ᠡᠯᠸᠺᠲ᠋ᠷᠤᠨ ᠬᠤᠳᠠᠯᠳᠤᠭ᠎ᠠ ᠵᠢᠨ ᠲᠠᠪᠴᠠᠩ᠎ᠢ ᠠᠰᠢᠬᠯᠠᠨ ᠢᠮᠠᠭᠠᠨ ᠨᠣᠣᠯᠤᠭᠤᠷ᠎ᠤᠨ ᠠᠵᠤ ᠦᠢᠯᠡᠰ᠎ᠦᠨ ᠬᠦᠭᠵᠢᠯᠳᠡ ᠵᠢ ᠠᠬᠢᠭᠣᠯᠬᠣ ᠲᠣᠬᠠᠢ ᠲᠦᠭᠦᠮ ᠦᠬᠦᠯᠡᠬᠦ ᠨᠢ
2026-07-27 10:21:39
ᠵᠣᠬᠢᠶᠠᠭ᠍ᠴᠢ᠄
ᠱᠠ ᠯᠢᠨ ᠨᠠ
ᠣᠩᠱᠢᠭ᠍ᠰᠠᠨ ᠣᠳᠠᠭ᠎ᠠ᠄
★★★☆☆

ᠲᠣᠭᠠᠴᠢᠯᠠᠭᠰᠠᠨ ᠠᠵᠤ ᠠᠬᠤᠢ ᠨᠢ ᠪᠣᠳᠠᠲᠤ ᠴᠣᠭᠴᠠ᠎ᠶᠢᠨ ᠠᠵᠤ ᠠᠬᠤᠢ᠎ᠳᠤ ᠭᠦᠨᠵᠡᠭᠡᠢ ᠴᠢᠳᠠᠮᠵᠢ ᠣᠯᠭᠣᠵᠤ ᠪᠠᠢᠬᠤ ᠠᠬᠤᠢ ᠪᠠᠢᠳᠠᠯ ᠳᠣᠣᠷ᠎ᠠ᠂ ᠡᠯᠧᠺᠲᠷᠣᠨ ᠬᠤᠳᠠᠯᠳᠤᠭ᠎ᠠ ᠨᠢ ᠨᠢᠭᠡᠨᠲᠡ ᠣᠷᠣᠨ ᠪᠦᠰᠡ᠎ᠶᠢᠨ ᠣᠨᠴᠠᠯᠢᠭ᠍ᠲᠤ ᠠᠵᠤ ᠦᠢᠯᠡᠰ᠎ᠦᠨ ᠪᠦᠬᠦ ᠣᠷᠣᠨ ᠪᠦᠰᠡ᠎ᠶᠢᠨ ᠬᠡᠷᠡᠭᠯᠡᠭᠡ ᠵᠢᠨ ᠵᠠᠬ᠎ᠠ ᠳᠡᠯᠭᠡᠭᠦᠷ᠎ᠢ ᠬᠣᠯᠪᠣᠨ ᠨᠡᠪᠲᠡᠷᠡᠭᠦᠯᠬᠦ᠂ ᠡᠵᠡᠩᠨᠡᠯᠲᠡ᠎ᠶᠢᠨ ᠬᠡᠯᠪᠡᠷᠢ᠎ᠶᠢ ᠲᠡᠰ ᠳᠡᠪᠰᠢᠭᠦᠯᠬᠦ ᠭᠣᠣᠯ ᠭᠠᠷᠳᠠᠴᠠ ᠪᠣᠯᠵᠠᠢ᠃ ᠥᠪᠥᠷ ᠮᠣᠩᠭᠣᠯ ᠨᠢ ᠪᠥᠬᠥ ᠤᠯᠤᠰ᠎ᠲᠤ ᠮᠡᠳᠡᠷᠡᠭᠳᠡᠭᠰᠡᠨ 《ᠵᠥᠭᠡᠯᠡᠨ ᠰᠢᠵᠢᠷ ᠠᠯᠲᠠ》 ᠵᠢᠨ ᠭᠣᠣᠯ ᠭᠠᠷᠤᠯᠲᠠ᠎ᠶᠢᠨ ᠣᠷᠣᠨ ᠪᠣᠯᠤᠭᠰᠠᠨ᠎ᠤ ᠬᠤᠪᠢ᠎ᠳᠤ᠂ ᠨᠣᠣᠯᠤᠭᠤᠷ᠎ᠤᠨ ᠭᠠᠷᠤᠯᠲᠠ ᠣᠷᠳᠣ᠌ ᠬᠤᠭᠤᠴᠠᠭ᠎ᠠ ᠪᠡᠷ ᠪᠥᠬᠥ ᠤᠯᠤᠰ᠎ᠤᠨ ᠲᠡᠷᠢᠭᠦᠨ᠎ᠳᠦ ᠣᠷᠣᠵᠤ᠂ ᠤᠮᠠᠷᠠᠲᠤ ᠥᠷᠭᠡᠷᠢᠭ᠎ᠦᠨ 40 ᠭᠷᠡᠳᠦ᠋ᠰ᠎ᠦᠨ ᠰᠢᠵᠢᠷ ᠠᠯᠲᠠᠨ ᠮᠠᠯ ᠠᠵᠤ ᠠᠬᠤᠢ᠎ᠶᠢᠨ ᠪᠦᠰᠡ᠎ᠶᠢᠨ ᠥᠪᠡᠷᠮᠢᠴᠡ ᠳᠠᠪᠠᠭᠤᠯᠢᠭ᠋᠎ᠲᠤ ᠲᠦᠰᠢᠭᠯᠡᠨ᠂ ᠶᠠᠰᠤ ᠴᠢᠨᠠᠷ ᠨᠢ ᠥᠪᠡᠷᠮᠢᠴᠡ᠂ ᠲᠠᠨᠢᠭ᠍ᠳᠠᠴᠠ ᠲᠣᠳᠣᠷᠬᠠᠢ ᠢᠮᠠᠭᠠᠨ ᠨᠣᠣᠯᠤᠭᠤᠷ᠎ᠤᠨ ᠡᠬᠢ ᠪᠠᠶᠠᠯᠢᠭ᠋᠎ᠢ ᠪᠣᠢᠵᠢᠭᠤᠯᠵᠤ᠂ ᠤᠯᠤᠰ᠎ᠤᠨ ᠳᠣᠲᠣᠭᠠᠳᠤ᠎ᠶᠢᠨ ᠢᠮᠠᠭᠠᠨ ᠨᠣᠣᠯᠤᠭᠤᠷ᠎ᠤᠨ ᠪᠥᠬᠥ ᠠᠵᠤ ᠦᠢᠯᠡᠰ᠎ᠦᠨ ᠬᠡᠯᠬᠢᠶ᠎ᠡ᠎ᠶᠢᠨ ᠪᠠᠢᠷᠢᠰᠢᠭᠤᠯᠤᠯᠲᠠ᠎ᠶᠢᠨ ᠭᠣᠣᠯ ᠠᠴᠢᠶᠠᠯᠠᠪᠤᠷᠢ᠎ᠶᠢᠨ ᠭᠠᠵᠠᠷ ᠪᠣᠯᠵᠠᠢ᠃ ᠠᠵᠢᠯ ᠲᠥᠷᠥᠯ᠎ᠦᠨ ᠢᠯᠡ ᠨᠡᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ 2023 ᠣᠨ᠎ᠳᠤ ᠪᠥᠬᠥ ᠤᠯᠤᠰ᠎ᠤᠨ ᠨᠣᠣᠯᠤᠭᠤᠷ᠎ᠤᠨ ᠪᠦᠲᠦᠭᠡᠭᠳᠡᠬᠦᠨ᠎ᠦ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ ᠪᠠᠷᠤᠭ 580 ᠳ᠋ᠦᠩᠰᠢᠭᠤᠷ ᠲᠥᠭᠥᠷᠢᠭ᠎ᠲᠦ ᠬᠦᠷᠴᠦ᠂ ᠰᠦᠯᠵᠢᠶᠡᠨ ᠳᠡᠭᠡᠷᠡᠬᠢ ᠵᠠᠮ ᠰᠤᠪᠠᠭ᠎ᠵᠢᠡᠷ ᠪᠣᠷᠣᠯᠠᠭᠣᠯᠣᠬᠰᠠᠨ ᠨᠣᠷᠮ᠎ᠠ ᠨᠢ 37.6% ᠎ᠳᠤ ᠬᠦᠷᠴᠡᠢ; 2025 ᠣᠨ᠎ᠳᠤ ᠭᠣᠣᠯ ᠪᠣᠯᠬᠤ ᠡᠯᠧᠺᠲᠷᠣᠨ ᠬᠤᠳᠠᠯᠳᠤᠭᠠᠨ᠎ᠤ ᠲᠠᠪᠴᠠᠩ᠎ᠤᠨ ᠨᠣᠣᠯᠤᠭᠤᠷ᠎ᠤᠨ ᠨᠡᠬᠡᠮᠡᠯ᠎ᠦᠨ ᠵᠦᠢᠯ᠎ᠦᠨ ᠠᠷᠠᠯᠵᠢᠶᠠᠨ᠎ᠤ ᠬᠡᠪᠴᠢᠶ᠎ᠡ ᠨᠢ 186.2 ᠳ᠋ᠦᠩᠰᠢᠭᠤᠷ ᠲᠥᠭᠥᠷᠢᠭ᠎ᠢ ᠳᠠᠪᠠᠵᠤ᠂ ᠲᠣᠭᠠᠴᠢᠯᠠᠭᠰᠠᠨ ᠪᠣᠷᠤᠯᠠᠭᠤᠯᠭ᠎ᠠ ᠨᠢ ᠨᠢᠭᠡᠨᠲᠡ ᠠᠵᠢᠯ ᠲᠥᠷᠥᠯ᠎ᠦᠨ ᠨᠡᠮᠡᠭᠳᠡᠯ᠎ᠦᠨ ᠭᠣᠣᠯ ᠬᠥᠳᠡᠯᠭᠡᠬᠦ ᠬᠦᠴᠦᠨ ᠪᠣᠯᠵᠠᠢ᠃

ᠨᠢᠭᠡ᠂ ᠲᠥᠷᠥ᠎ᠶᠢᠨ ᠪᠣᠳᠣᠯᠭ᠎ᠠ ᠪᠡᠷ ᠡᠨᠧᠷᠭᠢ ᠣᠯᠭᠣᠵᠤ ᠡᠯᠧᠺᠲᠷᠣᠨ ᠬᠤᠳᠠᠯᠳᠤᠭᠠᠨ᠎ᠤ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠪᠡ

ᠭᠤᠷᠪᠠᠨ ᠶᠡᠬᠡ ᠪᠠᠢᠯᠳᠤᠬᠤ ᠪᠣᠳᠣᠯᠭ᠎ᠠ᠎ᠶᠢᠨ ᠠᠰᠢᠬ᠎ᠢ ᠬᠦᠷᠳᠡᠵᠦ ᠭᠦᠢᠯᠭᠡᠭᠡᠨ᠎ᠦ ᠰᠢᠰᠲᠧᠮ᠂ ᠠᠵᠦ ᠦᠢᠯᠡᠰ᠎ᠦᠨ ᠣᠶᠤᠨᠴᠢ ᠦᠢᠯᠡᠳᠬᠡᠯ᠂ ᠭᠠᠳᠠᠭᠠᠳᠤ ᠨᠡᠭᠡᠭᠡᠯᠲᠡ ᠭᠤᠷᠪᠠᠨ ᠲᠠᠯ᠎ᠠ᠎ᠠᠴᠠ ᠥᠪᠥᠷ ᠮᠣᠩᠭᠣᠯ᠎ᠤᠨ ᠨᠣᠣᠯᠤᠭᠤᠷ᠎ᠤᠨ ᠪᠦᠲᠦᠭᠡᠭᠳᠡᠬᠦᠨ᠎ᠦ ᠡᠯᠧᠺᠲᠷᠣᠨ ᠬᠤᠳᠠᠯᠳᠤᠭᠠᠨ᠎ᠤ ᠬᠥᠭᠵᠢᠯᠲᠡ᠎ᠳᠦ ᠪᠣᠰᠣᠭ᠎ᠠ ᠴᠣᠭᠴᠠᠲᠤ ᠲᠤᠯᠭᠠᠭᠤᠷᠢᠯᠠᠬᠤ ᠰᠢᠰᠲᠧᠮ᠎ᠢ ᠪᠠᠢᠭᠤᠯᠵᠤ ᠥᠭᠪᠡ᠃

(ᠨᠢᠬᠡ) ᠪᠥᠬᠥ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ ᠨᠢ ᠭᠦᠢᠯᠭᠡᠭᠡᠨ᠎ᠦ ᠪᠡᠬᠢᠯᠡᠯᠲᠡ᠎ᠶᠢ ᠡᠪᠳᠡᠵᠦ᠂ ᠡᠯᠧᠺᠲᠷᠣᠨ ᠬᠤᠳᠠᠯᠳᠤᠭᠠᠨ᠎ᠤ ᠪᠦᠷᠬᠦᠴᠡ ᠵᠢᠨ ᠵᠠᠭᠠᠭ ᠬᠢᠵᠠᠭᠠᠷ᠎ᠢ ᠥᠷᠭᠡᠳᠬᠡᠪᠡ᠃ ᠬᠡᠷᠡᠭᠯᠡᠭᠡ ᠵᠢᠨ ᠣᠷᠣᠨ ᠪᠦᠰᠡ᠎ᠶᠢᠨ ᠣᠨᠴᠠᠯᠢᠭ᠋᠎ᠠᠴᠠ ᠦᠵᠡᠪᠡᠯ᠂ ᠡᠮᠦᠨᠡᠲᠦ ᠤᠮᠠᠷᠠᠲᠤ᠎ᠶᠢᠨ ᠵᠠᠬ᠎ᠠ ᠳᠡᠯᠭᠡᠭᠦᠷ᠎ᠲᠦ ᠳᠡᠭᠡᠳᠦ ᠬᠡᠮᠵᠢᠶᠡᠨ᠎ᠤ ᠵᠥᠷᠢᠶᠡᠲᠦ ᠬᠡᠷᠡᠭᠴᠡᠭᠡᠨ᠎ᠦ ᠪᠠᠢᠷᠢᠰᠢᠯ ᠢᠯᠡᠷᠡᠵᠦ ᠪᠠᠢᠨ᠎ᠠ᠄ ᠤᠮᠠᠷᠠᠲᠤ ᠣᠷᠣᠨ᠎ᠤ ᠵᠠᠬ᠎ᠠ ᠳᠡᠯᠭᠡᠭᠦᠷ ᠨᠢ ᠦᠢᠯᠡᠳᠬᠦᠨ᠎ᠤ ᠳᠤᠯᠠᠭᠠᠯᠠᠭ᠎ᠠ᠎ᠶᠢᠨ ᠬᠡᠷᠡᠭᠴᠡᠭᠡ ᠱᠠᠭᠠᠷᠳᠠᠯᠭ᠎ᠠ᠎ᠶᠢ ᠮᠠᠰᠢ ᠶᠡᠬᠡ ᠴᠢᠬᠤᠯᠠᠴᠢᠯᠠᠵᠤ ᠪᠠᠢᠬᠤ᠎ᠳᠤ᠂ ᠵᠡᠭᠦᠨ ᠬᠡᠰᠡᠭ ᠣᠷᠣᠨ᠂ ᠡᠮᠦᠨ᠎ᠡ ᠬᠡᠰᠡᠭ ᠣᠷᠣᠨ᠎ᠤ ᠬᠦᠮᠦᠰ ᠬᠠᠷᠢᠨ ᠬᠥᠩᠭᠡᠨ ᠵᠥᠭᠡᠯᠡᠨ᠂ ᠬᠢᠴᠡ ᠵᠠᠭᠪᠤᠷ᠎ᠪᠡᠷ ᠤᠨᠴᠠᠭᠠᠢ ᠬᠡᠭᠡᠨᠴᠢᠷ ᠴᠢᠮᠡᠭᠯᠡᠯ᠎ᠤᠨ ᠵᠦᠢᠯ ᠪᠠ ᠤᠷᠠᠯᠢᠭ᠍ᠵᠢᠭᠤᠨ ᠣᠨᠴᠠᠯᠢᠬ ᠲᠠᠢ ᠬᠡᠷ᠎ᠦᠨ ᠡᠳ᠋ᠯᠡᠯ ᠬᠡᠷᠡᠭᠯᠡᠯ᠎ᠤᠨ ᠲᠥᠷᠥᠯ ᠵᠦᠢᠯ᠎ᠢ ᠨᠠᠩ ᠢᠯᠡᠭᠦᠦ ᠪᠠᠬᠠᠷᠬᠠᠵᠤ᠂ ᠬᠣᠶᠠᠷ ᠭᠠᠵᠠᠷ᠎ᠤᠨ ᠬᠠᠮᠢᠶ᠎ᠠ ᠪᠦᠬᠦᠢ ᠦᠢᠯᠡᠳᠬᠦᠨ᠎ᠤ ᠲᠥᠷᠥᠯ ᠵᠦᠢᠯ᠎ᠦᠨ ᠰᠦᠯᠵᠢᠶᠡᠨ ᠳᠡᠭᠡᠷ᠎ᠡ ᠪᠣᠷᠣᠯᠠᠭᠤᠯᠤᠭᠰᠠᠨ ᠬᠡᠮᠵᠢᠶ᠎ᠡ ᠨᠢ ᠪᠥᠬᠥ ᠤᠯᠤᠰ᠎ᠤᠨ 58% ᠡᠴᠡ ᠳᠡᠭᠡᠭᠰᠢᠬᠢ᠎ᠶᠢ ᠡᠵᠡᠯᠡᠵᠦ ᠪᠠᠢᠨ᠎ᠠ᠃ ᠪᠠᠷᠠᠭᠤᠨ ᠡᠮᠦᠨᠡᠲᠦ᠎ᠶᠢᠨ ᠰᠸᠴᠤᠸᠠᠨ ᠴᠦᠩᠴᠢᠩ ᠶᠦᠨᠨᠠᠨ ᠭᠦᠢᠵᠧᠦ ᠵᠡᠷᠭᠡ ᠭᠠᠵᠠᠷ ᠣᠷᠣᠨ᠎ᠳᠤ ᠡᠪᠦᠯ᠎ᠳᠡᠭᠡᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠦᠭᠡᠢ᠂ ᠴᠢᠬᠢᠭ᠌ᠯᠢᠭ ᠬᠦᠢᠲᠡᠨ ᠥᠪᠡᠷᠮᠢᠴᠡ ᠠᠭᠤᠷ ᠠᠮᠢᠰᠬᠤᠯ ᠡᠴᠡ ᠪᠣᠯᠵᠤ᠂ᠲᠤᠯᠠᠭᠠᠯᠠᠬᠤ ᠬᠡᠷᠡᠭᠴᠡᠭᠡ ᠮᠠᠰᠢ ᠶᠡᠬᠡ᠂ ᠲᠤᠬᠠᠢ᠎ᠶᠢᠨ ᠭᠠᠵᠠᠷ᠎ᠤᠨ ᠣᠨᠴᠠᠯᠢᠭ᠍ᠲᠤ ᠲᠣᠷᠭᠠᠨ ᠦᠢᠯᠡᠳᠬᠦᠨ᠎ᠦ ᠳᠤᠯᠠᠭᠠᠯᠠᠬᠤ ᠴᠢᠳᠠᠮᠵᠢ ᠨᠢ ᠠᠨᠠᠢ᠂ ᠢᠩᠭᠢᠭᠡᠳ ᠢᠮᠠᠭᠠᠨ ᠨᠣᠣᠯᠤᠭᠤᠷ᠎ᠤᠨ ᠦᠢᠯᠡᠳᠬᠦᠨ᠎ᠤ ᠳᠠᠪᠠᠭᠤᠯᠢᠭ᠋᠎ᠢ ᠲᠤᠪᠤᠢ᠍ᠢᠯᠭᠠᠵᠤ᠂ ᠰᠦᠯᠵᠢᠶᠡᠨ ᠳᠡᠭᠡᠷᠡᠬᠢ ᠪᠣᠷᠣᠯᠠᠭᠣᠯᠭ᠎ᠠ ᠵᠢᠨ ᠨᠡᠮᠡᠭᠳᠡᠯ ᠬᠠᠮᠣᠭ᠎ᠦᠨ ᠶᠡᠬᠡ ᠵᠠᠬ᠎ᠠ ᠲᠡᠯᠭᠡᠬᠦᠷ ᠪᠣᠯᠵᠠᠢ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠤᠮᠠᠷᠠᠲᠤ ᠣᠷᠣᠨ᠂ ᠵᠡᠭᠦᠨ ᠬᠡᠰᠡᠭ ᠣᠷᠣᠨ᠂ ᠡᠮᠦᠨ᠎ᠡ ᠬᠡᠰᠡᠭ ᠣᠷᠣᠨ ᠭᠤᠷᠪᠠᠨ ᠭᠠᠵᠠᠷ᠎ᠤᠨ᠎ᠤᠨ ᠦᠢᠯᠡᠳᠬᠦᠨ᠎ᠦ ᠬᠡᠷᠡᠭᠯᠡᠭᠡᠨ᠎ᠦ ᠶᠡᠷᠦᠩᠬᠡᠢ ᠬᠡᠮᠵᠢᠶ᠎ᠡ ᠨᠢ ᠪᠥᠬᠥ ᠤᠯᠤᠰ᠎ᠤᠨ 65% ᠎ᠡᠴᠡ  ᠳᠡᠭᠡᠭᠰᠢᠬᠢ᠎ᠶᠢ ᠡᠵᠡᠯᠡᠵᠦ᠂ 25 — 39 ᠨᠠᠰᠤᠨ᠎ᠤ ᠵᠠᠯᠠᠭᠤ ᠬᠡᠷᠡᠭᠯᠡᠭᠴᠢᠳ ᠨᠢ ᠰᠦᠯᠵᠢᠶᠡᠨ ᠬᠡᠷᠡᠭᠯᠡᠭᠡ᠎ᠵᠢᠨ ᠭᠣᠣᠯ ᠬᠦᠴᠦᠨ ᠪᠣᠯᠵᠤ᠂ ᠡᠯᠧᠺᠲᠷᠣᠨ ᠬᠤᠳᠠᠯᠳᠤᠭᠠᠨ᠎ᠤ ᠪᠥᠬᠥ ᠣᠷᠣᠨ ᠪᠦᠰᠡ᠎ᠶᠢᠨ ᠭᠦᠢᠯᠭᠡᠭᠡᠨ᠎ᠦ ᠳᠠᠪᠠᠭᠤᠯᠢᠭ᠋ ᠨᠢ ᠡᠮᠦᠨᠡᠲᠦ ᠤᠮᠠᠷᠠᠲᠤ᠎ᠶᠢᠨ ᠵᠠᠬ᠎ᠠ ᠳᠡᠯᠭᠡᠭᠦᠷ᠎ᠦᠨ ᠬᠡᠷᠡᠭᠯᠡᠭᠡ᠎ᠵᠢᠨ ᠳᠠᠯᠳᠠ ᠬᠦᠴᠦᠨ᠎ᠢ ᠬᠥᠭᠵᠢᠭᠡᠪᠡ᠃

(ᠬᠤᠶᠡᠷ) ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ ᠮᠡᠷᠭᠡᠵᠢᠯ᠎ᠤᠨ ᠲᠡᠰ ᠲᠡᠪᠰᠢᠬᠦ ᠵᠢ ᠠᠬᠢᠭᠣᠯᠪᠠ᠃ ᠪᠥᠬᠥ ᠤᠯᠤᠰ᠎ᠤᠨ ᠠᠵᠤ ᠦᠢᠯᠡᠰ᠎ᠦᠨ ᠣᠶᠤᠨᠴᠢᠯᠠᠬᠤ᠂ ᠨᠠᠷᠢᠯᠢᠭ᠍ᠵᠢᠭᠤᠯᠤᠨ ᠲᠠᠰ ᠳᠡᠪᠰᠢᠭᠦᠯᠬᠦ ᠤᠳᠤᠷᠢᠳᠤᠮᠵᠢ ᠳᠣᠣᠷ᠎ᠠ᠂ ᠥᠪᠥᠷ ᠮᠣᠩᠭᠣᠯ᠎ᠤᠨ ᠢᠮᠠᠭᠠᠨ ᠨᠣᠣᠯᠤᠭᠤᠷ᠎ᠤᠨ ᠠᠵᠤ ᠦᠢᠯᠡᠰ ᠪᠦᠳᠦᠭᠦᠯᠢᠭ ᠡᠳ᠋ᠰᠢᠭᠦᠯᠬᠦ ᠵᠠᠭᠪᠤᠷ᠎ᠠᠴᠠ ᠠᠭᠠᠵᠢᠮ᠎ᠢᠶᠠᠷ ᠰᠠᠯᠵᠦ᠂ ᠬᠡᠷᠡᠭᠯᠡᠭᠴᠢᠳ᠎ᠦᠨ ᠨᠡᠢᠳᠡᠮ ᠲᠤᠷ᠎ᠠ ᠦᠬᠡᠢ ᠪᠠᠢᠭᠰᠠᠨ ᠴᠣᠯ ᠢᠮᠠᠭᠠᠨ ᠨᠣᠣᠯᠤᠭᠤᠷ᠎ᠤᠨ ᠦᠢᠯᠡᠳᠬᠦᠨ᠎ᠣᠬᠢᠶᠠᠬᠣ᠎ᠳᠦ ᠠᠮᠠᠷᠬᠠᠨ ᠠᠪᠴᠢᠵᠤ᠂ ᠵᠥᠪᠬᠡᠨ ᠬᠠᠭᠤᠷᠠᠢ᠎ᠪᠠᠷ ᠤᠬᠢᠶᠠᠵᠤ ᠪᠤᠯᠬᠤ᠂ ᠬᠠᠭᠤᠷᠠᠢᠰᠢᠨ ᠬᠠᠭ ᠬᠤᠷᠠᠬᠤ᠂ ᠳᠠᠬᠢᠨ ᠳᠠᠪᠲᠠᠨ ᠤᠬᠢᠶᠠᠵᠤ ᠬᠠᠮᠠᠭᠠᠯᠠᠬᠤ ᠴᠢᠬᠣᠯᠠᠳᠠᠢ ᠵᠡᠷᠭᠡ ᠠᠰᠠᠭᠤᠳᠠᠯ᠎ᠳᠤ ᠴᠢᠭᠯᠡᠭᠦᠯᠦᠭᠰᠡᠨ ᠮᠡᠷᠭᠡᠵᠢᠯ᠎ᠦᠨ ᠰᠢᠢᠳᠪᠦᠷᠢᠯᠡᠬᠦ ᠲᠥᠰᠥᠯ ᠨᠢ ᠤᠯᠠᠮ ᠵᠢᠡᠷ ᠪᠣᠯᠪᠠᠰᠤᠷᠠᠩᠭᠤᠢ ᠪᠣᠯᠵᠤ ᠪᠠᠢᠨ᠎ᠠ᠄ ᠵᠠᠷᠢᠮ ᠭᠠᠵᠠᠷ ᠣᠷᠣᠨ ᠠᠵᠤ ᠦᠢᠯᠡᠰ᠎ᠤᠨ ᠬᠢᠨ ᠬᠣᠯᠢᠵᠤ ᠨᠡᠬᠡᠨ ᠥᠭᠡᠷᠡᠴᠢᠯᠡᠨ ᠰᠠᠢᠵᠢᠷᠠᠭᠤᠯᠬᠤ ᠪᠠ ᠠᠮᠢᠳᠤ ᠪᠣᠳᠠᠰ᠎ᠤᠨ ᠢᠰᠬᠡᠭᠦᠷ᠎ᠦᠨ ᠠᠪᠴᠢᠬᠤ᠎ᠶᠢ ᠰᠡᠷᠭᠡᠢᠯᠡᠬᠦ ᠤᠷ᠎ᠠ ᠮᠡᠷᠭᠡᠵᠢᠯ᠎ᠢᠶᠡᠷ ᠳᠠᠮᠵᠢᠨ ᠳᠡᠭᠡᠳᠦ ᠲᠠᠰ᠎ᠤᠨ ᠨᠣᠣᠯᠤᠭᠤᠷ᠎ᠤᠨ ᠪᠦᠲᠦᠭᠡᠭᠳᠡᠬᠦᠨ᠎ᠢ ᠬᠦᠢᠲᠡᠨ ᠤᠰᠤ᠎ᠪᠠᠷ ᠭᠠᠷ᠎ᠢᠶᠠᠷ ᠤᠬᠢᠶᠠᠵᠤ ᠪᠣᠯᠬᠤ᠎ᠪᠣᠯᠭᠠᠪᠠ; ᠪᠠᠺᠲᠧᠷᠢ᠎ᠶᠢ ᠡᠰᠡᠷᠭᠦᠴᠡᠨ ᠨᠣᠣᠰᠣ᠎ᠶᠢ ᠲᠣᠭᠲᠠᠪᠤᠷᠢᠵᠢᠭᠤᠯᠬᠤ᠂ ᠲᠠᠪᠬᠤᠷᠯᠠᠨ ᠨᠡᠢᠯᠡᠬᠦᠯᠬᠦ ᠤᠷ᠎ᠠ ᠮᠡᠷᠭᠡᠵᠢᠯ᠎ᠢ ᠬᠡᠷᠡᠭᠯᠡᠨ ᠬᠠᠭᠤᠷᠠᠢᠰᠢᠨ ᠬᠠᠭ ᠬᠤᠷᠠᠬᠤ᠂ ᠨᠣᠣᠯᠤᠭᠤᠷ ᠤᠨᠠᠵᠤ ᠪᠦᠭᠡᠮᠨᠡᠷᠡᠬᠦ ᠠᠰᠠᠭᠤᠳᠠᠯ᠎ᠢ ᠰᠢᠢᠳᠪᠦᠷᠢᠯᠡᠪᠠ᠃

