ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠢ᠋ᠢᠨ ᠮᠥᠩᠭᠥᠨ ᠭᠦᠢᠯᠭᠡᠭᠡᠨ᠎ᠦ ᠬᠤᠷᠢᠶ᠎ᠠ ᠢ᠋ᠢᠨ ᠠᠯᠪᠠᠨ ᠭᠡᠷ᠎ᠦᠨ ᠮᠡᠳᠡᠭᠡ᠎ᠶᠢ ᠦᠨᠳᠦᠰᠦᠯᠡᠪᠡᠯ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠬᠥᠬᠡᠡᠡᠣᠲᠠ᠎ᠶᠢᠨ ᠬᠡᠰᠡᠭ᠎ᠤᠨ ᠪᠦᠲᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠬᠦ᠎ᠶᠢᠨ ᠲᠥᠯᠥᠭᠡ ᠥᠪᠥᠷ ᠮᠣᠩᠭᠣᠯ᠎ᠤᠨ ᠬᠦᠲᠡᠭᠡ ᠲᠤᠰᠬᠤᠨ ᠤ᠋ ᠬᠤᠳᠠᠯᠳᠤᠭᠠᠨ᠎ᠤ ᠪᠠᠩᠬᠢ ᠬᠥᠬᠡᠡᠡᠣᠲᠠ᠎ᠶᠢᠨ ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ᠎ᠤ ᠠᠵᠤ ᠠᠬᠤᠢᠯᠠᠯ᠎ᠤᠨ ᠮᠥᠩᠭᠥᠨ ᠭᠦᠢᠯᠭᠡᠭᠡᠨ᠎ᠦ ᠬᠡᠷᠡᠭᠴᠡᠭᠡ ᠱᠠᠭᠠᠷᠳᠠᠯᠭ᠎ᠠ᠎ᠲᠠᠢ ᠨᠠᠷᠢᠯᠢᠭ᠋ ᠣᠨᠣᠴᠠᠲᠠᠢ᠎ᠪᠠᠷ ᠵᠣᠯᠭᠠᠭᠤᠯᠵᠤ᠂ ᠨᠢᠭᠡᠨᠲᠡ ᠬᠦᠷᠢᠶᠡᠯᠡᠩ ᠲᠣᠭᠣᠷᠢᠭ᠋᠎ᠤᠨ ᠳᠣᠲᠣᠷᠠᠬᠢ 3 ᠠᠵᠤ ᠠᠬᠤᠢᠯᠠᠯ᠎ᠳᠤ 1580 ᠲᠦᠮᠡᠨ ᠲᠥᠭᠥᠷᠢᠭ᠎ᠦᠨ ᠢᠲᠡᠭᠡᠮᠵᠢᠲᠦ ᠵᠢᠭᠡᠯᠡᠯᠭᠡ᠎ᠶᠢᠨ ᠪᠡᠯᠡ ᠮᠥᠩᠭᠥ ᠣᠷᠣᠭᠤᠯᠵᠤ᠂ ᠣᠲᠣ᠌ ᠶᠠᠭ 3 ᠠᠵᠤ ᠠᠬᠤᠢᠯᠠᠯ᠎ᠤᠨ 1500 ᠲᠦᠮᠡᠨ ᠲᠥᠭᠥᠷᠢᠭ ᠣᠷᠴᠢᠮ᠎ᠤᠨ ᠪᠡᠯᠡ ᠬᠤᠷᠠᠮᠳᠤᠭᠤᠯᠬᠤ ᠬᠡᠷᠡᠭᠴᠡᠭᠡ ᠱᠠᠭᠠᠷᠳᠠᠯᠭ᠎ᠠ᠎ᠲᠠᠢ ᠵᠣᠯᠭᠠᠭᠤᠯᠵᠤ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠎ᠤᠨ ᠪᠡᠯᠡ ᠬᠤᠷᠠᠮᠳᠤᠭᠤᠯᠬᠤ ᠡᠪᠡᠷᠰᠢᠶᠡᠯ᠎ᠢ ᠰᠢᠢᠳᠪᠦᠷᠢᠯᠡᠵᠦ᠂ ᠠᠵᠤ ᠠᠬᠤᠢᠯᠠᠯ᠎ᠤᠨ ᠬᠢᠯᠢ ᠠᠯᠤᠰᠯᠠᠭᠰᠠᠨ ᠠᠷᠠᠯᠵᠢᠶᠠᠨ᠎ᠤ ᠠᠵᠠ ᠲᠣᠬᠢᠶᠠᠯ᠎ᠢ ᠠᠮᠵᠢᠬᠤ᠎ᠳᠤ ᠬᠦᠴᠦᠨ ᠨᠡᠮᠡᠷᠢᠯᠡᠵᠦ ᠪᠤᠢ᠃
ᠥᠪᠥᠷ ᠮᠣᠩᠭᠣᠯ᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠲᠠᠯᠠᠪᠠᠶ᠎ᠪᠠᠷ ᠬᠠᠮᠤᠭ᠎ᠤᠨ ᠶᠡᠬᠡ ᠬᠡᠰᠡᠭ ᠪᠣᠯᠤᠭᠰᠠᠨ ᠬᠥᠬᠡᠡᠡᠣᠲᠠ ᠢ᠋ᠢᠨ ᠬᠡᠰᠡᠭ᠎ᠤᠨ ᠶᠡᠷᠦᠩᠬᠡᠢ ᠲᠠᠯᠠᠪᠠᠢ ᠨᠢ 76.28 ᠲᠡᠭᠰᠢ ᠳᠥᠷᠪᠡᠯᠵᠢᠨ ᠺᠢᠯᠤᠮᠸᠲᠷ ᠪᠤᠢ᠃ ᠬᠥᠬᠡᠡᠡᠣᠲᠠ᠎ᠶᠢᠨ ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ ᠨᠢ ᠬᠡᠰᠡᠭ ᠲᠤᠭᠤᠷᠢᠭ᠎ᠤᠨ ᠢ᠋ᠢᠡᠨ ᠤᠯᠤᠰ᠎ᠤᠨ ᠲᠠᠰ᠎ᠤᠨ ᠭᠤᠷᠪᠠᠨ ᠲᠠᠪᠴᠠᠩ᠎ᠤᠨ ᠨᠢᠭᠡ ᠨᠢ ᠪᠣᠯᠵᠤ ᠣᠲᠣ᠌ ᠨᠢᠭᠡᠨᠲᠡ 400 ᠭᠠᠷᠤᠢ ᠠᠵᠤ ᠠᠬᠤᠢᠯᠠᠯ ᠢ᠋ ᠰᠠᠭᠤᠷᠢᠰᠢᠭᠤᠯᠤᠬᠰᠠᠨ ᠪᠦᠭᠡᠳ 2025 ᠣᠨ᠎ᠤ ᠭᠠᠳᠠᠭᠠᠳᠤ ᠠ᠋ᠴᠠ ᠣᠷᠣᠭᠤᠯᠵᠤ ᠭᠠᠳᠠᠭᠠᠳᠤ᠎ᠳᠤ ᠭᠠᠷᠭᠠᠭᠰᠠᠨ ᠪᠥᠬᠥ ᠬᠡᠮᠵᠢᠶ᠎ᠡ 107.88 ᠳ᠋ᠦᠩᠰᠢᠭᠤᠷ ᠲᠥᠭᠥᠷᠢᠭ ᠲᠤ᠌ ᠬᠦᠷᠴᠡᠢ᠃
