7 ᠰᠠᠷ᠎ᠠ᠎ᠶᠢᠨ 28᠎ᠤ᠋ ᠡᠳᠦᠷ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠎ᠡᠴᠡ ᠬᠤᠷᠠᠯᠳᠤᠭᠤᠯᠤᠬᠰᠠᠨ 2026 ᠤᠮᠠᠷᠠᠲᠤ ᠬᠢᠯᠢ᠎ᠶᠢᠨ ᠨᠣᠮ᠎ᠤᠨ ᠦᠵᠡᠰᠬᠦᠯᠡᠩ᠎ᠦᠨ ᠰᠣᠨᠢᠨ ᠮᠡᠳᠡᠭᠡ ᠨᠡᠢᠲᠡᠯᠡᠬᠦ ᠬᠤᠷᠠᠯ ᠡᠴᠡ ᠤᠢᠯᠠᠭᠠᠬᠰᠠᠨ ᠢ᠋ᠢᠡᠷ᠂ 2026 ᠤᠮᠠᠷᠠᠲᠦ ᠬᠢᠯᠢ ᠢ᠋ᠢᠨ ᠨᠤᠮ᠎ᠤᠨ ᠦᠵᠡᠰᠭᠦᠯᠡᠩ 8 ᠰᠠᠷ᠎ᠠ᠎ᠶᠢᠨ 13 ᠡᠴᠡ 17 ᠤ᠋ ᠡᠳᠦᠷ ᠪᠣᠯᠲᠠᠯ᠎ᠠ ᠦᠪᠦᠷ ᠮᠤᠩᠭᠤᠯ᠎ᠤᠨ ᠤᠯᠠᠨ ᠤᠯᠤᠰ᠎ᠤᠨ ᠦᠵᠡᠰᠭᠦᠯᠡᠩ᠎ᠤᠨ ᠲᠦᠪ ᠲᠸ᠋ ᠶᠠᠪᠤᠬᠲᠠᠬᠤ ᠪᠤᠯᠤᠨ᠎ᠠ᠃
ᠲᠤᠰ ᠬᠤᠭᠤᠴᠠᠭᠠᠨ᠎ᠤ ᠨᠣᠮ᠎ᠤᠨ ᠦᠵᠡᠰᠬᠦᠯᠡᠩ᠎ᠢ ᠥᠪᠥᠷ ᠮᠣᠩᠭᠣᠯ᠎ᠤᠨ ᠨᠣᠮ ᠰᠡᠳᠬᠦᠯ ᠲᠠᠷᠬᠠᠭᠠᠬᠤ ᠠᠵᠢᠯ ᠲᠥᠷᠥᠯ᠎ᠦᠨ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ ᠬᠠᠮᠲᠤᠷᠠᠨ ᠳᠠᠭᠠᠭᠠᠴᠢᠯᠠᠨ ᠡᠷᠭᠢᠯᠡᠨ᠎ᠡ᠃ ᠭᠣᠣᠯ ᠬᠤᠷᠠᠯ᠎ᠤᠨ ᠲᠠᠯᠠᠪᠠᠢ ᠨᠢ 18000 ᠲᠡᠭᠰᠢ ᠳᠥᠷᠪᠡᠯᠵᠢᠨ ᠮᠸᠲᠷ ᠪᠠᠢᠵᠤ᠂ 《ᠦᠨᠡᠨ ᠶᠣᠰᠣᠨ᠎ᠤ ᠭᠡᠷᠡᠯ ᠭᠢᠯᠪᠠᠭ᠎ᠠ》ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋᠂《ᠤᠩᠰᠢᠨ ᠤᠢᠯᠠᠭᠠᠬᠤᠢ ᠥᠪᠥᠷ ᠮᠣᠩᠭᠣᠯ》ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋᠂ ᠤᠯᠠᠨ ᠨᠡᠶ᠋ᠢᠲᠡ᠎ᠶᠢᠨ ᠬᠡᠪᠯᠡᠯ᠎ᠦᠨ ᠬᠣᠷᠢᠶ᠎ᠠ᠎ᠶᠢᠨ ᠦᠵᠡᠭᠦᠯᠭᠡ᠎ᠶᠢᠨ ᠲᠣᠭᠣᠷᠢᠭ᠋᠂ ᠪᠠᠭᠠᠴᠤᠳ ᠬᠡᠦᠬᠡᠳ᠎ᠦᠨ ᠬᠡᠪᠯᠡᠯ᠎ᠦᠨ ᠬᠣᠷᠢᠶ᠎ᠠ᠎ᠶᠢᠨ ᠦᠵᠡᠭᠦᠯᠭᠡ᠎ᠶᠢᠨ ᠲᠣᠭᠣᠷᠢᠭ᠋᠂ ᠣᠶᠤᠨᠲᠤ ᠰᠤᠷᠭᠠᠨ ᠬᠥᠮᠦᠵᠢᠯ᠎ᠦᠨ ᠦᠢᠯᠡᠴᠢᠯᠡᠭᠡᠨ᠎ᠦ ᠦᠵᠡᠭᠦᠯᠭᠡ᠎ᠶᠢᠨ ᠲᠣᠭᠣᠷᠢᠭ᠋᠂ ᠰᠣᠶᠣᠯ ᠵᠢᠭᠤᠯᠴᠢᠯᠠᠯ ᠰᠣᠶᠣᠯ᠎ᠤᠨ ᠪᠦᠲᠦᠭᠡᠯᠴᠢ ᠪᠦᠲᠦᠭᠡᠭᠲᠡᠭᠦᠨᠢ᠋ ᠠᠭᠤᠰᠤᠯᠴᠠᠭᠤᠯᠬᠤ ᠦᠵᠡᠭᠦᠯᠭᠡ᠎ᠶᠢᠨ ᠲᠣᠭᠣᠷᠢᠭ᠋ ᠵᠡᠷᠭᠡ ᠵᠢᠷᠭᠤᠭᠠᠨ ᠲᠣᠮᠣ᠌ ᠬᠡᠰᠡᠭ᠎ᠢ ᠲᠤᠬᠢᠷᠠᠭᠤᠯᠤᠨ᠎ᠠ᠃ ᠨᠣᠮ᠎ᠤᠨ ᠦᠵᠡᠰᠭᠦᠯᠡᠩ ᠨᠢ《1+2+N》 ᠬᠣᠯᠪᠤᠭᠠᠯᠠᠨ ᠬᠥᠳᠡᠯᠦᠯᠴᠡᠬᠦ ᠵᠠᠭᠪᠤᠷ᠎ᠢ ᠬᠡᠷᠡᠭᠯᠡᠨ᠂ ᠬᠥᠬᠡᠬᠣᠲᠠ᠎ᠳᠤ ᠭᠣᠣᠯ ᠬᠤᠷᠠᠯ᠎ᠤᠨ ᠲᠠᠯᠠᠪᠠᠶ ᠲᠤᠬᠢᠷᠠᠭᠤᠯᠤᠨ᠂ ᠣᠷᠳᠣᠰ ᠬᠤᠳᠠ᠂ ᠬᠢᠩᠭᠠᠨ ᠠᠢᠮᠠᠭ᠎ᠲᠤ ᠬᠤᠪᠢᠶᠠᠷᠢ ᠬᠤᠷᠠᠯ᠎ᠤᠨ ᠲᠠᠯᠠᠪᠠᠶ ᠲᠤᠬᠢᠷᠠᠭᠤᠯᠵᠦ᠂ ᠪᠤᠰᠤᠳ ᠠᠢᠮᠠᠭ ᠬᠣᠲᠠ ᠵᠢᠴᠢ ᠰᠦᠯᠵᠢᠶᠡᠨ ᠳᠡᠭᠡᠷᠡᠬᠢ ᠲᠠᠪᠴᠠᠩ ᠲᠠᠢ ᠬᠣᠯᠪᠤᠭᠠᠯᠠᠨ ᠥᠷᠨᠢᠭᠦᠯᠵᠦ᠂ ᠪᠥᠬᠥ ᠬᠦᠷᠢᠶ᠎ᠡ ᠴᠠᠷᠠᠭ᠎ᠠ᠎ᠵᠢ ᠪᠦᠷᠬᠦᠭᠦᠯᠦᠨ᠎ᠡ᠃ ᠨᠤᠮ᠎ᠤᠨ ᠦᠵᠡᠰᠭᠦᠯᠡᠩᠳᠤ 300 ᠭᠠᠷᠤᠢ ᠬᠡᠪᠯᠡᠯ᠎ᠦᠨ ᠬᠣᠷᠢᠶ᠎ᠠ᠎ᠶᠢᠨ 10 ᠲᠦᠮᠡ ᠭᠠᠷᠤᠢ ᠲᠦᠷᠦᠯ᠎ᠦᠨ ᠰᠣᠳᠣᠨ ᠨᠣᠮ ᠵᠢᠴᠢ ᠰᠣᠶᠣᠯ᠎ᠤᠨ ᠪᠦᠲᠦᠭᠡᠭᠳᠡᠬᠦᠨ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠭᠣᠣᠯ ᠰᠡᠳᠦᠪᠲᠦ ᠬᠡᠪᠯᠡᠯ᠂ ᠡᠷᠳᠡᠮ ᠰᠢᠨᠵᠢᠯᠡᠭᠡᠨ᠎ᠦ ᠲᠤᠰᠬᠠᠢ ᠪᠦᠲᠦᠭᠡᠯ᠂ ᠤᠯᠠᠨ ᠨᠡᠶ᠋ᠢᠲᠡ᠎ᠶᠢᠨ ᠤᠩᠰᠢᠬᠤ ᠪᠢᠴᠢᠭ᠂ ᠪᠠᠭᠠᠴᠤᠳ ᠬᠡᠦᠬᠡᠳ᠎ᠦᠨ ᠤᠩᠰᠢᠬᠤ ᠪᠢᠴᠢᠭ ᠵᠡᠷᠭᠡ ᠪᠦᠬᠦ ᠲᠦᠷᠦᠯ ᠵᠦᠢᠯ᠎ᠢ ᠬᠠᠮᠤᠷᠴᠤ᠂ ᠵᠠᠭᠤᠨ ᠲᠦᠮᠡ ᠭᠠᠷᠤᠢ ᠳᠡᠪᠲᠡᠷ ᠰᠢᠯᠢᠳᠡᠭ ᠤᠩᠰᠢᠬᠤ ᠪᠢᠴᠢᠭ᠎ᠢ ᠳᠡᠯᠭᠡᠨ ᠦᠵᠡᠭᠦᠯᠬᠦ ᠪᠤᠯᠤᠨ᠎ᠠ᠃
ᠲᠤᠰ ᠬᠤᠭᠤᠴᠠᠭᠠᠨ᠎ᠤ ᠨᠤᠮ᠎ᠤᠨ ᠦᠵᠡᠰᠭᠦᠯᠡᠩ᠎ᠳᠡᠬᠢ 《ᠦᠨᠡᠨ ᠶᠣᠰᠣᠨ᠎ᠤ ᠭᠡᠷᠡᠯ ᠭᠢᠯᠪᠠᠭ᠎ᠠ》 ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋ ᠲᠸ᠋ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠣᠬᠢᠶᠠᠯ ᠪᠦᠲᠦᠭᠡᠯ ᠵᠢᠴᠢ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠰᠤᠳᠤᠯᠤᠨ ᠲᠠᠢᠯᠪᠤᠷᠢᠯᠠᠭᠰᠠᠨ ᠰᠢᠯᠢᠳᠡᠭ ᠬᠡᠪᠯᠡᠯ᠎ᠦᠨ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠦᠨ᠎ᠡ; 《ᠤᠩᠰᠢᠨ ᠤᠢᠯᠠᠭᠠᠬᠤᠢ ᠥᠪᠥᠷ ᠮᠣᠩᠭᠣᠯ》 ᠭᠣᠣᠯ ᠰᠡᠳᠦᠪᠲᠦ ᠦᠵᠡᠭᠦᠯᠭᠡ᠎ᠶᠢᠨ ᠲᠣᠭᠣᠷᠢᠭ᠋᠎ᠲᠤ ᠮᠤᠨᠢ ᠠᠭᠤᠯᠠ᠎ᠶᠢᠨ ᠬᠠᠲᠠᠨ ᠵᠢᠷᠤᠭ᠂ ᠡᠷᠲᠡᠨ᠎ᠦ ᠨᠣᠮ ᠰᠤᠳᠤᠷ᠂ 《ᠥᠪᠥᠷ ᠮᠣᠩᠭᠣᠯ᠎ᠤᠨ ᠰᠣᠶᠣᠯ᠎ᠤᠨ ᠬᠥᠮᠥᠷᠭᠡ》 ᠵᠡᠷᠭᠡ ᠰᠣᠶᠣᠯ᠎ᠤᠨ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠨᠣᠮ ᠪᠢᠴᠢᠭ᠎ᠢᠶᠡᠷ ᠵᠠᠭᠤᠴᠢ ᠪᠣᠯᠭᠠᠨ᠂ ᠰᠤᠳᠤᠯᠭᠠᠨ᠎ᠤ ᠲᠤᠰᠬᠠᠢ ᠪᠦᠲᠦᠭᠡᠯ᠂ ᠳᠦᠷᠰᠦ ᠰᠢᠩᠭᠡᠭᠡᠯᠲᠡ᠎ᠶᠢᠨ ᠮᠠᠲᠧᠷᠢᠶᠠᠯ᠂ ᠲᠡᠦᠬᠡ᠎ᠶᠢᠨ ᠳᠤᠷᠠᠰᠬᠠᠯᠲᠤ ᠵᠦᠢᠯᠡᠰ ᠵᠡᠷᠭᠡ ᠣᠯᠠᠨ ᠵᠦᠢᠯ᠎ᠦᠨ ᠬᠡᠯᠪᠡᠷᠢ᠎ᠪᠡᠷ ᠥᠪᠥᠷ ᠮᠣᠩᠭᠣᠯ᠎ᠤᠨ ᠥᠨᠢ ᠤᠳᠠᠭᠠᠨ ᠤᠯᠠᠮᠵᠢᠯᠠᠯ᠎ᠲᠠᠢ ᠰᠣᠶᠣᠯ᠎ᠤᠨ ᠬᠥᠭᠵᠢᠯᠲᠡ᠎ᠶᠢᠨ ᠵᠢᠷᠤᠭ ᠳᠦᠷᠰᠦ᠎ᠶᠢ ᠰᠢᠰᠲᠧᠮ᠎ᠲᠠᠢ ᠢᠯᠡᠷᠡᠭᠦᠯᠦᠨ᠎ᠡ; ᠭᠣᠣᠯ ᠬᠤᠷᠠᠯ᠎ᠤᠨ ᠲᠠᠯᠠᠪᠠᠢ᠎ᠳᠤ 40 ᠭᠠᠷᠤᠢ ᠲᠠᠯᠠᠪᠠᠢ ᠰᠣᠶᠣᠯ᠎ᠤᠨ ᠠᠵᠢᠯᠯᠠᠭ᠎ᠠ᠎ᠶᠢ ᠨᠠᠷᠢᠨ ᠨᠢᠮᠪᠠᠢ ᠤᠬᠠᠭᠠᠯᠠᠵᠤ᠂ ᠳᠤᠮᠳᠠᠳᠤ ᠤᠯᠤᠰ᠎ᠤᠨ ᠨᠣᠮ ᠰᠡᠳᠬᠦᠯ ᠲᠠᠷᠬᠠᠭᠠᠬᠤ ᠠᠵᠢᠯ ᠲᠦᠷᠦᠯ᠎ᠦᠨ ᠨᠡᠢᠭᠡᠮᠯᠢᠭ᠎ᠦᠨ ᠪᠠᠭᠠᠴᠤᠳ ᠬᠡᠦᠬᠡᠳ᠎ᠦᠨ ᠤᠩᠰᠢᠯᠭ᠎ᠠ᠎ᠳᠤ ᠲᠠᠨᠢᠯᠴᠠᠭᠤᠯᠬᠤ ᠨᠣᠮ᠎ᠤᠨ ᠭᠠᠷᠴᠠᠭ᠎ᠢ ᠨᠡᠢᠲᠡᠯᠡᠬᠦ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠎ᠦᠨ ᠠᠩᠬᠠᠨ᠎ᠤ ᠢᠵᠢ ᠵᠠᠬᠢᠶᠠᠯᠠᠨ ᠦᠢᠯᠡᠳᠦᠭᠰᠡᠨ ᠨᠣᠮ ᠪᠢᠴᠢᠭ᠎ᠢ ᠠᠩᠬ᠎ᠠ ᠲᠠᠷᠬᠠᠭᠠᠬᠤ᠂ ᠮᠠᠨ᠎ᠤ ᠣᠷᠣᠨ᠎ᠤ ᠠᠩᠬᠠᠨ᠎ᠤ ᠢᠵᠢ《ᠥᠪᠥᠷ ᠮᠣᠩᠭᠣᠯ᠎ᠤᠨ ᠪᠠᠭᠠᠴᠤᠳ᠎ᠤᠨ ᠬᠣᠰᠢᠭᠤᠴᠢ ᠠᠩᠭᠢ᠎ᠶᠢᠨ ᠠᠵᠢᠯᠯᠠᠭ᠎ᠠ᠎ᠶᠢᠨ ᠵᠢᠯᠤᠭᠣᠳᠬᠤ ᠭᠠᠷ ᠳᠡᠪᠲᠡᠷ》 ᠢ᠋ ᠲᠠᠷᠬᠠᠭᠠᠬᠤ᠂ 《ᠳᠤᠮᠳᠠᠳᠤ᠎ᠪᠠᠨ ᠬᠠᠮᠲᠤ᠎ᠪᠠᠷ ᠮᠠᠭᠲᠠᠨ ᠳᠠᠭᠤᠯᠠᠬᠤ》 ᠰᠢᠯᠢᠳᠡᠭ ᠪᠦᠲᠦᠭᠡᠯ᠎ᠦᠨ ᠦᠵᠡᠭᠦᠯᠭᠡ ᠲᠣᠭᠯᠠᠯᠲᠠ ᠵᠡᠷᠭᠡ ᠴᠢᠬᠤᠯᠠ ᠠᠭᠤᠯᠭ᠎ᠠ᠎ᠶᠢ ᠪᠠᠭᠲᠠᠭᠠᠵᠦ᠂ ᠬᠤᠪᠢᠶᠠᠷᠢ ᠬᠤᠷᠠᠯ᠎ᠤᠨ ᠲᠠᠯᠠᠪᠠᠢ᠎ᠳᠤ ᠵᠠᠭᠤ ᠰᠢᠬᠠᠮ ᠲᠠᠯᠠᠪᠠᠢ ᠭᠣᠣᠯ ᠰᠡᠳᠦᠪᠲᠦ ᠠᠵᠢᠯᠯᠠᠭ᠎ᠠ᠎ᠶᠢ ᠵᠡᠷᠭᠡ ᠪᠡᠷ ᠥᠷᠨᠢᠭᠦᠯᠦᠨ᠎ᠡ; 30 ᠭᠠᠷᠤᠢ ᠵᠣᠬᠢᠶᠠᠯᠴᠢ ᠨᠡᠷᠡᠳᠦ ᠬᠥᠮᠥᠰ᠂ ᠰᠢᠨ᠎ᠡ ᠨᠣᠮ ᠨᠡᠢᠲᠡᠯᠡᠬᠦ ᠬᠤᠷᠠᠯ᠂ ᠤᠩᠰᠢᠭ᠍ᠴᠢᠳ᠎ᠲᠠᠢ ᠠᠭᠤᠯᠵᠠᠬᠤ ᠬᠤᠷᠠᠯ᠂ ᠭᠠᠷᠤᠨ ᠦᠰᠦᠭ ᠵᠢᠷᠤᠵᠤ ᠬᠤᠳᠠᠯᠳᠤᠬᠤ ᠬᠤᠷᠠᠯ᠂ ᠠᠭᠤᠯᠭ᠎ᠠ ᠪᠠᠨ ᠬᠤᠪᠢᠶᠠᠯᠴᠠᠬᠤ ᠬᠤᠷᠠᠯ ᠵᠡᠷᠭᠡ ᠬᠡᠯᠪᠡᠷᠢ᠎ᠪᠡᠷ ᠤᠩᠰᠢᠭ᠍ᠴᠢᠳ᠎ᠲᠠᠢ ᠨᠢᠭᠤᠷᠳᠠᠨ ᠶᠠᠷᠢᠯᠴᠠᠵᠤ᠂ ᠰᠠᠨᠠᠯ᠎ᠢᠶᠠᠨ ᠰᠣᠯᠢᠯᠴᠠᠨᠡ; ᠣᠶᠤᠨᠲᠤ ᠰᠤᠷᠭᠠᠨ ᠬᠥᠮᠦᠵᠢᠯ᠎ᠦᠨ ᠦᠢᠯᠡᠴᠢᠯᠡᠭᠡᠨ᠎ᠦ ᠦᠵᠡᠭᠦᠯᠭᠡ᠎ᠶᠢᠨ ᠲᠣᠭᠣᠷᠢᠭ᠋ ᠨᠢ ᠰᠤᠷᠤᠯᠭ᠎ᠠ᠎ᠶᠢᠨ ᠬᠤᠭᠤᠴᠠᠭ᠎ᠠ ᠠᠯᠤᠰᠯᠠᠨ ᠤᠩᠰᠢᠯᠭ᠎ᠠ᠎ᠶᠢᠨ ᠬᠡᠪ ᠪᠣᠯᠪᠠᠰᠤᠷᠠᠯ᠎ᠢ ᠬᠥᠮᠥᠵᠢᠭᠦᠯᠬᠦ᠎ᠳᠦ ᠲᠤᠰᠬᠠᠢ ᠮᠡᠷᠭᠡᠵᠢᠯ᠎ᠦᠨ ᠲᠤᠯᠭᠠᠭᠤᠷᠢᠯᠠᠯ ᠬᠠᠩᠭᠠᠨ᠎ᠠ᠃ ᠰᠣᠶᠣᠯ ᠵᠢᠭᠤᠯᠴᠢᠯᠠᠯ ᠰᠤᠶᠤᠯ᠎ᠤᠨ ᠪᠦᠲᠦᠭᠡᠯᠴᠢ ᠪᠦᠲᠦᠭᠡᠭᠲᠡᠭᠦᠨ ᠢ᠋ ᠠᠭᠤᠰᠤᠯᠴᠠᠭᠤᠯᠬᠤ ᠦᠵᠡᠭᠦᠯᠭᠡ ᠢ᠋ᠢᠨ ᠲᠤᠭᠤᠷᠢᠭ ᠨᠢ ᠨᠣᠮ᠎ᠤᠨ ᠦᠵᠡᠰᠭᠦᠯᠡᠩ ᠢ᠋ ᠵᠢᠭᠤᠯᠴᠢᠯᠠᠵᠦ ᠪᠤᠯᠬᠤ᠂ ᠠᠮᠠᠷᠠᠵᠦ ᠪᠤᠯᠬᠤ ᠶᠡᠷᠦᠩᠬᠡᠢᠯᠡᠭᠰᠡᠨ ᠴᠢᠨᠠᠷᠲᠠᠢ ᠰᠣᠶᠣᠯ᠎ᠤᠨ ᠣᠷᠣᠨ ᠵᠠᠢ ᠪᠣᠯᠭᠠᠨ ᠲᠡᠰ ᠲᠡᠪᠰᠢᠭᠦᠯᠦᠨ᠎ᠡ;ᠰᠦᠯᠵᠢᠶᠡᠨ ᠲᠡᠭᠡᠷ᠎ᠡ ᠪᠠ ᠲᠤᠬᠠᠢ ᠢ᠋ᠢᠨ ᠲᠠᠯᠠᠪᠠᠢ᠎ᠳᠤ ᠪᠠᠰᠠ ᠵᠠᠭᠤᠨ ᠲᠦᠮᠡᠨ ᠲᠥᠭᠥᠷᠢᠭ᠎ᠦᠨ ᠰᠣᠶᠣᠯ᠎ᠢᠶᠠᠷ ᠠᠷᠠᠳ᠎ᠲᠤ ᠠᠰᠢᠭ᠋ ᠬᠦᠷᠲᠡᠭᠡᠬᠦ ᠬᠡᠷᠡᠭᠯᠡᠭᠡᠨ᠎ᠦ ᠲᠡᠮᠳᠡᠭᠲᠦ᠎ᠶᠢ ᠲᠠᠷᠬᠠᠭᠠᠬᠤ ᠪᠤᠯᠤᠨ᠎ᠠ᠃