠡ ᠬᠠᠷᠢᠭᠤᠴᠠᠯᠭ᠎ᠠ ᠎ᠪᠠᠨ ᠪᠠᠢᠩᠭᠤ  ᠪᠦᠲᠦᠮᠵᠢᠲᠡᠢ ᠬᠦᠢᠴᠡᠳᠬᠡᠨ  ᠴᠢᠨᠠᠷ ᠰᠠᠢᠲᠠᠢ  ᠬᠥᠭᠵᠢᠯᠲᠡ ᠎ᠶᠢ ᠠᠬᠢᠭᠤᠯᠪᠠ

ᠪᠣᠳᠠᠲᠠᠢ ᠠᠵᠢᠯᠯᠠᠵᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠳᠤ ᠤᠷᠳᠤ ᠬᠤᠭᠤᠴᠠᠭᠠᠨ᠎ᠤ ᠪᠦᠲᠦᠮᠵᠢᠲᠡᠢ ᠪᠠᠢᠬᠤ᠎ᠶᠢ ᠴᠢᠬᠤᠯᠠᠴᠢᠯᠠᠲᠠᠭ᠃ ᠪᠦᠬᠦ ᠣᠷᠣᠨ᠎ᠢᠶᠠᠷ᠎ᠢᠶᠠᠨ ᠰᠤᠷᠲᠠᠯ᠎ᠤᠨ ᠪᠠᠢᠭᠤᠯᠤᠯᠲᠠ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ᠎ᠢ ᠡᠷᠡᠰ ᠴᠡᠭᠴᠡᠯᠡᠨ ᠵᠠᠰᠠᠵᠤ ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ 《ᠠᠮᠵᠢᠯᠲᠠ ᠠᠨᠤ ᠭᠠᠬᠴᠠ ᠮᠢᠨᠦ ᠭᠠᠪᠢᠶ᠎ᠠ ᠪᠤᠰᠤ᠂ ᠠᠮᠵᠢᠯᠲᠠ ᠤᠯᠬᠤ᠎ᠳᠤ ᠯᠠᠪᠲᠠᠢ ᠪᠢ ᠪᠠᠢᠬᠤ》 ᠬᠠᠷᠢᠭᠤᠴᠠᠯᠭ᠎ᠠ ᠡᠭᠦᠷᠭᠡᠯᠡᠯ ᠢ᠋ ᠪᠤᠢ ᠪᠣᠯᠭᠠᠵᠤ᠂ ᠰᠠᠭᠤᠷᠢ ᠲᠠᠯᠪᠢᠬᠤ᠂ ᠠᠯᠤᠰ ᠬᠡᠳᠤ᠎ᠳᠦ ᠠᠰᠢᠭ᠍ᠲᠠᠢ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠣᠳᠠᠲᠤ ᠶᠠᠪᠤᠳᠠᠯ᠎ᠢ ᠢᠯᠡᠭᠦᠬᠡᠨ ᠬᠢᠯᠭᠡᠬᠦ ᠪᠡᠷ ᠬᠦᠲᠦᠯᠦᠨ ᠲᠠᠭᠠᠭᠤᠯᠪᠠ᠃

ᠣᠳᠣᠬᠠᠨ᠎ᠳᠤ᠂ ᠪᠦᠬᠦ ᠤᠷᠤᠨ ᠳᠠᠶᠠᠭᠠᠷ ᠪᠣᠳᠠᠲᠠᠢ ᠠᠵᠢᠯᠯᠠᠵᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠠᠭᠤᠷ ᠠᠮᠢᠰᠬᠤᠯ ᠤᠯᠠᠮ ᠡᠴᠡ ᠤᠯᠠᠮ ᠥᠳᠬᠡᠷᠡᠪᠡ᠄ ᠠᠮᠢ ᠠᠬᠤᠢ᠎ᠶᠢᠨ ᠡᠮᠦᠨ᠎ᠡ ᠹᠷᠣᠨᠲ᠎ᠤᠨ ᠺᠠᠳ᠋ᠷᠴᠤᠳ ᠡᠯᠡᠰᠦ ᠵᠢ ᠵᠠᠰᠠᠨ ᠨᠤᠭᠤᠭᠠᠷᠠᠭᠤᠯᠵᠦ᠂ ᠠᠵᠤ ᠦᠢᠯᠡᠰ᠎ᠦᠨ ᠡᠮᠦᠨ᠎ᠡ ᠹᠷᠣᠨᠲ᠎ᠤᠨ ᠨᠠᠮ᠎ᠤᠨ ᠭᠡᠰᠢᠭᠦᠳ ᠪᠤᠭᠤᠮᠲᠠ ᠰᠢᠪᠲᠤᠯᠤᠨ ᠶᠠᠰᠤ ᠴᠢᠨᠠᠷ ᠢ᠋ ᠲᠡᠭᠡᠭᠰᠢᠯᠡᠭᠦᠯᠦᠨ ᠦᠷ᠎ᠡ ᠠᠰᠢᠬ ᠢ᠋ ᠨᠡᠮᠡᠭᠲᠡᠭᠦᠯᠵᠦ᠂ ᠦᠨᠳᠦᠰᠦᠨ ᠱᠠᠲᠤᠨ᠎ᠤ ᠺᠠᠳ᠋ᠷᠴᠤᠳ ᠤᠯᠠᠨ ᠲᠦᠮᠡᠨ᠎ᠳᠦ ᠲᠤᠲᠤᠨᠤ ᠦᠢᠯᠡᠴᠢᠯᠡᠵᠦ᠂ ᠬᠢᠯᠢ ᠬᠢᠵᠠᠭᠠᠷ ᠲᠸ᠋ ᠪᠠᠢᠭ᠎ᠠ ᠨᠠᠮ᠎ᠤᠨ ᠭᠡᠰᠢᠭᠦᠳ ᠠᠵᠢᠯ᠎ᠤᠨ ᠪᠠᠢᠷᠢ ᠪᠠᠨ ᠪᠠᠲᠤ ᠰᠠᠬᠢᠵᠦ᠂ ᠬᠢᠯᠢ ᠬᠢᠵᠠᠭᠠᠷ᠎ᠤᠨ ᠠᠮᠤᠷ ᠲᠦᠪᠰᠢᠨ ᠢ᠋ ᠪᠠᠲᠤᠯᠠᠨ᠎ᠠ ᠁ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠦᠷᠭᠡᠨ ᠤᠯᠠᠨ ᠨᠠᠮ᠎ᠤᠨ ᠬᠡᠰᠢᠭᠦᠨ ᠺᠠᠳ᠋ᠷᠴᠤᠳ ᠡᠭᠦᠷᠭᠡ ᠬᠠᠷᠢᠭᠤᠴᠠᠯᠭ᠎ᠠ᠎ᠪᠠᠨ ᠪᠠᠢᠩᠭᠤᠵᠢᠭᠤᠯᠤᠨ ᠭᠦᠢᠴᠡᠳᠬᠡᠬᠦ᠂ ᠦᠨᠡᠨ ᠪᠣᠳᠠᠲᠠᠢ᠎ᠪᠠᠷ ᠪᠣᠭᠣᠮᠲᠠ ᠰᠢᠪᠲᠤᠯᠬᠤ ᠪᠠᠷ ᠳᠠᠮᠵᠢᠨ᠂ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ᠎ᠶᠢ ᠰᠡᠳᠬᠢᠯ᠎ᠳᠡᠭᠡᠨ ᠬᠠᠲᠠᠩᠰᠢᠭᠤᠯᠤᠨ᠂ ᠦᠢᠯᠡ ᠠᠵᠢᠯᠯᠠᠭ᠎ᠠ᠎ᠳᠠᠭᠠᠨ ᠰᠢᠩᠭᠡᠭᠡᠵᠤ᠂ ᠬᠥᠮᠥᠨ ᠪᠦᠬᠦᠨ ᠬᠠᠷᠢᠭᠤᠴᠠᠯᠭ᠎ᠠ᠎ᠪᠠᠨ ᠭᠦᠢᠴᠡᠳᠬᠡᠬᠦ᠂ ᠶᠠᠪᠤᠳᠠᠯ ᠪᠦᠬᠦᠨ᠎ᠢ ᠪᠣᠳᠠᠲᠠᠢ ᠠᠳᠬᠤᠬᠤ᠂ ᠱᠠᠲᠤ ᠱᠠᠲᠤ᠎ᠪᠠᠷ ᠪᠣᠳᠠᠲᠠᠢ ᠠᠵᠢᠯᠯᠠᠬᠤ ᠰᠠᠢᠨ ᠰᠠᠢᠬᠠᠨ ᠪᠠᠢᠳᠠᠯ᠎ᠢ ᠪᠤᠢ ᠪᠣᠯᠭᠠᠪᠠ᠃

ᠪᠣᠳᠠᠲᠠᠢ ᠠᠵᠢᠯᠯᠠᠪᠠᠯ ᠰᠠᠶᠢ ᠪᠣᠳᠠᠲᠤ ᠠᠮᠵᠢᠯᠲᠠ᠎ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠪᠡᠯ ᠰᠠᠶᠢ ᠢᠷᠡᠭᠡᠳᠦᠢ᠎ᠳᠤ ᠬᠦᠴᠦᠨ ᠣᠯᠭᠣᠵᠦ ᠴᠢᠳᠠᠨ᠎ᠠ ᠃ ᠥᠪᠥᠷ ᠮᠣᠩᠭᠣᠯ᠎ᠤᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠠ ᠦᠷᠭᠡᠨ ᠤᠯᠠᠨ ᠨᠠᠮ᠎ᠤᠨ ᠬᠡᠰᠢᠭᠦᠨ ᠺᠠᠳ᠋ᠷᠴᠤᠳ ᠵᠠᠰᠠᠭ᠎ᠤᠨ ᠠᠵᠢᠯ᠎ᠤᠨ ᠪᠦᠲᠦᠮᠵᠢ ᠢ᠋ᠢᠨ ᠲᠤᠬᠠᠢ ᠵᠦᠪ ᠦᠵᠡᠯᠲᠡ ᠵᠢ ᠦᠷᠭᠦᠯᠵᠢᠯᠡᠨ ᠪᠤᠢ ᠪᠤᠯᠭᠠᠨ ᠦᠢᠯᠡᠲᠦᠯᠭᠡᠵᠢᠭᠦᠯᠵᠦ᠂ ᠪᠣᠳᠠᠲᠠᠢ ᠠᠵᠢᠯᠯᠠᠵᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠪᠡᠷ ᠤᠭ ᠰᠠᠨᠠᠭ᠎ᠠ᠎ᠪᠠᠨ ᠦᠢᠯᠡᠳᠦᠯᠭᠡᠵᠢᠭᠦᠯᠵᠦ᠂ ᠠᠯᠤᠰ ᠬᠡᠳᠦ᠎ᠶᠢᠨ ᠪᠣᠳᠠᠲᠤ ᠠᠮᠵᠢᠯᠲᠠ᠎ᠪᠠᠷ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠨ᠂ ᠲᠤᠮᠲᠠᠲᠤ ᠤᠯᠤᠰ᠎ᠤᠨ ᠮᠠᠶᠢᠭ᠎ᠤᠨ ᠤᠳᠤᠬᠢᠴᠢᠯᠠᠯᠲᠠ ᠢ᠋ᠢᠨ ᠦᠪᠦᠷ ᠮᠤᠩᠭᠤᠯ᠎ᠤᠨ ᠰᠢᠨ᠎ᠡ ᠬᠠᠭᠤᠲᠠᠰᠤ ᠵᠢ ᠦᠷᠭᠦᠯᠵᠢᠯᠡᠨ ᠬᠦᠴᠦᠯᠡᠨ ᠪᠢᠴᠢᠭᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号