ᠮᠤᠨᠠ ᠠᠭᠤᠯᠡ ᠵᠢᠨ ᠠᠷᠦ ᠬᠤᠷᠮᠤᠢ ᠵᠢᠨ ᠮᠠᠨᠭᠨᠤᠭ ᠨᠤᠭᠤᠭᠠᠨ ᠵᠢᠷᠤᠭᠯᠠᠯ
2026-07-03 10:20:55
ᠵᠣᠬᠢᠶᠠᠭ᠍ᠴᠢ᠄
ᠰᠤᠷᠤᠨ᠎ᠠ ᠪᠠᠶᠠᠰᠬᠤᠯᠠᠩ
ᠣᠩᠱᠢᠭ᠍ᠰᠠᠨ ᠣᠳᠠᠭ᠎ᠠ᠄
★★★☆☆

ᠵᠤᠨ᠎ᠤ ᠡᠬᠢ᠎ᠪᠡᠷ᠂ ᠮᠤᠨᠠ ᠠᠭᠤᠯᠠ᠎ᠶᠢᠨ ᠠᠷᠤ ᠬᠤᠷᠮᠤᠢ ᠪᠡᠷ ᠮᠠᠰᠢᠨ ᠲᠡᠷᠭᠡ᠎ᠪᠡᠷ ᠠᠶᠠᠯᠠᠬᠤ᠎ᠳᠤ᠂ ᠮᠤᠷᠢᠨ ᠳᠡᠰᠬᠢ ᠰᠠᠯᠬᠢᠨ᠎ᠤ ᠠᠶ᠎ᠠ᠎ᠪᠠᠷ ᠨᠠᠶ᠋ᠢᠭᠤᠵᠦ᠂ ᠨᠠᠶ᠋ᠢᠯᠵᠠᠭᠤᠷ ᠬᠠᠷᠭᠠᠨ᠎ᠠ ᠨᠡᠬᠦᠳᠡᠯ ᠡᠯᠡᠰᠦ ᠵᠢ ᠳᠤᠭᠳᠠᠭᠠᠵᠦ ᠬᠠᠷᠠᠭᠳᠠᠨ᠎ᠠ᠃ ᠥᠩᠭᠡᠷᠡᠭᠰᠡᠨ᠎ᠦ ᠰᠢᠷ᠎ᠠ ᠡᠯᠡᠰᠦ ᠨᠡᠯᠦᠢᠭᠰᠡᠨ ᠳᠦᠷᠪᠡᠳ ᠬᠤᠰᠢᠭᠤᠨ᠎ᠤ ᠵᠠᠷᠢᠮ ᠪᠦᠰᠡ ᠨᠤᠳᠤᠭ ᠲᠤ᠌ ᠡᠳᠦᠬᠡ ᠡᠪᠡᠰᠦ ᠪᠡᠯᠴᠢᠭᠡᠷ᠎ᠤᠨ ᠤᠷᠭᠤᠴᠠ ᠰᠠᠢᠳᠠᠢ᠂ ᠠᠮᠢ ᠠᠬᠤᠢ ᠲᠠᠬᠢᠨ ᠰᠡᠷᠬᠦᠭᠰᠡᠨ ᠪᠠᠢᠳᠠᠯ ᠢᠯᠡᠳᠳᠠ ᠮᠡᠳᠡᠭᠳᠡᠮ᠎ᠠ ᠪᠠᠢᠯ᠎ᠠ᠃

ᠮᠤᠨᠠ ᠠᠭᠤᠯᠠ᠎ᠶᠢᠨ ᠠᠷᠤ ᠬᠣᠷᠮᠣᠶ᠎ᠶᠢᠨ ᠴᠥᠯᠯᠡᠷᠬᠡᠭ ᠲᠠᠯ᠎ᠠ ᠨᠤᠲᠤᠭ᠎ᠤᠨ ᠪᠦᠰᠡ᠎ᠳᠦ ᠪᠠᠶ᠋ᠢᠷᠢᠯᠠᠵᠤ ᠪᠠᠶ᠋ᠢᠭ᠎ᠠ ᠳᠥᠷᠪᠡᠳ ᠬᠣᠰᠢᠭᠤ ᠤᠤᠯ ᠨᠢ ᠡᠯᠡᠰᠦᠷᠬᠡᠭᠵᠢᠨ᠂ ᠬᠥᠷᠥᠰᠥ᠍ ᠰᠢᠷᠣᠶ ᠢᠳᠡᠭᠳᠡᠭᠰᠡᠨ᠂ ᠠᠮᠢ ᠠᠬᠤᠶ ᠮᠠᠭᠤᠳᠠᠭᠰᠠᠨ ᠪᠠᠢᠳᠠᠯ᠎ᠳᠦ ᠲᠤᠯᠭᠠᠷᠠᠵᠤ ᠪᠠᠶ᠋ᠢᠵᠠᠶ᠃ 《ᠠᠷᠪᠠᠨ ᠵᠢᠯ᠎ᠦᠨ ᠶᠢᠰᠦ ᠨᠢ ᠭᠠᠩᠳᠠᠬᠤ》 ᠦᠵᠡᠭᠳᠡᠯ ᠪᠣᠯ ᠳᠡᠭᠡᠷ᠎ᠡ ᠵᠠᠭᠤᠨ᠎ᠤ ᠰᠡᠭᠦᠯᠴᠢ᠎ᠵᠢᠨ ᠲᠤᠬᠠᠢ᠎ᠶᠢᠨ ᠭᠠᠵᠠᠷ᠎ᠤᠨ ᠦᠨᠡᠨ ᠪᠣᠳᠠᠲᠠᠢ ᠵᠢᠷᠤᠭᠯᠠᠯ᠂ ᠬᠦᠨᠳᠦ ᠡᠯᠡᠰᠦᠷᠬᠡᠭᠵᠢᠭᠰᠡᠨ ᠣᠷᠣᠨ ᠪᠦᠰᠡ᠎ᠶᠢᠨ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ 20% ᠬᠦᠷᠬᠦ᠌ ᠦᠭᠡᠢ ᠪᠠᠶ᠋ᠢᠵᠤ᠂ ᠬᠠᠪᠤᠷ ᠨᠠᠮᠤᠷ᠎ᠤᠨ ᠤᠯᠠᠷᠢᠯ ᠡᠯᠡᠰᠦᠨ ᠰᠢᠭᠤᠷᠭ᠎ᠠ ᠣᠯᠠᠨᠲᠠ ᠡᠭᠦᠰᠴᠦ᠍᠂ ᠮᠠᠯᠴᠢᠨ ᠲᠠᠷᠢᠶᠠᠴᠢᠨ᠎ᠤ ᠦᠢᠯᠡᠳᠪᠦᠷᠢᠯᠡᠯ ᠠᠮᠢᠳᠤᠷᠠᠯ᠎ᠢ ᠬᠢᠵᠠᠭᠠᠷᠯᠠᠬᠤ᠎ᠪᠠᠷ ᠪᠠᠷᠠᠬᠤ ᠦᠭᠡᠢ᠂ ᠨᠡᠩ ᠴᠤ᠌ ᠪᠡᠭᠡᠵᠢᠩ ᠲᠢᠶᠠᠨᠵᠢᠨ ᠾᠸᠪᠸᠢ  ᠭᠤᠷᠪᠠᠨ ᠣᠷᠣᠨ᠎ᠤ ᠠᠮᠢ ᠠᠬᠤᠢ᠎ᠶᠢᠨ ᠠᠮᠤᠷ ᠲᠦᠪᠰᠢᠨ᠎ᠢ ᠰᠢᠭᠤᠳ ᠰᠦᠷᠳᠡᠭᠦᠯᠵᠦ᠍ ᠪᠠᠶ᠋ᠢᠯ᠎ᠠ᠃



a7f333a6-b291-4a01-883f-cb646adc8fb6.png


ᠤᠯᠤᠰ᠎ᠤᠨ《ᠬᠣᠶᠠᠷ ᠬᠠᠯᠬᠠᠪᠴᠢ ᠭᠤᠷᠪᠠᠨ ᠪᠦᠰᠡ》 ᠠᠮᠢ ᠠᠬᠤᠶ᠎ᠶᠢᠨ ᠪᠠᠶ᠋ᠢᠷᠢᠰᠢᠯ᠎ᠳᠠᠬᠢ ᠤᠮᠠᠷᠠᠲᠤ᠎ᠶᠢᠨ ᠡᠯᠡᠰᠦᠷᠬᠡᠭᠵᠢᠯ᠎ᠢ ᠰᠡᠷᠭᠡᠶ᠋ᠢᠯᠡᠬᠦ᠌ ᠪᠦᠰᠡ᠎ᠶᠢᠨ ᠵᠠᠩᠭᠢᠯᠠᠭ᠎ᠠ᠎ᠶᠢᠨ ᠴᠡᠭ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠦ ᠡᠬᠢ᠎ᠶᠢᠨ ᠭᠤᠤᠯ ᠣᠷᠣᠨ ᠪᠣᠯᠤᠭᠰᠠᠨ᠎ᠤ ᠬᠤᠪᠢ᠎ᠳᠤ᠂ ᠳᠥᠷᠪᠡᠳ ᠬᠣᠰᠢᠭᠤ ᠮᠤᠨᠠ ᠠᠭᠤᠯᠠ᠎ᠶᠢᠨ ᠠᠷᠤ ᠬᠣᠷᠮᠣᠶ᠎ᠶᠢᠨ ᠠᠮᠢ ᠠᠬᠤᠶ᠎ᠶᠢ ᠶᠡᠷᠦᠩᠬᠡᠶ᠋ᠢᠯᠡᠨ ᠵᠠᠰᠠᠬᠤ᠎ᠪᠠᠷ ᠭᠠᠷᠳᠠᠴᠠ ᠪᠣᠯᠭᠠᠵᠤ᠂ ᠡᠬᠡ ᠤᠯᠤᠰ᠎ᠤᠨ ᠤᠮᠠᠷᠠᠲᠤ᠎ᠶᠢᠨ ᠠᠮᠢ ᠠᠬᠤᠶ᠎ᠶᠢᠨ ᠠᠮᠤᠷ ᠲᠦᠪᠰᠢᠨ᠎ᠦ ᠬᠠᠯᠬᠠᠪᠴᠢ᠎ᠶᠢ ᠪᠠᠲᠤ᠌ ᠴᠣᠭᠴᠠᠯᠠᠬᠤ ᠬᠠᠷᠠᠯᠲᠠ᠎ᠶᠢ ᠲᠣᠭᠲᠠᠭᠠᠵᠤ᠂ ᠰᠢᠨᠵᠢᠯᠡᠬᠦ᠌ ᠤᠬᠠᠭᠠᠨᠴᠢ᠎ᠪᠠᠷ ᠵᠠᠰᠠᠬᠤ᠂ ᠰᠢᠰᠲ᠋ᠧᠮ᠎ᠲᠡᠶ᠎ᠪᠡᠷ ᠰᠡᠷᠭᠦᠭᠡᠬᠦ᠌᠂ ᠠᠮᠢ ᠠᠬᠤᠶ᠎ᠪᠠᠷ ᠠᠷᠠᠳ᠎ᠲᠤ᠌ ᠠᠰᠢᠭ ᠬᠦᠷᠲᠡᠭᠡᠬᠦ᠌ ᠪᠣᠬᠢᠷᠲᠤᠯ ᠥᠬᠡᠶ ᠬᠥᠭᠵᠢᠯᠲᠡ᠎ᠶᠢᠨ ᠵᠠᠮ᠎ᠢᠶᠠᠷ ᠵᠠᠮᠨᠠᠪᠠ᠃

《ᠤᠮᠠᠷᠠᠲᠤ᠎ᠶᠢᠨ ᠭᠤᠷᠪᠠᠨ ᠣᠷᠣᠨ》᠎ᠤ᠋ ᠬᠠᠯᠬᠠᠪᠴᠢ ᠤᠢ᠎ᠶᠢᠨ ᠨᠢᠭᠡᠳᠦᠭᠡᠷ ᠬᠤᠭᠤᠴᠠᠭᠠᠨ᠎ᠤ ᠢᠨᠵᠧᠨᠧᠷᠢᠩ᠎ᠢ ᠡᠬᠢᠯᠡᠭᠦᠯᠦᠭᠰᠡᠨ᠎ᠡᠴᠡ ᠤᠳᠤ ᠪᠣᠯᠲᠠᠯ᠎ᠠ᠂ 40 ᠭᠠᠷᠤᠢ ᠵᠢᠯ ᠦᠷᠭᠦᠯᠵᠢᠯᠡᠨ ᠪᠣᠭᠣᠮᠲᠠ ᠰᠢᠪᠲᠤᠯᠵᠤ᠂ ᠳᠥᠷᠪᠡᠳ ᠬᠣᠰᠢᠭᠤᠨ᠎ᠤ ᠠᠮᠢ ᠠᠬᠤᠢ᠎ᠶᠢᠨ ᠵᠠᠰᠠᠯᠲᠠ᠎ᠳᠤ ᠰᠢᠰᠲᠸᠮ ᠲᠠᠢ ᠪᠦᠷᠢᠨ ᠲᠡᠭᠦᠯᠳᠡᠷ ᠢᠨᠵᠧᠨᠧᠷᠢᠩ᠎ᠢ ᠪᠦᠷᠢᠯᠳᠦᠭᠦᠯᠵᠡᠢ᠃ 《ᠬᠣᠶᠠᠷ ᠬᠠᠯᠬᠠᠪᠴᠢ ᠭᠤᠷᠪᠠᠨ ᠪᠦᠰᠡ》 ᠵᠢᠨ ᠢᠨᠵᠧᠨᠧᠷᠢᠩ᠎ᠤᠨ ᠵᠠᠭᠤᠨ ᠺᠢᠯᠤᠮᠸᠲᠷ᠎ᠤᠨ ᠰᠠᠯᠬᠢ᠎ᠶᠢ ᠰᠡᠷᠭᠡᠶ᠋ᠢᠯᠡᠵᠦ᠍ ᠡᠯᠡᠰᠦ᠎ᠶᠢ ᠲᠣᠭᠲᠠᠪᠤᠷᠢᠵᠢᠭᠤᠯᠬᠤ ᠤᠢ᠎ᠶᠢᠨ ᠪᠦᠰᠡ᠎ᠠᠴᠠ 《ᠵᠠᠭᠤᠨ ᠲᠦᠮᠡᠨ ᠮᠤ᠌᠎ᠶᠢᠨ ᠲᠠᠷᠢᠶᠠᠯᠠᠬᠤ᠎ᠶᠢ ᠵᠣᠭᠰᠣᠭᠠᠵᠤ ᠤᠢ ᠮᠣᠳᠣ ᠲᠠᠷᠢᠬᠤ》 ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠦ ᠡᠬᠢ᠎ᠶᠢ ᠵᠠᠰᠠᠬᠤ ᠢᠨᠵᠧᠨᠧᠷᠢᠩ ᠬᠦᠷᠲᠡᠯ᠎ᠡ᠂ ᠲᠠᠬᠢᠭᠠᠳ ᠤᠳᠤ᠎ᠶᠢᠨ ᠮᠤᠨᠠ ᠠᠭᠤᠯᠠ᠎ᠶᠢᠨ ᠠᠷᠤ ᠬᠣᠷᠮᠣᠢ᠎ᠶᠢᠨ ᠠᠮᠢ ᠠᠬᠤᠢ᠎ᠶᠢ ᠶᠡᠷᠦᠩᠬᠡᠶ᠋ᠢᠯᠡᠨ ᠵᠠᠰᠠᠬᠤ ᠲᠦᠷᠦᠯ ᠵᠦᠢᠯ ᠭᠦᠨᠵᠡᠭᠡᠶ᠋ᠢᠷᠡᠨ ᠠᠬᠢᠵᠤ᠂ ᠦᠶ᠎ᠡ ᠦᠶ᠎ᠡ᠎ᠶᠢᠨ ᠡᠯᠡᠰᠦ ᠵᠢ ᠵᠠᠰᠠᠭᠴᠢᠳ ᠎ᠤᠨ ᠪᠠᠢᠨᠭᠭᠤ ᠵᠢᠨ ᠳᠡᠮᠡᠴᠡᠯ ᠵᠢᠡᠷ ᠡᠳᠦᠬᠡ ᠬᠦᠷᠪᠡ᠃


4901fdbd-e80d-42f2-b297-7e3f530f1a13.png


2024 ᠣᠨ᠎ᠠᠴᠠ ᠨᠠᠭᠠᠰᠢ᠂ ᠨᠡᠶ᠋ᠢᠲᠡ 6600 ᠭᠠᠷᠤᠶ ᠲᠦᠮᠡᠨ ᠲᠥᠭᠥᠷᠢᠭ᠎ᠦᠨ ᠪᠠᠯᠠ ᠣᠷᠣᠭᠤᠯᠤᠭᠰᠠᠨ ᠮᠤᠨᠠ ᠠᠭᠤᠯᠠ᠎ᠶᠢᠨ ᠠᠷᠤ ᠬᠣᠷᠮᠣᠶ᠎ᠶᠢᠨ ᠠᠮᠢ ᠠᠬᠤᠶ᠎ᠶᠢ ᠶᠡᠷᠦᠩᠬᠡᠶ᠋ᠢᠯᠡᠨ ᠵᠠᠰᠠᠬᠤ ᠲᠥᠷᠥᠯ ᠵᠦᠢᠯ ᠳᠥᠷᠪᠡᠳ ᠬᠣᠰᠢᠭᠤᠨ᠎ᠳᠤ ᠨᠠᠶ᠋ᠢᠳᠠᠪᠤᠷᠢᠵᠢᠭᠤᠯᠤᠭᠳᠠᠵᠤ᠂ 27.88 ᠲᠦᠮᠡᠨ ᠮᠥ᠍ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠢ ᠵᠠᠰᠠᠬᠤ᠎ᠪᠠᠷ ᠲᠥᠯᠥᠪᠵᠢᠭᠦᠯᠵᠦ᠍᠂ ᠭᠠᠵᠠᠷ ᠰᠢᠷᠣᠶ᠎ᠶᠢᠨ ᠠᠮᠢ ᠠᠬᠤᠶ᠎ᠶᠢᠨ ᠰᠥᠷᠭᠦ ᠡᠷᠭᠢᠯᠲᠠ ᠵᠢ ᠵᠠᠰᠠᠬᠤ᠎ᠳᠤ ᠬᠦᠴᠦᠲᠡᠶ ᠬᠥᠳᠡᠯᠭᠡᠬᠦ᠌ ᠬᠦᠴᠦᠨ ᠨᠡᠮᠡᠷᠢᠯᠡᠪᠡ᠃ 6.84 ᠲᠦᠮᠡᠨ ᠮᠦ᠍ ᠪᠤᠲᠠ ᠡᠪᠡᠰᠦ᠎ᠲᠠᠷᠢᠵᠤ᠂ 21.04 ᠲᠦᠮᠡᠨ ᠮᠦ᠍ ᠠᠭᠤᠯᠠ᠎ᠶᠢ ᠪᠢᠲᠡᠭᠦᠮᠵᠢᠯᠡᠨ ᠡᠪᠡᠰᠦ᠎ᠲᠠᠷᠢᠵᠤ᠂ 30 ᠰᠠᠭᠤᠷᠢ ᠵᠢᠵᠢᠭ ᠬᠡᠯᠪᠡᠷᠢ᠎ᠶᠢᠨ ᠤᠰᠤᠨ ᠠᠰᠢᠭ᠍ᠯᠠᠯᠲᠠ᠂ ᠤᠰᠤ ᠬᠠᠮᠠᠭᠠᠯᠠᠯᠲᠠ᠎ᠶᠢᠨ ᠲᠥᠬᠥᠭᠡᠷᠦᠮᠵᠢ᠎ᠶᠢ ᠪᠠᠶ᠋ᠢᠭᠤᠯᠵᠤ᠂ ᠵᠠᠰᠠᠨ ᠴᠡᠭᠴᠡᠯᠡᠬᠦ ᠬᠦᠷᠢᠶ᠎ᠡ ᠬᠡᠪᠴᠢᠶ᠎ᠡ ᠨᠢ ᠪᠦᠬᠦ ᠬᠤᠰᠢᠭᠤᠨ᠎ᠤ ᠲᠠᠪᠤᠨ ᠰᠤᠮᠤ ᠪᠠ ᠨᠢᠭᠡ ᠪᠠᠯᠭᠠᠰᠤ᠎ᠶᠢ ᠪᠦᠷᠬᠦᠵᠦ᠂ ᠡᠭᠦᠨ᠎ᠦ ᠳᠣᠲᠣᠷ᠎ᠠ ᠨᠣᠮᠣᠭᠠᠨ ᠰᠤᠮᠤ ᠵᠡᠷᠭᠡ ᠠᠮᠢ ᠠᠬᠤᠢ᠎ᠶᠢᠨ ᠭᠣᠣᠯᠳᠠᠯᠭ᠎ᠠ ᠲᠠᠢ ᠣᠷᠣᠨ ᠪᠦᠰᠡ᠎ᠶᠢ ᠪᠦᠷ ᠵᠠᠰᠠᠨ ᠴᠡᠭᠴᠡᠯᠡᠬᠦ ᠬᠡᠪᠴᠢᠶᠡᠨ᠎ᠳᠦ ᠣᠷᠣᠭᠤᠯᠵᠠᠢ᠃

ᠰᠢᠨᠵᠢᠯᠡᠬᠦ᠌ ᠤᠬᠠᠭᠠᠨᠴᠢ᠎ᠪᠠᠷ ᠠᠷᠭ᠎ᠠ ᠪᠤᠳᠤᠯᠭ᠎ᠠ ᠬᠡᠷᠡᠭᠵᠢᠭᠦᠯᠵᠦ᠍᠂ ᠤᠨᠢᠨ ᠳᠡᠭᠡᠷ᠎ᠡ ᠨᠢ ᠡᠯᠡᠰᠦ᠎ᠶᠢ ᠵᠠᠰᠠᠬᠤ ᠪᠣᠯ ᠳᠥᠷᠪᠡᠳ ᠬᠣᠰᠢᠭᠤᠨ᠎ᠤ ᠠᠮᠢ ᠠᠬᠤᠢ᠎ᠶᠢᠨ ᠵᠠᠰᠠᠯᠲᠠ᠎ᠶᠢᠨ ᠭᠣᠣᠯ ᠨᠢᠭᠤᠴᠠ ᠺᠤᠳ᠋ ᠪᠣᠯᠤᠨ᠎ᠠ᠃ ᠲᠤᠬᠠᠶ᠎ᠶᠢᠨ ᠭᠠᠵᠠᠷ᠎ᠤᠨ ᠬᠢᠨ ᠡᠯᠡᠰᠦᠷᠬᠡᠭᠵᠢᠭᠰᠡᠨ ᠠᠳᠠᠯᠢ ᠪᠤᠰᠤ ᠭᠠᠵᠠᠷ᠎ᠲᠤ᠌ ᠴᠢᠭᠯᠡᠭᠦᠯᠦᠨ ᠵᠠᠰᠠᠵᠤ ᠰᠡᠷᠭᠦᠭᠡᠬᠦ᠌ ᠲᠥᠰᠦᠯ ᠲᠣᠭᠲᠠᠭᠠᠪᠠ᠄ ᠬᠦᠨᠳᠦ ᠡᠯᠡᠰᠦᠷᠬᠡᠭᠵᠢᠭᠰᠡᠨ ᠣᠷᠣᠨ᠎ᠳᠤ᠂ 《ᠬᠦᠷᠢᠶᠡᠯᠡᠵᠦ᠍ ᠪᠢᠲᠡᠭᠦᠮᠵᠢᠯᠡᠬᠦ᠌ + ᠨᠥᠬᠥᠵᠦ᠍ ᠳᠠᠷᠢᠬᠤ + ᠴᠢᠬᠢ ᠮᠣᠳᠣ ᠰᠠᠭᠤᠯᠭᠠᠬᠤ + ᠪᠣᠷᠲᠣᠭᠣᠷ ᠣᠷᠣᠭᠤᠯᠬᠤ + ᠬᠠᠮᠢᠶᠠᠷᠤᠨ ᠬᠠᠮᠠᠭᠠᠯᠠᠬᠤ》 ᠡᠪᠡᠰᠦ ᠳᠠᠷᠢᠵᠦ ᠤᠰᠤᠯᠠᠬᠤ᠎ᠶᠢ ᠤᠶᠠᠯᠳᠤᠭᠤᠯᠬᠤ ᠵᠠᠭᠪᠤᠷ᠎ᠢ ᠬᠡᠷᠡᠭᠵᠢᠭᠦᠯᠵᠦ᠍᠂ ᠬᠦᠢᠲᠡᠨ᠎ᠳᠦ ᠲᠡᠰᠪᠦᠷᠢᠲᠡᠶ ᠭᠠᠩ᠎ᠳᠤ ᠲᠡᠰᠪᠦᠷᠢᠲᠡᠶ ᠮᠤᠷᠢᠨ ᠳᠡᠰᠬᠢ᠂ ᠨᠠᠶ᠋ᠢᠯᠵᠠᠭᠤᠷ ᠬᠠᠷᠭᠠᠨ᠎ᠠ ᠵᠡᠷᠭᠡ ᠤᠨᠴᠠᠯᠢᠭᠳᠤ ᠡᠪᠡᠰᠦ ᠮᠣᠳᠣ᠎ᠶᠢ ᠵᠠᠶ᠋ᠢᠯᠠᠵᠤ᠂ ᠰᠠᠯᠬᠢ᠎ᠶᠢ ᠰᠡᠷᠭᠡᠶ᠋ᠢᠯᠡᠵᠦ᠍ ᠡᠯᠡᠰᠦ᠎ᠶᠢ ᠲᠣᠭᠲᠠᠪᠤᠷᠢᠵᠢᠭᠤᠯᠬᠤ ᠪᠣᠰᠣᠭ᠎ᠠ ᠴᠣᠭᠴᠠᠲᠤ᠌ ᠰᠢᠰᠲ᠋ᠧᠮ᠎ᠢ ᠪᠠᠶ᠋ᠢᠭᠤᠯᠪᠠ᠃ ᠬᠥᠩᠭᠡᠨ ᠰᠢᠭ ᠡᠯᠡᠰᠦᠷᠬᠡᠭᠵᠢᠭᠰᠡᠨ ᠨᠤᠲᠤᠭ ᠪᠡᠯᠴᠢᠭᠡᠷ᠎ᠲᠦ᠍ ᠠᠭᠤᠯᠠ᠎ᠶᠢ ᠪᠢᠲᠡᠭᠦᠮᠵᠢᠯᠡᠨ ᠡᠪᠡᠰᠦ ᠳᠠᠷᠢᠬᠤ᠎ᠪᠠᠷ ᠭᠣᠣᠯ ᠪᠣᠯᠭᠠᠵᠤ᠂ ᠬᠠᠰᠢᠶᠠᠯᠠᠨ ᠪᠢᠲᠡᠭᠦᠮᠵᠢᠯᠡᠵᠦ᠍ ᠪᠣᠶ᠋ᠢᠵᠢᠭᠤᠯᠬᠤ᠂ ᠪᠣᠷᠳᠣᠭᠤᠷ ᠣᠷᠣᠭᠤᠯᠵᠤ ᠰᠠᠶ᠋ᠢᠵᠢᠷᠠᠭᠤᠯᠬᠤ᠎ᠪᠠᠷ ᠬᠠᠪᠰᠤᠷᠤᠮᠵᠢ ᠪᠣᠯᠭᠠᠨ᠂ ᠨᠤᠲᠤᠭ ᠪᠡᠯᠴᠢᠭᠡᠷ᠎ᠢ ᠠᠯᠬᠤᠮ ᠠᠯᠬᠤᠮ᠎ᠢᠶᠡᠷ ᠠᠮᠤᠷᠵᠢᠭᠤᠯᠤᠨ ᠲᠡᠩᠬᠡᠭᠡᠷᠡᠭᠦᠯᠪᠡ᠃ ᠣᠳᠣᠬᠠᠨ ᠪᠣᠯᠲᠠᠯ᠎ᠠ ᠨᠢᠭᠡᠨᠲᠡ 6.84 ᠲᠦᠮᠡᠨ ᠮᠥ᠍ ᠡᠪᠡᠰᠦ ᠵᠢᠨ ᠤᠰᠤᠯᠠᠯᠳᠠ ᠵᠢ ᠮᠠᠰᠢᠨᠵᠢᠭᠤᠯᠵᠦ᠂ 21.04 ᠲᠦᠮᠡᠨ ᠮᠥ᠍ ᠠᠭᠤᠯᠠ᠎ᠶᠢ ᠪᠢᠲᠡᠭᠦᠮᠵᠢᠯᠡᠨ ᠡᠪᠡᠰᠦ ᠪᠣᠶ᠋ᠢᠵᠢᠭᠤᠯᠵᠤ᠂ ᠵᠢᠵᠢᠭ ᠬᠡᠯᠪᠡᠷᠢ᠎ᠶᠢᠨ ᠤᠰᠤᠨ ᠠᠰᠢᠭᠯᠠᠯᠲᠠ᠎ᠶᠢᠨ ᠪᠡᠯᠡᠳᠬᠡᠮᠵᠢ᠎ᠶᠢ 30 ᠢᠵᠢ ᠪᠦᠷᠢᠳᠦᠭᠦᠯᠦᠨ ᠪᠥᠲᠥᠭᠡᠨ ᠪᠠᠶ᠋ᠢᠭᠤᠯᠵᠤ᠂ ᠣᠷᠣᠨ ᠪᠦᠰᠡ᠎ᠶᠢᠨ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ᠎ᠨᠢ ᠡᠯᠡᠰᠦ ᠵᠢ ᠵᠠᠰᠠᠬᠤ᠎ᠠᠴᠠ ᠡᠮᠦᠨᠡᠬᠢ ᠡᠴᠡ 15% ᠰᠢᠬᠠᠮ ᠳᠡᠭᠡᠭᠰᠢᠯᠡᠵᠦ᠍ ᠡᠯᠡᠰᠦᠷᠬᠡᠭᠵᠢᠬᠦ᠌ ᠬᠡᠪᠴᠢᠶ᠎ᠡ ᠢᠯᠡᠳᠲᠡ ᠪᠠᠭᠠᠰᠪᠠ᠃


ecc01b0d-4ce4-4cbe-a7d8-693c8e9be481.png


ᠲᠣᠭ᠎ᠠ ᠪᠠᠷᠢᠮᠲᠠ᠎ᠠᠴᠠ ᠦᠵᠡᠪᠡᠯ᠂ ᠪᠦᠬᠦ᠌ ᠬᠣᠰᠢᠭᠤᠨ᠎ᠤ ᠬᠥᠮᠦᠨ᠎ᠦ ᠬᠦᠴᠦ᠎ᠪᠡᠷ ᠣᠶ᠋ᠢᠵᠢᠭᠤᠯᠤᠭᠰᠠᠨ ᠲᠠᠯᠠᠪᠠᠢ 30 ᠲᠦᠮᠡᠨ ᠮᠤ᠌᠎ᠶᠢ ᠳᠠᠪᠠᠵᠤ᠂ ᠠᠭᠤᠯᠠ᠎ᠶᠢ ᠪᠢᠲᠡᠭᠦᠮᠵᠢᠯᠡᠨ ᠣᠶ᠋ᠢᠵᠢᠭᠤᠯᠤᠭᠰᠠᠨ ᠲᠠᠯᠠᠪᠠᠢ 70 ᠲᠦᠮᠡᠨ ᠮᠤ᠌᠎ᠳᠤ ᠬᠦᠷᠴᠦ᠍᠂ ᠲᠠᠯ᠎ᠠ ᠨᠤᠲᠤᠭ᠎ᠤᠨ ᠠᠮᠢ ᠠᠬᠤᠢ᠎ᠶᠢ ᠰᠡᠷᠭᠦᠭᠡᠭᠰᠡᠨ ᠲᠠᠯᠠᠪᠠᠢ 250 ᠲᠦᠮᠡᠨ ᠮᠤ᠌᠎ᠳᠤ ᠬᠦᠷᠴᠦ᠍᠂ ᠨᠢᠰᠢᠩᠭᠦ᠎ᠶᠢᠨ ᠤᠢ᠎ᠶᠢᠨ ᠲᠠᠯᠠᠪᠠᠢ 200 ᠲᠦᠮᠡᠨ ᠮᠤ᠌᠎ᠳᠤ ᠬᠦᠷᠴᠦ᠍᠂ ᠣᠢ ᠰᠢᠭᠤᠢ᠎ᠶᠢᠨ ᠪᠦᠷᠬᠦᠴᠡ 21.47%᠎ᠳᠤ ᠬᠦᠷᠴᠦ᠍᠂ ᠲᠠᠯ᠎ᠠ ᠨᠤᠲᠤᠭ᠎ᠤᠨ ᠤᠷᠭᠤᠮᠠᠯ᠎ᠤᠨ ᠬᠤᠴᠢᠯᠭ᠎ᠠ᠎ᠶᠢᠨ ᠪᠦᠷᠬᠦᠴᠡ 2010 ᠣᠨ᠎ᠳᠤ 18.4% ᠪᠠᠶ᠋ᠢᠭᠰᠠᠨ᠎ᠠᠴᠠ᠎ᠪᠠᠨ ᠨᠡᠮᠡᠭᠳᠡᠭᠡᠳ 2024 ᠣᠨ ᠪᠣᠯᠬᠤ᠎ᠳᠤ 33%᠎ᠳᠤ ᠬᠦᠷᠴᠦ᠍᠂ ᠳᠤᠮᠳᠠ ᠲᠡᠰ᠎ᠤᠨ ᠴᠥᠯᠯᠡᠷᠬᠡᠭᠵᠢᠭᠰᠡᠨ᠂ ᠡᠯᠡᠰᠦᠷᠬᠡᠭᠵᠢᠭᠰᠡᠨ ᠲᠠᠯᠠᠪᠠᠢ 《ᠬᠣᠣᠰ᠎ᠢᠶᠠᠷ ᠪᠠᠭᠠᠰᠬᠤ》 ᠵᠢ ᠪᠡᠶᠡᠯᠡᠭᠦᠯᠵᠦ᠍᠂ ᠠᠮᠢ ᠠᠬᠤᠢ᠎ᠶᠢᠨ ᠮᠠᠭᠤᠳᠠᠬᠤ ᠬᠠᠨᠳᠤᠰᠢ᠎ᠶᠢ ᠦᠨᠳᠦᠰᠦᠨ ᠡᠴᠡ ᠨᠢ ᠬᠣᠷᠢᠭᠯᠠᠪᠠ᠃ ᠠᠮᠢ ᠠᠬᠤᠢ᠎ᠶᠢᠨ ᠵᠠᠰᠠᠯᠲᠠ ᠨᠢ ᠵᠥᠪᠬᠡᠨ 《ᠠᠮᠢ ᠠᠬᠤᠢ᠎ᠶᠢᠨ ᠲᠠᠩᠰᠠ》 ᠪᠤᠳᠤᠬᠤ ᠶᠠᠪᠤᠳᠠᠯ ᠪᠢᠰᠢ᠂ ᠨᠡᠩ ᠴᠤ᠌ 《ᠠᠷᠠᠳ᠎ᠤᠨ ᠠᠮᠢᠳᠤᠷᠠᠯ᠎ᠤᠨ ᠲᠠᠩᠰᠠ》 ᠵᠢ ᠰᠠᠶ᠋ᠢᠲᠤᠷ ᠪᠤᠳᠤᠬᠤ ᠬᠡᠷᠡᠭᠲᠡᠢ ᠪᠠᠢᠳᠠᠭ᠃ ᠳᠥᠷᠪᠡᠳ ᠬᠣᠰᠢᠭᠤ 《ᠬᠣᠶᠠᠷ ᠠᠭᠤᠯᠠ》 ᠵᠢ ᠬᠤᠪᠢᠷᠠᠭᠤᠯᠬᠤ ᠠᠷᠭ᠎ᠠ ᠵᠠᠮ᠎ᠢ ᠢᠳᠡᠪᠬᠢᠲᠡᠶ ᠰᠦᠪᠡᠭᠴᠢᠯᠡᠵᠦ᠍᠂ ᠠᠮᠢ ᠠᠬᠤᠶ᠎ᠶᠢᠨ ᠠᠰᠢᠭ ᠲᠤᠰᠠ᠎ᠶᠢ ᠲᠦᠭ ᠲᠦᠮᠡᠨ ᠮᠠᠯᠴᠢᠨ ᠲᠠᠷᠢᠶᠠᠴᠢᠨ᠎ᠳᠤ ᠬᠦᠷᠲᠡᠭᠡᠵᠦ᠂ 《ᠠᠵᠤ ᠠᠬᠤᠶ᠋ᠢᠯᠠᠯ + ᠰᠠᠭᠤᠷᠢᠨ + ᠲᠠᠷᠢᠶᠠᠴᠢᠨ ᠡᠷᠦᠬᠡ》ᠵᠢᠨ ᠵᠠᠭᠪᠤᠷ᠎ᠢᠶᠠᠷ ᠳᠠᠮᠵᠢᠭᠤᠯᠤᠨ ᠲᠡᠵᠢᠭᠡᠨ ᠦᠷᠡᠵᠢᠭᠦᠯᠬᠦ᠌ ᠡᠷᠦᠬᠡ᠎ᠳᠦ ᠡᠪᠡᠰᠦ ᠪᠣᠷᠳᠣᠭᠠᠨ᠎ᠤ ᠢᠷᠡᠯᠳᠡ᠎ᠶᠢ ᠨᠥᠬᠥᠪᠥᠷᠢᠯᠡᠵᠦ᠍᠂ 《ᠪᠡᠯᠡ ᠮᠦᠨᠭᠬᠦ ᠪᠡᠷ ᠠᠵᠤ ᠠᠬᠤᠶ᠋ᠢᠯᠠᠯ᠎ᠢ ᠳᠡᠳᠬᠦᠬᠦ᠂ ᠪᠣᠷᠳᠣᠭ᠎ᠠ᠎ᠶᠢ ᠲᠠᠷᠢᠶᠠᠴᠢᠨ ᠡᠷᠦᠬᠡ᠎ᠳᠦ ᠳᠦᠯᠦᠪᠦᠷᠢ ᠦᠬᠡᠢ ᠬᠦᠷᠬᠡᠬᠦ》 ᠤᠯᠠᠨ ᠠᠰᠢᠭ ᠳᠠᠢ ᠠᠷᠭ᠎ᠠ ᠬᠡᠮᠵᠢᠶ᠎ᠠ ᠠᠪᠤᠪᠠ᠃

2025 ᠣᠨ᠎ᠳᠤ᠂ ᠳᠥᠷᠪᠡᠳ ᠬᠣᠰᠢᠭᠤ ᠵᠢᠨ ᠠᠮᠢ ᠠᠬᠤᠶ᠎ᠶᠢᠨ ᠵᠠᠰᠠᠯᠲᠠ᠎ᠵᠢᠨ ᠵᠢᠱ᠌ᠢᠶ᠎ᠠ ᠨᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ 《ᠰᠢᠨ᠎ᠠ ᠥᠷᠲᠡᠭ》 ᠪᠣᠯᠵᠣ ᠦᠷᠭᠦᠯᠵᠢᠯᠡᠨ ᠬᠤᠪᠢᠷᠠᠵᠤ ᠪᠠᠶ᠋ᠢᠨ᠎ᠠ᠃ ᠠᠮᠢ ᠠᠬᠤᠢ ᠵᠢ ᠬᠠᠮᠠᠭᠠᠯᠠᠬᠤ᠎ᠳᠤ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ ᠪᠣᠯᠤᠨ ᠪᠦᠬᠦ᠌ ᠠᠷᠠᠳ᠎ᠤᠨ ᠣᠷᠣᠯᠴᠠᠭ᠎ᠠ᠎ᠠᠴᠠ ᠰᠠᠯᠵᠤ ᠴᠢᠳᠠᠬᠤ ᠦᠭᠡᠢ ᠶᠤᠮ᠃ ᠲᠤᠬᠠᠢ᠎ᠶᠢᠨ ᠭᠠᠵᠠᠷ᠎ᠤᠨ ᠬᠢᠨ ᠮᠠᠯ ᠪᠡᠯᠴᠢᠭᠡᠷ᠎ᠦᠨ ᠲᠡᠩᠴᠡᠭᠦᠷᠢ᠎ᠶᠢ ᠪᠠᠲᠤᠯᠠᠬᠤ ᠪᠠ ᠪᠡᠯᠴᠢᠭᠡᠷᠯᠡᠭᠦᠯᠬᠦ᠌᠎ᠶᠢ ᠴᠠᠭᠠᠵᠠᠯᠠᠬᠤ᠂ ᠰᠡᠯᠭᠦᠨ ᠮᠠᠯᠵᠢᠬᠤ ᠳᠦᠷᠢᠮ᠎ᠢ ᠴᠢᠩᠭ᠎ᠠ ᠨᠠᠢᠳᠠᠪᠤᠷᠢᠵᠢᠭᠤᠯᠬᠤ᠂ ᠪᠡᠯᠴᠢᠭᠡᠷᠯᠡᠭᠦᠯᠬᠦ᠌᠎ᠶᠢ ᠴᠠᠭᠠᠵᠠᠯᠠᠬᠤ ᠣᠷᠣᠨ 1167.6 ᠲᠦᠮᠡᠨ ᠮᠦ᠍᠂ ᠮᠠᠯ ᠪᠡᠯᠴᠢᠭᠡᠷ᠎ᠦᠨ ᠲᠡᠩᠴᠡᠭᠦᠷᠢ᠎ᠶᠢ ᠪᠠᠲᠤᠯᠠᠬᠤ ᠣᠷᠣᠨ 1582.84 ᠲᠦᠮᠡᠨ ᠮᠤ᠌᠎ᠶᠢ ᠬᠤᠪᠢᠶᠠᠷᠢᠯᠠᠨ ᠲᠣᠭᠲᠠᠭᠠᠵᠤ᠂ ᠠᠮᠢ ᠠᠬᠤᠢ᠎ᠶᠢᠨ ᠨᠥᠬᠥᠪᠥᠷᠢ ᠪᠠ ᠱᠠᠩᠨᠠᠯ᠎ᠤᠨ ᠲᠥᠷᠥ᠎ᠶᠢᠨ ᠪᠣᠳᠣᠯᠭ᠎ᠠ᠎ᠪᠠᠷ ᠳᠠᠮᠵᠢᠨ ᠮᠠᠯᠴᠢᠳ᠎ᠢ ᠰᠢᠨᠵᠢᠯᠡᠬᠦ᠌ ᠤᠬᠠᠭᠠᠨᠴᠢ᠎ᠪᠠᠷ ᠮᠠᠯ ᠮᠠᠯᠵᠢᠬᠤ᠂ ᠰᠠᠨᠠᠭᠠᠴᠢᠯᠠᠭ᠎ᠠ᠎ᠠᠴᠠ᠎ᠪᠠᠨ ᠡᠪᠡᠰᠦ ᠪᠡᠯᠴᠢᠭᠡᠷ᠎ᠢ ᠬᠠᠮᠠᠭᠠᠯᠠᠬᠤ᠎ᠶᠢ ᠬᠥᠲᠥᠯᠥᠨ ᠵᠢᠯᠣᠭᠣᠳᠴᠤ᠂ ᠪᠥᠬᠥ᠌ ᠬᠣᠰᠢᠭᠤ ᠨᠢᠭᠡ ᠪᠦᠯᠦᠭ ᠮᠠᠯᠴᠢᠨ ᠵᠢᠡᠷ ᠪᠦᠷᠢᠯᠳᠦᠭᠰᠡᠨ ᠣᠶ ᠵᠢᠨ ᠬᠠᠮᠠᠭᠠᠯᠠᠭᠴᠢ᠂ ᠨᠤᠲᠤᠭ ᠪᠡᠯᠴᠢᠭᠡᠷ᠎ᠦᠨ ᠬᠠᠮᠢᠶᠠᠷᠤᠭᠴᠢ᠎ᠶᠢ ᠬᠥᠮᠦᠵᠢᠭᠦᠯᠵᠦ᠂ ᠳᠠᠭᠠᠤ᠎ᠳᠤᠨᠢ ᠳᠡᠳᠠ ᠪᠠᠰᠠ ᠠᠮᠢ ᠠᠬᠤᠶ᠎ᠶᠢᠨ ᠵᠠᠰᠠᠯᠲᠠ᠎ᠶᠢᠨ ᠠᠰᠢᠭ ᠬᠦᠷᠲᠡᠭᠴᠢ ᠪᠤᠯᠵᠠᠢ᠃


896aeea1-4d23-4734-90da-cc8f8c7cde08.png


ᠮᠤᠨᠠ ᠠᠭᠤᠯᠠ᠎ᠶᠢᠨ ᠠᠷᠤ ᠬᠣᠷᠮᠣᠶ᠎ᠶᠢᠨ ᠥᠨᠳᠥᠷ ᠬᠥᠲᠥᠯ ᠳᠡᠭᠡᠷ᠎ᠡ ᠵᠣᠭᠰᠣᠨ ᠠᠯᠤᠰ᠎ᠢ ᠪᠠᠷᠠᠯᠠᠬᠤ᠎ᠳᠤ 《ᠨᠤᠭᠤᠭᠠᠨ ᠳᠠᠪᠠᠯᠭᠠᠨ》 ᠨᠠᠯᠤᠢᠵᠤ ᠬᠠᠷᠠᠭᠳᠠᠨ᠎ᠠ᠃ ᠠᠮᠢ ᠠᠬᠤᠢ ᠬᠡᠪᠡᠷᠡᠭ ᠪᠠᠶ᠋ᠢᠭᠰᠠᠨ᠎ᠠᠴᠠ ᠠᠵᠤ ᠦᠢᠯᠡᠰ ᠬᠥᠭᠵᠢᠨ ᠮᠠᠨᠳᠤᠬᠤ ᠬᠦᠷᠲᠡᠯ᠎ᠡ᠂ ᠳᠥᠷᠪᠡᠳ ᠬᠣᠰᠢᠭᠤ ᠬᠡᠳᠦᠨ ᠠᠷᠪᠠᠨ ᠵᠢᠯ᠎ᠦᠨ ᠪᠠᠲᠤ᠌ ᠪᠠᠷᠢᠮᠲᠠᠯᠠᠯ ᠪᠣᠯᠤᠨ ᠦᠢᠯᠡᠳᠦᠯᠭᠡ᠎ᠪᠡᠷ᠎ᠢᠶᠡᠨ ᠠᠮᠢ ᠠᠬᠤᠢ᠎ᠶᠢ ᠤᠷᠢᠳ᠎ᠢᠶᠠᠷ ᠪᠣᠳᠣᠯᠬᠢᠯᠠᠵᠤ᠂ ᠤᠳᠠᠭᠠᠨ ᠳᠠᠭᠠᠭᠠᠮᠠᠭᠠᠢ ᠵᠢᠳᠬᠦᠨ ᠴᠢᠷᠮᠠᠶ᠋ᠢᠳᠠᠭ ᠯᠠ ᠶᠤᠮ ᠪᠣᠯ ᠴᠦᠯᠯᠡᠷᠭᠡᠭ ᠲᠠᠯ᠎ᠠ ᠨᠤᠲᠤᠭ ᠠᠮᠢᠵᠢᠷᠠᠯ᠎ᠤᠨ ᠬᠦᠴᠦᠨ᠎ᠢᠶᠡᠷ ᠪᠢᠯᠬᠠᠵᠤ ᠴᠢᠳᠠᠨ᠎ᠠ ᠬᠡᠳᠡᠭ᠎ᠢ ᠭᠡᠷᠡᠴᠢᠯᠡᠪᠡ᠃ ᠨᠤᠳᠤᠭ ᠪᠡᠯᠴᠢᠬᠡᠷ᠎ᠢ ᠰᠡᠯᠭᠦᠨ ᠰᠡᠷᠭᠦᠭᠡᠬᠦ ᠬᠢᠭᠡᠳ ᠠᠷᠠᠳ᠎ᠤᠨ ᠠᠮᠢᠳᠤᠷᠠᠯ᠎ᠢ ᠪᠠᠲᠤᠯᠠᠭ᠎ᠠ᠎ᠶᠢ ᠵᠡᠷᠭᠡᠪᠡᠷ ᠴᠢᠬᠤᠯᠠᠴᠢᠯᠠᠬᠤ᠎ᠶᠢ ᠢᠮᠠᠭᠲᠠ ᠪᠠᠷᠢᠮᠲᠠᠯᠠᠵᠤ᠂ ᠮᠤᠨᠠ ᠠᠭᠤᠯᠠ᠎ᠶᠢᠨ ᠠᠷᠤ ᠬᠣᠷᠮᠣᠢ᠎ᠶᠢᠨ ᠠᠮᠢ ᠠᠬᠤᠢ᠎ᠶᠢᠨ ᠶᠡᠷᠦᠩᠬᠡᠶ᠋ᠢᠯᠡᠨ ᠵᠠᠰᠠᠬᠤ ᠲᠥᠷᠥᠯ ᠵᠦᠢᠯ᠎ᠢᠶᠡᠷ ᠭᠠᠷᠳᠠᠴᠠ ᠪᠣᠯᠭᠠᠵᠤ᠂ ᠨᠤᠲᠤᠭ ᠪᠡᠯᠴᠢᠭᠡᠷ᠎ᠦᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠡᠷᠴᠢᠮ᠎ᠢᠶᠡᠨ ᠦᠷᠭᠦᠯᠵᠢᠯᠡᠨ ᠨᠡᠮᠡᠭᠳᠡᠭᠦᠯᠵᠦ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠵᠢᠨ ᠪᠦᠷᠬᠦᠴᠡ ᠶᠢ ᠯᠠᠪᠳᠠᠭᠤᠨ᠎ᠢᠶᠠᠷ ᠨᠡᠮᠡᠭᠳᠡᠬᠦᠯᠵᠦ᠂ᠦᠷ᠎ᠡ ᠴᠢᠬᠢ ᠪᠣᠶ᠋ᠢᠵᠢᠭᠤᠯᠬᠤ ᠬᠢᠭᠡᠳ ᠮᠠᠯ ᠠᠵᠤ ᠠᠬᠤᠢ᠎ᠶᠢᠨ ᠲᠡᠵᠢᠭᠡᠨ ᠦᠷᠡᠵᠢᠭᠦᠯᠬᠦ᠎ᠶᠢ ᠤᠶᠠᠯᠳᠤᠭᠤᠯᠤᠨ ᠵᠣᠬᠢᠴᠠᠩᠭᠤᠢ ᠪᠠᠷ ᠬᠥᠭᠵᠢᠬᠦ ᠨᠢᠭᠡᠨ ᠵᠤᠷᠪᠤᠰ ᠨᠤᠮᠢᠨ ᠨᠣᠭᠣᠭᠠᠨ ᠳᠠᠷᠳᠠᠩ ᠵᠠᠮ᠎ᠢ ᠨᠡᠬᠡᠬᠡᠭᠰᠠᠨ ᠪᠠᠶ᠋ᠢᠨ᠎ᠠ᠃

(ᠬᠡᠷᠡᠯ ᠵᠢᠷᠤᠭ᠎ᠢ ᠳᠦᠷᠪᠡᠳ ᠬᠤᠰᠢᠭᠤᠨ᠎ᠤ ᠬᠠᠮ ᠵᠠᠭᠤᠴᠢᠯᠠᠭᠤᠷ ᠤ᠋ᠨ ᠳᠦᠪ ᠬᠠᠨᠭᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号