ᠥᠷᠭᠡᠨ ᠣᠯᠠᠨ ᠡᠮᠴᠢᠯᠡᠭᠡᠨ᠎ᠤ ᠠᠵᠢᠯᠲᠠᠨ᠎ᠤ ᠡᠩᠨᠡᠭᠡᠨ᠎ᠳᠤ ᠪᠤᠰᠤᠳ᠎ᠤᠨ ᠠᠮᠢ ᠨᠠᠰᠤ ᠡᠷᠡᠬᠦᠯ ᠮᠡᠨᠳᠦ᠍᠎ᠶ᠋ᠢᠨ ᠲᠦᠯᠦᠭᠡ ᠵᠢᠳᠬᠦᠵᠤ᠂ ᠨᠡᠷ᠎ᠡ ᠠᠯᠳᠠᠷ᠎ᠢᠶᠠᠨ ᠳᠠᠭᠤᠷᠢᠰᠤᠭᠤᠯᠵᠤ ᠶᠠᠪᠤᠭ᠎ᠠ ᠦᠢᠯᠡᠰᠴᠢ ᠡᠮᠡᠭ᠌ᠲᠠᠢᠴᠤᠳ ᠮᠤᠩ ᠦᠭᠡᠢ ᠤᠯᠠᠨ ᠪᠠᠢᠳᠠᠭ᠃ ᠲᠡᠳᠡ ᠡᠮᠴᠢᠯᠡᠭᠡᠨ᠎ᠤ ᠡᠮᠦᠨ᠎ᠡ ᠹᠷᠣᠨᠲ᠎ᠲᠤ ᠪᠤᠷᠪᠢ ᠪᠤᠬᠢᠰᠭᠢᠯ ᠦᠭᠡᠢ ᠴᠢᠷᠮᠠᠢᠨ ᠠᠵᠢᠯᠯᠠᠵᠣ᠂ ᠪᠤᠰᠤᠳ᠎ᠠᠴᠠ ᠤᠷᠤᠢᠯᠠᠭ᠍ᠰᠠᠨ ᠡᠮᠴᠢᠯᠡᠭᠡᠨ᠎ᠤ ᠮᠡᠷᠭᠡᠵᠢᠯ᠎ᠢᠶᠠᠷ᠎ᠢᠶᠠᠨ ᠡᠪᠡᠳᠴᠢᠲᠡᠨ᠎ᠤ ᠵᠤᠪᠠᠯᠠᠩ᠎ᠢ ᠨᠢᠮᠬᠡᠯᠡᠵᠤ ᠠᠮᠢ ᠨᠠᠰᠤ᠎ᠶ᠋ᠢ᠎ᠨᠢ ᠠᠪᠤᠷᠠᠳᠠᠭ ᠪᠦᠭᠡᠳ ᠡᠮ ᠡᠮᠨᠡᠯᠭᠡ᠎ᠶ᠋ᠢᠨ ᠮᠡᠷᠭᠡᠵᠢᠯ᠎ᠢ ᠤᠯᠠᠮᠵᠢᠯᠠᠨ ᠬᠦᠭ᠌ᠵᠢᠬᠦᠯᠵᠤ᠂ ᠡᠮᠴᠢ ᠬᠦᠮᠦᠨ᠎ᠤ ᠠᠷᠢᠭᠤᠨ ᠳᠤᠱᠢᠶᠠᠯ᠎ᠢᠶᠠᠨ ᠬᠦᠢᠴᠡᠳᠭᠡᠭ᠌ᠰᠡᠭᠡᠷ ᠢᠷᠡᠵᠠᠢ᠃ ᠰᠢᠯᠢ ᠵᠢᠨ ᠭᠤᠤᠯ ᠠᠢᠮᠠᠭ᠎ᠤᠨ ᠬᠥᠪᠡᠭᠡᠲᠦ ᠱᠢᠷ᠎ᠠ ᠬᠤᠱᠢᠭᠤᠨ᠎ᠤ ᠮᠣᠩᠭᠤᠯ ᠡᠮᠨᠡᠯᠭᠡ᠎ᠶ᠋ᠢᠨ ᠬᠤᠷᠢᠶ᠎ᠠ ᠵᠢᠨ ᠳᠡᠳ᠋ ᠳᠠᠷᠤᠭ᠎ᠠ᠂ ᠳᠡᠳ᠋ ᠡᠷᠬᠢᠯᠡᠭ᠌ᠴᠢ ᠡᠮᠴᠢ ᠰᠣᠨᠢᠨᠴᠡᠴᠡᠭ ᠪᠣᠯ ᠳᠠᠷᠤᠶ ᠲᠡᠳᠡᠬᠡᠷ᠎ᠤᠨ ᠲᠣᠳᠣᠷᠡᠬᠢ ᠱᠢᠯᠭᠠᠷᠠᠭ᠍ᠰᠠᠨ ᠲᠥᠯᠥᠭᠡᠯᠡᠭ᠌ᠴᠢ ᠪᠣᠯᠬᠤ ᠶᠣᠮ᠃

ᠰᠣᠨᠢᠨᠴᠡᠴᠡᠭ ᠡᠮᠴᠢ
ᠲᠦᠷᠦᠭᠦᠬᠡᠨ ᠬᠥᠪᠡᠭᠡᠲᠦ ᠱᠢᠷ᠎ᠠ ᠬᠤᠱᠢᠭᠤᠨ᠎ᠤ ᠮᠣᠩᠭᠤᠯ ᠡᠮᠨᠡᠯᠭᠡ᠎ᠶ᠋ᠢᠨ ᠬᠤᠷᠢᠶ᠎ᠠ ᠵᠢᠨ ᠤᠯᠠᠮᠵᠢᠯᠠᠯᠲᠤ ᠵᠠᠰᠠᠯ᠎ᠤᠨ ᠰᠠᠯᠠᠭᠠᠨ᠎ᠳᠤ ᠬᠦᠷᠬᠦ᠌᠎ᠳᠤ ᠰᠣᠨᠢᠨᠴᠡᠴᠡᠭ ᠡᠮᠴᠢ ᠵᠡᠭᠦᠦ ᠲᠥᠭᠡᠨᠡᠯᠭᠡ ᠬᠢᠬᠦ᠂ ᠰᠣᠷᠣᠭᠤᠯ ᠲᠠᠯᠪᠢᠬᠤ ᠵᠡᠷᠭᠡ ᠤᠨᠴᠠᠯᠢᠬ᠍ᠳᠤ ᠮᠣᠩᠭᠤᠯ ᠡᠮᠨᠡᠯᠭᠡ᠎ᠶ᠋ᠢᠨ ᠵᠠᠰᠠᠯ ᠵᠢᠡᠷ ᠡᠪᠡᠳᠴᠢᠲᠡᠨ᠎ᠢ ᠡᠮᠨᠡᠨ ᠵᠠᠰᠠᠵᠦ᠂ ᠣᠨᠣᠱᠢᠯᠠᠨ ᠡᠮᠨᠡᠬᠦ᠌ ᠶᠠᠪᠤᠴᠠ᠎ᠳᠤ ᠡᠪᠡᠳᠴᠢᠲᠡᠨ᠎ᠳᠤ ᠡᠳᠦᠷ ᠳᠤᠳᠤᠮ᠎ᠤᠨ ᠠᠩᠬᠠᠷᠬᠤ ᠵᠦᠢᠯᠡᠰ᠎ᠢ ᠬᠦᠯᠢᠴᠡᠩᠭᠦᠢ ᠨᠢᠮᠪᠠᠢ ᠲᠠᠢᠯᠪᠤᠷᠢᠯᠠᠨ ᠥᠭ᠌ᠴᠦ ᠪᠠᠢᠯ᠎ᠠ᠃ 《ᠨᠠᠮᠠᠶ᠋ᠢ ᠦᠨᠳᠣᠷ ᠲᠣᠮᠳᠠᠳᠣ᠎ᠳᠤ ᠪᠠᠢᠬᠤ᠎ᠳᠤ ᠠᠪᠠᠭ᠎ᠠ ᠡᠵᠢ ᠡᠪᠡᠳᠴᠢᠯᠡᠬᠡᠳ ᠠᠬ᠎ᠠ ᠮᠢᠨᠢ ᠡᠮᠴᠢᠯᠡᠳᠡᠭ ᠪᠠᠢᠬ᠍ᠰᠠᠨ᠂ ᠲᠡᠷᠡ ᠦᠶ᠎ᠡ᠎ᠳᠤ ᠪᠢ ᠬᠠᠪᠰᠣᠷᠣᠬ᠍ᠴᠢᠪᠠᠷ ᠣᠴᠢᠭᠠᠳ᠂ ᠡᠮ ᠪᠣᠭᠤᠬᠤ᠂ ᠡᠮ ᠴᠢᠨᠠᠬᠤ ᠪᠣᠶᠣ ᠣᠯᠠᠮᠵᠢᠯᠠᠯᠳᠣ ᠵᠠᠰᠠᠯ ᠬᠢᠬᠦ᠌ ᠦᠶ᠎ᠠ᠎ᠳᠤᠨᠢ ᠬᠠᠪᠰᠣᠷᠴᠤ ᠪᠠᠢᠭᠠᠳ ᠣᠯᠠᠮᠵᠢᠯᠠᠯᠳᠣ ᠵᠠᠰᠠᠯ᠎ᠳᠤ ᠰᠤᠨᠢᠷᠬᠠᠯ᠎ᠲᠠᠢ ᠪᠣᠯᠣᠬ᠍ᠰᠠᠨ᠃ ᠣᠯᠠᠮᠵᠢᠯᠠᠯᠳᠣ ᠵᠠᠰᠠᠯᠪᠤᠯ ᠡᠮᠴᠢᠯᠡᠬᠦ᠎ᠳᠤ ᠲᠦᠬᠦᠮ᠂ ᠦᠨ᠎ᠡ ᠨᠢ ᠬᠢᠮᠳᠠᠬᠠᠨ᠂ ᠣᠢᠯᠡᠳᠣᠯᠨᠢ ᠰᠠᠢᠨ ᠵᠡᠷᠭᠡ ᠤᠨᠴᠠᠯᠢᠭ᠎ᠲᠠᠢ》 ᠭᠡᠵᠤ ᠰᠣᠨᠢᠨᠴᠡᠴᠡᠭ ᠡᠮᠴᠢ ᠶᠠᠷᠢᠯ᠎ᠠ᠃
ᠰᠣᠨᠢᠨᠴᠡᠴᠡᠭ ᠪᠣᠯ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠤᠯᠬᠤ 《ᠵᠠᠮᠪᠠᠯᠳᠣᠷᠵᠢ᠎ᠶ᠋ᠢᠨ ᠪᠦᠯᠢᠶᠠᠨ ᠬᠠᠳᠭᠤᠭᠤᠷ᠂ ᠭᠠᠯ ᠬᠠᠳᠭᠤᠭᠤᠷ ᠮᠡᠷᠭᠡᠵᠢᠯ》 ᠤ᠋ᠨ ᠤᠯᠠᠮᠵᠢᠯᠠᠭᠴᠢ ᠪᠣᠯᠬᠤ ᠪᠥᠭᠡᠳ ᠪᠠᠰᠠ ᠮᠣᠩᠭᠤᠯ ᠡᠮᠨᠡᠯᠭᠡ᠎ᠶ᠋ᠢᠨ ᠲᠠᠪᠤᠨ ᠵᠠᠰᠠᠯ᠎ᠤᠨ ᠭᠠᠯ ᠬᠠᠳᠭᠤᠭᠤᠷ᠎ᠤᠨ ᠠᠵᠢᠯ᠎ᠤᠨ ᠲᠠᠰᠤᠭ᠎ᠤᠨ ᠲᠠᠪᠤᠳᠤᠭᠠᠷ ᠦᠶ᠎ᠡ᠎ᠶ᠋ᠢᠨ ᠤᠯᠠᠮᠵᠢᠯᠠᠭ᠍ᠴᠢ ᠪᠣᠯᠤᠨ᠎ᠠ᠃ ᠡᠮᠴᠢ ᠪᠣᠯᠣᠬ᠍ᠰᠠᠨ ᠬᠤᠷᠢ ᠭᠠᠷᠤᠢ ᠵᠢᠯ᠎ᠤᠨ ᠲᠤᠷᠰᠢ ᠲᠡᠷᠡ ᠢᠮᠠᠭ᠍ᠲᠠ ᠡᠮᠴᠢᠯᠡᠭᠡᠨ᠎ᠤ ᠡᠮᠦᠨ᠎ᠡ ᠹᠷᠣᠨᠲ᠎ᠲᠤ ᠭᠠᠪᠱᠢᠭᠠᠢᠯᠠᠨ᠂ ᠬᠦᠴᠢᠷ ᠪᠡᠷᠭᠡ᠎ᠶ᠋ᠢ ᠬᠦᠯᠢᠴᠡᠨ ᠲᠡᠰᠪᠦᠷᠢᠯᠡᠵᠦ᠍᠂ ᠡᠭᠦᠷᠭᠡ ᠲᠤᠱᠢᠶᠠᠯ᠎ᠢᠶᠠᠨ ᠬᠢᠴᠢᠶᠡᠩᠭᠦ᠋ᠢᠯᠡᠨ ᠭᠦᠢᠴᠡᠳᠭᠡᠵᠦ᠍᠂ ᠡᠮᠴᠢ ᠬᠦᠮᠣᠨ᠎ᠤ ᠦᠨᠳᠦᠷ ᠪᠤᠯᠪᠠᠰᠤᠷᠠᠯ᠂ ᠡᠨᠡᠷᠢᠩᠭᠦᠢ ᠰᠡᠳᠭᠢᠯ᠎ᠢᠶᠠᠷ ᠡᠪᠡᠳᠴᠢᠲᠡᠨ᠎ᠤ ᠡᠪᠡᠳᠴᠢᠨ ᠡᠮᠭᠡᠭ᠎ᠢ ᠵᠠᠰᠠᠵᠤ ᠡᠳᠡᠭᠡᠷᠡᠭᠦᠯᠦᠨ᠂ ᠱᠢᠯᠢᠳᠡᠭ ᠡᠮᠴᠢᠯᠡᠭᠡᠨ᠎ᠤ ᠮᠡᠷᠭᠡᠵᠢᠯ ᠪᠣᠯᠤᠨ ᠦᠨᠡᠨᠴᠢ ᠦᠢᠯᠡᠴᠢᠯᠡᠭᠡ᠎ᠪᠠᠷ ᠤᠯᠠᠨ ᠲᠦᠮᠡᠨ᠎ᠤ ᠮᠠᠬ᠍ᠳᠠᠭᠠᠯ ᠰᠠᠢᠱᠢᠶᠠᠯ᠎ᠢ ᠣᠯᠣᠬ᠍ᠰᠠᠭᠠᠷ ᠢᠷᠡᠭ᠌ᠰᠠᠨ ᠪᠠᠢᠨ᠎ᠠ᠃

ᠤᠨᠴᠠᠯᠢᠬᠳᠤ ᠮᠤᠩᠭᠤᠯ ᠡᠮᠨᠡᠯᠬᠡ ᠵᠢᠨ ᠵᠠᠰᠠᠯ ᠬᠢᠨ᠎ᠠ
ᠰᠠᠯᠠᠭ᠎ᠠ ᠲᠠᠰᠤᠭ᠎ᠤᠨ ᠭᠤᠤᠯᠯᠠᠭ᠍ᠴᠢ ᠬᠦᠴᠦᠨ᠂ ᠮᠡᠷᠭᠡᠵᠢᠯ᠎ᠤᠨ ᠳᠠᠭᠠᠭᠤᠯᠤᠭ᠍ᠴᠢ ᠪᠤᠯᠤᠭ᠍ᠰᠠᠨ᠎ᠤ ᠬᠤᠪᠢ᠎ᠳᠤ ᠰᠣᠨᠢᠨᠴᠡᠴᠡᠭ ᠬᠠᠮᠲᠦ ᠤᠯᠠᠨ᠎ᠢᠶᠠᠨ ᠲᠠᠭᠠᠭᠤᠯᠤᠨ ᠮᠤᠩᠭᠤᠯ ᠡᠮᠨᠡᠯᠭᠡ᠎ᠶ᠋ᠢᠨ ᠤᠯᠠᠮᠵᠢᠯᠠᠯᠳᠦ ᠡᠮᠴᠢᠯᠡᠭᠡᠨ᠎ᠤ ᠮᠡᠷᠭᠡᠵᠢᠯ᠎ᠤᠨ ᠬᠦᠷᠢᠶ᠎ᠡ ᠴᠠᠷᠠᠭᠠᠨ᠎ᠳᠤ ᠬᠠᠨᠠᠬᠤ᠂ ᠰᠣᠷᠣᠭᠤᠯ ᠲᠠᠯᠪᠢᠬᠤ᠂ ᠰᠠᠮᠨᠠᠬᠤ ᠵᠠᠰᠠᠯ᠂ ᠵᠡᠭᠦᠦ ᠲᠦᠭᠡᠨᠡᠯᠭᠡ᠂ ᠨᠣᠬᠤᠯᠠᠬᠤ ᠵᠠᠰᠠᠯ᠂ ᠠᠷᠢᠬᠢ ᠴᠠᠢ᠎ᠶ᠋ᠢᠨ ᠵᠠᠰᠠᠯ ᠵᠡᠷᠭᠡ ᠤᠨᠴᠠᠯᠢᠭ᠍ᠳᠦ ᠵᠠᠰᠠᠯ᠎ᠢ ᠪᠤᠯᠪᠠᠰᠤᠷᠠᠩᠭᠤᠢ ᠦᠷᠨᠢᠬᠦᠯᠵᠦ᠍᠂ ᠨᠢᠷᠣᠭᠤᠨ ᠶᠠᠰᠣ ᠬᠦᠳᠣᠢᠬᠦ᠌ ᠡᠪᠡᠳᠴᠢᠨ᠂ ᠬᠦᠵᠦᠭᠦᠦ ᠰᠡᠭᠡᠷ᠎ᠤᠨ ᠡᠪᠡᠳᠴᠢᠨ᠂ ᠲᠠᠯᠣ ᠮᠦᠷᠦᠨ᠎ᠤ ᠦᠷᠪᠢᠰᠣᠯ᠂ ᠡᠪᠦᠳᠦᠭ᠎ᠤᠨ ᠦᠶ᠎ᠡ᠎ᠶ᠋ᠢᠨ ᠦᠷᠪᠢᠰᠣᠯ ᠡᠪᠡᠳᠴᠢᠨ᠂ ᠬᠡᠷᠦᠭᠦ᠌ ᠡᠪᠡᠳᠴᠢᠨ᠂ ᠰᠠ ᠡᠪᠡᠳᠴᠢᠨ ᠵᠡᠷᠬᠡ ᠡᠯ᠎ᠠ ᠵᠦᠢᠯ᠎ᠤᠨ ᠦᠶ᠎ᠡ ᠭᠡᠱᠢᠭᠦᠦ᠍ᠶ᠋ᠢᠨ ᠡᠪᠡᠳᠴᠢᠨ᠎ᠢ ᠡᠮᠨᠡᠨ ᠵᠠᠰᠠᠭᠠᠳ ᠢᠯᠡᠷᠬᠡᠢ ᠠᠮᠵᠢᠯᠳᠠ ᠣᠯᠵᠠᠢ᠃ 《ᠰᠣᠨᠢᠨᠴᠡᠴᠡᠭ ᠬᠤᠷᠢᠶᠠᠨ ᠲᠠᠷᠤᠭ᠎ᠠ ᠠᠵᠢᠯ᠎ᠳᠠᠭᠠᠨ ᠬᠠᠷᠢᠭᠤᠴᠠᠯᠭ᠎ᠠ᠎ᠲᠠᠢ᠂ ᠮᠠᠨ᠎ᠤ ᠵᠠᠯᠠᠭᠤᠴᠣᠳ ᠲᠦ᠍ ᠡᠪᠡᠳᠴᠢᠳᠠᠨ᠎ᠤ ᠪᠠᠢᠳᠠᠯᠢᠬᠡᠯᠡᠵᠣ ᠦᠭ᠌ᠴᠣ᠂ ᠶᠠᠭᠠᠬᠢᠵᠣ ᠣᠨᠣᠱᠢᠯᠠᠬᠤ᠂ ᠶᠠᠭᠠᠬᠢᠵᠣ ᠡᠮᠴᠢᠯᠡᠬᠦ᠌ ᠵᠡᠷᠬᠡ᠎ᠶ᠋ᠢ ᠨᠠᠷᠢᠨ ᠨᠢᠮᠪᠡᠢ ᠵᠢᠭᠠᠵᠣ ᠦᠭ᠌ᠳᠡᠭ》 ᠭᠡᠵᠤ ᠬᠦᠪᠡᠬᠡᠳᠣ ᠱᠢᠷ᠎ᠡ ᠬᠤᠱᠢᠭᠤᠨ᠎ᠤ ᠮᠣᠩᠭᠤᠯ ᠡᠮᠨᠡᠯᠭᠡ᠎ᠶ᠋ᠢᠨ ᠬᠤᠷᠢᠶᠠᠨ᠎ᠤ ᠣᠯᠠᠮᠵᠢᠯᠠᠯᠳᠣ ᠵᠠᠰᠠᠯ᠎ᠤᠨ ᠰᠠᠯᠠᠭᠠᠨ᠎ᠤ ᠡᠷᠬᠢᠯᠡᠭ᠌ᠴᠢ ᠬᠤᠸᠡᠷ ᠶᠠᠷᠢᠨ᠎ᠠ᠃
ᠣᠯᠠᠨ ᠵᠢᠯ᠎ᠤᠨ ᠲᠤᠷᠰᠢ ᠰᠣᠨᠢᠨᠴᠡᠴᠡᠭ ᠡᠪᠡᠳᠴᠢᠲᠡᠨ᠎ᠢ ᠲᠡᠷᠢᠬᠦᠨ ᠪᠠᠢᠷᠢᠨ᠎ᠳᠤ ᠲᠠᠯᠪᠢᠬᠤ᠎ᠶ᠋ᠢ ᠢᠮᠠᠭ᠍ᠲᠠ ᠪᠠᠷᠢᠮᠲᠠᠯᠠᠵᠤ᠂ ᠮᠣᠩᠭᠤᠯ ᠡᠮᠨᠡᠯᠭᠡ᠎ᠶ᠋ᠢᠨ ᠤᠯᠠᠮᠵᠢᠯᠠᠯᠲᠤ ᠡᠮᠨᠡᠬᠦ᠌ ᠠᠷᠭ᠎ᠠ᠎ᠶ᠋ᠢ ᠡᠮᠴᠢᠯᠡᠭᠡᠨ᠎ᠤ ᠦᠢᠯᠡᠳᠦᠯᠭᠡ᠎ᠲᠠᠢ ᠨᠢᠭ᠍ᠲᠠ ᠤᠶᠠᠯᠳᠤᠭᠤᠯᠵᠤ᠂ ᠵᠢᠯ ᠪᠤᠯᠭᠠᠨ ᠡᠭᠦᠳᠡᠨ ᠡᠮᠨᠡᠯᠭᠡ᠎ᠳᠤ ᠪᠠᠷᠤᠭ 4000 ᠭᠠᠷᠤᠢ ᠬᠥᠮᠦᠨ ᠤᠳᠠᠭ᠎ᠠ᠎ᠶ᠋ᠢᠨ ᠡᠪᠡᠳᠴᠢᠲᠠᠨᠢ ᠭᠥᠯᠢᠶᠡᠨ ᠠᠪᠴᠤ᠌ ᠡᠮᠨᠡᠵᠦ᠍᠂ ᠡᠮᠨᠡᠯᠭᠡ᠎ᠳᠤ ᠰᠠᠭᠤᠭ᠍ᠰᠠᠨ ᠡᠪᠡᠳᠴᠢᠲᠡᠨ᠎ᠢ 100 ᠭᠠᠷᠤᠢ ᠬᠥᠮᠦᠨ ᠤᠳᠠᠭ᠎ᠠ ᠬᠦᠯᠢᠶᠡᠨ ᠠᠪᠴᠤ᠌ ᠡᠮᠨᠡᠨ ᠵᠠᠰᠠᠵᠤ᠂ ᠬᠠᠷᠢᠭᠤᠴᠠᠯᠭ᠎ᠠ ᠪᠠ ᠡᠭᠦᠷᠭᠡᠯᠡᠯ᠎ᠢᠶᠠᠷ ᠱᠢᠨ᠎ᠡ ᠴᠠᠭ ᠦᠶ᠎ᠡ᠎ᠶ᠋ᠢᠨ ᠡᠮᠡᠭ᠌ᠲᠠᠢ ᠡᠮᠴᠢ᠎ᠶ᠋ᠢᠨ ᠰᠤᠳᠤᠨ ᠲᠦᠷᠢ ᠲᠦᠷᠬᠦ᠌᠎ᠶ᠋ᠢ ᠱᠤᠭᠤᠭ᠍ᠰᠠᠨ ᠪᠠᠢᠨ᠎ᠠ᠃