(ᠭᠤᠷᠪᠠ) ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠬᠢᠯᠢ ᠠᠯᠤᠰᠯᠠᠭᠰᠠᠨ ᠡᠵᠡᠩᠨᠡᠯᠲᠡ᠎ᠶᠢᠨ ᠪᠠᠢᠳᠠᠯ᠎ᠢ ᠬᠥᠭᠵᠢᠭᠡᠨ ᠭᠠᠳᠠᠭᠠᠳᠤ ᠠᠵᠤ ᠠᠬᠤᠢ ᠠᠷᠠᠯᠵᠢᠶᠠᠨ᠎ᠤ ᠠᠷᠭ᠎ᠠ ᠵᠠᠮ᠎ᠢ ᠥᠷᠭᠡᠳᠬᠡᠪᠡ᠃ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠲᠥᠷᠥ᠎ᠶᠢᠨ ᠪᠣᠳᠣᠯᠭ᠎ᠠ ᠨᠢ ᠬᠢᠯᠢ᠎ᠶᠢᠨ ᠠᠷᠠᠳ᠎ᠤᠨ ᠬᠠᠷᠢᠯᠴᠠᠨ ᠮᠠᠢᠮᠠᠢᠯᠠᠬᠤ᠂ ᠪᠣᠭᠣᠮᠲᠠ᠎ᠶᠢᠨ ᠭᠠᠢᠯᠢ᠎ᠶᠢ ᠬᠠᠰᠤᠵᠤ ᠬᠡᠯᠲᠦᠷᠢᠭᠦᠯᠬᠦ᠂ ᠪᠣᠭᠣᠮᠲᠠ᠎ᠪᠠᠷ ᠥᠩᠭᠡᠷᠡᠭᠦᠯᠬᠦ᠎ᠶᠢ ᠳᠥᠭᠥᠮᠴᠢᠯᠡᠬᠦ᠂ ᠪᠠᠷᠢᠮᠲᠠ ᠬᠡᠷᠡᠭᠰᠡᠬᠦ ᠦᠭᠡᠢ᠎ᠪᠡᠷ ᠭᠠᠢᠯᠢ᠎ᠠᠴᠠ ᠬᠡᠯᠲᠦᠷᠢᠭᠦᠯᠬᠦ ᠵᠡᠷᠭᠡ ᠲᠥᠷᠥ᠎ᠶᠢᠨ ᠪᠣᠳᠣᠯᠭ᠎ᠠ᠎ᠶᠢᠨ ᠴᠡᠪᠡᠷ ᠠᠰᠢᠭ᠋᠎ᠢ ᠳᠠᠪᠬᠤᠴᠠᠭᠤᠯᠵᠤ᠂ ᠮᠣᠩᠭᠣᠯ ᠤᠯᠤᠰ᠂ ᠣᠷᠣᠰ᠎ᠲᠤ ᠭᠠᠷᠭᠠᠬᠤ ᠥᠪᠡᠷ᠎ᠦᠨ ᠥᠷᠲᠡᠭ᠎ᠢ ᠪᠠᠭᠤᠷᠠᠭᠤᠯᠪᠠ᠃ 2025 ᠣᠨ᠎ᠳᠤ ᠡᠷᠢᠶᠡᠨ ᠬᠣᠲᠠ᠎ᠶᠢᠨ ᠬᠢᠯᠢ᠎ᠶᠢᠨ ᠠᠷᠠᠳ᠎ᠤᠨ ᠵᠠᠬ᠎ᠠ᠎ᠶᠢᠨ ᠠᠷᠠᠯᠵᠢᠶᠠᠨ᠎ᠤ ᠬᠡᠮᠵᠢᠶ᠎ᠡ 8.23 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 54.12% ᠎ᠵᠢᠡᠷ ᠨᠡᠮᠡᠭᠳᠡᠪᠡ; RCEP ᠲᠦᠷᠦ᠎ᠶᠢᠨ ᠪᠣᠳᠣᠯᠭ᠎ᠠ᠎ᠪᠡᠷ ᠡᠨᠧᠷᠭᠢ ᠣᠯᠭᠣᠵᠤ᠂ ᠲᠤᠰ ᠭᠠᠵᠠᠷ᠎ᠤᠨ ᠨᠣᠣᠯᠤᠭᠤᠷ᠎ᠤᠨ ᠪᠦᠲᠦᠭᠡᠭᠳᠡᠬᠦᠨ᠎ᠦ ᠭᠠᠳᠠᠭᠠᠳᠤ ᠭᠠᠷᠭᠠᠯᠲᠠ᠎ᠶᠢᠨ ᠪᠣᠭᠣᠮᠲᠠ᠎ᠶᠢᠨ ᠭᠠᠢᠯᠢ᠎ᠶᠢ ᠪᠠᠷᠤᠭ 3.5% ᠪᠠᠭᠤᠷᠠᠭᠤᠯᠵᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠪᠡ᠃ ᠪᠣᠭᠣᠮᠲᠠ᠎ᠶᠢᠨ ᠭᠠᠢᠯᠢ ᠪᠠᠲᠤᠯᠠᠬᠤ ᠬᠥᠮᠥᠷᠭᠡ᠎ᠶᠢᠨ 《ᠲᠡᠯᠭᠡᠨ ᠦᠵᠡᠬᠦᠯᠬᠦ ᠪᠤᠷᠤᠯᠠᠭᠤᠯᠬᠤ ᠳᠡᠯᠭᠡᠭᠦᠷ᠂ ᠬᠠᠳᠠᠭᠠᠯᠠᠬᠤ ᠬᠦᠷᠭᠡᠬᠦ ᠬᠥᠮᠥᠷᠭᠡ》 ᠎ᠵᠢᠨ ᠵᠠᠭᠪᠤᠷ ᠪᠣᠯᠣᠨ ᠬᠢᠯᠢ ᠠᠯᠤᠰᠯᠠᠨ ᠰᠢᠭᠤᠳ ᠨᠡᠪᠲᠡᠷᠡᠭᠦᠯᠬᠦ ᠡᠵᠡᠩᠨᠡᠯᠲᠡ᠎ᠶᠢᠨ ᠪᠠᠢᠳᠠᠯ᠎ᠳᠤ ᠲᠦᠰᠢᠭᠯᠡᠨ᠂ ᠤᠮᠠᠷᠠᠲᠤ ᠬᠢᠯᠢ᠎ᠶᠢᠨ ᠨᠣᠣᠯᠤᠭᠤᠷ᠎ᠤᠨ ᠪᠦᠲᠦᠭᠡᠭᠳᠡᠬᠦᠨ᠎ᠢ ᠰᠢᠭᠤᠳ ᠭᠠᠳᠠᠭᠠᠳᠤ᠎ᠶᠢᠨ ᠵᠠᠬ᠎ᠠ ᠳᠡᠯᠭᠡᠭᠦᠷ᠎ᠲᠦ ᠬᠠᠩᠭᠠᠬᠤ᠎ᠶᠢ ᠪᠡᠶᠡᠯᠡᠭᠦᠯᠵᠦ᠂ ᠳᠣᠲᠣᠭᠠᠳᠤ ᠭᠠᠳᠠᠭᠠᠳᠤ ᠠᠷᠠᠯᠵᠢᠶ᠎ᠠ᠎ᠶᠢᠨ ᠬᠣᠣᠰ ᠴᠢᠭᠯᠡᠯ᠎ᠢᠶᠡᠷ ᠬᠣᠯᠪᠤᠭᠠᠯᠠᠨ ᠬᠥᠳᠡᠯᠦᠯᠴᠡᠬᠦ ᠰᠠᠢᠨ ᠰᠠᠢᠬᠠᠨ ᠪᠠᠢᠷᠢᠰᠢᠯ᠎ᠢ ᠪᠤᠶ ᠪᠣᠯᠭᠠᠵᠠᠢ᠃

ᠬᠣᠶᠠᠷ᠂ ᠬᠦᠭᠵᠢᠯᠳᠡ ᠵᠢᠨ ᠪᠠᠭᠣᠷᠠᠢ ᠲᠠᠯ᠎ᠠ ᠰᠦᠯᠵᠢᠶᠡᠨ ᠳᠡᠭᠡᠷᠡᠬᠢ ᠨᠡᠮᠡᠭᠳᠡᠯ᠎ᠤᠨ ᠣᠷᠣᠨ ᠵᠠᠢ᠎ᠶᠢ ᠬᠢᠵᠠᠭᠠᠷᠯᠠᠵᠤ ᠪᠠᠢᠨ᠎ᠠ

ᠣᠳᠣᠬᠠᠨ᠎ᠳᠤ ᠥᠪᠥᠷ ᠮᠣᠩᠭᠣᠯ᠎ᠤᠨ ᠣᠯᠠᠩᠬᠢ ᠠᠵᠤ ᠠᠬᠤᠢᠯᠠᠯ ᠨᠢ ᠤᠷᠳᠤ ᠬᠤᠭᠤᠴᠠᠭ᠎ᠠ ᠪᠡᠷ ᠤᠮᠠᠷᠠᠲᠤ ᠣᠷᠣᠨ ᠎ᠤ ᠤᠯᠠᠮᠵᠢᠯᠠᠯᠲᠤ ᠬᠡᠷᠡᠭᠴᠡᠭᠡ ᠵᠢᠨ ᠵᠠᠬ᠎ᠠ ᠳᠡᠯᠭᠡᠭᠦᠷ᠎ᠲᠤ ᠲᠦᠰᠢᠭᠯᠡᠭᠡᠳ ᠬᠡᠪᠰᠢᠭᠰᠡᠨ ᠰᠡᠳᠬᠢᠬᠦᠢ ᠪᠦᠷᠢᠯᠳᠦᠵᠦ᠂ ᠦᠢᠯᠡᠳᠬᠦᠨ᠎ᠦ ᠪᠦᠲᠦᠴᠡ ᠨᠢ ᠤᠯᠠᠮᠵᠢᠯᠠᠯᠲᠤ ᠲᠥᠷᠥᠯ ᠵᠦᠢᠯ᠎ᠳᠦ ᠲᠥᠪᠯᠡᠷᠡᠵᠦ᠂ ᠲᠥᠷᠥᠯ ᠵᠦᠢᠯ᠎ᠦᠨ ᠪᠠᠢᠷᠢᠰᠢᠭᠤᠯᠤᠯᠲᠠ ᠨᠢ ᠲᠠᠩ ᠴᠤᠯᠭᠤᠢ ᠪᠠᠢᠨ᠎ᠠ᠃ ᠨᠢᠭᠡ ᠪᠦᠯᠦᠭ ᠬᠠᠭᠤᠴᠢᠨ ᠲᠦᠷᠦᠯ ᠲᠡᠮᠳᠡᠭ ᠎ᠤᠨ ᠨᠣᠣᠯᠤᠭᠤᠷ ᠎ᠤᠨ ᠠᠵᠤ ᠠᠬᠤᠢᠯᠠᠯ ᠨᠢ ᠲᠣᠰ ᠪᠡᠶ᠎ᠡ᠎ᠶᠢᠨ ᠬᠥᠭᠵᠢᠯᠲᠡ᠎ᠶᠢᠨ ᠪᠠᠢᠷᠢ ᠲᠣᠭᠲᠠᠭᠠᠯᠲᠠ᠎ᠳᠠᠭᠠᠨ ᠰᠠᠭᠤᠷᠢᠯᠠᠨ᠂ ᠰᠣᠩᠭᠣᠳᠠᠭ ᠪᠥᠭᠡᠳ ᠯᠠᠪᠳᠠᠭᠤᠨ ᠬᠡᠪ ᠨᠠᠮᠪᠠ᠎ᠲᠠᠢ ᠪᠠᠢᠵᠤ᠂ ᠢᠳᠡᠷ ᠥᠲᠡᠯᠦᠭᠡ ᠨᠠᠰᠤᠨ᠎ᠤ ᠭᠡᠷᠡᠭᠯᠡᠭᠴᠢᠳ᠎ᠤᠨ ᠵᠠᠪᠠᠯ ᠬᠡᠷᠡᠭᠰᠡᠬᠦ ᠲᠦᠷᠦᠯ ᠵᠦᠢᠯ ᠎ᠳᠤ ᠠᠩᠬᠠᠷᠤᠯ᠎ᠢᠶᠠᠨ ᠲᠥᠪᠯᠡᠷᠡᠭᠦᠯᠦᠭᠰᠡᠨ᠎ᠡᠴᠡ ᠪᠣᠯᠵᠤ᠂ ᠬᠡᠪ ᠨᠠᠮᠪᠠ ᠨᠢ ᠬᠡᠪᠰᠢᠮᠡᠯ᠂ ᠰᠦᠯᠵᠢᠶᠡᠨ ᠳᠡᠭᠡᠷᠡᠬᠢ ᠪᠦᠲᠦᠭᠡᠭᠳᠡᠬᠦᠨ᠎ᠦ ᠵᠢᠷᠤᠭ ᠲᠥᠯᠥᠪᠯᠡᠭᠡ ᠨᠢ ᠬᠠᠭᠤᠴᠢᠨ᠂ ᠵᠠᠯᠠᠭᠤᠴᠣᠳ᠎ᠦᠨ ᠬᠡᠷᠡᠭᠯᠡᠭᠡ ᠵᠢ ᠳᠠᠢᠴᠢᠯᠠᠬᠤ᠎ᠳᠤ ᠬᠦᠴᠢᠷᠲᠡᠢ ᠵᠡᠷᠭᠡ ᠠᠰᠠᠭᠤᠳᠠᠯ ᠣᠷᠣᠰᠢᠵᠤ ᠪᠠᠢᠨ᠎ᠠ᠃ ᠳᠤᠮᠳᠠ ᠵᠢᠵᠢᠭ ᠬᠤᠳᠠᠯᠳᠤᠭᠠᠴᠢᠨ ᠨᠢ ᠨᠡᠢᠳᠡᠮ᠎ᠳᠡᠭᠡᠨ ᠣᠣᠭᠠᠯ ᠡᠭᠦᠳᠦᠯᠲᠡ᠎ᠶᠢᠨ ᠵᠢᠷᠤᠵᠤ ᠲᠥᠯᠥᠪᠯᠡᠬᠦ ᠴᠢᠳᠠᠪᠤᠷᠢ᠎ᠪᠠᠷ ᠳᠤᠲᠠᠮᠠᠭ ᠪᠠᠢᠵᠤ᠂ ᠰᠦᠯᠵᠢᠶᠡᠨ ᠳᠡᠭᠡᠷᠡᠬᠢ ᠭᠣᠣᠯᠯᠠᠬᠤ ᠥᠷᠢᠰᠦᠯᠳᠦᠬᠦ ᠬᠦᠴᠦᠨ᠎ᠢ ᠪᠠᠶ᠋ᠢᠭᠤᠯᠬᠤ᠎ᠶᠢᠨ ᠠᠷᠭ᠎ᠠ ᠦᠭᠡᠢ ᠪᠠᠢᠨ᠎ᠠ᠃ ᠪᠦᠬᠦᠯᠢ ᠴᠣᠭᠴᠠ ᠡᠴᠡ ᠨᠢ ᠦᠵᠡᠪᠡᠯ ᠮᠥᠨ ᠬᠦ᠌ ᠬᠡᠯᠪᠡᠷᠢ᠎ᠪᠡᠨ ᠬᠤᠪᠢᠷᠠᠭᠤᠯᠬᠤ ᠠᠩᠬᠠᠨ᠎ᠤ ᠱᠠᠲᠤᠨ᠎ᠳᠤ ᠣᠷᠣᠰᠢᠵᠤ᠂ᠪᠦᠲᠦᠭᠡᠭᠳᠡᠬᠦᠨ᠎ᠢ ᠳ᠋ᠠᠶ᠋ᠢᠲ᠋ᠠᠴᠢᠯᠠᠨ ᠰᠣᠩᠭᠣᠬᠤ᠂ ᠬᠡᠷᠡᠭᠯᠡᠭᠴᠢᠳ᠎ᠦᠨ ᠳᠦᠷᠢ ᠵᠢᠷᠤᠭ ᠎ᠢ ᠵᠠᠳᠠᠯᠬᠤ᠂ ᠣᠷᠣᠨ ᠪᠦᠰᠡ᠎ᠶᠢᠨ ᠵᠠᠬ᠎ᠠ ᠳᠡᠯᠭᠡᠭᠦᠷ᠎ᠢ ᠰᠤᠳᠤᠯᠤᠨ ᠮᠠᠭᠠᠳᠯᠠᠬᠤ ᠵᠡᠷᠭᠡ ᠮᠡᠷᠭᠡᠵᠢᠯ᠎ᠦᠨ ᠠᠷᠭ᠎ᠠ ᠪᠠᠷᠢᠯ ᠳᠤᠲᠠᠭᠳᠠᠵᠤ᠂ 2025 ᠣᠨ᠎ᠳᠤ ᠨᠣᠣᠯᠤᠭᠤᠷ᠎ᠤᠨ ᠲᠥᠷᠥᠯ᠎ᠦᠨ ᠦᠢᠯᠡᠳᠬᠦᠨ᠎ᠤ ᠰᠦᠯᠵᠢᠶᠡᠨ ᠳᠡᠭᠡᠷ᠎ᠡ ᠪᠠᠷᠠᠭ᠎ᠠ ᠪᠤᠴᠠᠭᠠᠭᠰᠠᠨ ᠨᠣᠷᠮ᠎ᠠ ᠨᠢ 23.8% ᠎ᠳᠤ ᠬᠥᠷᠪᠡ᠃

ᠭᠤᠷᠪᠠ᠂ ᠣᠨᠣᠪᠴᠢᠲᠠᠶ ᠪᠠᠢᠷᠢᠰᠢᠭᠤᠯᠵᠤ ᠡᠯᠧᠺᠲᠷᠣᠨ ᠬᠤᠳᠠᠯᠳᠤᠭᠠᠨ᠎ᠤ ᠬᠥᠭᠵᠢᠯᠲᠡ᠎ᠶᠢᠨ ᠳᠠᠯᠳᠠ ᠬᠦᠴᠦᠨ᠎ᠢ ᠬᠥᠭᠵᠢᠭᠡᠨ᠎ᠡ

ᠲᠥᠷᠥ᠎ᠶᠢᠨ ᠪᠣᠳᠣᠯᠭ᠎ᠠ᠎ᠶᠢᠨ ᠠᠰᠢᠭ᠋ ᠲᠤᠬᠢᠶᠠᠯ᠎ᠳᠤ ᠰᠠᠭᠤᠷᠢᠯᠠᠨ᠂ ᠠᠵᠤ ᠦᠢᠯᠡᠰ᠎ᠦᠨ ᠪᠠᠭᠤᠷᠠᠢ ᠲᠠᠯ᠎ᠠ ᠎ᠳᠠᠭᠠᠨ ᠵᠥᠪ᠎ᠢᠶᠡᠷ ᠬᠠᠨᠳᠤᠵᠤ᠂ ᠥᠪᠥᠷ ᠮᠣᠩᠭᠣᠯ᠎ᠤᠨ ᠢᠮᠠᠭᠠᠨ ᠨᠣᠣᠯᠤᠭᠤᠷ᠎ᠤᠨ ᠠᠵᠤ ᠦᠢᠯᠡᠰ ᠨᠢ ᠡᠯᠧᠺᠲᠷᠣᠨ ᠬᠤᠳᠠᠯᠳᠤᠭᠠᠨ᠎ᠤ ᠰᠢᠪᠲᠤᠯᠤᠯᠲᠠ᠎ᠶᠢ ᠪᠡᠶᠡᠯᠡᠭᠦᠯᠬᠦ ᠬᠡᠷᠡᠭᠲᠡᠢ᠂ ᠡᠭᠦᠨ᠎ᠳᠦ ᠭᠣᠣᠯᠳᠠᠭᠤ ᠤᠯᠠᠮᠵᠢᠯᠠᠯᠲᠤ ᠰᠡᠳᠬᠢᠬᠦᠢ᠎ᠶᠢᠨ ᠬᠦᠯᠢᠶᠡᠰᠦᠯᠡᠯ᠎ᠢ ᠡᠪᠳᠡᠵᠦ᠂ ᠪᠥᠬᠥ ᠲᠥᠷᠥᠯ ᠵᠦᠢᠯ᠎ᠢᠶᠡᠷ ᠪᠠᠢᠷᠢᠰᠢᠭᠤᠯᠵᠤ᠂ ᠪᠦᠲᠦᠭᠡᠭᠳᠡᠬᠦᠨ᠎ᠢᠶᠠᠨ ᠨᠠᠷᠢᠯᠢᠭ᠋ ᠰᠣᠩᠭᠣᠵᠤ᠂ ᠲᠥᠷᠥᠯ ᠲᠡᠮᠳᠡᠭ᠎ᠢ ᠰᠣᠯᠪᠢᠴᠠᠭᠤᠯᠤᠨ ᠪᠠᠢᠷᠢᠰᠢᠭᠤᠯᠵᠤ᠂ ᠬᠢᠯᠢ ᠠᠯᠤᠰᠯᠠᠨ ᠲᠥᠯᠥᠪᠵᠢᠭᠦᠯᠵᠦ᠂ ᠴᠣ ᠰᠢᠨ᠎ᠡ ᠲᠣᠭᠠᠴᠢᠯᠠᠭᠰᠠᠨ ᠠᠵᠤ ᠦᠢᠯᠡᠰ᠎ᠦᠨ ᠪᠠᠢᠷᠢᠰᠢᠯ᠎ᠢ ᠪᠣᠶ ᠪᠣᠯᠭᠠᠬᠤ ᠬᠡᠷᠡᠭᠲᠡᠢ᠃

(ᠨᠢᠬᠡ) ᠤᠯᠤᠰ᠎ᠤᠨ ᠳᠣᠲᠣᠭᠠᠳᠤ᠎ᠶᠢᠨ ᠡᠯᠧᠺᠲᠷᠣᠨ ᠬᠤᠳᠠᠯᠳᠤᠭ᠎ᠠ᠎ᠶᠢ ᠲᠡᠰ ᠳᠠᠪᠬᠤᠷᠭ᠎ᠠ ᠬᠤᠪᠢᠶᠠᠨ ᠡᠵᠡᠩᠨᠡᠵᠦ᠂ ᠭᠠᠵᠠᠷ ᠣᠷᠣᠨ ᠪᠠ ᠤᠯᠠᠷᠢᠯ᠎ᠢ ᠦᠨᠳᠦᠰᠦᠯᠡᠨ ᠨᠠᠷᠢᠯᠢᠭ᠋ ᠣᠨᠣᠴᠠᠲᠠᠢ᠎ᠪᠠᠷ ᠪᠦᠲᠦᠭᠡᠭᠳᠡᠬᠦᠨ ᠰᠣᠩᠭᠣᠨ᠎ᠠ᠃ ᠪᠦᠬᠦ ᠤᠯᠤᠰ᠎ᠤᠨ ᠨᠢᠭᠡᠳᠦᠯᠲᠡᠢ ᠲᠣᠮᠣ᠌ ᠵᠠᠬ᠎ᠠ ᠳᠡᠯᠭᠡᠭᠦᠷ᠎ᠦᠨ ᠭᠦᠢᠯᠭᠡᠭᠡᠨ᠎ᠦ ᠳᠠᠪᠠᠭᠤᠯᠢᠭ᠋᠎ᠲᠤ ᠲᠦᠰᠢᠭᠯᠡᠨ᠂ ᠡᠮᠦᠨᠡᠲᠦ ᠤᠮᠠᠷᠠᠲᠤ᠎ᠶᠢᠨ ᠣᠷᠣᠨ ᠪᠦᠰᠡ᠂ ᠤᠯᠠᠷᠢᠯ᠎ᠤᠨ ᠪᠠᠢᠳᠠᠯ᠂ ᠬᠡᠷᠡᠭᠯᠡᠭᠴᠢᠳ᠎ᠤᠨ ᠪᠠᠢᠳᠠᠯ᠎ᠳᠦ ᠦᠨᠳᠣᠰᠣᠯᠠᠨ ᠵᠦᠷᠢᠶᠡᠴᠢᠯᠡᠭᠰᠡᠨ ᠪᠦᠲᠦᠭᠡᠭᠳᠡᠬᠦᠨ ᠰᠣᠩᠭᠣᠬᠤ ᠠᠷᠭ᠎ᠠ ᠪᠣᠳᠣᠯᠭ᠎ᠠ᠎ᠶᠢ ᠬᠡᠷᠡᠭᠵᠢᠭᠦᠯᠦᠨ᠎ᠡ᠃ ᠵᠡᠭᠦᠨ ᠬᠡᠰᠡᠭ ᠣᠷᠣᠨ᠂ ᠡᠮᠦᠨ᠎ᠡ ᠬᠡᠰᠡᠭ ᠣᠷᠣᠨ᠂ ᠪᠠᠷᠠᠭᠤᠨ ᠡᠮᠦᠨᠡᠲᠦ᠎ᠶᠢᠨ ᠴᠢᠭᠢᠭ᠌ᠯᠢᠭ ᠬᠦᠢᠲᠡᠨ ᠵᠠᠬ᠎ᠠ ᠳᠡᠯᠭᠡᠭᠦᠷ᠎ᠲᠦ ᠬᠠᠨᠳᠤᠭᠤᠯᠤᠨ᠂ ᠬᠡᠲᠦ ᠨᠢᠮᠭᠡᠨ ᠨᠠᠷᠢᠯᠢᠭ᠋ ᠨᠡᠬᠡᠮᠡᠯ᠎ᠤᠨ ᠳᠣᠲᠣᠭᠤᠷ ᠡᠮᠦᠰᠬᠦ ᠬᠤᠪᠴᠠᠰᠤ᠂ ᠬᠥᠩᠭᠡᠨ ᠨᠡᠬᠡᠮᠡᠯ ᠬᠠᠨᠲᠠᠭᠠᠵᠠ᠂ ᠵᠥᠭᠡᠯᠡᠨ ᠬᠡᠭᠡᠨᠴᠢᠷ ᠨᠥᠮᠥᠷᠭᠡ ᠪᠤᠶᠤ ᠠᠯᠴᠢᠭᠤᠷ᠂ ᠤᠷᠠᠯᠢᠭ᠍ᠵᠢᠭᠤᠨ ᠡᠯᠭᠦᠮᠡᠯ ᠬᠡᠪᠢᠰ᠂ ᠠᠭᠠᠷ ᠵᠤᠬᠢᠴᠠᠭᠤᠯᠤᠭᠤᠷ ᠬᠡᠷᠡᠭᠯᠡᠵᠦ ᠪᠠᠢᠭ᠎ᠠ ᠥᠷᠥᠭᠡᠨ᠎ᠳᠤ ᠬᠤᠴᠢᠬᠤ ᠨᠢᠮᠭᠡᠨ ᠬᠦᠨᠵᠢᠯᠡ᠂ ᠰᠣᠶᠣᠯ᠎ᠤᠨ ᠡᠭᠦᠳᠦᠯᠲᠡ ᠲᠠᠢ ᠨᠣᠣᠯᠤᠭᠤᠷ᠎ᠤᠨ ᠦᠢᠯᠡᠳᠬᠦᠨ ᠵᠡᠷᠭᠡ ᠲᠥᠷᠥᠯ ᠵᠦᠢᠯ᠎ᠢ ᠭᠣᠣᠯᠳᠠᠯᠭ᠎ᠠ᠎ᠲᠠᠢ ᠪᠠᠢᠷᠢᠰᠢᠭᠤᠯᠵᠤ᠂ ᠭᠣᠣᠯᠳᠠᠭᠤ ᠬᠥᠩᠭᠡᠨ ᠵᠥᠭᠡᠯᠡᠨ ᠪᠥᠭᠡᠳ ᠳᠤᠯᠠᠭᠠᠨ᠂ ᠭᠣᠶᠣ᠌ ᠰᠠᠢᠬᠠᠨ᠂ ᠠᠷᠠᠴᠢᠯᠠᠵᠤ ᠬᠠᠮᠠᠭᠠᠯᠠᠬᠤ᠎ᠳᠤ ᠲᠦᠬᠦᠮ ᠵᠡᠷᠭᠡ ᠭᠣᠣᠯ ᠬᠤᠳᠠᠯᠳᠤᠬᠤ ᠳᠠᠪᠠᠭᠤᠯᠢᠭ᠋᠎ᠢ ᠴᠣᠭᠴᠠᠯᠠᠵᠤ᠂ ᠬᠥᠩᠭᠡᠨ ᠬᠡᠭᠡᠨᠴᠢᠷ ᠬᠡᠷᠡᠭᠯᠡᠭᠡ᠎ᠶᠢᠨ ᠬᠡᠷᠡᠭᠴᠡᠭᠡ ᠱᠠᠭᠠᠷᠳᠠᠯᠭ᠎ᠠ᠎ᠳᠤ ᠵᠣᠬᠢᠴᠠᠭᠤᠯᠤᠨ᠎ᠠ᠃ ᠤᠮᠠᠷᠠᠲᠤ ᠣᠷᠣᠨ ᠵᠢᠴᠢ ᠤᠯᠤᠰ᠎ᠤᠨ ᠳᠣᠲᠣᠭᠠᠳᠤ᠎ᠶᠢᠨ ᠰᠡᠷᠢᠭᠦᠨ ᠪᠦᠰᠡ᠎ᠶᠢᠨ ᠣᠷᠣᠨ ᠪᠦᠰᠡ᠎ᠳᠦ᠂ ᠬᠠᠪᠤᠷ ᠨᠠᠮᠤᠷ᠂ ᠡᠪᠦᠯ᠎ᠦᠨ ᠡᠬᠢᠨ᠎ᠦ ᠰᠢᠯᠵᠢᠯᠲᠡ᠎ᠶᠢᠨ ᠠᠭᠤᠷ ᠠᠮᠢᠰᠬᠤᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠠᠯᠬᠢ᠎ᠶᠢ ᠰᠡᠷᠭᠡᠢᠯᠡᠬᠦ ᠬᠣᠯᠢᠮᠠᠭ ᠨᠡᠬᠡᠮᠡᠯ᠎ᠦᠨ ᠥᠪᠴᠢ ᠬᠤᠪᠴᠠᠰᠤ᠂ ᠳᠠᠪᠬᠤᠷ ᠪᠦᠲᠦᠴᠡ᠎ᠲᠠᠢ ᠳᠤᠯᠠᠭᠠᠯᠠᠬᠤ ᠥᠮᠥᠳᠦ ᠵᠡᠷᠭᠡ ᠪᠡᠷ ᠭᠣᠣᠯᠯᠠᠨ᠂ ᠭᠡᠷ᠎ᠦᠨ ᠡᠳ᠋ᠯᠡᠯ ᠬᠡᠷᠡᠭᠰᠡᠯ᠎ᠦᠨ ᠵᠦᠢᠯ᠎ᠢ ᠵᠣᠬᠢᠬᠤ ᠬᠡᠮᠵᠢᠶ᠎ᠡ᠎ᠪᠡᠷ ᠦᠢᠯᠡᠳᠪᠦᠷᠢᠯᠡᠵᠦ᠂ ᠡᠪᠦᠯ᠎ᠦᠨ ᠤᠯᠠᠷᠢᠯ᠎ᠤᠨ ᠲᠤᠢᠯ᠎ᠤᠨ ᠬᠦᠢᠲᠡᠨ᠎ᠢ ᠡᠰᠡᠷᠭᠦᠴᠡᠵᠦ ᠥᠷᠢᠰᠦᠯᠳᠦᠭᠡᠨ᠎ᠠᠴᠠ ᠰᠠᠨᠠᠭᠠᠴᠢᠯᠠᠭ᠎ᠠ᠎ᠠᠴᠠ᠎ᠪᠠᠨ ᠵᠠᠢᠯᠠᠵᠤ᠂ ᠪᠠᠢᠷᠢ ᠰᠣᠯᠪᠢᠴᠠᠨ ᠥᠷᠢᠰᠦᠯᠳᠦᠬᠦ᠎ᠶᠢ ᠪᠡᠶᠡᠯᠡᠭᠦᠯᠬᠦ ᠬᠡᠷᠡᠭᠲᠡᠢ᠃

ᠲᠠᠪᠴᠠᠩ᠎ᠤᠨ ᠪᠠᠢᠷᠢᠰᠢᠭᠤᠯᠤᠯᠲᠠ᠎ᠶᠢᠨ ᠲᠠᠯ᠎ᠠ ᠪᠡᠷ ᠵᠦᠷᠢᠶᠡᠴᠢᠯᠡᠭᠰᠡᠨ ᠡᠵᠡᠩᠨᠡᠯᠲᠡ ᠬᠢᠵᠦ᠂ ᠴᠤᠤᠷᠢᠶ᠎ᠠ᠂ ᠪᠤᠰᠢᠭᠤ ᠭᠠᠷ᠎ᠤᠨ ᠬᠤᠪᠢ᠎ᠳᠤ᠂ ᠰᠢᠭᠤᠳ ᠨᠡᠪᠲᠡᠷᠡᠭᠦᠯᠭᠡ᠎ᠶᠢᠨ ᠲᠠᠯᠠᠪᠠᠶ᠎ᠶᠢᠨ ᠳᠠᠪᠠᠭᠤᠯᠢᠭ᠋᠎ᠲᠤ ᠲᠦᠰᠢᠭᠯᠡᠨ᠂ ᠭᠠᠷᠤᠯᠲᠠ᠎ᠶᠢᠨ ᠣᠷᠣᠨ᠎ᠢ ᠮᠦᠷᠳᠡᠵᠦ ᠪᠤᠯᠬᠤ ᠴᠢᠳᠠᠮᠵᠢ ᠭᠠᠷᠭᠠᠬᠣ᠂ ᠭᠠᠷ ᠤᠷᠠᠯᠠᠯ᠎ᠢ ᠨᠠᠷᠢᠯᠢᠬ ᠰᠠᠢᠬᠠᠨ ᠲᠠᠨᠢᠯᠴᠠᠭᠤᠯᠦᠨ ᠦᠭᠴᠤ ᠪᠣᠯᠣᠨ᠎ᠠ; ᠲᠢᠶᠠᠨ ᠮᠣᠣ᠂ ᠵᠢᠩ ᠳ᠋ᠦᠩ ᠵᠡᠷᠭᠡ᠎ᠶᠢᠨ ᠬᠤᠪᠢ᠎ᠳᠤ᠂ ᠳᠡᠭᠡᠳᠦ ᠲᠠᠰ᠎ᠤᠨ ᠨᠠᠷᠢᠯᠢᠭ᠋ ᠨᠡᠬᠡᠮᠡᠯ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠡᠭᠦᠳᠦᠯᠲᠡ᠎ᠶᠢᠨ ᠰᠢᠷᠢᠰ ᠪᠦᠳᠦᠭᠡᠭᠳᠡᠬᠦᠨ᠂ ᠨᠠᠷᠠᠲᠤ ᠲᠡᠮᠳᠡᠭ᠎ᠦᠨ ᠴᠢᠨᠠᠷ ᠴᠢᠨᠰᠠᠭ᠎ᠠ᠎ᠶᠢᠨ ᠮᠡᠳᠡᠷᠡᠮᠵᠢ᠎ᠶᠢ ᠪᠣᠶ ᠪᠣᠯᠭᠠᠨ᠎ᠠ; ᠫᠢᠨ ᠳ᠋ᠦ᠍ᠢ᠍ᠸᠸ ᠳ᠋ᠦ᠍ᠢ᠍ᠸᠸ ᠲᠠᠪᠴᠠᠩ᠎ᠤᠨ ᠬᠤᠪᠢ᠎ᠳᠤ ᠠᠪᠴᠤ ᠬᠡᠯᠡᠪᠡᠯ᠂ ᠦᠨ᠎ᠠ ᠬᠠᠩᠰᠢ ᠨᠢ ᠲᠣᠬᠢᠷᠠᠮᠵᠢᠳᠠᠢ ᠦᠨᠳᠣᠰᠣᠨ ᠵᠠᠬᠪᠣᠷ ᠵᠢᠡᠷ ᠭᠣᠣᠯᠯᠠᠵᠦ᠂ ᠤᠯᠠᠨ ᠲᠦᠮᠡᠨᠴᠢᠯᠡᠭᠰᠡᠨ ᠬᠡᠷᠡᠭᠯᠡᠭᠡ ᠵᠢᠨ ᠵᠠᠬ᠎ᠠ ᠳᠡᠯᠭᠡᠭᠦᠷ᠎ᠢ ᠬᠠᠮᠤᠷᠴᠤ᠂ ᠪᠦᠬᠦ ᠵᠠᠮ ᠰᠤᠪᠠᠭ᠎ᠤᠨ ᠬᠠᠮᠵᠢᠯᠴᠠᠨ ᠬᠦᠴᠦᠯᠡᠬᠦ᠎ᠶᠢ ᠪᠡᠶᠡᠯᠡᠭᠦᠯᠦᠨ᠎ᠡ᠃

