ᠥᠪᠥᠷ ᠮᠣᠩᠭᠣᠯ ᠠᠭᠠᠷ ᠤ᠋ᠨ ᠠᠶᠠᠯᠠᠯ ᠤ᠋ᠨ ᠪᠠᠷᠠᠭᠠᠨ ᠤ᠋ ᠭᠦᠢᠯᠭᠡᠭᠡ ᠵᠢᠨ ᠶᠠᠰᠤ ᠴᠢᠨᠠᠷ ᠢ᠋ ᠳᠡᠭᠡᠭᠰᠢᠯᠡᠭᠦᠯᠵᠦ ᠦᠷ᠎ᠡ ᠠᠰᠢᠭ ᠢ᠋ ᠨᠡᠮᠡᠭᠳᠡᠭᠦᠯᠵᠦ ᠪᠤᠢ
2026-07-28 10:13:22
ᠵᠣᠬᠢᠶᠠᠭ᠍ᠴᠢ᠄
ᠭᠣᠣ ᠬᠤᠢ
ᠣᠩᠱᠢᠭ᠍ᠰᠠᠨ ᠣᠳᠠᠭ᠎ᠠ᠄
★★★☆☆

ᠣᠢᠷ᠎ᠠ ᠳ᠋ᠦ᠂ ᠥᠪᠡᠷᠲᠡᠭᠡᠨ ᠵᠠᠰᠠᠬᠤ ᠣᠷᠣᠨ ᠤ᠋ ᠵᠠᠮ ᠬᠠᠷᠢᠯᠴᠠᠭ᠎ᠠ ᠲᠡᠭᠡᠭᠡᠪᠦᠷᠢ ᠶ᠋ᠢᠨ ᠲᠢᠩᠬᠢᠮ ᠎ᠤᠨ ᠬᠢᠨ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ᠂ ᠰᠢᠤᠳᠠᠨ ᠤ᠋ ᠬᠠᠮᠢᠶᠠᠷᠤᠯᠲᠠ ᠶ᠋ᠢᠨ ᠲᠣᠪᠴᠢᠶ᠎ᠠ᠂ ᠬᠥᠬᠡᠬᠣᠲᠠ ᠪᠣᠭᠣᠮᠲᠠ ᠲᠠᠢ ᠬᠠᠮᠳᠤᠷᠠᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠭᠠᠷ ᠤ᠋ᠨ ᠠᠶᠠᠯᠠᠯ ᠤ᠋ᠨ ᠪᠠᠷᠠᠭᠠᠨ ᠤ᠋ ᠭᠦᠢᠯᠭᠡᠭᠡ ᠶ᠋ᠢᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠵᠤ ᠴᠢᠯᠥᠭᠡᠲᠦ ᠠᠷᠠᠯᠵᠢᠶᠠᠨ ᠤ᠋ ᠲᠤᠷᠰᠢᠯᠲᠠ ᠶ᠋ᠢᠨ ᠣᠷᠣᠨ ᠤ᠋ ᠪᠦᠲᠦᠭᠡᠨ ᠪᠠᠢᠭᠤᠯᠤᠯᠲᠠ ᠵᠢ ᠠᠬᠢᠭᠤᠯᠬᠤ ᠭᠤᠷᠪᠠᠨ ᠵᠢᠯ ᠤ᠋ᠨ ᠠᠵᠢᠯᠯᠠᠭ᠎ᠠ ᠶ᠋ᠢᠨ ᠲᠥᠰᠦᠯ (2026 — 2028 ᠣᠨ)》 (ᠳᠣᠷᠣᠭᠰᠢ 《ᠲᠥᠰᠦᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠰᠢᠯᠲᠠ ᠶ᠋ᠢᠨ ᠣᠷᠣᠨ ᠤ᠋ ᠪᠦᠲᠦᠭᠡᠨ ᠪᠠᠢᠭᠤᠯᠤᠯᠲᠠ ᠳ᠋ᠦ ᠪᠦᠬᠦ ᠬᠦᠴᠦᠨ ᠢ᠋ᠶ᠋ᠡᠷ ᠢ᠋ᠶ᠋ᠡᠨ ᠦᠢᠯᠡᠴᠢᠯᠡᠬᠦ ᠪᠡᠷ ᠲᠤᠭᠳᠠᠵᠠᠢ᠃

︽ᠲᠥᠰᠦᠯ︾ ᠳ᠋ᠦ᠍᠂ 2018 ᠣᠨ ᠤ᠋ ᠰᠡᠭᠦᠯᠴᠢ ᠪᠣᠯᠬᠤ ᠳ᠋ᠦ᠂ ᠬᠥᠬᠡᠬᠣᠲᠠ ᠣᠷᠣᠨ ᠪᠦᠰᠡ ᠶ᠋ᠢᠨ ᠠᠭᠠᠷ ᠤ᠋ᠨ ᠠᠶᠠᠯᠠᠯ ᠤ᠋ᠨ ᠪᠠᠷᠠᠭ᠎ᠠ ᠲᠡᠭᠡᠭᠡᠪᠦᠷᠢ ᠶ᠋ᠢᠨ ᠬᠦᠢᠰᠦ ᠴᠢᠳᠠᠮᠵᠢ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠮᠠᠨᠵᠤᠤᠷ᠂ ᠡᠷᠢᠶᠡᠨ ᠬᠣᠲᠠ ᠶ᠋ᠢᠨ ᠨᠢᠰᠬᠡᠯ ᠤ᠋ᠨ ᠪᠠᠭᠤᠳᠠᠯ ᠤ᠋ᠨ ᠬᠢᠯᠢ ᠠᠯᠤᠰᠯᠠᠭᠰᠠᠨ ᠪᠠᠷᠠᠭ᠎ᠠ ᠲᠡᠭᠡᠭᠡᠪᠦᠷᠢ ᠶ᠋ᠢᠨ ᠴᠢᠳᠠᠪᠤᠷᠢ ᠵᠢ ᠢᠯᠡᠳᠲᠡ ᠴᠢᠩᠭᠠᠷᠠᠭᠤᠯᠵᠤ᠂ ᠪᠦᠬᠦ ᠣᠷᠣᠨ ᠤ᠋ ᠠᠭᠠᠷ ᠤ᠋ᠨ ᠠᠶᠠᠯᠠᠯ ᠤ᠋ᠨ ᠪᠠᠷᠠᠭᠠᠨ᠎ᠤ ᠰᠢᠤᠳᠠᠨ᠎ᠢᠶᠡᠷ ᠣᠷᠣᠭᠤᠯᠵᠤ ᠭᠠᠷᠭᠠᠬᠤ ᠴᠢᠳᠠᠪᠬᠢ ᠵᠢ 12 ᠲᠦᠮᠡᠨ ᠲᠤᠨ ᠢ᠋ ᠳᠠᠪᠠᠭᠤᠯᠬᠤ᠎ᠪᠠᠷ ᠴᠢᠷᠮᠠᠢᠵᠤ᠂ ᠪᠦᠬᠦ ᠣᠷᠣᠨ ᠳ᠋ᠦ ︽ᠲᠣᠨᠣᠭ ᠲᠥᠬᠥᠭᠡᠷᠦᠮᠵᠢ ᠪᠦᠷᠢᠨ᠂ ᠲᠤᠤᠷ ᠰᠦᠯᠵᠢᠶ᠎ᠡ ᠨᠡᠪᠲᠡᠷᠡᠭᠰᠡᠨ᠂ ᠠᠵᠤ ᠦᠢᠯᠡᠰ ᠲᠥᠪᠯᠡᠷᠡᠭᠰᠡᠨ᠂ ᠦᠷ᠎ᠡ ᠪᠦᠲᠦᠮᠵᠢ ᠥᠨᠳᠥᠷ᠂ ᠣᠶᠤᠨᠴᠢᠯᠠᠬᠰᠠᠨ︾ ᠠᠭᠠᠷ ᠤ᠋ᠨ ᠠᠶᠠᠯᠠᠯ ᠤ᠋ᠨ ᠪᠠᠷᠠᠭᠠᠨ᠎ᠤ ᠭᠦᠢᠯᠭᠡᠭᠡ ᠵᠢᠨ ᠰᠢᠰᠲ᠋ᠧᠮ ᠢ᠋ ᠠᠩᠬ᠎ᠠ ᠠᠯᠬᠤᠮ ᠪᠦᠷᠢᠯᠳᠦᠭᠦᠯᠦᠨ᠎ᠡ ᠭᠡᠵᠦ ᠲᠤᠳᠤᠷᠬᠠᠢ ᠲᠤᠷᠠᠳᠴᠠᠢ᠃

ᠲᠣᠭᠲᠠᠭᠰᠠᠨ ᠬᠠᠷᠠᠯᠲᠠ᠎ᠪᠠᠷ ᠭᠣᠣᠯ ᠪᠣᠯᠭᠠᠵᠤ᠂ 《ᠲᠥᠰᠦᠯ》 ᠎ᠳ᠋ᠦ᠍ ᠲᠠᠪᠤᠨ ᠲᠠᠯ᠎ᠠ᠎ᠪᠠᠷ ᠪᠣᠳᠠᠲᠠᠢ ᠪᠠᠢᠷᠢᠯᠠᠭᠤᠯᠤᠯᠲᠠ ᠬᠢᠪᠡ᠃ ᠨᠢᠰᠬᠡᠯ ᠤ᠋ᠨ ᠪᠠᠭᠤᠳᠠᠯ ᠤ᠋ᠨ ᠪᠠᠢᠷᠢ ᠲᠣᠭᠲᠠᠭᠠᠯᠲᠠ ᠶ᠋ᠢᠨ ᠲᠠᠯ᠎ᠠ᠎ᠪᠠᠷ᠂ ᠬᠥᠬᠡᠬᠣᠲᠠ ᠶ᠋ᠢᠨ ᠱᠧᠩ ᠯᠧ ᠣᠯᠠᠨ ᠤᠯᠤᠰ ᠤ᠋ᠨ ᠨᠢᠰᠬᠡᠯ ᠤ᠋ᠨ ᠪᠠᠭᠤᠳᠠᠯ ᠢ᠋ ᠤᠮᠠᠷᠠᠰᠢ ᠨᠡᠭᠡᠭᠡᠯᠲᠡ ᠬᠢᠬᠦ ᠭᠣᠣᠯ ᠠᠭᠠᠷ ᠤ᠋ᠨ ᠲᠡᠭᠡᠭᠡᠪᠦᠷᠢ ᠶ᠋ᠢᠨ ᠵᠠᠩᠭᠢᠯᠠᠭ᠎ᠠ ᠪᠣᠯᠭᠠᠬᠤ ᠵᠢ ᠲᠣᠳᠣᠷᠬᠠᠢᠯᠠᠵᠤ᠂ ᠮᠠᠨᠵᠤᠤᠷ᠂ ᠡᠷᠢᠶᠡᠨ ᠬᠣᠲᠠ ᠶ᠋ᠢᠨ ᠨᠢᠰᠬᠡᠯ ᠤ᠋ᠨ ᠪᠠᠭᠤᠳᠠᠯ ᠳ᠋ᠦ ᠲᠤᠰ ᠲᠤᠰ ᠳᠤᠮᠳᠠᠳᠤ ᠣᠷᠣᠰ ᠮᠣᠩᠭᠣᠯ ᠤ᠋ᠨ ᠠᠵᠤ ᠠᠬᠤᠢ ᠠᠷᠠᠯᠵᠢᠶᠠᠨ ᠤ᠋ ᠬᠠᠮᠲᠤᠷᠠᠯᠴᠠᠭ᠎ᠠ ᠶ᠋ᠢᠨ ᠠᠭᠠᠷ ᠤ᠋ᠨ ᠪᠠᠷᠠᠭᠠᠨ ᠤ᠋ ᠭᠦᠢᠯᠭᠡᠭᠡ ᠵᠢᠨ ᠲᠠᠪᠴᠠᠩ᠂ ᠳᠤᠮᠳᠠᠳᠤ ᠮᠣᠩᠭᠣᠯ ᠣᠷᠣᠰ ᠤ᠋ᠨ ᠠᠵᠤ ᠠᠬᠤᠢ ᠶ᠋ᠢᠨ ᠬᠣᠩᠭᠢᠯ ᠤ᠋ᠨ ᠴᠢᠬᠤᠯᠠ ᠨᠡᠪᠲᠡᠷᠡᠬᠦ ᠵᠠᠮ ᠢ᠋ ᠪᠠᠢᠭᠤᠯᠵᠤ᠂ ᠡᠯ᠎ᠡ ᠠᠢᠮᠠᠭ ᠬᠣᠲᠠ ᠶ᠋ᠢᠨ ᠰᠠᠯᠪᠤᠷᠢ ᠱᠤᠭᠤᠮ ᠤ᠋ᠨ ᠨᠢᠰᠬᠡᠯ ᠤ᠋ᠨ ᠪᠠᠭᠤᠳᠠᠯ᠎ᠤᠨ ᠪᠠᠷᠠᠭ᠎ᠠ ᠶ᠋ᠢᠨ ᠲᠡᠭᠡᠭᠡᠪᠦᠷᠢ ᠶ᠋ᠢᠨ ᠴᠢᠳᠠᠮᠵᠢ ᠵᠢ ᠡᠮᠬᠢ ᠵᠢᠷᠤᠮ᠎ᠲᠠᠢ ᠥᠷᠭᠡᠳᠬᠡᠨ᠎ᠡ᠃ ᠰᠠᠭᠤᠷᠢ ᠲᠥᠬᠥᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠶ᠋ᠢᠨ ᠲᠠᠯ᠎ᠠ᠎ᠪᠠᠷ᠂ ᠬᠥᠬᠡᠬᠣᠲᠠ ᠶ᠋ᠢᠨ ᠱᠧᠩ ᠯᠧ ᠣᠯᠠᠨ ᠤᠯᠤᠰ ᠤ᠋ᠨ ᠨᠢᠰᠬᠡᠯ ᠤ᠋ᠨ ᠪᠠᠭᠤᠳᠠᠯ ᠳ᠋ᠦ ᠣᠯᠠᠨ ᠬᠡᠯᠪᠡᠷᠢ ᠶ᠋ᠢᠨ ᠬᠣᠯᠪᠣᠭᠠᠯᠠᠭᠰᠠᠨ ᠲᠡᠭᠡᠭᠡᠪᠦᠷᠢ ᠶ᠋ᠢᠨ ᠰᠢᠰᠲ᠋ᠧᠮ ᠢ᠋ ᠪᠠᠢᠭᠤᠯᠵᠤ᠂ ᠲᠤᠭᠳᠠᠭᠰᠠᠨ ᠬᠢᠨᠠᠨ ᠬᠠᠮᠢᠶᠠᠷᠬᠤ ᠲᠠᠯᠠᠪᠤᠷ ᠪᠠᠢᠭᠤᠯᠬᠤ᠂ ᠠᠶᠤᠯᠲᠠᠢ ᠪᠣᠳᠠᠰ ᠤ᠋ᠨ ᠲᠡᠭᠡᠭᠡᠪᠦᠷᠢ ᠵᠢ ᠦᠷᠭᠡᠳᠬᠡᠬᠦ ᠵᠢ ᠭᠤᠶᠤᠴᠢᠯᠠᠨ ᠮᠡᠳᠡᠭᠦᠯᠵᠦ᠂ ︽ᠨᠢᠭᠡ ᠮᠠᠰᠢᠨ ᠵᠢᠡᠷ ᠪᠤᠭᠤᠮᠳᠠ ᠵᠢᠨ ᠬᠢᠨᠠᠨ ᠪᠠᠢᠴᠠᠭᠠᠯᠳᠠ ᠪᠠ ᠠᠮᠤᠷ ᠲᠦᠪᠰᠢᠨ᠎ᠤ ᠬᠢᠨᠠᠨ ᠪᠠᠢᠴᠠᠭᠠᠯᠳᠠ ᠵᠢ ᠵᠡᠷᠭᠡ ᠪᠡᠷ ᠭᠦᠢᠴᠡᠳᠭᠡᠬᠦ︾ ᠬᠣᠯᠪᠣᠭᠠᠯᠠᠭᠰᠠᠨ ᠪᠠᠢᠴᠠᠭᠠᠯᠳᠠ ᠶ᠋ᠢᠨ ᠵᠠᠭᠪᠤᠷ ᠢ᠋ ᠬᠡᠷᠡᠭᠵᠢᠭᠦᠯᠦᠨ᠎ᠠ︔ ᠮᠠᠨᠵᠤᠤᠷ᠂ ᠡᠷᠢᠶᠡᠨ ᠬᠣᠲᠠ ᠶ᠋ᠢᠨ ᠨᠢᠰᠬᠡᠯ ᠤ᠋ᠨ ᠪᠠᠭᠤᠳᠠᠯ ᠨᠢ ᠠᠭᠠᠷ ᠤ᠋ᠨ ᠭᠠᠷᠠᠮ ᠤ᠋ᠨ ᠬᠢᠯᠢ ᠶ᠋ᠢᠨ ᠬᠥᠮᠥᠷᠭᠡ᠂ ᠰᠢᠤᠳᠠᠨ᠎ᠤ ᠪᠠᠢᠴᠠᠭᠠᠯᠳᠠ ᠶ᠋ᠢᠨ ᠲᠠᠯᠠᠪᠤᠷ ᠤ᠋ᠨ ᠪᠦᠲᠦᠭᠡᠨ ᠪᠠᠢᠭᠤᠯᠤᠯᠲᠠ ᠵᠢ ᠲᠤᠰ ᠲᠤᠰ ᠠᠬᠢᠭᠤᠯᠤᠨ᠎ᠠ᠃ ᠠᠭᠠᠷ ᠤ᠋ᠨ ᠠᠶᠠᠯᠠᠯ ᠤ᠋ᠨ ᠨᠡᠪᠲᠡᠷᠡᠬᠦ ᠵᠠᠮ ᠤ᠋ᠨ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ᠂ ᠭᠤᠤᠯ ᠱᠤᠭᠤᠮ ᠪᠠ ᠰᠠᠯᠪᠤᠷᠢ ᠱᠤᠭᠤᠮ ᠬᠣᠯᠪᠣᠭᠠᠯᠠᠨ᠂ ᠣᠨᠴᠠᠯᠢᠭᠲᠤ ᠪᠦᠲᠦᠭᠡᠭᠳᠡᠬᠦᠨ ᠢ᠋ ᠭᠠᠳᠠᠭᠰᠢ ᠲᠡᠭᠡᠭᠡᠪᠦᠷᠢᠯᠡᠬᠦ ᠵᠠᠮ ᠱᠤᠭᠤᠮ ᠢ᠋ ᠰᠢᠯᠤᠭᠤᠳᠬᠠᠬᠤ ᠵᠢ ᠴᠢᠩᠭᠠᠳᠬᠠᠨ᠂ ᠤᠯᠤᠰ ᠤ᠋ᠨ ᠳᠣᠲᠣᠭᠠᠳᠤ ᠶ᠋ᠢᠨ ᠠᠶᠠᠯᠠᠯ ᠤ᠋ᠨ ᠱᠤᠭᠤᠮ ᠤ᠋ᠨ ᠲᠣᠣᠷ᠎ᠢ ᠲᠡᠭᠦᠯᠳᠡᠷᠵᠢᠭᠦᠯᠵᠦ᠂ ᠤᠢᠷ᠎ᠠ ᠤᠭᠳᠠᠷᠭᠤᠢ ᠶ᠋ᠢᠨ ᠪᠠᠷᠠᠭ᠎ᠠ ᠲᠡᠭᠡᠭᠡᠪᠦᠷᠢᠯᠡᠬᠦ ᠠᠶᠠᠯᠠᠯ ᠤ᠋ᠨ ᠱᠤᠭᠤᠮ ᠢ᠋ ᠰᠦᠪᠡᠭᠴᠢᠯᠡᠨ᠎ᠡ᠃ ᠣᠷᠣᠰ ᠮᠣᠩᠭᠣᠯ᠎ᠳᠦ ᠨᠡᠪᠳᠡᠷᠡᠬᠦ ᠣᠯᠠᠨ ᠤᠯᠤᠰ ᠤ᠋ᠨ ᠪᠠᠷᠠᠭ᠎ᠠ ᠲᠡᠭᠡᠭᠡᠪᠦᠷᠢᠯᠡᠬᠦ ᠲᠤᠰᠬᠠᠢ ᠱᠤᠭᠤᠮ ᠢ᠋ ᠨᠡᠭᠡᠭᠡᠵᠦ᠂ ᠬᠢᠯᠢ ᠶ᠋ᠢᠨ ᠪᠣᠭᠣᠮᠲᠠ ᠶ᠋ᠢᠨ ᠨᠢᠰᠬᠡᠯ ᠤ᠋ᠨ ᠪᠠᠭᠤᠳᠠᠯ ᠤ᠋ᠨ ᠪᠠᠷᠠᠭ᠎ᠠ ᠲᠡᠭᠡᠭᠡᠪᠦᠷᠢᠯᠡᠬᠦ ᠠᠶᠠᠯᠠᠯ ᠤ᠋ᠨ ᠵᠠᠮ ᠢ᠋ᠶ᠋ᠠᠨ ᠥᠷᠭᠡᠳᠬᠡᠬᠦ ᠵᠢ ᠳᠡᠮᠵᠢᠨ᠎ᠡ᠃ ᠠᠭᠠᠷ ᠤ᠋ᠨ ᠠᠶᠠᠯᠠᠯ ᠤ᠋ᠨ ᠪᠠᠷᠠᠭ᠎ᠠ ᠲᠡᠭᠡᠭᠡᠪᠦᠷᠢᠯᠡᠬᠦ ᠴᠢᠳᠠᠮᠵᠢ᠎ᠵᠢ ᠴᠢᠩᠭᠠᠳᠬᠠᠬᠤ ᠳᠠᠯ᠎ᠠ ᠪᠡᠷ᠂ ᠥᠪᠥᠷ ᠮᠣᠩᠭᠣᠯ ᠤ᠋ᠨ ᠴᠢᠯᠥᠭᠡᠲᠦ ᠠᠷᠠᠯᠵᠢᠶᠠᠨ ᠤ᠋ ᠲᠤᠷᠰᠢᠯᠲᠠ ᠶ᠋ᠢᠨ ᠣᠷᠣᠨ ᠤ᠋ ᠡᠯ᠎ᠡ ᠬᠡᠰᠡᠭ ᠣᠷᠣᠨ ᠤ᠋ ᠵᠦᠷᠢᠶᠡᠴᠢᠯᠡᠭᠰᠡᠨ ᠪᠠᠢᠷᠢᠰᠢᠭᠤᠯᠤᠯᠲᠠ ᠶ᠋ᠢᠨ ᠠᠵᠤ ᠦᠢᠯᠡᠰ ᠢ᠋ ᠪᠣᠢᠵᠢᠭᠤᠯᠵᠤ᠂ ᠬᠠᠩᠭᠠᠯᠭ᠎ᠠ ᠬᠡᠯᠬᠢᠶ᠎ᠡ ᠶ᠋ᠢᠨ ᠬᠠᠮᠵᠢᠯᠴᠠᠬᠤ ᠲᠠᠪᠴᠠᠩ ᠪᠠᠢᠭᠤᠯᠬᠤ ᠵᠢ ᠳᠡᠮᠵᠢᠵᠦ᠂ ᠳᠠᠭᠠᠭᠤᠯᠤᠭᠴᠢ ᠪᠠᠷᠠᠭᠠᠨ ᠤ᠋ ᠭᠦᠢᠯᠭᠡᠭᠡ ᠵᠢᠨ ᠠᠵᠤ ᠠᠬᠤᠢᠯᠠᠯ ᠢ᠋ ᠣᠷᠣᠭᠤᠯᠵᠤ ᠠᠪᠴᠢᠷᠠᠨ᠂ ᠳᠠᠭᠠᠭᠤᠯᠤᠭᠴᠢ ᠪᠦᠯᠦᠭᠯᠡᠯ ᠢ᠋ ᠪᠣᠢᠵᠢᠭᠤᠯᠤᠨ᠎ᠠ᠃ ᠤᠢᠷ᠎ᠠ ᠤᠭᠳᠠᠷᠭᠤᠢ ᠶ᠋ᠢᠨ ᠠᠭᠠᠷ ᠤ᠋ᠨ ᠠᠶᠠᠯᠠᠯ ᠤ᠋ᠨ ᠪᠠᠷᠠᠭᠠᠨ ᠤ᠋ ᠭᠦᠢᠯᠭᠡᠭᠡ ᠵᠢᠨ ᠥᠪᠡᠷ ᠤ᠋ᠨ ᠥᠷᠲᠡᠭ ᠢ᠋ ᠪᠠᠭᠤᠷᠠᠭᠤᠯᠬᠤ ᠲᠠᠯ᠎ᠠ᠎ᠪᠠᠷ᠂ ᠨᠢᠰᠬᠡᠯ ᠤ᠋ᠨ ᠪᠠᠭᠤᠳᠠᠯ ᠤ᠋ᠨ ᠪᠠᠷᠠᠭᠠᠨ ᠤ᠋ ᠥᠷᠲᠡᠭᠡ ᠵᠢᠴᠢ ᠲᠠᠯᠠᠪᠤᠷ ᠭᠠᠵᠠᠷ᠎ᠤᠨ ᠰᠦᠢᠳᠬᠡᠯ᠎ᠢᠶᠡᠨ ᠪᠠᠭᠤᠷᠠᠭᠤᠯᠬᠤ᠎ᠵᠢ ᠵᠣᠷᠢᠭᠵᠢᠭᠤᠯᠵᠤ᠂ ᠪᠠᠷᠠᠭᠠᠨ ᠤ᠋ ᠭᠦᠢᠯᠭᠡᠭᠡ ᠵᠢᠨ ᠠᠵᠤ ᠠᠬᠤᠢᠯᠠᠯ ᠬᠢᠭᠡᠳ ᠠᠭᠠᠷ ᠤ᠋ᠨ ᠠᠶᠠᠯᠠᠯ ᠤ᠋ᠨ ᠺᠣᠮᠫᠠᠨᠢ᠎ᠲᠠᠢ ᠬᠠᠮᠵᠢᠯᠴᠠᠨ ᠦᠨ᠎ᠡ ᠬᠠᠩᠰᠢ ᠲᠤᠬᠢᠷᠠᠭᠤᠯᠬᠤ ᠵᠢ ᠠᠬᠢᠭᠤᠯᠵᠤ᠂ ᠠᠷᠠᠳ ᠤ᠋ᠨ ᠠᠭᠠᠷ ᠤ᠋ᠨ ᠲᠡᠭᠡᠭᠡᠪᠦᠷᠢ ᠶ᠋ᠢᠨ ᠲᠤᠰᠬᠠᠢ ᠪᠡᠯᠡ ᠮᠥᠩᠭᠥ ᠵᠢ ᠰᠠᠢᠲᠤᠷ ᠬᠡᠷᠡᠭᠯᠡᠨ ᠪᠠᠷᠠᠭ᠎ᠠ ᠲᠡᠭᠡᠭᠡᠪᠦᠷᠢᠯᠡᠬᠦ ᠲᠤᠬᠠᠢᠯᠠᠭᠰᠠᠨ ᠠᠵᠢᠯ ᠢ᠋ ᠳᠡᠮᠵᠢᠵᠦ᠂ ᠲᠦᠷᠭᠡᠨ ᠬᠦᠷᠭᠡᠯᠳᠡ ᠶ᠋ᠢᠨ ᠠᠵᠤ ᠠᠬᠤᠢᠯᠠᠯ ᠢ᠋ ᠬᠥᠲᠥᠯᠦᠨ ᠵᠢᠯᠣᠭᠣᠳᠴᠤ ᠪᠠᠢᠭᠠᠳ ᠭᠣᠣᠯ ᠪᠤᠯᠤᠨ ᠰᠠᠯᠪᠤᠷᠢ ᠨᠢᠰᠬᠡᠯ ᠤ᠋ᠨ ᠪᠠᠭᠤᠳᠠᠯ᠎ᠤᠨ ᠪᠠᠷᠠᠭ᠎ᠠ ᠵᠢ ᠬᠤᠷᠢᠶᠠᠵᠦ ᠲᠠᠷᠬᠠᠭᠠᠬᠤ ᠴᠢᠳᠠᠪᠤᠷᠢ ᠵᠢ ᠳᠡᠭᠡᠭᠰᠢᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号