ᠪᠦᠦ ᠭᠠᠩ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠪᠠ
2026-07-28 09:40:09
ᠵᠣᠬᠢᠶᠠᠭ᠍ᠴᠢ᠄
ᠰᠦᠩ ᠱᠤᠸᠠᠩ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 27 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠵᠠᠰᠠᠭ᠎ᠤᠨ ᠣᠷᠳᠣᠨ᠎ᠤ ᠪᠠᠶ᠋ᠢᠩᠭᠤ᠎ᠶᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠤᠢ᠌ᠷ᠎ᠠ᠎ᠶᠢᠨ ᠬᠤᠭᠤᠴᠠᠭᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠤᠯᠠᠮᠵᠢᠯᠠᠨ ᠲᠤᠭᠤᠰᠢᠯᠠᠭᠤᠯᠵᠤ᠂ ᠳᠣᠣᠷ᠎ᠠ ᠬᠠᠭᠠᠰ ᠵᠢᠯ᠎ᠦᠨ ᠠᠵᠤ ᠠᠬᠤᠢ᠎ᠶᠢᠨ ᠠᠵᠢᠯ᠎ᠢ ᠪᠠᠶ᠋ᠢᠷᠢᠯᠠᠭᠤᠯᠪᠠ᠃

ᠬᠤᠷᠠᠯ ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠵᠣᠬᠢᠶᠠᠮᠠᠯ ᠣᠶᠤᠨ ᠴᠢᠳᠠᠪᠤᠷᠢ᠎ᠶᠢᠨ ᠲᠤᠬᠠᠶ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠮᠠᠨ᠎ᠤ ᠣᠷᠣᠨ᠎ᠤ ᠪᠣᠬᠢᠷᠲᠤᠯ ᠥᠬᠡᠶ ᠴᠠᠬᠢᠯᠭᠠᠨ ᠬᠦᠴᠦᠨ ᠪᠣᠬᠢᠷᠲᠤᠯ ᠥᠬᠡᠶ ᠪᠤᠳᠤᠯᠳᠠ ᠵᠢᠨ ᠬᠦᠴᠦᠨ ᠤ᠋ ᠳᠠᠪᠠᠭᠤᠯᠢᠭ᠎ᠢ ᠪᠠᠳᠠᠷᠠᠭᠤᠯᠵᠤ᠂ ᠤᠶᠤᠨᠲᠤ᠌ ᠪᠣᠳᠣᠯᠳᠠ ᠵᠢᠨ ᠬᠡᠪᠴᠢᠶ᠎ᠡ᠎ᠶᠢ ᠪᠤᠵᠠᠭᠠᠶ᠋ᠢᠷᠠᠭᠤᠯᠵᠤ᠂ ᠴᠠᠬᠢᠯᠭᠠᠨ ᠬᠦᠴᠦᠨ ᠪᠤᠳᠤᠯᠳᠠ ᠵᠢᠨ ᠬᠦᠴᠦᠨ ᠤ᠋ ᠬᠠᠮᠵᠢᠯᠴᠠᠨ ᠬᠥᠭᠵᠢᠬᠦ᠌᠎ᠶᠢ ᠭᠦᠨᠵᠡᠭᠡᠶ᠋ᠢᠷᠡᠭᠦᠯᠵᠦ᠍᠂ ᠤᠯᠤᠰ᠎ᠤᠨ ᠨᠢᠭᠡ ᠴᠣᠭᠴᠠᠵᠢᠭᠰᠠᠨ ᠪᠤᠳᠤᠯᠳᠠ ᠵᠢᠨ ᠬᠦᠴᠦᠨ᠎ᠦ ᠲᠤᠤᠷ᠎ᠲᠤ᠌ ᠢᠳᠡᠪᠬᠢᠲᠡᠶ ᠠᠭᠤᠰᠤᠯᠴᠠᠵᠤ᠂ 《ᠵᠣᠬᠢᠶᠠᠮᠠᠯ ᠣᠶᠤᠨ ᠴᠢᠳᠠᠪᠤᠷᠢ +》 ᠬᠡᠷᠡᠭᠯᠡᠭᠡᠨ᠎ᠦ ᠠᠬᠤᠢ ᠪᠠᠶ᠋ᠢᠳᠠᠯ᠎ᠢ ᠡᠬᠥᠳᠬᠥ ᠬᠡᠷᠡᠭᠲᠡᠶ᠃ ᠬᠠᠭᠠᠰ ᠳᠠᠮᠵᠢᠭᠤᠯᠤᠭᠴᠢ ᠮᠠᠲ᠋ᠧᠷᠢᠶᠠᠯ᠂ ᠦᠢᠯᠡᠴᠢᠯᠡᠭᠦᠷ᠎ᠤᠨ ᠦᠢᠯᠡᠳᠪᠦᠷᠢᠯᠡᠯ ᠵᠢᠴᠢ ᠳ᠋ᠠᠢᠲ᠋ᠠ ᠴᠤᠭᠯᠠᠭᠤᠯᠬᠤ᠂ ᠬᠠᠳᠠᠭᠠᠯᠠᠬᠤ᠂ ᠲᠣᠳᠣᠷᠬᠠᠶ᠋ᠢᠯᠠᠯᠳᠠ ᠬᠢᠬᠦ᠂ ᠠᠷᠠᠯᠵᠢᠶᠠᠯᠠᠬᠤ ᠵᠡᠷᠭᠡ ᠡᠬᠢᠨ ᠤ᠋ ᠪᠠ ᠡᠴᠦᠰ ᠤ᠋ᠨ ᠠᠵᠤ ᠦᠢᠯᠡᠰ᠎ᠢ ᠪᠣᠶ᠋ᠢᠵᠢᠭᠤᠯᠤᠨ ᠪᠤᠵᠠᠭᠠᠶ᠋ᠢᠷᠠᠭᠤᠯᠵᠤ᠂ ᠲᠥᠬᠥᠭᠡᠷᠦᠮᠵᠢ᠂ ᠵᠠᠭᠪᠤᠷ᠂ ᠳ᠋ᠠᠢᠲ᠋ᠠ᠂ ᠰᠦᠯᠵᠢᠶᠡᠨ᠎ᠦ ᠠᠮᠤᠷ ᠲᠦᠪᠰᠢᠨ᠎ᠢ ᠬᠠᠮᠠᠭᠠᠯᠠᠬᠤ ᠴᠢᠳᠠᠪᠤᠷᠢ᠎ᠶᠢ ᠳᠡᠭᠡᠭᠰᠢᠯᠡᠭᠦᠯᠵᠦ᠍᠂ ᠵᠣᠬᠢᠶᠠᠮᠠᠯ ᠣᠶᠤᠨ ᠴᠢᠳᠠᠪᠤᠷᠢ᠎ᠶᠢᠨ ᠠᠮᠤᠷ ᠲᠦᠪᠰᠢᠨ᠂ ᠨᠠᠶ᠋ᠢᠳᠠᠪᠤᠷᠢᠲᠠᠶ᠂ ᠡᠵᠡᠮᠳᠡᠵᠦ᠍ ᠪᠤᠯᠬᠤ᠎ᠶᠢ ᠪᠠᠲᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃

ᠬᠤᠷᠠᠯ ᠡᠴᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠡᠳ᠋᠎ᠦᠨ ᠵᠠᠰᠠᠭ ᠠᠵᠤ ᠠᠬᠤᠢ᠎ᠶᠢᠨ ᠬᠣᠷᠢᠶ᠎ᠠ ᠵᠢᠨ ᠬᠤᠷᠠᠯ᠎ᠤᠨ ᠵᠣᠷᠢᠭ ᠰᠠᠨᠠᠭ᠎ᠠ᠎ᠶᠢ ᠪᠦᠬᠦ᠌ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠢᠲᠡᠭᠡᠯ ᠵᠣᠷᠢᠭ᠎ᠢᠶᠠᠨ ᠪᠠᠲᠤᠳᠬᠠᠨ᠂ ᠲᠠᠷᠤᠯᠳᠠ ᠨᠡᠮᠡᠵᠦ ᠡᠷᠡᠮᠡᠬᠡᠶ᠋ᠢᠯᠡᠨ ᠤᠷᠤᠭᠰᠢᠯᠠᠵᠤ᠂ ᠳᠣᠣᠷ᠎ᠠ ᠬᠠᠭᠠᠰ ᠵᠢᠯ᠎ᠦᠨ ᠠᠵᠤ ᠠᠬᠤᠢ᠎ᠶᠢᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠶ᠋ᠢᠲᠤᠷ ᠬᠢᠬᠦ᠌ ᠬᠡᠷᠡᠭᠲᠡᠢ᠃ ᠨᠢᠭᠡ᠎ᠳᠦ᠂ ᠪᠦᠲᠦᠮᠵᠢᠲᠡᠶ ᠪᠠᠯᠠ ᠣᠷᠣᠭᠤᠯᠤᠯᠲᠠ᠎ᠶᠢ ᠥᠷᠭᠡᠳᠬᠡᠵᠦ᠍᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢᠨ ᠵᠢᠯᠣᠭᠣᠳᠬᠤ ᠭᠠᠵᠠᠷ᠎ᠤᠨ ᠦᠢᠯᠡᠳᠦᠯ᠎ᠢ ᠪᠠᠳᠠᠷᠠᠭᠤᠯᠵᠤ᠂ ᠴᠢᠬᠤᠯᠠ ᠶᠡᠬᠡ ᠲᠥᠷᠥᠯ ᠵᠦᠢᠯ᠎ᠢ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ᠌ ᠲᠣᠭᠲᠠᠴᠠ᠎ᠶᠢ ᠰᠠᠶ᠋ᠢᠲᠤᠷ ᠬᠡᠷᠡᠭᠯᠡᠵᠦ᠍᠂ ᠡᠯᠡᠰᠦᠨ ᠴᠦᠯ ᠭᠤᠪᠢ ᠨᠤᠲᠤᠬ ᠴᠦᠯᠯᠡᠷᠬᠡᠭ ᠭᠠᠵᠠᠷ ᠤ᠋ᠨ ᠲᠣᠮᠣ ᠰᠠᠭᠤᠷᠢᠨ᠂ ᠨᠡᠭᠦᠷᠡᠰᠦ᠎ᠪᠡᠷ ᠴᠢᠯᠠᠭᠤᠨ ᠲᠣᠰᠣ ᠰᠢᠲᠠᠮᠠᠬᠠᠢ ᠬᠡᠶ ᠦᠢᠯᠡᠳᠬᠦ᠂ ᠤᠰᠤᠲᠥ᠋ᠷᠥᠭᠴᠢ ᠡᠨᠧᠷᠭᠢ ᠨᠥᠭᠡᠴᠡ ᠡᠨ᠋ᠸᠷᠭᠢ᠂ ᠪᠣᠬᠢᠷᠲᠤᠯ ᠥᠬᠡᠶ ᠪᠤᠳᠤᠯᠳᠠ ᠵᠢᠨ ᠬᠦᠴᠦᠨ᠂ 《ᠵᠢᠷᠭᠤᠭᠠᠨ ᠲᠤᠤᠷ》 ᠵᠡᠷᠭᠡ ᠭᠤᠤᠯᠳᠠᠯᠭ᠎ᠠ᠎ᠲᠠᠶ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢ ᠲᠦᠷᠭᠡᠳᠬᠡᠵᠦ᠍᠂ ᠲᠤᠰᠬᠠᠶ ᠵᠢᠭᠡᠯᠡᠯᠭᠡ᠎ᠶᠢᠨ ᠲᠥᠷᠥᠯ ᠵᠦᠢᠯ᠎ᠦᠨ ᠨᠥᠭᠡᠴᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ᠍᠂ ᠳᠠᠭᠠᠭᠤᠯᠤᠭᠴᠢ ᠠᠵᠤ ᠠᠬᠤᠶ᠋ᠢᠯᠠᠯ᠎ᠤᠨ ᠠᠷᠠᠯᠵᠢᠶᠠᠴᠢᠨ ᠤᠷᠢᠬᠤ᠂ ᠠᠵᠤ ᠦᠢᠯᠡᠰ᠎ᠦᠨ ᠬᠡᠯᠬᠢᠶ᠎ᠡ ᠵᠢᠨ ᠠᠷᠠᠯᠵᠢᠶᠠᠴᠢᠨ ᠤᠷᠢᠬᠤ᠂ ᠴᠡᠭ ᠬᠠᠷᠠᠭᠠᠯᠵᠠᠭᠤᠯᠤᠨ ᠠᠷᠠᠯᠵᠢᠶᠠᠴᠢᠨ ᠤᠷᠢᠬᠤ᠎ᠶᠢ ᠴᠢᠨᠠᠷ ᠰᠠᠶ᠋ᠢᠲᠠᠶ ᠥᠷᠨᠢᠭᠦᠯᠬᠦ᠌ ᠬᠡᠷᠡᠭᠲᠡᠶ᠃ ᠬᠣᠶᠠᠷ᠎ᠲᠤ᠌᠂ ᠠᠵᠤ ᠦᠢᠯᠡᠳᠪᠦᠷᠢ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ᠍ ᠦᠷ᠎ᠡ ᠠᠰᠢᠭ᠎ᠢ ᠨᠡᠮᠡᠭᠳᠡᠭᠦᠯᠬᠦ᠌᠎ᠶᠢ ᠠᠬᠢᠭᠤᠯᠵᠤ᠂ ᠡᠬᠢ ᠪᠠᠶᠠᠯᠢᠭ᠎ᠤᠨ ᠳᠠᠪᠠᠭᠤᠯᠢᠭ᠎ᠲᠤ᠌ ᠲᠦᠰᠢᠭᠯᠡᠵᠦ᠍᠂ ᠨᠡᠭᠦᠷᠡᠰᠦ᠂ ᠴᠠᠬᠢᠯᠭᠠᠨ ᠬᠦᠴᠦ᠍ᠨ ᠵᠡᠷᠭᠡ ᠪᠦᠭᠡᠮ ᠲᠠᠸᠠᠷ᠎ᠤᠨ ᠬᠠᠩᠭᠠᠯᠭ᠎ᠠ᠎ᠶᠢ ᠲᠣᠭᠲᠠᠪᠤᠷᠢᠵᠢᠭᠤᠯᠵᠤ᠂ ᠴᠢᠯᠠᠭᠤᠨ ᠲᠤᠰᠤ ᠰᠢᠲᠠᠮᠠᠬᠠᠢ ᠬᠡᠢ ᠵᠢᠨ ᠦᠢᠯᠡᠳᠪᠦᠷᠢᠯᠡᠯ᠎ᠦᠨ ᠬᠡᠪᠴᠢᠶ᠎ᠠ᠎ᠶᠢ ᠥᠷᠭᠡᠳᠬᠡᠵᠦ᠍᠂ ᠥᠩᠭᠡᠲᠦ᠍ ᠲᠡᠮᠦᠷᠯᠢᠭ᠂ ᠬᠢᠮᠢ᠎ᠶᠢᠨ ᠠᠵᠤ ᠦᠢᠯᠡᠳᠪᠦᠷᠢ᠂ ᠬᠣᠪᠣᠷ ᠰᠢᠷᠣᠢ ᠵᠡᠷᠭᠡ ᠬᠦᠷᠢᠶᠡᠨ᠎ᠦ ᠭᠣᠣᠯᠳᠠᠯᠭ᠎ᠠ᠎ᠲᠠᠶ ᠠᠵᠤ ᠠᠬᠤᠶ᠋ᠢᠯᠠᠯ᠎ᠤᠨ ᠳᠠᠶ᠋ᠢᠴᠢᠯᠠᠬᠤ ᠦᠢᠯᠡᠳᠦᠯ᠎ᠢ ᠰᠠᠶ᠋ᠢᠲᠤᠷ ᠪᠠᠳᠠᠷᠠᠭᠤᠯᠵᠤ᠂ ᠤᠯᠠᠮᠵᠢᠯᠠᠯᠲᠤ᠌ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠵᠦ᠍ ᠲᠡᠰ ᠳᠡᠪᠰᠢᠭᠦᠯᠬᠦ᠌᠂ 《ᠣᠶᠤᠨᠴᠢᠯᠠᠭᠰᠠᠨ ᠦᠭᠡᠷᠡᠴᠢᠯᠡᠯᠳᠡ ᠲᠣᠭᠠᠴᠢᠯᠠᠭᠰᠠᠨ ᠬᠤᠪᠢᠷᠠᠭᠤᠯᠤᠯᠳᠠ》 ᠵᠢ ᠠᠬᠢᠭᠤᠯᠵᠤ᠂ ᠠᠵᠤ ᠠᠬᠤᠶ᠋ᠢᠯᠠᠯ᠎ᠢ ᠬᠠᠪᠰᠤᠷᠤᠨ ᠦᠢᠯᠡᠳᠪᠦᠷᠢᠯᠡᠯ᠎ᠢ ᠲᠣᠭᠲᠠᠪᠤᠷᠢᠵᠢᠭᠤᠯᠵᠤ᠂ ᠵᠠᠬ᠎ᠠ ᠳᠡᠯᠭᠡᠭᠦᠷ᠎ᠢ ᠥᠷᠭᠡᠳᠬᠡᠵᠦ᠍᠂ ᠰᠢᠨ᠎ᠡ ᠡᠨᠧᠷᠭᠢ᠎ᠶᠢ ᠨᠡᠭᠡᠭᠡᠨ ᠠᠰᠢᠭᠯᠠᠵᠤ ᠰᠢᠩᠭᠡᠭᠡᠬᠦ᠌᠎ᠶᠢ ᠪᠣᠳᠠᠲᠠᠶ᠋ᠢᠵᠢᠭᠤᠯᠬᠤ ᠬᠡᠷᠡᠭᠲᠡᠢ᠃ ᠭᠤᠷᠪᠠ᠎ᠳᠤ᠂ ᠮᠠᠯ ᠠᠵᠤ ᠠᠬᠤᠶ ᠲᠠᠷᠢᠶᠠᠯᠠᠩ᠎ᠤᠨ ᠦᠢᠯᠡᠳᠪᠤᠷᠢᠯᠡᠯ᠎ᠢ ᠰᠠᠶ᠋ᠢᠲᠤᠷ ᠵᠣᠬᠢᠶᠠᠨ ᠪᠠᠶ᠋ᠢᠭᠤᠯᠵᠤ᠂ 100 ᠡᠳᠦᠷ ᠡᠷᠡᠯᠬᠡᠭᠯᠡᠨ ᠲᠡᠮᠡᠴᠡᠵᠦ᠍ ᠨᠠᠮᠤᠷ᠎ᠤᠨ ᠠᠮᠤ ᠪᠤᠳᠠᠭ᠎ᠠ ᠵᠢᠨ ᠡᠯᠪᠡᠭ ᠬᠤᠷᠢᠶᠠᠯᠲᠠ ᠤᠯᠬᠤ ᠠᠵᠢᠯᠯᠠᠭ᠎ᠠ᠎ᠶᠢ ᠥᠷᠨᠢᠭᠦᠯᠵᠦ᠍᠂ ᠨᠢᠭᠡ ᠮᠥᠬᠥᠯᠢᠭ ᠢ᠋ ᠴᠤ᠌ ᠤᠷᠬᠢᠬᠳᠠᠭᠤᠯᠤᠯ ᠦᠭᠡᠢ ᠬᠥᠮᠥᠷᠭᠡᠯᠡᠵᠤ ᠬᠤᠷᠢᠶᠠᠬᠤ᠎ᠶᠢ ᠦᠨᠡᠨ ᠬᠦ᠌ ᠪᠠᠲᠤᠯᠠᠵᠤ᠂ ᠮᠠᠯ ᠠᠵᠤ ᠠᠬᠤᠶ᠎ᠶᠢᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ ᠵᠡᠷᠭᠡ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢ ᠠᠬᠢᠭᠤᠯᠵᠤ᠂ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ᠎ᠢ ᠰᠠᠶ᠋ᠢᠲᠤᠷ ᠬᠢᠵᠦ᠍᠂ ᠣᠨ᠎ᠤ ᠡᠯᠡᠰᠤ ᠎ᠶᠢ ᠵᠠᠰᠠᠬᠤ ᠡᠭᠦᠷᠭᠡ᠎ᠪᠡᠨ ᠡᠷᠡᠰ ᠪᠡᠶᠡᠯᠡᠭᠦᠯᠬᠦ᠌ ᠬᠡᠷᠡᠭᠲᠡᠶ᠃ ᠳᠥᠷᠪᠡ᠎ᠳᠦ᠂ ᠬᠡᠷᠡᠭᠯᠡᠭᠡ ᠪᠠ ᠦᠢᠯᠡᠴᠢᠯᠡᠭᠡᠨ᠎ᠦ ᠦᠢᠯᠡᠰ᠎ᠦᠨ ᠳᠠᠯᠳᠠ ᠬᠦᠴᠦᠨ᠎ᠢ ᠭᠦᠨᠵᠡᠭᠡᠶ ᠠᠭᠤᠳᠠᠯᠵᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠦᠢᠯᠡᠰ᠎ᠢ ᠬᠦᠴᠦᠷᠬᠡᠭᠵᠢᠭᠦᠯᠦᠨ᠂ ᠮᠥᠩᠭᠥᠨ ᠭᠦᠢᠯᠭᠡᠭᠡᠨ᠎ᠦ ᠦᠢᠯᠡᠰ᠎ᠢ ᠰᠢᠯᠢᠳᠡᠭᠵᠢᠭᠦᠯᠵᠦ᠍᠂ ᠬᠠᠭᠤᠴᠢᠨ᠎ᠢᠶᠠᠷ ᠰᠢᠨ᠎ᠡ᠎ᠶᠢ ᠰᠣᠯᠢᠬᠤ ᠵᠡᠷᠭᠡ ᠬᠡᠷᠡᠭᠯᠡᠭᠡ᠎ᠶᠢ ᠠᠬᠢᠭᠤᠯᠬᠤ ᠠᠷᠭ᠎ᠠ ᠬᠡᠮᠵᠢᠶ᠎ᠡ᠎ᠶᠢ ᠰᠠᠶ᠋ᠢᠲᠤᠷ ᠬᠡᠷᠡᠭᠯᠡᠨ᠂ ᠵᠢᠵᠢᠭᠯᠡᠨ ᠪᠤᠷᠤᠯᠠᠭᠤᠯᠬᠤ᠂ ᠬᠣᠨᠣᠭ ᠪᠠᠭᠤᠳᠠᠯ ᠢᠳᠡᠭᠡᠨ ᠤᠮᠳᠠᠭᠠᠨ᠂ ᠬᠡᠷ ᠭᠠᠵᠠᠷ ᠤ᠋ᠨ ᠬᠥᠷᠥᠩᠭᠡ᠂ ᠵᠢᠭᠤᠯᠴᠢᠯᠠᠯ ᠵᠡᠷᠭᠡ ᠠᠵᠢᠯ ᠲᠥᠷᠥᠯ᠎ᠦᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠌ ᠬᠡᠷᠡᠭᠲᠡᠶ᠃ ᠲᠠᠪᠤ᠎ᠳᠤ᠂ ᠨᠠᠩ ᠥᠨᠳᠥᠷ ᠲᠠᠰ ᠳᠠᠪᠬᠤᠷᠭ᠎ᠠ᠎ᠶᠢᠨ ᠨᠡᠭᠡᠭᠡᠯᠲᠡᠲᠦ᠍ ᠬᠡᠯᠪᠡᠷᠢ᠎ᠶᠢᠨ ᠠᠵᠤ ᠠᠬᠤᠶ᠎ᠶᠢ ᠬᠥᠭᠵᠢᠭᠦᠯᠵᠦ᠍᠂ ᠳᠤᠮᠳᠠᠳᠤ ᠤᠯᠤᠰ(ᠥᠪᠥᠷ ᠮᠣᠩᠭᠣᠯ)᠎ᠤ᠋ᠨ ᠴᠢᠯᠥᠭᠡᠲᠦ᠍ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠥᠭᠡᠷᠡᠴᠢᠯᠡᠯᠲᠡ᠎ᠶᠢᠨ ᠲᠤᠷᠰᠢᠯᠲᠠ᠎ᠶᠢᠨ ᠴᠡᠭ᠎ᠦᠨ ᠡᠭᠦᠷᠭᠡ᠎ᠶᠢ ᠯᠠᠪᠳᠠᠭᠤᠨ ᠪᠠᠲᠤᠲᠠᠶ ᠠᠬᠢᠭᠤᠯᠵᠤ᠂ ᠬᠢᠯᠢ ᠵᠢᠨ ᠪᠣᠭᠣᠮᠲᠠ᠎ᠶᠢᠨ ᠪᠣᠭᠣᠮᠲᠠ᠎ᠪᠠᠷ ᠥᠩᠭᠡᠷᠡᠬᠦ᠌᠎ᠶᠢ ᠳᠥᠭᠥᠮᠴᠢᠯᠡᠬᠦ᠌ ᠲᠦᠪᠰᠢᠨ᠎ᠢ ᠳᠡᠭᠡᠭᠰᠢᠯᠡᠭᠦᠯᠵᠦ᠍᠂ ᠬᠢᠯᠢ ᠠᠯᠤᠰᠯᠠᠭᠰᠠᠨ ᠡᠯᠧᠺᠲ᠋ᠷᠣᠨ ᠬᠤᠳᠠᠯᠳᠤᠭ᠎ᠠ᠂ ᠪᠠᠷᠠᠭᠠᠨ᠎ᠤ ᠭᠦᠢᠯᠭᠡᠭᠡᠨ᠂ ᠮᠥᠩᠭᠥᠨ ᠭᠦᠢᠯᠭᠡᠭᠡᠨ ᠵᠡᠷᠭᠡ ᠡᠵᠡᠩᠨᠡᠯᠲᠡ᠎ᠶᠢᠨ ᠬᠡᠯᠪᠡᠷᠢ᠎ᠶᠢ ᠪᠠᠶᠠᠯᠢᠭᠵᠢᠭᠤᠯᠵᠤ᠂ ᠭᠠᠳᠠᠭᠠᠳᠤ ᠠᠷᠠᠯᠵᠢᠶᠠᠨ᠎ᠤ ᠬᠡᠪᠴᠢᠶ᠎ᠡ᠎ᠶᠢ ᠥᠷᠭᠡᠳᠬᠡᠬᠦ ᠭᠡᠷᠡᠭᠳᠠᠢ᠃ ᠵᠢᠷᠭᠤᠭ᠎ᠠ᠎ᠳᠤ᠂ ᠡᠯ᠎ᠡ ᠵᠦᠢᠯ᠎ᠦᠨ ᠠᠶᠤᠯ ᠲᠦᠭᠰᠢᠭᠦᠷᠢ ᠭᠡᠮ ᠰᠣᠭᠣᠭ᠎ᠢ ᠪᠦᠲᠦᠮᠵᠢᠲᠡᠢ ᠰᠡᠷᠭᠡᠶ᠋ᠢᠯᠡᠵᠦ᠍᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠠᠯᠳᠠ ᠥᠷᠢ ᠥᠭᠴᠡᠭᠡ᠎ᠶᠢ ᠦᠨᠡᠨ ᠪᠣᠳᠠᠲᠠᠢ ᠰᠢ᠌ᠳᠪᠦᠷᠢᠯᠡᠵᠦ᠍᠂ ᠠᠵᠤ ᠠᠬᠤᠶ᠋ᠢᠯᠠᠯ᠎ᠳᠤ ᠥᠷᠢᠲᠦᠵᠦ᠍ ᠪᠠᠶ᠋ᠢᠭ᠎ᠠ ᠥᠷᠢ ᠰᠢᠷᠢ᠎ᠪᠡᠨ ᠲᠦᠯᠦᠵᠤ ᠳᠠᠭᠤᠰᠬᠠᠨ᠂ ᠠᠶᠤᠯᠭᠦᠢ ᠦᠢᠯᠡᠳᠪᠦᠷᠢᠯᠡᠯ᠂ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠵᠤ ᠭᠠᠮᠰᠢᠭ᠎ᠡᠴᠡ ᠠᠪᠤᠷᠠᠬᠤ ᠵᠡᠷᠭᠡ ᠠᠵᠢᠯ᠎ᠢ ᠰᠠᠶ᠋ᠢᠲᠤᠷ ᠠᠳᠬᠤᠬᠤ ᠬᠡᠷᠡᠭᠲᠡᠢ᠃ ᠲᠤᠯᠤᠭ᠎ᠠ᠎ᠳᠤ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠰᠠᠶ᠋ᠢᠲᠤᠷ ᠬᠡᠷᠡᠭᠵᠢᠭᠦᠯᠵᠦ᠍᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮᠴᠢᠯᠡᠭᠡ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍ ᠣᠨᠣᠴᠠᠲᠠᠢ᠎ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠍᠂ ᠤᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠴᠡᠭᠴᠡᠯᠡᠨ ᠵᠠᠰᠠᠬᠤ᠎ᠶᠢ ᠭᠦᠨᠵᠡᠭᠡᠶ᠋ᠢᠷᠡᠭᠦᠯᠵᠦ᠍᠂ ᠵᠠᠬᠢᠳᠠᠯ ᠰᠤᠷᠪᠤᠯᠵᠢᠯᠠᠯ ᠤ᠋ᠨ ᠵᠦᠢᠯᠡᠰ᠎ᠢ ᠪᠦᠲᠦᠮᠵᠢᠲᠡᠢ ᠰᠢ᠌ᠳᠪᠦᠷᠢᠯᠡᠵᠦ᠍᠂ ᠠᠷᠠᠳ ᠤᠯᠠᠨ᠎ᠤ ᠬᠦᠷᠲᠡᠮᠵᠢ᠎ᠶᠢᠨ ᠲᠦᠷᠦᠭᠳᠡᠯ ᠵᠢᠷᠭᠠᠯᠲᠤ᠌ ᠲᠦᠷᠦᠭᠳᠡᠯ ᠠᠮᠤᠷ ᠲᠦᠪᠰᠢᠨ᠎ᠦ ᠲᠦᠷᠦᠭᠳᠡᠯ᠎ᠢ ᠨᠡᠮᠡᠭᠳᠡᠭᠦᠯᠬᠦ᠌ ᠬᠡᠷᠡᠭᠲᠡᠢ ᠭᠡᠵᠤ ᠵᠢᠭᠠᠵᠤ ᠭᠠᠷᠭᠠᠪᠠ᠃

ᠬᠤᠷᠠᠯ᠎ᠡᠴᠡ ᠪᠠᠰᠠ ᠪᠦᠬᠦ᠌ ᠣᠷᠣᠨ᠎ᠤ ᠳᠣᠲᠣᠭᠠᠳᠤ᠎ᠶᠢ ᠬᠠᠮᠠᠭᠠᠯᠠᠬᠤ ᠪᠠᠶ᠋ᠢᠭᠤᠯᠭ᠎ᠠ᠎ᠶᠢᠨ ᠭᠣᠣᠯᠳᠠᠯᠭ᠎ᠠ᠎ᠲᠠᠶ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠭᠤᠷᠬᠠᠢ᠎ᠶᠢᠨ ᠡᠬᠢ ᠪᠠᠶᠠᠯᠢᠭ᠎ᠤᠨ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠲᠥᠯᠥᠪᠵᠢᠭᠦᠯᠭᠡ》 ᠵᠢ ᠬᠢᠨᠠᠨ ᠵᠥᠪᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号