(ᠬᠤᠶᠡᠷ) ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠤᠷᠤᠯᠳᠤᠭᠠᠨ᠎ᠤ ᠵᠠᠮ᠎ᠢ ᠨᠡᠭᠡᠭᠡᠵᠦ᠂ ᠴᠢᠯᠦᠭᠡᠲᠦ ᠠᠷᠠᠯᠵᠢᠶᠠᠨ᠎ᠤ ᠣᠷᠣᠨ᠎ᠳᠤ ᠲᠦᠰᠢᠭᠯᠡᠨ ᠮᠣᠩᠭᠣᠯ ᠣᠷᠣᠰ᠎ᠤᠨ ᠵᠠᠬ᠎ᠠ ᠳᠡᠯᠭᠡᠭᠦᠷ᠎ᠢ ᠨᠡᠭᠡᠭᠡᠨ᠎ᠡ᠃ ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠣᠷᠣᠨ᠎ᠤ ᠤᠮᠠᠷᠠᠰᠢ ᠨᠡᠭᠡᠭᠡᠯᠲᠡ ᠬᠢᠬᠦ ᠳᠠᠪᠠᠭᠤᠯᠢᠭ᠋᠎ᠢ ᠠᠰᠢᠭ᠍ᠯᠠᠵᠤ᠂ ᠮᠣᠩᠭᠣᠯ ᠣᠷᠣᠰ᠎ᠤᠨ ᠠᠭᠤᠷ ᠠᠮᠢᠰᠬᠤᠯ᠎ᠤᠨ ᠣᠨᠴᠠᠯᠢᠭ᠋ ᠪᠠ ᠠᠷᠠᠳ᠎ᠤᠨ ᠵᠠᠩ ᠦᠢᠯᠡ᠎ᠶᠢᠨ ᠰᠣᠶᠣᠯ᠎ᠳᠤ ᠰᠠᠭᠤᠷᠢᠯᠠᠨ᠂ ᠬᠠᠪᠤᠷ ᠨᠠᠮᠤᠷ᠎ᠤᠨ ᠰᠠᠯᠬᠢᠨ᠎ᠢ ᠰᠡᠷᠭᠡᠢᠯᠡᠬᠦ ᠨᠣᠣᠯᠣᠭᠤᠷ ᠬᠤᠪᠴᠠᠰᠤ᠂ ᠰᠣᠶᠣᠯ᠎ᠤᠨ ᠡᠭᠦᠳᠦᠯᠲᠡ ᠎ᠪᠦᠬᠦᠢ ᠦᠨᠳᠦᠰᠦᠲᠡᠨ ᠎ᠤ ᠬᠠᠳᠬᠤᠮᠠᠯ᠂ ᠬᠠᠨ᠎ᠠ᠎ᠶᠢᠨ ᠡᠯᠭᠦᠮᠡᠯ᠂ ᠬᠥᠩᠭᠡᠨ ᠵᠥᠭᠡᠯᠡᠨ ᠳᠤᠯᠠᠭᠠᠯᠠᠭ᠎ᠠ ᠵᠠᠰᠠᠯ ᠎ᠤᠨ ᠬᠤᠪᠴᠠᠰᠤ ᠵᠡᠷᠭᠡ ᠬᠢᠯᠢ ᠠᠯᠤᠰᠯᠠᠭᠰᠠᠨ ᠲᠤᠰᠬᠠᠢ ᠲᠥᠷᠥᠯ ᠵᠦᠢᠯ᠎ᠢ ᠬᠠᠨᠳᠤᠯᠭ᠎ᠠ᠎ᠲᠠᠢ᠎ᠪᠠᠷ ᠰᠤᠳᠤᠯᠤᠨ ᠨᠡᠭᠡᠭᠡᠨ᠎ᠡ᠃ ᠮᠠᠨᠵᠤᠤᠷ᠂ ᠡᠷᠢᠶᠡᠨ ᠬᠣᠲᠠ᠎ᠶᠢᠨ ᠪᠣᠭᠣᠮᠲᠠ᠎ᠶᠢᠨ ᠭᠠᠢᠯᠢ ᠪᠠᠲᠤᠯᠠᠬᠤ ᠬᠥᠮᠥᠷᠭᠡ᠂ ᠬᠢᠯᠢ᠎ᠶᠢᠨ ᠠᠷᠠᠳ᠎ᠤᠨ ᠬᠠᠷᠢᠯᠴᠠᠨ ᠮᠠᠢᠮᠠᠢᠯᠠᠬᠤ ᠵᠠᠬ᠎ᠠ ᠳᠡᠯᠭᠡᠭᠦᠷ᠎ᠦᠨ ᠲᠥᠷᠥ᠎ᠶᠢᠨ ᠪᠣᠳᠣᠯᠭ᠎ᠠ᠎ᠶᠢᠨ ᠳᠠᠪᠠᠭᠤᠯᠢᠭ᠋᠎ᠲᠤ ᠲᠦᠰᠢᠭᠯᠡᠨ᠂ ᠬᠢᠯᠢ ᠠᠯᠤᠰᠯᠠᠨ ᠰᠢᠭᠤᠳ ᠨᠡᠪᠲᠡᠷᠡᠭᠦᠯᠬᠦ᠂ ᠭᠠᠳᠠᠭᠠᠳᠤ᠎ᠳᠠᠬᠢ ᠰᠦᠯᠵᠢᠶᠡᠨ᠎ᠦ ᠳᠡᠯᠭᠡᠭᠦᠷ᠂ ᠭᠠᠢᠯᠢ ᠪᠠᠲᠤᠯᠠᠵᠤ ᠰᠢᠭᠤᠳ ᠲᠠᠷᠬᠠᠭᠠᠬᠤ ᠵᠡᠷᠭᠡ ᠡᠵᠡᠩᠨᠡᠯᠲᠡ᠎ᠶᠢᠨ ᠪᠠᠢᠳᠠᠯ ᠲᠥᠯᠥᠪ᠎ᠢ ᠬᠥᠭᠵᠢᠭᠦᠯᠵᠦ᠂ ᠪᠣᠭᠣᠮᠲᠠ᠎ᠶᠢᠨ ᠭᠠᠢᠯᠢ᠎ᠶᠢ ᠬᠠᠰᠤᠵᠤ ᠬᠡᠯᠲᠦᠷᠢᠭᠦᠯᠬᠦ᠂ ᠪᠣᠭᠣᠮᠲᠠ᠎ᠪᠠᠷ ᠲᠦᠷᠭᠡᠨ ᠥᠩᠭᠡᠷᠡᠭᠦᠯᠬᠦ ᠴᠡᠪᠡᠷ ᠠᠰᠢᠭ᠋᠎ᠢ ᠠᠰᠢᠭ᠍ᠯᠠᠨ ᠡᠵᠡᠩᠨᠡᠯᠲᠡ᠎ᠶᠢᠨ ᠥᠪᠡᠷ᠎ᠦᠨ ᠥᠷᠲᠡᠭ᠎ᠢ ᠪᠠᠭᠠᠰᠬᠠᠨ᠂ ᠤᠮᠠᠷᠠᠲᠤ ᠬᠢᠯᠢ᠎ᠶᠢᠨ ᠨᠣᠣᠯᠤᠭᠤᠷ᠎ᠤᠨ ᠪᠦᠲᠦᠭᠡᠭᠳᠡᠬᠦᠨ᠎ᠦ ᠵᠡᠭᠦᠨ ᠬᠣᠢᠲᠤ ᠠᠽᠢᠶ᠎ᠠ᠎ᠶᠢᠨ ᠵᠠᠬ᠎ᠠ ᠳᠡᠯᠭᠡᠭᠦᠷ᠎ᠲᠡᠬᠢ ᠦᠨ᠎ᠡ ᠬᠠᠩᠰᠢ᠎ᠶᠢᠨ ᠥᠷᠢᠰᠦᠯᠳᠦᠬᠦ ᠬᠦᠴᠦᠨ ᠪᠠ ᠲᠥᠷᠥᠯ ᠲᠡᠮᠳᠡᠭ᠎ᠦᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠦᠨ᠎ᠡ᠃

