ᠦᠪᠦᠷ ᠮᠤᠩᠭᠤᠯ᠎ᠤᠨ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ᠎ᠤ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠦᠪᠡᠳᠡᠭᠰᠢ ᠶᠡᠬᠡ᠎ᠪᠡᠷ ᠡᠬᠢᠯᠡᠪᠡ
2026-07-03 09:12:18
ᠵᠣᠬᠢᠶᠠᠭ᠍ᠴᠢ᠄
ᠼᠠᠢ ᠳ᠋ᠦᠩ ᠮᠧᠶ ᠸ·ᠬᠡᠷᠡᠯᠳᠦ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 1᠎ᠦ ᠥᠷᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ᠎ᠶᠢᠨ ᠲᠠᠮᠢᠷ᠎ᠤᠨ ᠴᠤᠭᠯᠠᠭᠠᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠯᠣᠳᠤᠭᠠᠷ ᠬᠤᠭᠤᠴᠠᠭᠠᠨ᠎ᠤ ᠵᠡᠮᠳᠡᠭᠴᠦᠳ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ ᠵᠢᠴᠢ ᠣᠨᠴᠠᠭᠠᠢ ᠣᠯᠢᠮᠫᠢᠺ᠎ᠤᠨ ᠪᠡᠶ᠎ᠡ ᠵᠢᠨ ᠲᠠᠮᠢᠷ᠎ᠤᠨ ᠴᠤᠭᠯᠠᠭᠠᠨ ᠎ᠤ ᠭᠠᠯ ᠎ᠤᠨ ᠤᠴᠢ ᠴᠤᠭᠯᠠᠭᠤᠯᠬᠤ ᠵᠢᠴᠢ ᠭᠠᠯ ᠪᠠᠮᠪᠠᠷ ᠳᠠᠮᠵᠢᠭᠤᠯᠬᠤ ᠶᠣᠰᠣᠯᠠᠯ ᠪᠤᠭᠤᠲᠤ᠎ᠶᠢᠨ ᠰᠠᠢᠬᠠᠨᠲᠠᠯ᠎ᠠ᠎ᠳᠤ ᠡᠬᠢᠯᠡᠪᠡ᠃ ᠦᠳᠡ᠎ᠶᠢᠨ ᠡᠮᠦᠨᠡᠬᠢ 8 ᠴᠠᠭ 50 ᠮᠢᠨᠦ᠋ᠲ᠎ᠲᠦ᠂ 《ᠪᠢ ᠲᠠᠯ᠎ᠠ ᠨᠤᠲᠤᠭ᠎ᠠᠴᠠ ᠢᠷᠡᠯ᠎ᠡ》 ᠭᠡᠬᠦ ᠢᠷᠠᠭᠤ ᠰᠠᠢᠬᠠᠨ ᠤᠶᠠᠩᠭᠠᠲᠤ ᠳᠠᠭᠤᠤ  ᠪᠠ 《ᠮᠣᠷᠢᠨ ᠨᠢᠷᠤᠭᠤᠨ ᠳᠡᠭᠡᠷᠡᠬᠢ ᠨᠠᠢᠷᠠᠯ ᠬᠥᠭᠵᠢᠮ》ᠬᠡᠮᠡᠬᠦ ᠰᠡᠳᠬᠢᠯ ᠬᠥᠳᠡᠯᠭᠡᠮ᠎ᠡ ᠪᠥᠵᠢᠭ᠎ᠤᠨ ᠳᠤᠭᠯᠠᠯᠳᠠ ᠤᠶᠠᠯᠳᠤᠨ ᠨᠠᠢᠷᠠᠵᠤ᠂ ᠲᠥᠪ ᠬᠢᠴᠢᠶᠡᠩᠭᠦᠢ ᠪᠦᠭᠡᠳ ᠬᠦᠷ ᠬᠥᠭᠵᠢᠶᠡᠨ᠎ᠲᠠᠢ ᠠᠭᠤᠷ ᠠᠮᠢᠰᠬᠤᠯ᠎ᠤᠨ ᠳᠤᠮᠳᠠ ᠶᠣᠰᠣᠯᠠᠯ᠎ᠤᠨ ᠬᠥᠰᠢᠭᠡ᠎ᠶᠢ ᠰᠡᠭᠦᠭᠰᠡᠨ ᠪᠠᠢᠨ᠎ᠠ᠃


QQ20260703-091345.png


9 ᠴᠠᠭ᠎ᠤᠨ ᠦᠶ᠎ᠡ᠎ᠪᠡᠷ᠂ ᠪᠦᠬᠦ ᠲᠠᠯᠠᠪᠠᠢ᠎ᠪᠠᠷ᠎ᠢᠶᠠᠨ ᠬᠢᠴᠢᠶᠡᠩᠭᠦᠢᠯᠡᠨ ᠵᠣᠭᠰᠣᠵᠤ᠂ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶᠢᠨ ᠠᠶᠠᠰ ᠬᠠᠩᠭᠢᠨᠠᠪᠠ᠃ ᠳᠠᠶᠠᠭᠠᠷ ᠤᠯᠠᠨ᠎ᠤ ᠬᠦᠰᠡᠵᠦ ᠬᠦᠯᠢᠶᠡᠭᠰᠡᠨ ᠰᠡᠳᠬᠢᠯ ᠎ᠢ ᠳᠠᠭᠠᠵᠤ᠂ ᠠᠷᠢᠭᠤᠨ ᠭᠠᠯ᠎ᠤᠨ ᠤᠴᠢ ᠴᠤᠭᠯᠠᠭᠤᠯᠬᠤ ᠬᠥᠩᠬᠥᠷ ᠲᠣᠯᠢ᠎ᠵᠢ ᠠᠯᠭᠤᠷᠬᠠᠨ᠎ᠢᠶᠠᠷ ᠨᠡᠷᠡᠨ ᠵᠦᠭ ᠬᠠᠨᠳᠤᠭᠤᠯᠪᠠ ︱ ᠲᠦᠳᠡᠬᠡᠨ ᠵᠠᠭᠤᠷ᠎ᠠ᠂ ᠨᠢᠭᠡᠨ ᠵᠤᠷᠪᠤᠰ ᠭᠠᠯ᠎ᠤᠨ ᠤᠴᠢ ᠳᠡᠭᠡᠭᠰᠢ ᠬᠥᠭᠡᠷᠴᠦ᠂ ᠠᠷᠢᠭᠤᠨ ᠭᠠᠯ᠎ᠢ ᠲᠠᠯ᠎ᠠ ᠨᠤᠲᠤᠭ᠎ᠡᠴᠠ ᠠᠮᠵᠢᠯᠲᠠ᠎ᠲᠠᠢ ᠴᠤᠭᠯᠠᠭᠤᠯᠤᠨ᠂ ᠠᠩᠬᠠᠨ᠎ᠤ ᠭᠠᠯ ᠪᠠᠮᠪᠠᠷ᠎ᠢ ᠠᠰᠠᠭᠠᠵᠤ᠂ ᠪᠦᠬᠦ ᠲᠠᠯᠠᠪᠠᠢ᠎ᠳᠤ ᠨᠢᠵᠢᠭᠢᠨᠡᠭᠰᠡᠨ ᠠᠯᠠᠭ᠎ᠠ ᠲᠠᠰᠢᠯᠲᠠ ᠴᠤᠤᠷᠢᠶᠠᠳᠤᠪᠠ᠃ ᠠᠩᠬᠠᠨ᠎ᠤ ᠭᠠᠯ ᠪᠠᠮᠪᠠᠷᠴᠢᠨ ︱ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠶᠢᠨ ᠬᠠᠨ ᠮᠧᠶ ᠦᠵᠡᠭᠦᠯᠭᠡ᠎ᠶᠢᠨ ᠲᠠᠢᠰᠠᠨ᠎ᠠᠴᠠ ᠡᠬᠢᠯᠡᠨ ᠭᠦᠶᠦᠵᠦ᠂ ᠪᠡᠶ᠎ᠡ ᠴᠢᠭᠢᠷᠠᠭᠵᠢᠭᠤᠯᠬᠤ ᠵᠠᠮ᠎ᠢᠶᠠᠷ ᠣᠪᠣᠭᠠᠨ ᠲᠠᠯᠠᠪᠠᠶ ᠵᠦᠭ ᠤᠷᠤᠭᠰᠢᠯᠠᠵᠤ᠂ ᠭᠠᠯ ᠪᠠᠮᠪᠠᠷ᠎ᠤᠨ ᠳᠠᠮᠵᠢᠭᠤᠯᠭ᠎ᠠ ᠵᠢᠩᠬᠢᠨᠢ᠎ᠪᠡᠷ ᠡᠬᠢᠯᠡᠪᠡ᠃

ᠲᠦᠷᠦᠭᠦᠦ ᠥᠷᠲᠡᠭᠡᠨ᠎ᠳᠦ ᠨᠡᠢ᠍ᠢᠳᠡ 16 ᠭᠠᠯ ᠪᠠᠮᠪᠠᠷᠴᠢᠨ ᠲᠣᠬᠢᠷᠠᠭᠤᠯᠵᠤ᠂ ᠭᠠᠯ ᠪᠠᠮᠪᠠᠷᠴᠢᠳ ᠢᠳᠡᠷᠡᠭᠦᠨ ᠠᠯᠬᠤᠭ᠎ᠠ᠎ᠪᠠᠷ ᠤᠷᠤᠭᠰᠢᠯᠠᠵᠤ ᠵᠠᠮ ᠳᠠᠭᠠᠤ᠎ᠶᠢᠨ ᠦᠵᠡᠭᠴᠢᠳ ᠪᠠᠶᠠᠷᠯᠠᠯᠳᠤᠨ ᠤᠤᠬᠠᠢᠯᠠᠯᠳᠤᠨ᠎ᠠ᠃ ᠦᠳᠡ᠎ᠶᠢᠨ ᠡᠮᠦᠨᠡᠬᠢ 10 ᠴᠠᠭ᠎ᠤᠨ ᠦᠶ᠎ᠡ᠎ᠪᠡᠷ᠂ ᠡᠴᠤᠰ᠎ᠤᠨ ᠭᠠᠯ ᠪᠠᠮᠪᠠᠷᠴᠢᠨ ᠠᠷᠢᠭᠤᠨ ᠭᠠᠯ᠎ᠤᠨ ᠬᠣᠪᠣᠩ᠎ᠢ ᠠᠰᠠᠭᠠᠭᠰᠠᠨ᠎ᠳᠤ᠂ ᠭᠠᠯ ᠪᠠᠮᠪᠠᠷ᠎ᠤᠨ ᠬᠠᠮᠠᠭᠠᠯᠠᠯᠲᠠ᠎ᠶᠢᠨ ᠠᠩᠭᠢ᠎ᠶᠢᠨ ᠬᠢᠨ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠳᠠᠮᠢᠷ᠎ᠤᠨ ᠴᠤᠭᠯᠠᠭᠠᠨ᠎ᠤ ᠠᠷᠢᠭᠤᠨ ᠭᠠᠯ᠎ᠢ ᠭᠠᠯ᠎ᠤᠨ ᠤᠴᠢ ᠵᠢᠨ ᠳ᠋ᠧᠩ᠎ᠳᠦ ᠣᠷᠣᠭᠤᠯᠵᠤ᠂ ᠠᠷᠢᠭᠤᠨ ᠭᠠᠯ ᠴᠤᠭᠯᠠᠭᠤᠯᠬᠤ ᠵᠢᠴᠢ ᠲᠦᠷᠦᠭᠦᠦ ᠦᠷᠲᠡᠭᠡ᠎ᠶᠢᠨ ᠭᠠᠯ ᠪᠠᠮᠪᠠᠷ ᠳᠠᠮᠵᠢᠭᠤᠯᠬᠤ ᠠᠵᠢᠯ ᠲᠡᠭᠦᠰ ᠠᠮᠵᠢᠯᠲᠠ᠎ᠲᠠᠢ ᠲᠡᠭᠦᠰᠪᠡ᠃

