ᠮᠠᠨ ᠎ᠤ ᠤᠷᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠢᠨ᠎ᠡ ᠡᠭᠦᠳᠦᠯᠲᠡ᠎ᠪᠡᠷ 《 ᠨᠤᠮᠢᠨ ᠤᠰᠤ ᠬᠥᠬᠡᠮᠳᠦᠭ ᠠᠭᠤᠯᠠ 》 ᠶ᠋ᠢ ᠰᠠᠬᠢᠨ ᠬᠠᠮᠠᠭᠠᠯᠠᠵᠤ ᠪᠤᠢ
2026-07-28 11:22:48
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠮᠠᠨ᠎ᠤ ᠤᠷᠤᠨ ᠪᠦᠬᠦ ᠣᠷᠣᠨ ᠪᠦᠰᠡ᠎ᠶᠢᠨ ᠠᠮᠢ ᠠᠬᠤᠢ᠎ᠶᠢᠨ ᠵᠠᠰᠠᠯᠲᠠ᠎ᠶᠢᠨ ᠪᠠᠢᠷᠢᠯᠠᠭᠤᠯᠤᠯᠲᠠ᠎ᠶᠢ ᠨᠢᠭᠡᠳᠦᠯᠲᠡᠢ ᠲᠥᠯᠥᠪᠵᠢᠭᠦᠯᠵᠦ᠂ 《ᠤᠮᠠᠷᠠᠲᠤ᠎ᠶᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠣᠭᠣᠮᠲᠠ ᠰᠢᠪᠲᠤᠯᠬᠤ ᠳᠠᠢᠯᠠᠯᠳᠤᠭᠠᠨ ᠪᠣᠯᠣᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ᠎ᠶᠢᠨ ᠪᠦᠲᠦᠭᠡᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠵᠤ᠂ ᠡᠯᠡᠰᠦᠨ ᠴᠦᠯ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ᠂ ᠨᠤᠲᠤᠭ ᠪᠡᠯᠴᠢᠭᠡᠷ᠎ᠦᠨ ᠠᠮᠢ ᠠᠬᠤᠢ᠎ᠶᠢᠨ ᠶᠠᠰᠤ ᠴᠢᠨᠠᠷ᠎ᠢ ᠳᠡᠭᠡᠭᠰᠢᠯᠡᠭᠦᠯᠬᠦ᠂ ᠰᠠᠪᠠ ᠭᠠᠵᠠᠷ ᠨᠤᠭᠤ ᠭᠠᠵᠠᠷ᠎ᠢ ᠬᠠᠮᠠᠭᠠᠯᠠᠬᠤ ᠬᠦᠷᠢᠶᠡᠨ᠎ᠳᠦ ᠡᠯᠪᠡᠭ ᠪᠠᠶᠠᠯᠢᠭ᠋ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ ᠤᠯᠪᠠ᠃

ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠣᠢᠷ᠎ᠠ᠎ᠶᠢᠨ ᠵᠢᠯ ᠳ᠋ᠤ  ᠠᠮᠢ ᠠᠬᠤᠢ᠎ᠶᠢᠨ ᠬᠦᠷᠢᠶᠡᠨ᠎ᠳᠦ 276 ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠰᠢᠪᠲᠤᠯᠬᠤ ᠲᠦᠷᠦᠯ ᠵᠦᠢᠯ᠎ᠢ ᠬᠡᠷᠡᠭᠵᠢᠭᠦᠯᠵᠦ᠂ ᠡᠳ᠋᠎ᠦᠨ ᠵᠠᠰᠠᠭ᠎ᠤᠨ ᠪᠡᠯᠡ ᠮᠥᠩᠭᠥ᠎ᠶᠢ ᠨᠡᠢ᠍ᠢᠳᠡ 4 ᠳ᠋ᠦᠩᠰᠢᠭᠤᠷ ᠭᠠᠷᠤᠢ ᠲᠥᠭᠥᠷᠢᠭ ᠣᠷᠣᠭᠤᠯᠵᠤ᠂ ᠵᠠᠩᠭᠢᠯᠠᠭ᠎ᠠ᠎ᠶᠢᠨ ᠮᠡᠷᠭᠡᠵᠢᠯ᠎ᠦᠨ ᠪᠤᠭᠤᠮᠳᠠ ᠰᠢᠪᠲᠤᠯᠤᠯᠲᠠ᠎ᠶᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠎ᠪᠡᠷ ᠪᠦᠬᠦ ᠣᠷᠣᠨ ᠪᠦᠰᠡ᠎ᠶᠢᠨ ᠠᠮᠢ ᠠᠬᠤᠢ᠎ᠶᠢᠨ ᠬᠠᠮᠠᠭᠠᠯᠠᠯᠲᠠ ᠪᠠ ᠵᠠᠰᠠᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠵᠡᠢ;  2024 ᠣᠨ ᠎ᠳᠤ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ  ᠪᠡᠭᠡᠵᠢᠩ ᠎ᠦᠨ ᠤᠢ ᠰᠢᠭᠤᠢ᠎ᠶᠢᠨ ᠶᠡᠬᠡ ᠰᠤᠷᠭᠠᠭᠤᠯᠢ ᠵᠡᠷᠭᠡ ᠤᠯᠠᠨ ᠰᠢᠨᠵᠢᠯᠡᠬᠦ ᠤᠬᠠᠭᠠᠨ ᠎ᠤ ᠰᠤᠳᠤᠯᠭᠠᠨ ᠎ᠤ ᠨᠢᠭᠡᠴᠢ᠎ᠲᠠᠢ ᠬᠠᠮᠲᠤᠷᠠᠨ᠂ 《ᠵᠠᠷᠯᠠᠯ ᠨᠡᠢᠲᠡᠯᠡᠵᠦ ᠮᠠᠩᠯᠠᠢᠯᠠᠭᠴᠢ ᠡᠯᠰᠡᠬᠦ 》 ᠬᠡᠯᠪᠡᠷᠢ ᠪᠠᠷ 《ᠮᠠᠭᠤᠳᠠᠵᠦ  ᠰᠡᠢᠷᠡᠭᠵᠢᠭᠰᠡᠨ ᠬᠥᠪᠴᠢ᠎ᠶᠢᠨ ᠤᠢ  ᠵᠢᠴᠢ  ᠠᠮᠢ ᠠᠬᠤᠢ᠎ᠶᠢ ᠰᠡᠷᠭᠦᠭᠡᠨ ᠲᠡᠰ ᠳᠡᠪᠰᠢᠭᠦᠯᠬᠦ ᠬᠤᠷᠠᠮᠠᠯ ᠮᠡᠷᠭᠡᠵᠢᠯ᠎ᠦᠨ ᠵᠢᠱ᠌ᠢᠶ᠎ᠡ ᠦᠵᠡᠭᠦᠯᠬᠦ 》 ᠲᠦᠷᠦᠯ ᠵᠦᠢᠯ᠎ᠦᠨ ᠪᠣᠭᠣᠮᠲᠠ ᠰᠢᠪᠲᠤᠯᠬᠤ ᠡᠭᠦᠷᠭᠡ᠎ᠶᠢ ᠡᠭᠦᠷᠭᠡᠯᠡᠵᠦ᠂ ᠤᠯᠤᠰ ᠎ᠤᠨ ᠳᠣᠲᠣᠭᠠᠳᠤ ᠎ᠶᠢᠨ ᠠᠩᠬᠠᠳᠠᠭ᠍ᠴᠢ ᠮᠠᠭᠤᠳᠠᠵᠦ ᠰᠡᠢᠷᠡᠭᠵᠢᠭᠰᠡᠨ ᠬᠥᠪᠴᠢ᠎ᠶᠢᠨ ᠡᠯᠡᠰᠦᠨ ᠎ᠤ ᠲᠠᠷᠢᠮᠠᠯ ᠤᠢ᠎ᠶᠢᠨ ᠳ᠋ᠠᠢᠲ᠋ᠠ ᠬᠥᠮᠥᠷᠭᠡ᠎ᠶᠢ ᠪᠠᠢᠭᠤᠯᠪᠠ᠃ ᠣᠳᠣᠬᠠᠨ᠎ᠳᠤ᠂ ᠲᠦᠷᠦᠯ ᠵᠦᠢᠯ ᠨᠢ ᠨᠢᠭᠡᠨᠲᠡ ᠤᠢ ᠰᠢᠭᠤᠢ᠎ᠶᠢᠨ ᠮᠠᠭᠤᠳᠠᠯ᠎ᠢ ᠲᠦᠷᠭᠡᠨ ᠢᠯᠭᠠᠨ ᠲᠠᠨᠢᠬᠤ᠂ ᠲᠡᠰ ᠬᠤᠪᠢᠶᠠᠨ ᠲᠦᠷᠦᠯ ᠬᠤᠪᠢᠶᠠᠬᠤ᠂ ᠪᠦᠲᠦᠴᠡ᠎ᠶᠢ ᠰᠢᠯᠢᠳᠡᠭᠵᠢᠭᠦᠯᠬᠦ ᠪᠠ ᠬᠥᠷᠥᠰᠥ ᠰᠢᠷᠣᠢ᠎ᠶᠢ ᠰᠠᠢᠵᠢᠷᠠᠭᠤᠯᠤᠨ ᠰᠡᠷᠭᠦᠭᠡᠬᠦ ᠵᠡᠷᠭᠡ ᠵᠠᠩᠭᠢᠯᠠᠭ᠎ᠠ᠎ᠶᠢᠨ ᠭᠣᠭᠴᠣᠭ᠎ᠠ ᠎ᠶᠢ ᠬᠠᠮᠤᠷᠤᠭᠰᠠᠨ ᠮᠡᠷᠭᠡᠵᠢᠯ ᠎ᠦᠨ ᠰᠢᠰᠲ᠋ᠸᠮ᠎ᠢ ᠪᠦᠷᠢᠯᠳᠦᠭᠦᠯᠦᠭᠰᠡᠨ ᠪᠥᠭᠡᠳ ᠬᠥᠪᠴᠢ᠎ᠶᠢᠨ ᠡᠯᠡᠰᠦᠨ ᠴᠦᠯ᠎ᠦᠨ ᠨᠢᠭᠡᠳᠦᠭᠡᠷ ᠹᠷᠣᠨᠲ᠎ᠲᠤ  ᠦᠢᠯᠡᠳᠦᠯᠭᠡᠵᠢᠬᠦᠯᠵᠦ ᠪᠤᠢ᠃

2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠦᠪᠵᠢᠭᠦᠯᠭᠡ᠎ᠶᠢᠨ ᠡᠬᠢᠯᠡᠯᠲᠡ᠎ᠶᠢᠨ ᠵᠢᠯ ᠮᠥᠨ᠃ ᠦᠪᠦᠷ ᠮᠤᠨᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠢᠩᠬᠢᠮ᠎ᠡᠴᠡ ᠲᠠᠪᠤᠨ ᠶᠡᠬᠡ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠬᠤᠯᠠ ᠶᠡᠬᠡ ᠲᠤᠰᠬᠠᠢ ᠲᠦᠷᠦᠯ ᠵᠦᠢᠯ᠎ᠢ ᠦᠷᠭᠦᠯᠵᠢᠯᠡᠨ ᠪᠠᠢᠷᠢᠰᠢᠭᠤᠯᠵᠤ᠂ ᠪᠦᠬᠦ ᠶᠠᠪᠤᠴᠠ᠎ᠶᠢᠨ ᠬᠠᠮᠢᠶᠠᠷᠤᠯᠲᠠ᠎ᠶᠢ ᠴᠢᠩᠭᠠᠳᠬᠠᠨ᠂ ᠡᠯᠡᠰᠦᠷᠭᠡᠭᠵᠢᠯ᠎ᠢ ᠰᠡᠷᠭᠡᠢᠯᠡᠵᠦ ᠡᠯᠡᠰᠦ᠎ᠶᠢ ᠵᠠᠰᠠᠬᠤ᠂ ᠤᠰᠤᠨ᠎ᠤ ᠡᠬᠢ ᠪᠠᠶᠠᠯᠢᠭ᠋᠎ᠢ ᠠᠷᠪᠢᠯᠠᠵᠤ ᠡᠷᠴᠢᠮᠵᠢᠭᠦᠯᠦᠨ ᠠᠰᠢᠭ᠍ᠯᠠᠬᠤ᠂ ᠠᠮᠢ ᠠᠬᠤᠢ᠎ᠶᠢ ᠰᠡᠷᠭᠦᠭᠡᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠦ ᠵᠠᠩᠭᠢᠯᠠᠭ᠎ᠠ᠎ᠶᠢᠨ ᠮᠡᠷᠭᠡᠵᠢᠯ᠎ᠢ ᠲᠥᠪᠯᠡᠷᠡᠭᠦᠯᠦᠨ ᠰᠢᠨ᠎ᠡ᠎ᠶᠢ ᠡᠭᠦᠳᠴᠦ ᠤᠨᠳᠤᠤᠰᠢᠭᠤᠯᠬᠤ᠎ᠶᠢ ᠲᠦᠷᠭᠡᠳᠬᠡᠵᠦ᠂  ᠦᠵᠡᠰᠬᠦᠯᠡᠩᠲᠦ ᠰᠠᠢᠬᠠᠨ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠦᠴᠦᠨ ᠴᠢᠳᠠᠯ᠎ᠢ ᠨᠡᠮᠡᠷᠢᠯᠡᠬᠦ ᠪᠤᠯᠤᠨ᠎ᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号