(ᠭᠤᠷᠪᠠ) ᠰᠢᠨ᠎ᠡ ᠬᠠᠭᠤᠴᠢᠨ ᠨᠡᠷᠡᠲᠦ ᠲᠥᠷᠥᠯ ᠲᠡᠮᠳᠡᠭ᠎ᠢ ᠰᠣᠯᠪᠢᠴᠠᠭᠤᠯᠤᠨ ᠬᠥᠭᠵᠢᠭᠦᠯᠵᠦ ᠬᠠᠮ ᠬᠡᠯᠪᠡᠷᠢ᠎ᠶᠢᠨ ᠠᠵᠤ ᠦᠢᠯᠡᠰ᠎ᠦᠨ ᠳᠠᠪᠠᠭᠤᠯᠢᠭ᠋᠎ᠢ ᠪᠤᠢ ᠪᠣᠯᠭᠠᠨ᠎ᠠ᠃ ᠬᠠᠭᠤᠴᠢᠨ ᠠᠵᠤ ᠠᠬᠤᠢᠯᠠᠯ᠎ᠤᠨ ᠰᠣᠩᠭᠣᠳᠠᠭ᠂ ᠲᠣᠭᠲᠠᠪᠤᠷᠢᠳᠠᠢ ᠬᠥᠭᠵᠢᠯᠲᠡ᠎ᠶᠢᠨ ᠱᠤᠭᠤᠮ᠎ᠢ ᠬᠦᠨᠳᠦᠳᠬᠡᠵᠦ᠂ ᠲᠡᠳᠡᠨ᠎ᠦ ᠭᠠᠷ ᠤᠷᠠᠯᠠᠯ᠎ᠤᠨ ᠳᠠᠪᠠᠭᠤᠯᠢᠭ᠋᠎ᠲᠠᠭᠠᠨ ᠲᠦᠰᠢᠭᠯᠡᠨ ᠤᠯᠠᠮᠵᠢᠯᠠᠯ ᠵᠢᠡᠨ ᠬᠠᠮᠠᠭᠠᠯᠠᠬᠣ ᠵᠢ ᠵᠣᠷᠢᠭ᠍ᠵᠢᠭᠤᠯᠤᠨ᠎ᠠ᠃ ᠡᠭᠦᠨ᠎ᠦ ᠬᠠᠮᠲᠤ ᠰᠢᠨ᠎ᠡ᠎ᠪᠡᠷ ᠮᠠᠨᠳᠤᠭᠰᠠᠨ ᠳᠤᠮᠳᠠ ᠪᠠᠭ᠎ᠠ ᠲᠦᠷᠦᠯ ᠲᠡᠮᠳᠡᠭ᠎ᠲᠦ ᠥᠷᠭᠡᠨ ᠠᠭᠤᠳᠠᠮ ᠵᠠᠬ᠎ᠠ ᠳᠡᠯᠭᠡᠭᠦᠷ᠎ᠦᠨ ᠤᠷᠤᠨ ᠵᠠᠢ ᠦᠯᠡᠳᠡᠭᠡᠵᠦ᠂ ᠰᠢᠨ᠎ᠡ ᠬᠤᠳᠠᠯᠳᠤᠭᠠᠴᠢᠨ ᠡᠴᠡ ᠡᠮᠦᠨᠡᠲᠦ ᠣᠷᠣᠨ᠎ᠤ ᠵᠠᠯᠠᠭᠤ ᠬᠡᠷᠡᠭᠯᠡᠭᠴᠢᠳ᠂ ᠬᠢᠯᠢ ᠠᠯᠤᠰᠯᠠᠭᠰᠠᠨ ᠣᠨᠴᠠᠯᠢᠭ᠍ᠲᠤ ᠵᠠᠬ᠎ᠠ ᠳᠡᠯᠭᠡᠭᠦᠷ᠂ ᠰᠣᠶᠣᠯ᠎ᠤᠨ ᠡᠭᠦᠳᠦᠯᠲᠡ᠎ᠶᠢᠨ ᠤᠷᠤᠯᠳᠤᠭᠠᠨ᠎ᠤ ᠵᠠᠮ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠤᠤᠭᠠᠯ ᠡᠭᠦᠳᠦᠯᠲᠡ᠎ᠶᠢᠨ ᠵᠢᠷᠤᠭ ᠲᠥᠯᠥᠪᠯᠡᠭᠡ᠂ ᠠᠬᠤᠢ ᠲᠠᠯᠠᠪᠠᠢᠴᠢᠯᠠᠭᠰᠠᠨ ᠰᠢᠨ᠎ᠡ ᠡᠭᠦᠳᠦᠯᠲᠡ᠂ ᠰᠣᠶᠣᠯ ᠵᠢᠡᠷ ᠡᠨ᠋ᠸᠷᠬᠢ ᠣᠯᠭᠣᠵᠦ᠂ ᠵᠦᠷᠢᠶᠡᠴᠢᠯᠡᠭᠰᠡᠨ ᠰᠦᠯᠵᠢᠶᠡᠨ ᠳᠡᠭᠡᠷᠡᠬᠢ ᠲᠦᠷᠦᠯ ᠲᠡᠮᠳᠡᠭ᠎ᠢ ᠪᠤᠢ ᠪᠤᠯᠭᠠᠨ᠎ᠠ; ᠪᠠᠢᠷᠢ ᠰᠣᠯᠪᠢᠴᠠᠨ ᠬᠠᠷᠢᠯᠴᠠᠨ ᠨᠥᠬᠥᠪᠦᠷᠢᠯᠡᠬᠦ᠂ ᠬᠠᠮᠵᠢᠯᠴᠠᠨ ᠬᠥᠭᠵᠢᠬᠦ᠎ᠪᠡᠷ ᠳᠠᠮᠵᠢᠨ᠂ ᠦᠢᠯᠡᠳᠬᠦᠨ᠎ᠦ ᠵᠢᠭ᠍ᠰᠠᠭᠠᠯ ᠬᠢᠭᠡᠳ ᠲᠥᠷᠥᠯ ᠲᠡᠮᠳᠡᠭ᠎ᠤᠨ ᠠᠮᠢ ᠠᠬᠤᠢ᠎ᠶᠢ ᠪᠠᠶᠠᠯᠢᠭ᠍ᠵᠢᠭᠤᠯᠤᠨ᠎ᠠ᠃

ᠰᠢᠨ᠎ᠡ ᠴᠠᠭ ᠦᠶ᠎ᠡ᠎ᠶᠢᠨ ᠠᠬᠤᠢ ᠪᠠᠢᠳᠠᠯ ᠳᠣᠣᠷ᠎ᠠ᠂ ᠡᠯᠧᠺᠲᠷᠣᠨ ᠬᠤᠳᠠᠯᠳᠤᠭ᠎ᠠ ᠪᠣᠯ ᠥᠪᠥᠷ ᠮᠣᠩᠭᠣᠯ᠎ᠤᠨ ᠨᠣᠣᠯᠣᠭᠤᠷ᠎ᠤᠨ ᠠᠵᠤ ᠦᠢᠯᠡᠰ ᠣᠷᠣᠨ ᠪᠦᠰᠡ᠎ᠶᠢᠨ ᠬᠢᠵᠠᠭᠠᠷᠯᠠᠯ᠎ᠢ ᠳᠠᠪᠠᠵᠤ᠂ ᠶᠠᠰᠤ ᠴᠢᠨᠠᠷ ᠎ᠢᠶᠠᠨ ᠳᠡᠭᠡᠭᠰᠢᠯᠡᠭᠦᠯᠦᠨ ᠦᠷ᠎ᠡ ᠠᠰᠢᠭ᠋ ᠎ᠢᠶᠠᠨ ᠨᠡᠮᠡᠭᠳᠡᠭᠦᠯᠬᠦ ᠭᠣᠣᠯ ᠬᠥᠭᠥᠷᠭᠡ ᠪᠣᠯᠣᠨ᠎ᠠ᠃ ᠢᠷᠡᠭᠡᠳᠦᠢ᠎ᠳᠦ᠂ ᠤᠮᠠᠷᠠᠲᠤ ᠬᠢᠯᠢ᠎ᠶᠢᠨ ᠨᠣᠣᠯᠤᠭᠤᠷ᠎ᠤᠨ ᠪᠦᠲᠦᠭᠡᠭᠳᠡᠬᠦᠨ᠎ᠦ ᠠᠵᠤ ᠦᠢᠯᠡᠰ ᠨᠢ 《ᠲᠦᠭᠦᠬᠡᠢ ᠮᠠᠲᠧᠷᠢᠶᠠᠯ ᠬᠠᠩᠭᠠᠬᠤ ᠲᠣᠮᠣ᠌ ᠣᠷᠣᠨ》 ᠡᠴᠡ 《ᠨᠠᠷᠠᠲᠤ ᠲᠡᠮᠳᠡᠭ ᠎ᠤᠨ ᠣᠶᠤᠨᠴᠢ ᠦᠢᠯᠡᠳᠬᠡᠯ᠎ᠦᠨ ᠬᠦᠴᠦᠷᠬᠡᠭ ᠣᠷᠣᠨ》 ᠪᠣᠯᠬᠤ ᠳᠠᠪᠠᠯᠲᠠ᠎ᠶᠢ ᠪᠡᠶᠡᠯᠡᠭᠦᠯᠵᠦ᠂ ᠲᠠᠯ᠎ᠠ ᠨᠤᠲᠤᠭ᠎ᠤᠨ ᠴᠢᠨᠠᠷ ᠰᠠᠢᠲᠠᠢ ᠨᠣᠣᠯᠤᠭᠤᠷ᠎ᠤᠨ ᠪᠦᠲᠦᠭᠡᠭᠳᠡᠬᠦᠨ᠎ᠢ ᠪᠥᠬᠥ ᠤᠯᠤᠰ᠎ᠲᠤ ᠪᠣᠷᠣᠯᠠᠭᠤᠯᠵᠤ᠂ ᠭᠠᠳᠠᠭᠠᠳᠤ᠎ᠳᠤ ᠪᠣᠷᠣᠯᠠᠭᠤᠯᠬᠤ ᠪᠣᠯᠣᠨ᠎ᠠ ᠭᠡᠳᠡᠭ᠎ᠢ ᠢᠲᠡᠭᠡᠵᠦ ᠪᠠᠢᠨ᠎ᠠ᠃

(ᠵᠣᠬᠢᠶᠠᠬᠴᠢ ᠵᠢᠨ ᠬᠠᠶᠢᠬ᠄ ᠦᠪᠣᠷ ᠮᠣᠩᠭᠣᠯ᠎ᠦᠨ ᠡᠳ᠋᠎ᠦᠨ ᠵᠠᠰᠠᠭ ᠠᠵᠦ ᠠᠬᠣᠢ ᠵᠢᠨ ᠶᠡᠬᠡ ᠰᠣᠷᠭᠠᠭᠣᠯᠢ ᠵᠢᠨ ᠺᠣᠮᠫᠢᠦ᠋ᠲ᠋ᠸᠷ᠎ᠦᠨ ᠮᠡᠳᠡᠭᠡ ᠵᠠᠩᠬᠢ ᠵᠢᠨ ᠬᠠᠮᠢᠶᠠᠷᠣᠯᠳᠠ ᠵᠢᠨ ᠲᠡᠭᠡᠳᠦ ᠰᠣᠷᠭᠠᠭᠣᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号