ᠲᠦᠷᠦᠭᠦᠭᠡᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠡᠴᠡ ᠪᠥᠬᠥ᠌ ᠣᠷᠣᠨ᠎ᠤ ᠬᠡᠷ᠎ᠲᠡᠬᠡᠨ ᠬᠣᠴᠣᠷᠤᠭᠰᠠᠨ ᠬᠡᠦᠬᠡᠳ ᠪᠠ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠦᠨ ᠦᠢᠯᠡᠴᠢᠯᠡᠭᠡᠨ᠎ᠦ ᠰᠢᠰᠲ᠋ᠧᠮ᠎ᠦᠨ ᠪᠠᠶ᠋ᠢᠭᠤᠯᠤᠯᠲᠠ᠎ᠶᠢᠨ ᠭᠤᠤᠯᠯᠠᠭᠴᠢ ᠬᠦᠴᠦᠨ᠎ᠦ ᠪᠣᠯᠪᠠᠰᠤᠷᠠᠯ᠎ᠤᠨ ᠠᠩᠭᠢ᠎ᠶᠢ ᠡᠷᠭᠢᠯᠡᠪᠡ᠃ ᠡᠯ᠎ᠡ ᠠᠶ᠋ᠢᠮᠠᠭ ᠬᠣᠲᠠ᠎ᠶᠢᠨ ᠠᠷᠠᠳ᠎ᠤᠨ ᠶᠠᠪᠤᠳᠠᠯ᠎ᠤᠨ ᠲᠣᠪᠴᠢᠶ᠎ᠠ᠎ᠶᠢᠨ ᠬᠤᠪᠢᠳᠠᠨ ᠬᠠᠮᠢᠶᠠᠷᠴᠤ᠌ ᠪᠥᠬᠥᠶ ᠤᠳᠤᠷᠢᠳᠤᠯᠭ᠎ᠠ᠂ ᠬᠠᠮᠢᠶ᠎ᠠ ᠪᠥᠬᠥᠶ ᠰᠠᠯᠠᠭ᠎ᠠ ᠲᠠᠰᠤᠭ᠎ᠤᠨ ᠬᠠᠷᠢᠭᠤᠴᠠᠯᠭᠠᠲᠠᠨ᠂ ᠬᠡᠦᠬᠡᠳ᠎ᠦᠨ ᠠᠰᠠᠷᠠᠮᠵᠢ᠎ᠶᠢᠨ ᠬᠦᠷᠢᠶᠡᠯᠡᠩ᠂ ᠨᠠᠰᠤᠨ᠎ᠳᠤ ᠥᠯᠥ᠍ ᠭᠦᠷᠦᠭᠰᠡᠳ᠎ᠢ ᠠᠪᠤᠷᠠᠨ ᠲᠤᠰᠠᠯᠠᠵᠤ ᠬᠠᠮᠠᠭᠠᠯᠠᠬᠤ ᠲᠥᠪ᠎ᠦᠨ ᠬᠠᠷᠢᠭᠤᠴᠠᠯᠭᠠᠲᠠᠨ ᠵᠡᠷᠭᠡ 100 ᠭᠠᠷᠤᠶ ᠬᠥᠮᠦᠨ ᠪᠣᠯᠪᠠᠰᠤᠷᠠᠯ᠎ᠳᠤ ᠣᠷᠣᠯᠴᠠᠪᠠ᠃
ᠪᠣᠯᠪᠠᠰᠤᠷᠠᠯ᠎ᠨᠢ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠡᠬᠢ ᠪᠥᠬᠥ᠌ ᠣᠷᠣᠨ᠎ᠤ ᠬᠡᠦᠬᠡᠳ᠎ᠦᠨ ᠠᠰᠠᠷᠠᠮᠵᠢ ᠪᠠ ᠨᠠᠰᠤᠨ᠎ᠳᠤ ᠥᠯᠥ᠍ ᠭᠦᠷᠦᠭᠰᠡᠳ᠎ᠢ ᠬᠠᠮᠠᠭᠠᠯᠠᠬᠤ ᠠᠵᠢᠯ᠎ᠤᠨ ᠦᠷ᠎ᠡ ᠪᠦᠲᠦᠮᠵᠢ᠎ᠶᠢ ᠪᠥᠬᠥ᠌ ᠲᠠᠯ᠎ᠠ᠎ᠪᠠᠷ ᠡᠷᠭᠢᠴᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠡᠭᠦᠷᠭᠡ ᠪᠠ 2026 ᠣᠨ᠎ᠤ ᠭᠤᠤᠯᠳᠠᠯᠭ᠎ᠠ᠎ᠲᠠᠶ ᠠᠵᠢᠯ᠎ᠢ ᠨᠢᠭᠡᠳᠦᠯᠲᠡᠶ ᠲᠥᠯᠥᠪᠵᠢᠬᠦᠯᠦᠨ ᠪᠠᠶ᠋ᠢᠷᠢᠯᠠᠭᠤᠯᠵᠤ᠂ ᠨᠠᠰᠤᠨ᠎ᠳᠤ ᠥᠯᠥ᠍ ᠭᠦᠷᠦᠭᠰᠡᠳ᠎ᠢ ᠬᠠᠮᠠᠭᠠᠯᠠᠬᠤ᠂ ᠬᠡᠦᠬᠡᠳ᠎ᠦᠨ ᠠᠰᠠᠷᠠᠮᠵᠢ᠎ᠶᠢᠨ ᠠᠵᠢᠯ᠎ᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ᠎ᠶᠢᠨ ᠪᠣᠳᠣᠯᠭ᠎ᠠ᠎ᠶᠢᠨ ᠰᠢᠰᠲ᠋ᠧᠮ᠂ ᠦᠢᠯᠡᠴᠢᠯᠡᠭᠡᠨ᠎ᠦ ᠪᠠᠲᠤᠯᠠᠭ᠎ᠠ᠎ᠶᠢᠨ ᠰᠢᠰᠲ᠋ᠧᠮ᠂ ᠬᠢᠨᠠᠯᠲᠠ ᠬᠠᠮᠢᠶᠠᠷᠤᠯᠲᠠ᠎ᠶᠢᠨ ᠰᠢᠰᠲ᠋ᠧᠮ᠂ ᠨᠡᠶ᠋ᠢᠭᠡᠮᠦᠨᠬᠢᠨᠦ ᠣᠷᠣᠯᠴᠠᠬᠤ ᠰᠢᠰᠲ᠋ᠧᠮ ᠵᠡᠷᠭᠡ ᠳᠥᠷᠪᠡᠨ ᠲᠠᠯ᠎ᠠ᠎ᠡᠴᠡ ᠦᠷᠭᠦᠯᠵᠢᠯᠡᠨ ᠲᠡᠭᠦᠯᠳᠡᠷᠵᠢᠭᠦᠯᠦᠨ ᠳᠡᠭᠡᠭᠰᠢᠯᠡᠭᠦᠯᠵᠦ᠍᠂ ᠪᠥᠬᠥ᠌ ᠣᠷᠣᠨ᠎ᠤ ᠬᠡᠦᠬᠡᠳ᠎ᠦᠨ ᠠᠰᠠᠷᠠᠮᠵᠢ᠎ᠶᠢᠨ ᠪᠠᠲᠤᠯᠠᠭ᠎ᠠ᠎ᠶᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠳᠦ ᠬᠦᠴᠦᠨ ᠨᠡᠮᠡᠷᠢᠯᠡᠪᠠ᠃