ᠥᠪᠥᠷ ᠮᠣᠩᠭᠣᠯ᠎ᠤᠨ ᠬᠦᠲᠡᠭᠡ ᠲᠤᠰᠬᠤᠨ᠎ᠤ ᠬᠤᠳᠠᠯᠳᠤᠭᠠᠨ᠎ᠤ ᠪᠠᠩᠬᠢ ᠨᠢ ᠲᠤᠰᠬᠠᠢ ᠮᠥᠩᠭᠥᠨ ᠭᠦᠢᠯᠭᠡᠭᠡᠨ᠎ᠦ ᠦᠢᠯᠡᠴᠢᠯᠡᠭᠡᠨ᠎ᠦ ᠪᠦᠯᠬᠦᠮ᠎ᠢ ᠵᠣᠬᠢᠶᠠᠨ ᠪᠠᠢᠭᠤᠯᠵᠤ᠂ ᠬᠥᠬᠡᠡᠡᠣᠲᠠ᠎ᠶᠢᠨ ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ᠎ᠳᠤ ᠭᠦᠨᠵᠡᠭᠡᠢᠷᠡᠨ ᠲᠤᠬᠠᠢ᠎ᠶᠢᠨ ᠭᠠᠵᠠᠷ ᠲᠤᠨᠢ ᠰᠤᠷᠪᠤᠯᠵᠢᠯᠠᠬᠤ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠭᠠᠳᠠᠭᠠᠳᠤ ᠠᠷᠠᠯᠵᠢᠶᠠᠨ᠎ᠤ ᠠᠵᠤ ᠠᠬᠤᠢᠯᠠᠯ᠂ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ ᠡᠵᠡᠩᠨᠡᠯᠲᠡ᠎ᠶᠢᠨ ᠣᠳᠣᠬᠢ ᠪᠠᠢᠳᠠᠯ᠂ ᠪᠡᠯᠡ ᠮᠥᠩᠭᠥ᠎ᠶᠢᠨ ᠡᠷᠭᠢᠯᠲᠡ᠎ᠶᠢᠨ ᠬᠡᠷᠡᠭᠴᠡᠭᠡ ᠱᠠᠭᠠᠷᠳᠠᠯᠭ᠎ᠠ ᠵᠢᠴᠢ ᠬᠢᠯᠢ ᠠᠯᠤᠰᠯᠠᠭᠰᠠᠨ ᠮᠥᠩᠭᠥᠨ ᠭᠦᠢᠯᠭᠡᠭᠡᠨ᠎ᠦ ᠬᠦᠰᠡᠯ ᠱᠠᠭᠠᠷᠳᠠᠯᠭ᠎ᠠ᠎ᠶᠢ ᠪᠥᠬᠥ ᠲᠠᠯ᠎ᠠ᠎ᠪᠠᠷ ᠪᠠᠢᠴᠠᠭᠠᠨ ᠤᠢᠯᠠᠭᠠᠵᠦ᠂ ᠲᠦᠭᠵᠢᠷᠡᠯ᠎ᠦᠨ ᠴᠡᠭ᠎ᠦᠨ ᠬᠦᠴᠢᠷᠳᠡᠯ᠎ᠢ ᠡᠮᠬᠢᠳᠬᠡᠭᠦ ᠶ᠋ᠢᠨ ᠬᠠᠮᠲᠤ ᠬᠡᠷᠡᠭᠴᠡᠭᠡ ᠱᠠᠭᠠᠷᠳᠠᠯᠭ᠎ᠠ᠎ᠶᠢᠨ ᠡᠬᠡ ᠲᠠᠩᠰᠠ᠎ᠶᠢ ᠪᠠᠢᠭᠤᠯᠪᠠ᠃ ᠡᠭᠦᠨ᠎ᠦ ᠬᠠᠮᠳᠦ ᠲᠣᠭᠲᠠᠮᠠᠯ ᠬᠤᠭᠤᠴᠠᠭ᠎ᠠ᠎ᠲᠠᠢ᠎ᠪᠠᠷ ᠮᠥᠩᠭᠥᠨ ᠭᠦᠢᠯᠭᠡᠭᠡᠨ᠎ᠦ ᠲᠦᠷᠦ᠎ᠶᠢᠨ ᠪᠣᠳᠣᠯᠭ᠎ᠠ᠎ᠶᠢ ᠭᠡᠷ ᠲᠦ᠍ᠨᠢ ᠬᠦᠷᠴᠦ ᠤᠬᠠᠭᠤᠯᠤᠨ ᠲᠠᠢᠯᠪᠤᠷᠢᠯᠠᠬᠤ ᠠᠵᠢᠯᠯᠠᠭ᠎ᠠ ᠥᠷᠨᠢᠭᠦᠯᠵᠦ᠂ 《ᠲᠦᠷᠦ᠎ᠶᠢᠨ ᠪᠣᠳᠣᠯᠭ᠎ᠠ᠂ ᠦᠢᠯᠡᠴᠢᠯᠡᠭᠡ᠂ ᠲᠥᠰᠥᠯ》 ᠢ᠋ ᠠᠵᠤ ᠠᠬᠤᠢᠯᠠᠯ᠎ᠳᠤ ᠰᠢᠭᠤᠳ ᠬᠦᠷᠭᠡᠵᠦ᠂ ᠪᠠᠩᠬᠢ ᠪᠣᠯᠣᠨ ᠠᠵᠤ ᠠᠬᠤᠢᠯᠠᠯ ᠤ᠋ᠨ ᠥᠨᠳᠥᠷ ᠪᠦᠲᠦᠮᠵᠢᠲᠡᠢ ᠪᠡᠷ ᠨᠡᠪᠲᠡᠷᠡᠯᠴᠡᠬᠦ ᠬᠥᠭᠥᠷᠭᠡ᠎ᠶᠢ ᠪᠠᠢᠭᠤᠯᠵᠠᠢ᠃ ᠬᠦᠷᠢᠶᠡᠯᠡᠩ ᠲᠣᠭᠣᠷᠢᠭ᠋ ᠤ᠋ᠨ ᠠᠵᠤ ᠠᠬᠤᠢᠯᠠᠯ᠎ᠤᠨ ᠪᠡᠯᠡ ᠮᠥᠩᠭᠥ᠎ᠶᠢᠨ ᠬᠡᠷᠡᠭᠴᠡᠭᠡ ᠪᠠᠴᠢᠮ᠂ ᠡᠷᠭᠢᠯᠲᠡ ᠲᠦᠷᠭᠡᠨ ᠪᠠᠢᠬᠤ ᠣᠨᠴᠠᠯᠢᠭ᠋᠎ᠲᠤ ᠴᠢᠭᠯᠡᠭᠦᠯᠦᠨ᠂ ᠲᠣᠰ ᠪᠠᠩᠬᠢ ᠪᠠᠰᠠ ᠢᠲᠡᠭᠡᠮᠵᠢᠲᠦ ᠵᠢᠭᠡᠯᠡᠯᠭᠡ᠎ᠶᠢᠨ ᠲᠤᠬᠠᠢᠯᠠᠭᠰᠠᠨ ᠠᠵᠢᠯ ᠤ᠋ᠨ ᠰᠢᠭᠤᠳ ᠨᠡᠪᠲᠡᠷᠡᠬᠦ ᠬᠢᠨᠠᠨ ᠵᠥᠪᠰᠢᠶᠡᠷᠡᠬᠦ ᠵᠠᠮ᠎ᠢ ᠨᠡᠭᠡᠭᠡᠵᠦ᠂ ᠲᠡᠰ ᠲᠠᠷᠠᠭᠠᠯᠠᠯ᠎ᠢ ᠰᠢᠯᠢᠳᠡᠭᠵᠢᠭᠦᠯᠦᠨ᠂ ᠭᠣᠭᠴᠣᠭ᠎ᠠ᠎ᠶᠢ ᠴᠣᠮᠬᠠᠳᠬᠠᠵᠤ᠂ ᠴᠠᠭ᠎ᠤᠨ ᠬᠢᠵᠠᠭᠠᠷ᠎ᠢ ᠪᠠᠭᠠᠰᠬᠠᠨ᠂ ᠠᠵᠤ ᠠᠬᠤᠢᠯᠠᠯ᠎ᠤᠨ ᠵᠢᠭᠡᠯᠡᠯᠭᠡ ᠭᠤᠶᠤᠴᠢᠯᠠᠬᠤ᠂ ᠬᠢᠷᠢ ᠬᠡᠮ᠎ᠢ ᠬᠢᠨᠠᠨ ᠬᠠᠷᠭᠤᠭᠤᠯᠬᠤ᠂ ᠢᠲᠡᠭᠡᠮᠵᠢ ᠣᠯᠭᠣᠬᠤ᠎ᠶᠢ ᠬᠢᠨᠠᠨ ᠵᠥᠪᠰᠢᠶᠡᠷᠡᠬᠦ᠂ ᠪᠡᠯᠡ ᠮᠥᠩᠭᠥ᠎ᠶᠢᠨ ᠵᠢᠭᠡᠯᠡᠯᠭᠡ ᠲᠠᠯᠪᠢᠬᠤ᠎ᠶᠢ ᠤᠷᠢᠳ᠎ᠢᠶᠠᠷ ᠭᠦᠢᠴᠡᠳᠬᠡᠬᠦ᠂ ᠲᠦᠷᠭᠡᠨ ᠭᠦᠢᠴᠡᠳᠬᠡᠵᠦ ᠳᠠᠭᠤᠰᠬᠠᠬᠤ᠎ᠶᠢ ᠬᠡᠷᠡᠭᠵᠢᠭᠦᠯᠵᠦ᠂ ᠪᠡᠯᠡ ᠬᠤᠷᠠᠮᠳᠤᠭᠤᠯᠬᠤ ᠦᠶᠡᠯᠡᠯ᠎ᠦᠨ ᠬᠤᠭᠤᠴᠠᠭ᠎ᠠ᠎ᠶᠢ ᠬᠠᠮᠤᠭ᠎ᠤᠨ ᠶᠡᠬᠡ ᠬᠡᠮᠵᠢᠶ᠎ᠡ᠎ᠪᠡᠷ ᠪᠣᠭᠣᠨᠢᠰᠬᠠᠪᠠ᠃