ᠯᠸᠢ ᠪᠢᠩ ᠸᠠᠩ ᠠᠷᠪᠠᠨ ᠵᠢᠷᠭᠤᠳᠤᠭᠠᠷ ᠬᠤᠭᠤᠴᠠᠭᠠᠨ᠎ᠤ ᠭᠤᠸᠠᠩ ᠬᠤᠸᠠ ᠢᠨᠵᠧᠨᠧᠷᠢᠩ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ᠎ᠭᠥᠷᠳᠡᠪᠡ
2026-07-28 09:32:58
ᠵᠣᠬᠢᠶᠠᠭ᠍ᠴᠢ᠄
ᠸ· ᠭᠡᠷᠡᠯᠲᠦ᠍
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠲᠦᠷᠦᠭᠦᠬᠡᠨ ᠤᠮᠠᠷᠠᠲᠤ᠎ᠶᠢᠨ ᠬᠦᠨᠳᠦ ᠠᠵᠤ ᠦᠢᠯᠡᠳᠪᠦᠷᠢ᠎ᠶᠢᠨ ᠪᠦᠯᠦᠭᠯᠡᠯ᠎ᠡᠴᠡ ᠣᠶ᠋ᠢᠯᠠᠭᠠᠭᠰᠠᠨ᠎ᠢᠶᠠᠷ᠂ ᠠᠷᠪᠠᠨ ᠵᠢᠷᠭᠤᠳᠤᠭᠠᠷ ᠬᠤᠭᠤᠴᠠᠭᠠᠨ᠎ᠤ ᠭᠤᠸᠠᠩ ᠬᠤᠸᠠ ᠢᠨᠵᠧᠨᠧᠷᠢᠩ᠎ᠦᠨ ᠰᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠠᠩᠨᠠᠯ ᠭᠥᠷᠳᠡᠭᠰᠡᠳ᠎ᠦᠨ ᠨᠡᠷᠡᠰ᠎ᠢ ᠤᠢᠷ᠎ᠠ ᠵᠢᠨ ᠡᠳᠦᠷ ᠠᠷᠠᠳ᠎ᠤᠨ ᠶᠡᠬᠡ ᠬᠤᠷᠠᠯ᠎ᠤᠨ ᠲᠢᠩᠬᠢᠮ᠎ᠳᠤ ᠬᠤᠷᠠᠯᠳᠤᠭᠤᠯᠤᠭᠰᠠᠨ ᠬᠣᠶᠠᠷ ᠬᠦᠷᠢᠶᠡᠯᠡᠩ᠎ᠦᠨ ᠠᠺᠠᠳᠧᠮᠢᠴᠢ᠎ᠶᠢᠨ ᠶᠡᠬᠡ ᠬᠤᠷᠠᠯ ᠳᠡᠭᠡᠷ᠎ᠡ ᠨᠡᠶ᠋ᠢᠲᠡᠯᠡᠵᠦ᠂ ᠳᠤᠮᠳᠠᠳᠤ ᠤᠯᠤᠰ᠎ᠤᠨ ᠴᠡᠷᠢᠭ᠎ᠦᠨ ᠵᠡᠪᠰᠡᠭ᠎ᠦᠨ ᠪᠦᠯᠦᠭᠯᠡᠯ ᠎ᠤᠨ ᠲᠡᠷᠢᠭᠦᠨ ᠰᠢᠨᠵᠢᠯᠡᠬᠦ᠌ ᠤᠬᠠᠭᠠᠨᠲᠠᠨ᠂ ᠤᠮᠠᠷᠠᠲᠤ᠎ᠶᠢᠨ ᠬᠦᠨᠳᠦ ᠠᠵᠤ ᠦᠢᠯᠡᠳᠪᠦᠷᠢ᠎ᠶᠢᠨ ᠪᠦᠯᠦᠭᠯᠡᠯ᠎ᠦᠨ ᠶᠡᠷᠦᠩᠬᠡᠢ ᠢᠨᠵᠧᠨᠧᠷ ᠯᠸᠢ ᠪᠢᠩ ᠸᠠᠩ ᠱᠠᠨᠭᠨᠠᠯ  ᠬᠦᠷᠲᠡᠭᠰᠡᠨ ᠪᠠᠢᠨ᠎ᠠ᠃

ᠯᠸᠢ ᠪᠢᠩ ᠸᠠᠩ ᠪᠣᠯ ᠬᠠᠯᠠᠭᠤᠨ ᠰᠢᠬᠠᠯᠲᠠ᠎ᠶᠢᠨ ᠲᠤᠮᠤ ᠬᠡᠯᠪᠡᠷᠢ᠎ᠶᠢᠨ ᠲᠣᠨᠣᠭᠯᠠᠯ ᠪᠠ ᠮᠡᠷᠭᠡᠵᠢᠯ᠎ᠦᠨ ᠲᠤᠰᠬᠠᠢ ᠮᠡᠷᠭᠡᠵᠢᠯᠲᠡᠨ ᠮᠥᠨ᠂ ᠲᠡᠷᠡ ᠲᠡᠮᠦᠷᠯᠢᠭ ᠬᠡᠪᠰᠢᠭᠦᠯᠬᠦ᠌ ᠲᠣᠨᠣᠭᠯᠠᠯ ᠪᠠ ᠮᠡᠷᠭᠡᠵᠢᠯ᠎ᠦᠨ ᠠᠵᠢᠯ᠎ᠢ ᠤᠷᠳᠤ ᠬᠤᠭᠤᠴᠠᠭ᠎ᠠ᠎ᠪᠠᠷ ᠬᠢᠵᠦ᠍᠂ ᠤᠯᠤᠰ᠎ᠤᠨ ᠲᠡᠰ᠎ᠤᠨ ᠲᠦᠷᠤᠯ ᠵᠦᠢᠯ᠎ᠦᠨ ᠬᠠᠷᠢᠭᠤᠴᠠᠯᠭᠠᠲᠠᠨ᠎ᠤ ᠲᠤᠰᠢᠶᠠᠯ᠎ᠢ ᠡᠭᠦᠷᠭᠡᠯᠡᠵᠦ᠍᠂ ᠳᠡᠯᠡᠬᠡᠢ᠎ᠶᠢᠨ ᠠᠩᠬᠠᠳᠠᠭᠴᠢ ᠰᠢᠬᠠᠯᠲᠠ᠎ᠶᠢᠨ ᠳᠠᠷᠤᠯᠲᠠ᠎ᠪᠠᠷ ᠬᠠᠮᠤᠭ᠎ᠤᠨ ᠶᠡᠬᠡ 3.6 ᠲᠦᠮᠡᠨ ᠲᠣᠨ ᠡᠭᠴᠡ ᠰᠢᠬᠠᠯᠲᠠ᠎ᠶᠢᠨ ᠮᠠᠰᠢᠨ᠎ᠢ ᠰᠤᠳᠤᠯᠤᠨ ᠦᠢᠯᠡᠳᠴᠦ᠍᠂ ᠭᠠᠳᠠᠭᠠᠳᠤ᠎ᠶᠢᠨ ᠤᠷᠳᠤ ᠬᠤᠭᠤᠴᠠᠭᠠᠨ᠎ᠤ ᠭᠠᠭᠴᠠᠭᠠᠷ ᠡᠵᠡᠮᠰᠢᠯ᠎ᠢ ᠡᠪᠳᠡᠵᠦ᠍᠂ ᠶᠡᠷᠦᠩᠬᠡᠶ᠋ᠢᠯᠡᠭᠰᠡᠨ ᠮᠡᠷᠭᠡᠵᠢᠯ᠎ᠦᠨ ᠬᠢᠷᠢ ᠬᠡᠮᠵᠢᠢ᠎ᠡ ᠨᠢ ᠳᠡᠯᠡᠬᠡᠢ᠎ᠳᠤ ᠲᠡᠷᠢᠭᠦᠯᠡᠭᠰᠡᠨ ᠪᠠᠶ᠋ᠢᠨ᠎ᠠ᠃ ᠡᠭᠴᠡ ᠰᠢᠬᠠᠯᠲᠠ᠎ᠶᠢᠨ ᠳᠤᠮᠤ ᠳ᠋ᠢᠶᠠᠮᠧᠲᠷᠳᠤ ᠵᠤᠵᠠᠭᠠᠨ ᠬᠠᠨᠠᠳᠤ ᠵᠠᠭᠠᠳᠠᠰᠤ ᠦᠭᠡᠢ ᠪᠤᠯᠤᠳ ᠬᠣᠭᠣᠯᠠᠢ᠎ᠶᠢ ᠦᠢᠯᠡᠳᠬᠦ᠌ ᠠᠷᠭ᠎ᠠ᠎ᠶᠢ ᠡᠭᠦᠳᠴᠦ᠍᠂ ᠬᠡᠪᠰᠢᠭᠦᠯᠬᠦ ᠴᠢᠨᠡᠷ ᠵᠢᠡᠷ ᠲᠤᠤᠷ᠎ᠠ ᠳᠤᠮᠤ ᠪᠤᠯᠤᠳ ᠲᠤᠭᠤᠰᠬ᠎ᠠ ᠵᠢ 《ᠬᠠᠮᠵᠢᠯᠴᠠᠨ ᠬᠡᠪᠰᠢᠭᠦᠯᠬᠦ᠌》 ᠰᠢᠬᠠᠯᠲᠠ᠎ᠶᠢᠨ ᠮᠡᠷᠭᠡᠵᠢᠯ᠎ᠢ ᠡᠭᠦᠳᠴᠦ᠍᠂ ᠬᠡᠳᠤ ᠴᠢᠩᠭ᠎ᠠ ᠤᠶᠠᠨ ᠬᠠᠳᠠᠨ ᠳᠤᠮᠤ ᠳ᠋ᠢᠶᠠᠮᠧᠲᠷᠳᠤ ᠭᠠᠯᠲᠤ᠌ ᠫᠤᠤ᠎ᠶᠢᠨ ᠬᠣᠭᠣᠯᠠᠢ᠎ᠶᠢ ᠰᠢᠬᠠᠨ ᠳᠠᠪᠲᠠᠬᠤ ᠮᠡᠷᠭᠡᠵᠢᠯ᠎ᠦᠨ ᠪᠣᠭᠣᠮᠢ᠎ᠶᠢ ᠰᠢᠪᠲᠤᠯᠵᠤ᠂ ᠬᠡᠳᠤ ᠵᠠᠭᠠᠭ᠎ᠲᠠᠶ ᠢᠯᠴᠢ᠎ᠶᠢᠨ ᠴᠠᠬᠢᠯᠭᠠᠨ᠂ ᠲᠡᠷᠢᠭᠦᠨ᠎ᠦ ᠠᠭᠠᠷ᠎ᠤᠨ ᠠᠶᠠᠯᠠᠯ᠎ᠤᠨ ᠬᠥᠳᠡᠯᠭᠡᠭᠦᠷ ᠮᠠᠰᠢᠨ᠂ ᠳᠥᠷᠪᠡᠳᠦᠭᠡᠷ ᠦᠶ᠎ᠡ᠎ᠶᠢᠨ ᠨᠠᠲ᠋ᠷᠢ᠎ᠶᠢᠨ ᠬᠦᠢᠳᠡᠨ ᠲᠦᠷᠭᠡᠨ ᠤᠷᠪᠠᠯ ᠎ᠤᠨ ᠴᠥᠮ᠎ᠡ᠎ᠶᠢᠨ ᠴᠠᠬᠢᠯᠭᠠᠨ᠂ ᠰᠢᠨ᠎ᠡ ᠨᠢᠭᠡ ᠦᠶ᠎ᠡ᠎ᠶᠢᠨ ᠶᠡᠬᠡ ᠳ᠋ᠢᠶᠠᠮᠧᠲᠷᠳᠤ ᠭᠠᠯᠲᠤ᠌ ᠫᠤᠤ ᠵᠡᠷᠭᠡ ᠤᠯᠤᠰ᠎ᠤᠨ ᠴᠢᠬᠤᠯᠠ ᠶᠡᠬᠡ ᠢᠨᠵᠧᠨᠧᠷᠢᠩ᠎ᠦᠨ 《ᠪᠣᠭᠣᠮᠢ》 ᠪᠤᠯᠵᠤ ᠪᠠᠢᠭ᠎ᠠ ᠬᠦᠴᠢᠷ ᠠᠰᠠᠭᠤᠳᠠᠯ᠎ᠢ ᠰᠢ᠌ᠳᠪᠦᠷᠢᠯᠡᠭᠰᠡᠨ ᠪᠠᠢᠨ᠎ᠠ᠃

ᠯᠸᠢ ᠪᠢᠩ ᠸᠠᠩ ᠤᠯᠤᠰ᠎ᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠪᠰᠢᠯᠳᠠ᠎ᠶᠢᠨ ᠬᠣᠶᠠᠳᠤᠭᠠᠷ ᠳᠡᠰ᠎ᠤᠨ ᠱᠠᠩᠨᠠᠯ 1 ᠲᠦᠷᠦᠯ᠂ ᠮᠤᠵᠢ ᠪᠠ ᠠᠵᠢᠯ ᠲᠦᠷᠦᠯ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠲᠠᠪᠰᠢᠯᠳᠠ᠎ᠶᠢᠨ ᠨᠢᠭᠡᠳᠦᠭᠡᠷ ᠳᠡᠰ᠎ᠤᠨ ᠱᠠᠩᠨᠠᠯ 4 ᠲᠦᠷᠦᠯ᠂ ᠳᠤᠮᠳᠠᠳᠤ ᠤᠯᠤᠰ᠎ᠤᠨ ᠴᠡᠷᠢᠭ᠎ᠦᠨ ᠵᠡᠪᠰᠡᠭ᠎ᠦᠨ ᠰᠤᠳᠤᠯᠭᠠᠨ᠎ᠤ ᠨᠡᠶ᠋ᠢᠭᠡᠮᠯᠢᠭ᠎ᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠢᠭᠡᠳᠦᠭᠡᠷ ᠳᠡᠰ᠎ᠤᠨ ᠱᠠᠩᠨᠠᠯ᠂ ᠳᠤᠮᠳᠠᠳᠤ ᠤᠯᠤᠰ᠎ᠤᠨ ᠴᠡᠷᠢᠭ᠎ᠦᠨ ᠵᠡᠪᠰᠡᠭ᠎ᠦᠨ ᠠᠵᠤ ᠦᠢᠯᠡᠳᠪᠦᠷᠢ᠎ᠶᠢᠨ ᠴᠡᠷᠢᠭ᠎ᠢᠶᠡᠨ ᠬᠦᠴᠦᠷᠬᠡᠭᠵᠢᠭᠦᠯᠵᠦ᠍ ᠤᠯᠤᠰ᠎ᠲᠠᠭᠠᠨ ᠵᠢᠳᠬᠦᠯ ᠭᠠᠷᠭᠠᠬᠰᠠᠨ ᠭᠠᠷᠮᠠᠭᠠᠢ ᠬᠤᠪᠢ ᠨᠡᠮᠡᠷᠢ᠎ᠶᠢᠨ ᠨᠢᠭᠡᠳᠦᠭᠡᠷ ᠳᠡᠰ᠎ᠤᠨ ᠱᠠᠩᠨᠠᠯ᠂ ᠵᠢᠷᠭᠤᠳᠤᠭᠠᠷ ᠬᠤᠭᠤᠴᠠᠭᠠᠨ᠎ᠤ ᠭᠠᠷᠮᠠᠭᠠᠢ ᠢᠨᠵᠧᠨᠧᠷ᠎ᠦᠨ ᠱᠠᠩᠨᠠᠯ ᠪᠠ ᠪᠦᠬᠦ᠌ ᠤᠯᠤᠰ᠎ᠤᠨ ᠬᠥᠳᠡᠯᠮᠦᠷᠢ᠎ᠶᠢᠨ ᠵᠢᠱ᠌ᠢᠶᠡᠴᠢ᠎ᠶᠢᠨ ᠱᠠᠩᠨᠠᠯ᠎ᠢ ᠬᠦᠷᠳᠡᠵᠦ ᠦᠩᠬᠡᠷᠡᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号