ᠵᠠᠰᠠᠭ ᠤ᠋ᠨ ᠠᠵᠢᠯ ᠤ᠋ᠨ ᠪᠦᠳᠦᠮᠵᠢ ᠶ᠋ᠢᠨ ᠳᠤᠬᠠᠢ ᠵᠦᠪ ᠦᠵᠡᠯᠳᠡ ᠵᠢ ᠪᠤᠢ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ᠋ ᠥᠷᠨᠢᠭᠦᠯᠦᠭᠰᠡᠨ ᠡᠴᠡ ᠨᠠᠭᠠᠰᠢ᠂ ᠮᠠᠨ ᠤ᠋ ᠣᠷᠣᠨ ᠤ᠋ ᠡᠯ᠎ᠡ ᠭᠠᠵᠠᠷ ᠡᠯ᠎ᠡ ᠰᠠᠯᠠᠭ᠎ᠠ ᠮᠥᠴᠢᠷ 《ᠨᠡᠶ᠋ᠢᠲᠡ ᠵᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ ᠳ᠋ᠤ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ ᠪᠡᠷ ᠰᠢᠢᠳᠪᠦᠷᠢᠳᠤ ᠪᠤᠳᠤᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠤᠳᠠᠳᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ ᠵᠢ ᠨᠠᠷᠢᠨ ᠬᠢᠨᠠᠮᠠᠭᠠᠢ ᠳᠤᠭᠤᠰᠢᠯᠠᠭᠤᠯᠵᠤ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠨ᠂ ᠰᠤᠷᠤᠯᠴᠠᠯᠭ᠎ᠠ ᠶ᠋ᠢᠨ ᠦᠷ᠎ᠡ ᠪᠦᠲᠦᠬᠡᠯ ᠢ᠋ ᠦᠨᠡᠨ ᠬᠦ᠌ ᠬᠥᠭᠵᠢᠯᠲᠡ ᠳ᠋ᠤ ᠦᠢᠯᠡᠴᠢᠯᠡᠬᠦᠯᠬᠦ᠂ ᠠᠷᠠᠳ ᠤ᠋ᠨ ᠠᠮᠢᠳᠤᠷᠠᠯ ᠳ᠋ᠤ ᠠᠰᠢᠭ᠋ ᠬᠦᠷᠲᠡᠭᠡᠬᠦ᠂ ᠵᠠᠰᠠᠯᠳᠠ ᠳ᠋ᠤ ᠬᠦᠴᠦᠨ ᠨᠡᠮᠡᠷᠢᠯᠡᠬᠦ ᠪᠣᠳᠠᠲᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠡᠯ᠎ᠡ ᠵᠦᠢᠯ ᠤ᠋ᠨ ᠠᠵᠢᠯ ᠢ᠋ ᠨᠠᠷᠢᠯᠢᠭ᠍ᠵᠢᠭᠤᠯᠤᠨ ᠨᠠᠢᠳᠠᠪᠤᠷᠢᠵᠢᠭᠤᠯᠵᠤ᠂ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ᠋ ᠢ᠋ ᠨᠡᠮᠡᠭᠳᠡᠭᠦᠯᠬᠦ ᠵᠢ ᠠᠬᠢᠭᠤᠯᠵᠤ ᠪᠠᠢᠨ᠎ᠠ᠃
ᠥᠪᠥᠷ ᠮᠣᠩᠭᠣᠯ ᠤ᠋ᠨ ᠬᠢᠯᠢ ᠪᠡᠷ ᠣᠷᠣᠵᠤ ᠭᠠᠷᠬᠤ ᠬᠢᠯᠢ ᠵᠢᠨ ᠬᠠᠮᠠᠭᠠᠯᠠᠯᠲᠠ ᠵᠢᠨ ᠪᠠᠢᠴᠠᠭᠠᠯᠲᠠ ᠵᠢᠨ ᠶᠡᠷᠦᠩᠬᠡᠢ ᠥᠷᠲᠡᠭᠡ 《ᠪᠣᠳᠠᠲᠤ ᠠᠵᠢᠯ ᠤ᠋ᠨ ᠪᠦᠲᠦᠮᠵᠢ ᠪᠡᠷ ᠰᠤᠷᠤᠯᠴᠠᠯᠭ᠎ᠠ ᠶ᠋ᠢᠨ ᠦᠷ᠎ᠡ ᠪᠦᠲᠦᠬᠡᠯ ᠢ᠋ ᠰᠢᠯᠭᠠᠨ ᠪᠠᠢᠴᠠᠭᠠᠬᠤ》 ᠵᠢ ᠢᠯᠡ ᠲᠣᠳᠣ᠌ ᠤᠳᠤᠷᠢᠳᠤᠮᠵᠢ ᠪᠣᠯᠭᠠᠵᠤ᠂ ᠡᠯ᠎ᠡ ᠱᠠᠲᠤᠨ ᠤ᠋ ᠵᠠᠰᠠᠭ ᠤ᠋ᠨ ᠠᠵᠢᠯ ᠤ᠋ᠨ ᠪᠦᠲᠦᠮᠵᠢ ᠵᠢᠨ ᠳᠤᠬᠠᠢ ᠵᠥᠪ ᠦᠵᠡᠯᠲᠡ ᠵᠢ ᠰᠠᠨᠠᠭᠠᠴᠢᠯᠠᠭ᠎ᠠ ᠡᠴᠠ ᠪᠠᠨ ᠭᠣᠣᠯ ᠬᠠᠷᠢᠭᠤᠴᠠᠯᠭ᠎ᠠ ᠭᠣᠣᠯ ᠠᠵᠢᠯ᠂ ᠥᠭᠡᠷᠡᠴᠢᠯᠡᠯᠲᠡ ᠬᠥᠭᠵᠢᠯᠲᠡ᠂ ᠡᠩᠨᠡᠭᠡ ᠵᠢᠨ ᠪᠠᠢᠭᠤᠯᠤᠯᠲᠠ ᠵᠢᠨ ᠪᠥᠬᠥ ᠶᠠᠪᠤᠴᠠ ᠳ᠋ᠤ ᠠᠭᠤᠰᠬᠠᠬᠤ ᠵᠢ ᠬᠥᠲᠥᠯᠥᠨ ᠵᠢᠯᠤᠭᠣᠳᠴᠤ᠂ ᠪᠣᠳᠠᠲᠠᠢ ᠠᠵᠢᠯᠯᠠᠵᠤ ᠪᠣᠭᠣᠮᠲᠠ ᠰᠢᠪᠲᠤᠯᠬᠤ ᠳᠤᠮᠳᠠ ᠰᠤᠷᠤᠯᠴᠠᠯᠭ᠎ᠠ ᠶ᠋ᠢᠨ ᠦᠷ᠎ᠡ ᠪᠦᠲᠦᠬᠡᠯ ᠢ᠋ ᠭᠦᠨᠵᠡᠭᠡᠢᠷᠡᠭᠦᠯᠵᠡᠢ᠃ ᠲᠤᠰ ᠶᠡᠷᠦᠩᠬᠡᠢ ᠦᠷᠳᠡᠭᠡᠨᠤ ᠨᠠᠮ ᠤ᠋ᠨ ᠬᠣᠷᠢᠶ᠎ᠠ ᠰᠤᠷᠤᠯᠴᠠᠯᠭ᠎ᠠ ᠶ᠋ᠢᠨ ᠦᠷ᠎ᠡ ᠪᠦᠲᠦᠭᠡᠯ ᠢ᠋ ᠶᠡᠬᠡ ᠲᠠᠯ᠎ᠠ ᠳ᠋ᠤ ᠦᠢᠯᠡᠴᠢᠯᠡᠬᠦᠯᠬᠦ ᠠᠮᠢᠳᠤᠯᠢᠭ᠋ ᠦᠢᠯᠡᠳᠦᠯᠭᠡ ᠪᠣᠯᠭᠠᠨ ᠬᠤᠪᠢᠷᠠᠭᠤᠯᠬᠤ ᠵᠢ ᠪᠠᠷᠢᠮᠲᠠᠯᠠᠵᠤ᠂ ᠤᠯᠤᠰ ᠤ᠋ᠨ ᠴᠢᠬᠤᠯᠠ ᠶᠡᠬᠡ ᠪᠠᠢᠯᠳᠤᠬᠤ ᠪᠣᠳᠣᠯᠭ᠎ᠠ ᠵᠢᠨ ᠪᠠᠢᠷᠢᠯᠠᠭᠤᠯᠤᠯᠲᠠ ᠵᠢ ᠠᠩᠬᠠᠷᠴᠤ᠂ ᠤᠨᠢᠨ ᠳᠡᠭᠡᠷ᠎ᠡ ᠨᠢ ᠬᠦᠴᠦᠯᠡᠨ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠦᠭᠡᠲᠦ ᠠᠷᠠᠯᠵᠢᠶᠠᠨ ᠤ᠋ ᠲᠤᠷᠰᠢᠯᠲᠠ ᠵᠢᠨ ᠣᠷᠣᠨ᠂ ᠳᠤᠮᠳᠠᠳᠤ ᠮᠣᠩᠭᠣᠯ ᠤ᠋ᠨ ᠡᠷᠢᠶᠡᠨ ᠬᠤᠳᠠ — ᠵᠠᠮ ᠤ᠋ᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭᠠᠨ ᠤ᠋ ᠣᠷᠣᠨ ᠢ᠋ ᠳᠡᠮᠵᠢᠬᠦ ᠠᠯᠢ ᠤᠯᠠᠨ ᠠᠷᠭ᠎ᠠ ᠬᠡᠮᠵᠢᠶ᠎ᠡ ᠵᠢ ᠰᠤᠳᠤᠯᠤᠨ ᠳᠤᠷᠠᠳᠴᠠᠢ᠃ 《ᠲᠣᠭᠠᠴᠢᠯᠠᠭᠰᠠᠨ ᠤᠶᠤᠨᠴᠢᠯᠠᠭᠰᠠᠨ ᠨᠢᠭᠡ ᠥᠷᠲᠡᠭᠡᠴᠢᠯᠡᠭᠰᠡᠨ ᠲᠦᠷᠭᠡᠨ ᠨᠡᠪᠲᠡᠷᠡᠬᠦ ᠵᠠᠮ》 ᠤ᠋ᠨ ᠪᠦᠲᠦᠭᠡᠨ ᠪᠠᠢᠭᠤᠯᠤᠯᠲᠠ ᠵᠢ ᠭᠣᠣᠯᠯᠠᠨ ᠠᠬᠢᠭᠤᠯᠵᠤ᠂ ᠪᠣᠭᠣᠮᠲᠠ ᠪᠡᠷ ᠥᠩᠭᠡᠷᠡᠬᠦ ᠵᠢ ᠳᠥᠭᠥᠮᠴᠢᠯᠡᠬᠦ ᠬᠢᠷᠢ ᠲᠦᠪᠰᠢᠨ ᠶ᠋ᠢᠡᠨ ᠦᠷᠭᠦᠯᠵᠢᠯᠡᠨ ᠳᠡᠭᠡᠭᠰᠢᠯᠡᠭᠦᠯᠵᠦ᠂ ᠡᠨᠡ ᠵᠢᠯ ᠡᠴᠡ ᠨᠠᠭᠠᠰᠢ ᠬᠢᠯᠢ ᠪᠡᠷ ᠣᠷᠣᠵᠤ ᠭᠠᠷᠬᠤ ᠬᠥᠮᠥᠨ ᠤ᠋ ᠳᠤᠭ᠎ᠠ᠂ ᠲᠡᠭᠡᠭᠡᠪᠦᠷᠢ ᠵᠢᠨ ᠪᠠᠭᠠᠵᠢ ᠬᠡᠷᠡᠭᠰᠡᠯ ᠢ᠋ ᠰᠢᠯᠭᠠᠨ ᠦᠩᠭᠡᠷᠡᠭᠦᠯᠦᠭᠰᠡᠨ ᠲᠣᠭ᠎ᠠ ᠪᠠ ᠪᠣᠭᠣᠮᠲᠠ ᠪᠡᠷ ᠥᠩᠭᠡᠷᠡᠬᠦ ᠡᠳ᠋ ᠪᠠᠷᠠᠭ᠎ᠠ ᠵᠢ ᠪᠠᠳᠤᠯᠠᠭᠰᠠᠨ ᠬᠡᠮᠵᠢᠶ᠎ᠡ ᠨᠢᠳᠤᠨᠤᠨ ᠤ᠋ ᠠᠳᠠᠯᠢ ᠬᠤᠭᠤᠴᠠᠭᠠᠨ ᠤ᠋ ᠬᠢ ᠡᠴᠡ ᠲᠣᠰ ᠲᠣᠰ 24.1%᠂ 34.3%᠂ 43.1% ᠪᠡᠷ ᠨᠡᠮᠡᠭᠳᠡᠪᠡ᠃ ᠡᠭᠦᠨ ᠤ᠋ ᠬᠠᠮᠳᠤ᠂ ᠲᠤᠰ ᠶᠡᠷᠦᠩᠬᠡᠢ ᠦᠷᠳᠡᠬᠡ ᠢᠮᠠᠭᠲᠠ ᠡᠭᠦᠳᠡ ᠪᠡᠨ ᠨᠡᠭᠡᠭᠡᠵᠦ ᠬᠥᠮᠦᠵᠢᠯ ᠬᠢᠬᠦ᠂ ᠠᠷᠠᠳ ᠤ᠋ᠨ ᠰᠠᠨᠠᠯ ᠢ᠋ ᠥᠷᠭᠡᠨ ᠶ᠋ᠢᠡᠷ ᠬᠦᠯᠢᠶᠡᠨ ᠠᠪᠴᠤ ᠴᠡᠭᠴᠡᠯᠡᠨ ᠵᠠᠰᠠᠬᠤ ᠵᠢ ᠠᠬᠢᠭᠤᠯᠵᠤ᠂ ᠴᠠᠭᠳᠠᠭ᠎ᠠ ᠠᠷᠠᠳ᠂ ᠴᠠᠭᠳᠠᠭ᠎ᠠ ᠠᠵᠤ ᠠᠬᠤᠢᠯᠠᠯ ᠤ᠋ᠨ ᠶᠠᠷᠢᠯᠴᠠᠬᠤ ᠬᠤᠷᠠᠯ ᠢ᠋ ᠨᠡᠢᠳᠡ 79 ᠤᠳᠠᠭ᠎ᠠ ᠬᠢᠵᠦ᠂ 528 ᠬᠤᠪᠢ ᠰᠠᠨᠠᠯ ᠰᠠᠨᠠᠭᠤᠯᠭ᠎ᠠ ᠵᠢ ᠬᠤᠷᠢᠶᠠᠨ ᠠᠪᠴᠤ᠂ ᠰᠠᠨᠠᠯ ᠰᠠᠨᠠᠭᠤᠯᠭ᠎ᠠ ᠵᠢ ᠦᠨᠳᠦᠰᠦᠯᠡᠨ᠂ ᠨᠢᠭᠡ ᠨᠢᠭᠡ ᠪᠡᠷ ᠴᠡᠭᠴᠡᠯᠡᠨ ᠰᠠᠢᠵᠢᠷᠠᠭᠤᠯᠬᠤ ᠠᠷᠭ᠎ᠠ ᠪᠤᠳᠤᠯᠭ᠎ᠠ ᠳᠤᠭᠳᠠᠭᠠᠨ ᠴᠡᠭᠴᠡᠯᠡᠨ ᠵᠠᠰᠠᠵᠤ᠂ ᠤᠯᠠᠨ ᠲᠦᠮᠡᠨ ᠤ᠋ ᠬᠠᠨᠤᠮᠵᠢ ᠵᠢᠨ ᠬᠡᠮᠵᠢᠶ᠎ᠡ ᠪᠡᠷ ᠠᠵᠢᠯ ᠤ᠋ᠨ ᠴᠢᠭᠯᠡᠯ ᠶ᠋ᠢᠡᠨ ᠳᠤᠭᠳᠠᠭᠠᠬᠤ᠂ ᠠᠵᠢᠯ ᠤ᠋ᠨ ᠪᠦᠳᠦᠮᠵᠢ ᠶ᠋ᠢᠨ ᠶᠠᠰᠤ ᠴᠢᠨᠠᠷ ᠢ᠋ ᠦᠨᠡᠯᠡᠬᠦ ᠪᠠᠷᠢᠮᠵᠢᠶ᠎ᠠ ᠪᠤᠯᠭᠠᠵᠤ ᠪᠠᠢᠨ᠎ᠠ᠃
ᠪᠤᠭᠤᠲᠤ ᠬᠤᠳᠠ ᠵᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠵᠠᠰᠠᠭ ᠤ᠋ᠨ ᠠᠵᠢᠯ ᠤ᠋ᠨ ᠪᠦᠳᠦᠮᠵᠢ ᠶ᠋ᠢᠨ ᠳᠤᠬᠠᠢ ᠵᠦᠪ ᠦᠵᠡᠯᠲᠡ ᠵᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠢ᠋ ᠦᠷᠭᠦᠯᠵᠢᠯᠡᠨ ᠭᠦᠨᠵᠡᠭᠡᠢ ᠠᠬᠢᠭᠤᠯᠪᠠ᠃ ᠪᠤᠭᠤᠲᠤ ᠬᠤᠳᠠ ᠵᠢᠨ ᠨᠠᠮ ᠤ᠋ᠨ ᠬᠣᠷᠢᠶ᠎ᠠ ᠵᠢᠨ ᠨᠠᠮ ᠤ᠋ᠨ ᠪᠠᠢᠭᠤᠯᠤᠯᠲᠠ ᠵᠢᠨ ᠠᠵᠢᠯ ᠤ᠋ᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠵᠤ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠱᠠᠭᠠᠷᠳᠠᠨ᠂ ᠠᠶᠤᠯᠭᠦᠢ ᠦᠢᠯᠡᠳᠪᠦᠷᠢᠯᠡᠯ᠂ ᠪᠠᠷᠢᠯᠭ᠎ᠠ ᠵᠤᠭᠰᠤᠭᠰᠠᠨ ᠰᠤᠯᠠ ᠲᠠᠯᠪᠢᠭ᠍ᠳᠠᠵᠤ ᠪᠠᠢᠭ᠎ᠠ ᠲᠦᠷᠦᠯ ᠵᠦᠢᠯ ᠵᠡᠷᠭᠡ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠪᠣᠳᠠᠲᠠᠢᠵᠢᠭᠤᠯᠵᠤ᠂ ᠪᠦᠬᠦ ᠬᠤᠳᠠ ᠪᠡᠷ ᠶ᠋ᠢᠡᠨ ᠪᠣᠳᠠᠲᠤ ᠠᠵᠢᠯ ᠤ᠋ᠨ ᠪᠦᠲᠦᠮᠵᠢ ᠪᠡᠷ ᠰᠤᠷᠤᠯᠴᠠᠯᠭ᠎ᠠ ᠶ᠋ᠢᠨ ᠦᠷ᠎ᠡ ᠪᠦᠲᠦᠭᠡᠯ ᠢ᠋ ᠰᠢᠯᠭᠠᠨ ᠪᠠᠢᠴᠠᠭᠠᠬᠤ ᠵᠢ ᠪᠠᠷᠢᠮᠲᠠᠯᠠᠵᠠᠢ᠃ ᠪᠤᠭᠤᠲᠤ ᠬᠤᠳᠠ ᠵᠢᠨ ᠳᠣᠲᠣᠭᠠᠳᠤ ᠵᠢ ᠬᠠᠮᠠᠭᠠᠯᠠᠬᠤ ᠲᠣᠪᠴᠢᠶ᠎ᠠ ᠶ᠋ᠢᠨ ᠨᠠᠮ ᠤ᠋ᠨ ᠬᠣᠷᠢᠶ᠎ᠠ ᠬᠤᠷᠠᠯ ᠬᠤᠷᠠᠯᠳᠤᠭᠤᠯᠵᠤ᠂ 《ᠭᠦᠨᠵᠡᠭᠡᠢ ᠰᠤᠷᠤᠯᠴᠠᠬᠤ》᠂ 《ᠦᠨᠡᠨ ᠬᠦ᠌ ᠪᠠᠢᠴᠠᠭᠠᠬᠤ》᠂ 《ᠪᠣᠳᠠᠲᠠᠢ ᠰᠠᠢᠵᠢᠷᠠᠭᠤᠯᠬᠤ》 ᠶ᠋ᠢ ᠢᠮᠠᠭᠲᠠ ᠳᠤᠭᠤᠰᠢᠯᠠᠭᠤᠯᠬᠤ ᠵᠢ ᠱᠠᠭᠠᠷᠳᠠᠨ᠂ ᠪᠢᠲᠡᠭᠦᠦ ᠡᠷᠬᠢᠯᠲᠡ ᠵᠢᠨ ᠬᠡᠯᠪᠡᠷᠢ ᠪᠡᠷ ᠴᠡᠭᠴᠡᠯᠡᠨ ᠰᠠᠢᠵᠢᠷᠠᠭᠤᠯᠬᠤ ᠵᠢ ᠠᠬᠢᠭᠤᠯᠵᠠᠢ᠃ ᠪᠤᠭᠤᠲᠤ ᠬᠤᠳᠠ ᠵᠢᠨ ᠷᠧ ᠯᠢ ᠪᠦᠯᠦᠭᠯᠡᠯ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ 《ᠲᠦᠭ ᠲᠦᠮᠡᠨ ᠠᠢᠯ ᠡᠷᠦᠬᠡ ᠵᠢ ᠳᠤᠯᠠᠭᠠᠴᠠᠭᠤᠯᠬᠤ》 ᠡᠭᠦᠷᠭᠡ ᠬᠠᠷᠢᠭᠤᠴᠠᠯᠭ᠎ᠠ ᠵᠢᠨ ᠲᠣᠭᠣᠷᠢᠨ ᠳ᠋ᠤ ᠵᠠᠰᠠᠭ ᠤ᠋ᠨ ᠠᠵᠢᠯ ᠤ᠋ᠨ ᠪᠦᠳᠦᠮᠵᠢ ᠶ᠋ᠢᠨ ᠳᠤᠬᠠᠢ ᠵᠦᠪ ᠦᠵᠡᠯᠳᠡ ᠵᠢ ᠠᠷᠠᠳ ᠤ᠋ᠨ ᠠᠮᠢᠳᠤᠷᠠᠯ ᠤ᠋ᠨ ᠦᠢᠯᠡᠴᠢᠯᠡᠭᠡᠨ ᠤ᠋ ᠪᠦᠬᠦ ᠶᠠᠪᠤᠴᠠ ᠳ᠋ᠤ ᠳᠤᠭᠤᠰᠢᠯᠠᠭᠤᠯᠵᠤ ᠪᠠᠢᠨ᠎ᠠ᠃ ᠡᠯ᠎ᠡ ᠬᠣᠰᠢᠭᠤ ᠰᠢᠶᠠᠨ ᠲᠣᠭᠣᠷᠢᠭ᠋ ᠴᠤ᠌ ᠵᠡᠷᠭᠡ ᠪᠡᠷ ᠬᠦᠴᠦᠯᠡᠵᠦ ᠪᠤᠢ᠄ ᠴᠢᠩᠱᠠᠨ ᠲᠣᠭᠣᠷᠢᠭ᠋ ᠤ᠋ᠨ ᠨᠠᠮ ᠤ᠋ᠨ ᠬᠣᠷᠢᠶ᠎ᠠ ᠵᠢᠨ ᠨᠠᠮ ᠤ᠋ᠨ ᠪᠠᠢᠭᠤᠯᠤᠯᠲᠠ ᠵᠢᠨ ᠠᠵᠢᠯ ᠤ᠋ᠨ ᠤᠳᠤᠷᠢᠳᠬᠤ ᠳᠤᠭᠤᠢᠯᠠᠩ ᠬᠤᠷᠠᠯ ᠬᠤᠷᠠᠯᠳᠤᠭᠤᠯᠵᠤ᠂ ᠳᠥᠷᠪᠡᠨ ᠶᠡᠬᠡ ᠤᠳᠤᠷᠢᠳᠬᠤ ᠪᠠᠭ ᠤ᠋ᠨ ᠠᠰᠠᠭᠤᠳᠠᠯ ᠤ᠋ᠨ ᠨᠠᠷᠢᠨ ᠲᠠᠩᠰᠠ ᠵᠢ ᠪᠠᠢᠴᠠᠭᠠᠨ ᠳᠡᠯᠭᠡᠭᠰᠡᠨ ᠪᠠᠢᠳᠠᠯ ᠵᠢᠴᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠠᠬᠢᠴᠠ ᠵᠢᠨ ᠪᠠᠢᠳᠠᠯ ᠢ᠋ ᠬᠦᠯᠢᠶᠡᠨ ᠰᠣᠨᠣᠰᠴᠡᠢ; ᠵᠢᠤᠶᠤᠸᠠᠨ ᠲᠣᠭᠣᠷᠢᠭ᠋ ᠤ᠋ᠨ ᠨᠠᠮ ᠤ᠋ᠨ ᠬᠣᠷᠢᠶ᠎ᠠ ᠵᠢᠨ ᠬᠠᠷᠢᠭᠤᠴᠠᠯᠭᠠᠲᠠᠨ ᠵᠡᠭᠡᠯᠢ ᠭᠤᠳᠤᠮᠵᠢᠨ ᠳ᠋ᠤ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠂ ᠵᠠᠰᠠᠭ ᠤ᠋ᠨ ᠠᠵᠢᠯ ᠤ᠋ᠨ ᠪᠦᠳᠦᠮᠵᠢ ᠶ᠋ᠢᠨ ᠳᠤᠬᠠᠢ ᠵᠦᠪ ᠦᠵᠡᠯᠳᠡ ᠵᠢ ᠤᠯᠠᠨ ᠲᠦᠮᠡᠨ ᠳ᠋ᠤ ᠦᠢᠯᠡᠴᠢᠯᠡᠬᠦ ᠠᠵᠢᠯᠯᠠᠭ᠎ᠠ ᠳ᠋ᠤ ᠨᠠᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠢᠨ᠎ᠠ᠃
ᠣᠷᠳᠣᠰ ᠬᠤᠳᠠ ᠵᠢᠨ ᠬᠢᠶ᠎ᠠ ᠪᠠᠭ᠍ᠰᠢ ᠲᠣᠭᠣᠷᠢᠭ᠋ ᠪᠠᠢᠴᠠᠭᠠᠨ ᠰᠤᠳᠤᠯᠬᠤ ᠳᠤᠭᠤᠢᠯᠠᠩ ᠢ᠋ ᠵᠣᠬᠢᠶᠠᠨ ᠪᠠᠢᠭᠤᠯᠤᠭᠠᠳ᠂ ᠴᠢᠩ ᠴᠦᠨ ᠱᠠᠨ ᠵᠡᠭᠡᠯᠢ ᠭᠤᠳᠤᠮᠵᠢ ᠵᠢᠨ ᠵᠦᠵᠢᠶᠠᠩ ᠨᠡᠢᠭᠡᠮ ᠲᠣᠭᠣᠷᠢᠭ᠋ ᠤ᠋ᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠲᠥᠪ᠂ ᠺᠠᠩ ᠰᠢᠨ ᠵᠡᠭᠡᠯᠢ ᠭᠤᠳᠤᠮᠵᠢ ᠵᠢᠨ ᠶᠤᠸᠠᠢ ᠾᠧ ᠨᠡᠢᠭᠡᠮ ᠲᠣᠭᠣᠷᠢᠭ᠋ ᠲᠤ᠌ ᠭᠦᠨᠵᠡᠭᠡᠢᠷᠡᠵᠦ᠂ ᠵᠠᠰᠠᠭ ᠤ᠋ᠨ ᠠᠵᠢᠯ ᠤ᠋ᠨ ᠪᠦᠳᠦᠮᠵᠢ ᠶ᠋ᠢᠨ ᠳᠤᠬᠠᠢ ᠵᠦᠪ ᠦᠵᠡᠯᠳᠡ ᠵᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ ᠤ᠋ᠨ ᠭᠣᠣᠯᠳᠠᠯᠭ᠎ᠠ ᠲᠠᠢ ᠡᠭᠦᠷᠭᠡ ᠵᠢᠨ ᠲᠣᠭᠣᠷᠢᠨ ᠳ᠋ᠤ ᠲᠤᠬᠠᠢ ᠵᠢᠨ ᠭᠠᠵᠠᠷ ᠲᠤᠨᠢ ᠪᠠᠢᠴᠠᠭᠠᠨ ᠰᠤᠳᠤᠯᠤᠯᠲᠠ ᠬᠢᠵᠦ ᠬᠢᠨᠠᠨ ᠵᠢᠯᠤᠭᠣᠳᠴᠡᠢ᠃ ᠪᠠᠢᠴᠠᠭᠠᠨ ᠰᠤᠳᠤᠯᠬᠤ ᠳᠤᠭᠤᠢᠯᠠᠩ ᠪᠠᠢᠴᠠᠭᠠᠨ ᠰᠤᠳᠤᠯᠬᠤ ᠳᠤᠮᠳᠠ ᠦᠨᠳᠦᠰᠦᠨ ᠱᠠᠲᠤᠨ ᠤ᠋ ᠡᠮ ᠡᠮᠨᠡᠯᠭᠡ ᠵᠢᠨ ᠳᠠᠭᠠᠳᠬᠠᠯ ᠤ᠋ᠨ ᠰᠠᠭᠤᠷᠢ ᠮᠥᠩᠭᠥᠨ ᠤ᠋ ᠬᠠᠮᠢᠶᠠᠷᠤᠯᠲᠠ ᠵᠢᠨ ᠲᠣᠪᠣᠢᠮ᠎ᠠ ᠠᠰᠠᠭᠤᠳᠠᠯ ᠢ᠋ ᠴᠡᠭᠴᠡᠯᠡᠨ ᠵᠠᠰᠠᠬᠤ ᠵᠢ ᠠᠬᠢᠭᠤᠯᠵᠤ ᠪᠠᠢᠭ᠎ᠠ ᠪᠠᠢᠳᠠᠯ ᠢ᠋ ᠨᠠᠷᠢᠨ ᠨᠢᠮᠪᠠᠢ ᠰᠣᠨᠣᠰᠴᠤ᠂ ᠲᠤᠰᠬᠠᠢ ᠴᠡᠭᠴᠡᠯᠡᠨ ᠵᠠᠰᠠᠬᠤ ᠠᠵᠢᠯ ᠤ᠋ᠨ ᠨᠠᠢᠳᠠᠪᠤᠷᠢᠵᠢᠭᠤᠯᠤᠭᠰᠠᠨ ᠨᠠᠷᠢᠨ ᠵᠦᠢᠯᠡᠰ᠂ ᠣᠷᠣᠰᠢᠵᠤ ᠪᠠᠢᠭ᠎ᠠ ᠠᠰᠠᠭᠤᠳᠠᠯ ᠵᠢᠴᠢ ᠠᠬᠢᠴᠠ ᠲᠥᠯᠥᠪᠯᠡᠭᠡ ᠵᠢ ᠪᠥᠬᠥ ᠲᠠᠯ᠎ᠠ ᠪᠡᠷ ᠣᠢᠯᠠᠭᠠᠪᠠ᠃ ᠬᠠᠷᠢᠶ᠎ᠠ ᠣᠷᠣᠨ ᠤ᠋ ᠭᠣᠣᠯᠳᠠᠯᠭ᠎ᠠ ᠲᠠᠢ ᠵᠠᠬᠢᠳᠠᠯ ᠰᠣᠷᠪᠤᠯᠵᠢᠯᠠᠯᠤᠨ ᠵᠥᠷᠢᠴᠡᠯ ᠵᠠᠭᠤᠷᠠᠯᠳᠤᠭᠠᠨ ᠳ᠋ᠤ ᠴᠢᠭᠯᠡᠭᠦᠯᠦᠨ᠂ ᠪᠠᠢᠴᠠᠭᠠᠨ ᠰᠤᠳᠤᠯᠬᠤ ᠳᠤᠭᠤᠢᠯᠠᠩ ᠬᠤᠯᠪᠤᠭᠳᠠᠯ ᠪᠦᠬᠦᠢ ᠡᠭᠦᠷᠭᠡ ᠴᠢᠳᠠᠮᠵᠢᠲᠤ ᠰᠠᠯᠠᠭ᠎ᠠ ᠮᠥᠴᠢᠷ ᠲᠠᠢ ᠬᠤᠯᠪᠤᠭᠠᠯᠠᠨ᠂ ᠲᠤᠬᠠᠢ ᠵᠢᠨ ᠭᠠᠵᠠᠷ ᠲᠤᠨᠢ ᠵᠥᠪᠳᠡᠯᠴᠡᠨ ᠰᠤᠳᠤᠯᠤᠨ ᠮᠠᠭᠠᠳᠯᠠᠵᠤ᠂ ᠠᠰᠠᠭᠤᠳᠠᠯ ᠤ᠋ᠨ ᠦᠨᠳᠦᠰᠦ ᠰᠤᠷᠪᠤᠯᠵᠢ ᠵᠢ ᠨᠢᠭᠡᠳ ᠨᠢᠭᠡ ᠪᠡᠷ ᠡᠮᠬᠢᠯᠡᠨ᠂ ᠰᠢᠢᠳᠪᠦᠷᠢᠯᠡᠬᠦ ᠠᠷᠭ᠎ᠠ ᠬᠡᠮᠵᠢᠶ᠎ᠡ ᠪᠠ ᠰᠢᠢᠳᠪᠦᠷᠢᠯᠡᠬᠦ ᠳᠠᠷᠠᠭᠠᠯᠠᠯ ᠢ᠋ ᠨᠠᠷᠢᠯᠢᠭ᠍ᠵᠢᠭᠤᠯᠵᠤ᠂ ᠴᠡᠭᠴᠡᠯᠡᠨ ᠵᠠᠰᠠᠬᠤ ᠴᠠᠭ ᠤ᠋ᠨ ᠬᠢᠵᠠᠭᠠᠷ ᠢ᠋ ᠲᠣᠳᠣᠷᠬᠠᠢᠯᠠᠨ᠂ ᠬᠠᠷᠢᠶ᠎ᠠ ᠤᠷᠤᠨ ᠤ᠋ ᠭᠣᠣᠯ ᠴᠣᠭᠴᠠ ᠵᠢᠨ ᠬᠠᠷᠢᠭᠤᠴᠠᠯᠭ᠎ᠠ ᠪᠠ ᠠᠵᠢᠯ ᠲᠥᠷᠥᠯ ᠤ᠋ᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠳᠤᠳᠤᠷᠬᠠᠢᠯᠠᠵᠠᠢ᠃ ᠲᠣᠰ ᠤᠳᠠᠭᠠᠨ ᠤ᠋ ᠪᠠᠢᠴᠠᠭᠠᠨ ᠰᠤᠳᠤᠯᠤᠯᠲᠠ ᠳ᠋ᠤ ᠡᠬᠢ ᠡᠭᠦᠰᠦᠯ ᠡᠴᠡ ᠨᠢ ᠵᠠᠰᠠᠬᠤ ᠵᠢ ᠪᠠᠷᠢᠮᠲᠠᠯᠠᠨ᠂ ᠦᠨᠳᠦᠰᠦᠨ ᠱᠠᠲᠤᠨ ᠤ᠋ ᠡᠯ᠎ᠡ ᠲᠥᠷᠥᠯ ᠤ᠋ᠨ ᠵᠥᠷᠢᠴᠡᠯ ᠵᠠᠭᠤᠷᠠᠯᠳᠤᠭᠠᠨ ᠢ᠋ ᠲᠤᠬᠠᠢ ᠵᠢᠨ ᠭᠠᠵᠠᠷ ᠲᠤᠨᠢ ᠰᠢᠢᠳᠪᠦᠷᠢᠯᠡᠵᠦ᠂ ᠠᠰᠠᠭᠤᠳᠠᠯ ᠢ᠋ ᠦᠨᠡᠨ ᠬᠦ᠌ ᠦᠨᠳᠦᠰᠦᠨ ᠱᠠᠲᠤᠨ ᠳ᠋ᠤ ᠰᠢᠢᠳᠪᠦᠷᠢᠯᠡᠨ᠂ ᠴᠤᠬᠤᠶ᠋ᠢᠵᠤ ᠪᠠᠢᠭ᠎ᠠ ᠦᠶ᠎ᠡ ᠳ᠋ᠤᠨᠢ ᠰᠢᠢᠳᠪᠦᠷᠢᠯᠡᠵᠦ ᠪᠠᠢᠨ᠎ᠠ᠃ ᠬᠢᠶ᠎ᠠ ᠪᠠᠭ᠍ᠰᠢ ᠲᠣᠭᠣᠷᠢᠭ᠋ ᠡᠭᠦᠳᠡ ᠪᠡᠨ ᠨᠡᠭᠡᠭᠡᠵᠦ ᠰᠣᠷᠪᠤᠯᠵᠢᠯᠠᠯ ᠢ᠋ ᠬᠦᠯᠢᠶᠡᠨ ᠠᠪᠬᠤ᠂ ᠳᠣᠷᠣᠭ᠍ᠰᠢ ᠪᠠᠭᠤᠵᠤ ᠪᠠᠢᠴᠠᠭᠠᠨ ᠰᠤᠳᠤᠯᠬᠤ ᠪᠤᠳᠠᠳᠤ ᠠᠷᠭ᠎ᠠ ᠬᠡᠮᠵᠢᠶ᠎ᠡ ᠪᠡᠷ ᠠᠷᠠᠳ ᠲᠦᠮᠡᠨ ᠶ᠋ᠢᠡᠷ ᠭᠣᠣᠯ ᠪᠣᠯᠭᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠦᠢᠯᠡᠳᠦᠯᠭᠡᠵᠢᠭᠦᠯᠦᠨ᠂ ᠯᠠᠪᠳᠠᠭᠤᠨ ᠪᠠᠲᠤᠲᠠᠢ ᠦᠨᠳᠦᠰᠦᠨ ᠱᠠᠲᠤᠨ ᠤ᠋ ᠵᠠᠰᠠᠯᠲᠠ ᠵᠢᠨ ᠦᠷ᠎ᠡ ᠪᠦᠲᠦᠮᠵᠢ ᠪᠡᠷ ᠤᠯᠠᠨ ᠲᠦᠮᠡᠨ ᠤ᠋ ᠬᠦᠷᠲᠡᠮᠵᠢ ᠵᠢᠨ ᠲᠥᠷᠥᠭᠳᠡᠯ ᠢ᠋ ᠳᠡᠭᠡᠭᠰᠢᠯᠡᠭᠦᠯᠦᠭᠰᠡᠨ ᠪᠠᠢᠨ᠎ᠠ᠃