ᠲᠣᠰ ᠤᠳᠠᠭᠠᠨ᠎ᠤ ᠪᠣᠯᠪᠠᠰᠤᠷᠠᠯ ᠨᠢ ᠦᠨᠳᠦᠰᠦᠨ ᠱᠠᠲᠤᠨ᠎ᠤ ᠠᠵᠢᠯ᠎ᠤᠨ ᠪᠣᠳᠠᠲᠤ᠌ ᠪᠠᠶ᠋ᠢᠳᠠᠯ᠎ᠲᠠᠶ ᠨᠢᠭᠲᠠ ᠤᠶᠠᠯᠳᠤᠭᠤᠯᠤᠨ ᠬᠡᠦᠬᠡᠳ᠎ᠦᠨ ᠠᠰᠠᠷᠠᠮᠵᠢ᠎ᠶᠢᠨ ᠪᠠᠲᠤᠯᠠᠭ᠎ᠠ ᠵᠢᠨ ᠬᠠᠮᠢᠶᠠᠷᠤᠯᠲᠠ᠎ᠶᠢᠨ ᠬᠠᠮᠢᠶ᠎ᠠ ᠪᠥᠬᠥᠶ ᠲᠤᠰᠬᠠᠶ ᠮᠡᠷᠭᠡᠵᠢᠯᠲᠡᠨ᠎ᠢ ᠤᠷᠢᠵᠤ ᠬᠢᠴᠢᠶᠡᠯ ᠳᠠᠢᠯᠤᠮᠵᠢ ᠬᠢᠯᠭᠡᠪᠡ᠃ ᠬᠡᠦᠬᠡᠳ᠎ᠢ ᠬᠠᠯᠠᠮᠵᠢᠯᠠᠨ ᠬᠠᠶ᠋ᠢᠷᠠᠯᠠᠵᠤ ᠬᠠᠮᠠᠭᠠᠯᠠᠬᠤ ᠲᠥᠷᠥ᠎ᠶᠢᠨ ᠪᠣᠳᠣᠯᠭ᠎ᠠ᠎ᠶᠢᠨ ᠬᠥᠭᠵᠢᠯᠲᠡ ᠵᠢᠴᠢ ᠦᠨᠳᠦᠰᠦᠨ ᠱᠠᠲᠤᠨ᠎ᠤ ᠬᠡᠦᠬᠡᠳ᠎ᠦᠨ ᠠᠵᠢᠯ᠎ᠤᠨ ᠰᠡᠩᠬᠡᠷᠡᠭᠦᠯᠦᠯ᠂ ᠡᠷᠭᠦᠨ ᠲᠡᠵᠢᠭᠡᠬᠦ᠌ ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ ᠬᠢᠭᠡᠳ ᠬᠡᠷᠡᠭ᠎ᠦᠨ ᠵᠠᠳᠠᠯᠤᠯᠲᠠ᠂ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠦᠨ ᠡᠮᠴᠢᠯᠡᠭᠡᠨ᠎ᠦ ᠪᠠᠲᠤᠯᠠᠭ᠎ᠠ᠎ᠶᠢᠨ ᠲᠥᠷᠥ᠎ᠶᠢᠨ ᠪᠣᠳᠣᠯᠭ᠎ᠠ᠂ ᠰᠡᠳᠬᠢᠴᠡ᠎ᠶᠢᠨ ᠡᠷᠡᠭᠦᠯ ᠮᠡᠨᠳᠦ᠎ᠶᠢᠨ ᠬᠠᠯᠠᠮᠵᠢᠯᠠᠨ ᠬᠠᠶ᠋ᠢᠷᠠᠯᠠᠬᠤ ᠰᠢᠰᠲ᠋ᠧᠮ᠎ᠦᠨ ᠪᠠᠶ᠋ᠢᠭᠤᠯᠤᠯᠲᠠ᠂ ᠬᠡᠦᠬᠡᠳ᠎ᠦᠨ ᠠᠰᠠᠷᠠᠮᠵᠢ᠎ᠶᠢᠨ ᠬᠦᠷᠢᠶ᠎ᠡ ᠴᠠᠷᠠᠭ᠎ᠠ᠎ᠶᠢᠨ ᠠᠮᠤᠷ ᠲᠦᠪᠰᠢᠨ᠎ᠦ ᠬᠠᠮᠢᠶᠠᠷᠤᠯᠲᠠ ᠵᠡᠷᠭᠡ ᠠᠭᠤᠯᠭ᠎ᠠ᠎ᠶᠢᠨ ᠲᠣᠭᠣᠷᠢᠨ᠎ᠳᠤ ᠭᠤᠤᠯᠳᠠᠯᠭ᠎ᠠ᠎ᠲᠠᠶ ᠬᠠᠪᠰᠤᠷᠤᠨ ᠵᠢᠯᠣᠭᠣᠳᠴᠤ᠌᠂ ᠬᠦᠴᠢᠷᠳᠡᠯ᠎ᠳᠦ ᠲᠤᠯᠭᠠᠷᠠᠭᠰᠠᠨ ᠬᠡᠦᠬᠡᠳ᠎ᠢ ᠨᠠᠷᠢᠯᠢᠭ ᠣᠨᠣᠴᠠᠲᠠᠶ ᠵᠢᠭᠰᠠᠭᠠᠨ ᠪᠠᠢᠴᠠᠭᠠᠬᠤ᠂ ᠲᠠᠩᠰᠠ ᠡᠪᠬᠡᠮᠡᠯ ᠪᠠᠶ᠋ᠢᠭᠤᠯᠬᠤ᠂ ᠦᠢᠯᠡᠴᠢᠯᠡᠭᠡ ᠬᠠᠨᠭᠭᠠᠬᠤ ᠪᠠ ᠠᠰᠠᠷᠠᠨ ᠲᠡᠵᠢᠭᠡᠬᠦ᠌ ᠬᠥᠮᠦᠨ ᠥᠬᠡᠶ ᠬᠡᠦᠬᠡᠳ᠎ᠢ ᠬᠢᠨᠠᠨ ᠬᠠᠮᠢᠶᠠᠷᠬᠤ ᠬᠡᠷᠡᠭ᠎ᠦᠨ ᠵᠢᠱ᠌ᠢᠶ᠎ᠡ ᠵᠢ ᠰᠢᠰᠲ᠋ᠧᠮ᠎ᠲᠡᠶ ᠲᠠᠶ᠋ᠢᠯᠪᠤᠷᠢᠯᠠᠵᠤ᠂ ᠪᠤᠯᠪᠠᠰᠤᠷᠠᠯ ᠳ᠋ᠤ ᠤᠷᠤᠯᠴᠠᠭᠰᠠᠳ᠎ᠦᠨ ᠡᠬᠦᠷᠭᠡᠯᠡᠯ ᠬᠠᠷᠢᠭᠤᠴᠠᠯᠭ᠎ᠠ ᠵᠢ ᠴᠢᠨᠭᠭᠠᠳᠬᠠᠵᠤ᠂ ᠲᠤᠬᠠᠶ᠋ᠢᠯᠠᠭᠰᠠᠨ ᠠᠵᠢᠯ᠎ᠦᠨ ᠬᠡᠪ ᠪᠤᠯᠪᠠᠰᠤᠷᠠᠯ᠎ᠢ ᠲᠡᠭᠡᠭᠰᠢᠯᠡᠬᠦᠯᠪᠠ᠃
ᠪᠣᠯᠪᠠᠰᠤᠷᠠᠯ᠎ᠢᠶᠠᠷ ᠳᠡᠮᠵᠢᠨ ᠬᠡᠦᠬᠡᠳ᠎ᠦᠨ ᠠᠵᠢᠯ᠎ᠤᠨ ᠡᠩᠨᠡᠭᠡ᠎ᠶᠢᠨ ᠬᠠᠷᠢᠭᠤᠴᠠᠯᠭᠠᠲᠤ᠌ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠬᠠᠵᠤ᠂ ᠬᠡᠦᠬᠡᠳ᠎ᠦᠨ ᠠᠰᠠᠷᠠᠮᠵᠢ᠎ᠶᠢᠨ ᠡᠯ᠎ᠡ ᠵᠦᠢᠯ᠎ᠦᠨ ᠠᠵᠢᠯ᠎ᠤᠨ ᠪᠠᠷᠢᠮᠵᠢᠶ᠎ᠠ ᠪᠠ ᠶᠠᠪᠤᠴᠠ᠎ᠶᠢ ᠲᠣᠳᠣᠷᠬᠠᠶ᠋ᠢᠯᠠᠵᠤ᠂ ᠨᠠᠰᠤᠨ᠎ᠳᠤ ᠥᠯᠥ᠍ ᠬᠦᠷᠦᠭᠰᠡᠳ᠎ᠢ ᠬᠠᠯᠠᠮᠵᠢᠯᠠᠨ ᠬᠠᠶ᠋ᠢᠷᠠᠯᠠᠵᠤ ᠬᠠᠮᠠᠭᠠᠯᠠᠬᠤ ᠦᠢᠯᠡᠴᠢᠯᠡᠭᠡᠨ᠎ᠦ ᠰᠢᠰᠲ᠋ᠧᠮ᠎ᠢ ᠦᠷᠭᠦᠯᠵᠢᠯᠡᠨ ᠪᠦᠷᠢᠨᠰᠢᠬᠦᠯᠵᠦ᠍᠂ ᠪᠥᠬᠥ᠌ ᠣᠷᠣᠨ᠎ᠤ ᠬᠡᠦᠬᠡᠳ᠎ᠦᠨ ᠠᠰᠠᠷᠠᠮᠵᠢ᠎ᠶᠢᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ᠎ᠳᠤ ᠬᠦᠴᠦᠨ ᠨᠡᠮᠡᠷᠢᠯᠡᠪᠡ᠃