7 ᠰᠠᠷ᠎ᠠ᠎ᠶᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠶᠠᠮᠤᠨ᠎ᠤ ᠰᠠᠶ᠋ᠢᠳ ᠰᠦᠨ ᠶᠧ ᠯᠢᠨᠡᠷᠲᠡᠶ ᠠᠭᠤᠯᠵᠠᠪᠠ᠃

7 ᠰᠠᠷ᠎ᠠ᠎ᠶᠢᠨ 2 ᠤ᠋ᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠣᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠶᠠᠮᠤᠨ᠎ᠤ ᠰᠠᠶ᠋ᠢᠳ ᠰᠦᠨ ᠶᠧ ᠯᠢᠨᠡᠷᠲᠡᠶ ᠠᠭᠤᠯᠵᠠᠪᠠ᠃
ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠡ
ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠰᠦᠨ ᠶᠧ ᠯᠢᠨᠡᠷᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠰᠣᠶᠣᠯ ᠪᠠ ᠵᠢᠭᠤᠯᠴᠢᠯᠠᠯ᠎ᠤᠨ ᠶᠠᠮᠤᠨ ᠣᠷᠳᠣ ᠬᠤᠭᠤᠴᠠᠭᠠᠨ᠎ᠤ ᠲᠤᠷᠰᠢ ᠥᠪᠥᠷ ᠮᠣᠩᠭᠣᠯ᠎ᠤᠨ ᠬᠥᠭᠵᠢᠯᠲᠡ᠎ᠳᠦ ᠬᠦᠴᠦᠲᠡᠶ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠬᠤ᠎ᠶᠢᠨ ᠬᠠᠮᠲᠤ᠌ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠥᠬᠥᠶ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠡᠬᠢ ᠪᠠᠶᠠᠯᠢᠭ ᠦᠪᠡᠷᠮᠢᠴᠡ ᠳᠠᠪᠠᠭᠤᠯᠢᠭ᠎ᠲᠠᠶ᠂ ᠰᠣᠶᠣᠯ ᠵᠢᠭᠤᠯᠴᠢᠯᠠᠯ᠎ᠤᠨ ᠠᠵᠤ ᠦᠢᠯᠡᠰ᠎ᠦᠨ ᠬᠥᠭᠵᠢᠯᠲᠡ᠎ᠶᠢᠨ ᠢᠷᠡᠭᠡᠳᠦᠢ ᠥᠷᠭᠡᠨ ᠠᠭᠤᠳᠠᠮ᠂ ᠰᠣᠶᠣᠯ᠎ᠤᠨ ᠬᠦᠴᠦᠷᠬᠡᠭ ᠣᠷᠣᠨ᠎ᠢ ᠪᠦᠳᠦᠭᠡᠨ ᠪᠠᠶ᠋ᠢᠭᠤᠯᠬᠤ᠂ ᠳᠡᠯᠡᠬᠡᠢ᠎ᠳᠦ ᠠᠯᠳᠠᠷᠲᠠᠢ ᠪᠦᠬᠦ᠌ ᠣᠷᠣᠨ ᠪᠦᠰᠡ ᠪᠦᠬᠦ᠌ ᠤᠯᠠᠷᠢᠯ᠎ᠤᠨ ᠵᠢᠭᠤᠯᠴᠢᠯᠠᠯ᠎ᠤᠨ ᠬᠠᠷᠠᠯᠲᠠ᠎ᠳᠦ ᠣᠷᠣᠨ᠎ᠢ ᠪᠦᠲᠦᠭᠡᠨ ᠪᠠᠶ᠋ᠢᠭᠤᠯᠬᠤ᠎ᠶᠢ ᠨᠢᠭᠡᠨᠲᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠴᠢᠬᠤᠯᠠ ᠡᠭᠦᠷᠭᠡ ᠪᠣᠯᠭᠠᠪᠠ᠃ ᠣᠳᠣᠬᠠᠨ᠎ᠳᠤ᠂ ᠣᠷᠣᠨ ᠳᠠᠶᠠᠭᠠᠷ ᠶᠡᠷᠦᠩᠬᠡᠶ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ᠎ᠦᠨ ᠰᠣᠶᠣᠯ᠎ᠤᠨ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠤᠨᠴᠠᠯᠢᠬᠳᠤ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠢ ᠭᠦᠨᠵᠡᠭᠡᠶ ᠠᠭᠤᠳᠠᠯᠵᠤ᠂ ᠮᠠᠯ ᠠᠵᠤ ᠠᠬᠤᠶ ᠲᠠᠷᠢᠶᠠᠯᠠᠩ ᠰᠣᠶᠣᠯ ᠵᠢᠭᠤᠯᠴᠢᠯᠠᠯ ᠪᠡᠶ᠎ᠠ ᠵᠢᠨ ᠲᠠᠮᠢᠷ ᠬᠤᠳᠠᠯᠳᠤᠭ᠎ᠠ ᠵᠢ ᠨᠢᠭᠡ ᠴᠤᠭᠴᠠᠵᠢᠭᠤᠯᠤᠨ ᠬᠥᠭᠵᠢᠭᠦᠯᠬᠦ᠌᠎ᠶᠢ ᠠᠬᠢᠭᠤᠯᠵᠤ᠂ ᠴᠢᠨᠠᠷ ᠰᠠᠶ᠋ᠢᠲᠠᠶ ᠰᠣᠶᠣᠯ᠎ᠤᠨ ᠦᠢᠯᠡᠴᠢᠯᠡᠭᠡ ᠪᠣᠯᠤᠨ ᠵᠢᠭᠤᠯᠴᠢᠯᠠᠯ᠎ᠤᠨ ᠪᠦᠲᠦᠭᠡᠭᠳᠡᠭᠦᠨ ᠤ᠋ ᠬᠠᠩᠭᠠᠯᠭ᠎ᠠ᠎ᠶᠢ ᠦᠷᠭᠦᠯᠵᠢᠯᠡᠨ ᠪᠠᠶᠠᠯᠢᠭᠵᠢᠭᠤᠯᠵᠤ᠂ ᠣᠯᠠᠨ ᠲᠦᠮᠡᠨ᠎ᠦ ᠡᠳᠦᠷ ᠢᠷᠡᠬᠦᠶ᠎ᠡ ᠣᠯᠠᠨ ᠡᠰᠢᠵᠢᠵᠤ ᠪᠠᠢᠭ᠎ᠠ ᠰᠣᠶᠣᠯ ᠵᠢᠭᠤᠯᠴᠢᠯᠠᠯ᠎ᠤᠨ ᠬᠡᠷᠡᠭᠴᠡᠭᠡ᠎ᠶᠢ ᠲᠠᠰᠤᠷᠠᠯᠲᠠ ᠥᠬᠡᠶ ᠬᠠᠩᠭᠠᠨ᠎ᠠ᠃ ᠰᠣᠶᠣᠯ ᠪᠠ ᠵᠢᠭᠤᠯᠴᠢᠯᠠᠯ᠎ᠤᠨ ᠶᠠᠮᠤᠨ ᠥᠩᠭᠡᠷᠡᠭᠰᠡᠨ᠎ᠲᠡᠶ᠎ᠪᠡᠨ ᠠᠳᠠᠯᠢ᠎ᠪᠠᠷ ᠥᠪᠥᠷ ᠮᠣᠩᠭᠣᠯ᠎ᠤᠨ ᠬᠥᠭᠵᠢᠯᠲᠡ᠎ᠶᠢ ᠬᠠᠯᠠᠮᠵᠢᠯᠠᠨ ᠳᠡᠮᠵᠢᠵᠦ᠍᠂ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠨ ᠬᠥᠭᠵᠢᠬᠦ᠌᠂ ᠤᠳᠬ᠎ᠠ ᠤᠷᠠᠯᠢᠭ᠎ᠤᠨ ᠰᠣᠳᠣᠨ ᠪᠦᠲᠦᠭᠡᠯ᠎ᠢ ᠡᠭᠦᠳᠦᠨ ᠪᠦᠲᠦᠭᠡᠬᠦ᠌᠂ ᠴᠢᠨᠠᠷ ᠰᠠᠶ᠋ᠢᠲᠠᠶ ᠵᠢᠭᠤᠯᠴᠢᠯᠠᠯ᠎ᠤᠨ ᠪᠦᠲᠦᠭᠡᠭᠳᠡᠬᠦᠨ᠎ᠢ ᠪᠣᠶ᠋ᠢᠵᠢᠭᠤᠯᠬᠤ᠂ ᠰᠣᠶᠣᠯ᠎ᠤᠨ ᠣᠯᠠᠨ ᠤᠯᠤᠰ᠎ᠲᠠᠬᠢ ᠳᠠᠮᠵᠢᠭᠤᠯᠬᠤ ᠴᠢᠳᠠᠪᠤᠷᠢ᠎ᠶᠢ ᠳᠡᠭᠡᠭᠰᠢᠯᠡᠭᠦᠯᠬᠦ᠌ ᠵᠡᠷᠭᠡ ᠲᠠᠯ᠎ᠠ᠎ᠪᠠᠷ ᠨᠠᠩ ᠶᠡᠬᠡ ᠳᠡᠮᠵᠢᠯᠭᠡ ᠦᠵᠡᠭᠦᠯᠵᠦ᠍᠂ ᠥᠪᠥᠷ ᠮᠣᠩᠭᠣᠯ᠎ᠤᠨ ᠥᠪᠡᠷᠮᠢᠴᠡ ᠰᠣᠶᠣᠯ ᠵᠢᠭᠤᠯᠴᠢᠯᠠᠯ᠎ᠤᠨ ᠡᠬᠢ ᠪᠠᠶᠠᠯᠢᠭ᠎ᠤᠨ ᠳᠠᠪᠠᠭᠤᠯᠢᠭ ᠢ᠋ ᠴᠢᠨᠠᠷ ᠰᠠᠶ᠋ᠢᠲᠠᠶ ᠬᠥᠭᠵᠢᠯᠲᠡ᠎ᠶᠢᠨ ᠬᠥᠳᠡᠯᠭᠡᠬᠦ᠌ ᠡᠨᠧᠷᠭᠢ ᠪᠣᠯᠭᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠬᠦ᠌᠎ᠶᠢ ᠬᠦᠰᠡᠵᠦ᠍ ᠪᠠᠶ᠋ᠢᠨ᠎ᠠ ᠭᠡᠪᠡ᠃
ᠰᠦᠨ ᠶᠧ ᠯᠢ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠦᠢᠯᠡᠰ᠎ᠦᠨ ᠬᠥᠭᠵᠢᠯᠲᠡ᠎ᠶᠢ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠨ ᠬᠦᠴᠦᠲᠡᠢ ᠳᠡᠮᠵᠢᠭᠰᠡᠨ᠎ᠳᠦ ᠲᠠᠯᠠᠷᠬᠠᠪᠠ᠃ ᠲᠡᠷᠡ᠂ ᠥᠪᠥᠷ ᠮᠣᠩᠭᠣᠯ᠎ᠤᠨ ᠲᠡᠦᠬᠡ ᠰᠣᠶᠣᠯ᠎ᠤᠨ ᠰᠠᠭᠤᠷᠢ ᠵᠤᠵᠠᠭᠠᠨ᠂ ᠪᠠᠶ᠋ᠢᠭᠠᠯᠢ᠎ᠶᠢᠨ ᠦᠵᠡᠮᠵᠢ ᠪᠠᠶᠠᠯᠢᠭ᠂ ᠣᠷᠣᠨ ᠪᠦᠰᠡ᠎ᠶᠢᠨ ᠥᠩᠭᠡ ᠦᠵᠡᠮᠵᠢ ᠦᠪᠡᠷ ᠥᠪᠡᠷ᠎ᠦᠨ ᠣᠨᠴᠠᠯᠢᠭ᠎ᠲᠠᠶ᠂ ᠰᠣᠶᠣᠯ ᠵᠢᠭᠤᠯᠴᠢᠯᠠᠯ᠎ᠤᠨ ᠬᠥᠭᠵᠢᠯᠲᠡ᠎ᠶᠢᠨ ᠣᠷᠣᠨ ᠵᠠᠶ ᠥᠷᠭᠡᠨ ᠠᠭᠤᠳᠠᠮ᠂ ᠳᠠᠯᠳᠠ ᠬᠦᠴᠦᠨ ᠯᠤᠲᠤ᠌ ᠶᠡᠬᠡ ᠪᠠᠶ᠋ᠢᠨ᠎ᠠ᠃ ᠲᠠᠷᠠᠭᠠᠴᠢ᠎ᠶᠢᠨ ᠠᠯᠬᠤᠮ᠎ᠳᠤ᠂ ᠰᠣᠶᠣᠯ ᠪᠠ ᠵᠢᠭᠤᠯᠴᠢᠯᠠᠯ᠎ᠤᠨ ᠶᠠᠮᠤᠨ ᠥᠪᠥᠷ ᠮᠣᠩᠭᠣᠯ᠎ᠯᠤᠭ᠎ᠠ ᠪᠥᠬᠥ᠌ ᠲᠠᠯ᠎ᠠ᠎ᠶᠢᠨ ᠪᠣᠳᠠᠲᠠᠶ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠭᠦᠨᠵᠡᠭᠡᠶ᠋ᠢᠷᠡᠭᠦᠯᠵᠦ᠍᠂ ᠶᠠᠮᠤᠨ ᠪᠠ ᠣᠷᠣᠨ᠎ᠤ ᠬᠠᠮᠵᠢᠯᠴᠠᠨ ᠬᠣᠯᠪᠣᠭᠠᠯᠠᠨ ᠬᠥᠳᠡᠯᠦᠯᠴᠡᠬᠦ᠌ ᠲᠣᠭᠲᠠᠴᠠ᠎ᠶᠢ ᠪᠦᠷᠢᠨᠰᠢᠭᠦᠯᠵᠦ᠍᠂ ᠬᠥᠭᠵᠢᠯᠲᠡ᠎ᠶᠢᠨ ᠬᠠᠮᠲᠤᠷᠠᠯ ᠬᠦᠴᠦᠨ᠎ᠢ ᠨᠢᠭᠲᠠᠷᠠᠭᠤᠯᠵᠤ᠂ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠬᠠᠮᠲᠤ᠎ᠪᠠᠷ ᠠᠬᠢᠭᠤᠯᠤᠨ᠎ᠠ ᠭᠡᠵᠤ ᠢᠯᠡᠳᠭᠡᠵᠠᠢ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠪᠦᠦ ᠰᠢᠶᠠᠨ ᠬᠤᠸᠠ᠂ ᠢᠦᠶ ᠯᠢ ᠰᠢᠨ ᠣᠷᠣᠯᠴᠠᠪᠠ᠃