ᠲᠣᠰ ᠬᠤᠭᠤᠴᠠᠭᠠᠨ᠎ᠤ ᠭᠠᠯ ᠪᠠᠮᠪᠠᠷ ᠨᠢ 《ᠭᠠᠯ ᠪᠠᠮᠪᠠᠷ ᠢ᠋ ᠳᠠᠭᠠᠵᠤ  ᠵᠢᠭᠤᠯᠴᠢᠯᠠᠬᠤ》ᠪᠡᠷ ᠭᠣᠣᠯ ᠰᠡᠳᠦᠪ ᠪᠣᠯᠭᠠᠵᠤ᠂ ᠭᠠᠯ ᠪᠠᠮᠪᠠᠷ᠎ᠤᠨ ᠲᠣᠰ ᠪᠡᠶ᠎ᠡ ᠨᠢ ᠴᠦ᠍ ᠣᠯᠠᠨ᠎ᠤ ᠠᠩᠬᠠᠷᠤᠯ ᠢ᠋ ᠲᠠᠲᠠᠵᠤ ᠪᠠᠢᠯ᠎ᠠ᠃ ᠲᠤᠰ ᠭᠠᠯ ᠪᠠᠮᠪᠠᠷ᠎ᠢ ᠲᠤᠰᠬᠠᠢ ᠮᠡᠷᠭᠡᠵᠢᠯ᠎ᠦᠨ ᠪᠦᠯᠬᠦᠮ᠎ᠤᠨ ᠬᠢᠨ ᠲᠥᠰᠥᠪᠯᠡᠨ ᠦᠢᠯᠡᠳᠴᠦ᠂ ᠬᠢᠭᠰᠡᠨ ᠮᠠᠲᠧᠷᠢᠶᠠᠯ᠎ᠤᠨ ᠬᠢᠨᠢ ᠳᠣᠲᠣᠷ᠎ᠠ ᠰᠢᠨ᠎ᠡ᠎ᠶᠢ ᠡᠭᠦᠳᠦᠨ ᠬᠣᠪᠣᠷ ᠰᠢᠷᠣᠢ᠎ᠶᠢᠨ ᠮᠠᠲᠧᠷᠢᠶᠠᠯ᠎ᠢ ᠨᠡᠮᠡᠵᠡᠢ᠃ ᠡᠨᠡ ᠨᠢ ᠪᠤᠭᠤᠲᠤ᠎ᠶᠢᠨ ᠬᠣᠪᠣᠷ ᠰᠢᠷᠣᠢ᠎ᠶᠢᠨ ᠬᠤᠳᠠ ᠪᠣᠯᠤᠭᠰᠠᠨ ᠠᠵᠤ ᠦᠢᠯᠡᠰ᠎ᠦᠨ ᠣᠨᠴᠠᠯᠢᠭ᠋᠎ᠢ ᠢᠯᠡᠷᠡᠭᠦᠯᠦᠭᠰᠡᠨ᠎ᠢᠶᠡᠷ ᠪᠠᠷᠠᠬᠤ ᠦᠭᠡᠢ᠂ ᠨᠡᠩ ᠴᠤ᠌ ᠭᠠᠯ ᠪᠠᠮᠪᠠᠷ᠎ᠤᠨ ᠥᠨᠳᠥᠷ ᠳᠤᠯᠠᠭᠠᠨ᠎ᠢ ᠳᠠᠭᠠᠭᠠᠬᠤ᠂ ᠢᠳᠡᠭᠳᠡᠬᠦᠯᠬᠦ ᠵᠢ ᠡᠰᠡᠷᠭᠦᠴᠡᠬᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠵᠦ᠂ ᠲᠤᠰ ᠡᠳᠦᠷ᠎ᠦᠨ ᠭᠠᠯ ᠪᠠᠮᠪᠠᠷ᠎ᠤᠨ ᠳᠠᠮᠵᠢᠭᠤᠯᠭ᠎ᠠ᠎ᠵᠢᠨ ᠶᠠᠪᠤᠴᠠ ᠳ᠋ᠤ ᠲᠣᠭᠲᠠᠭᠤᠨ ᠨᠠᠢᠳᠠᠪᠤᠷᠢᠲᠠᠢ ᠪᠠᠢᠬᠤ᠎ᠶᠢ ᠢᠯᠡᠷᠡᠭᠦᠯᠵᠡᠢ᠃

ᠲᠤᠰ ᠬᠤᠭᠤᠴᠠᠭᠠᠨ ᠎ᠤ ᠭᠠᠯ ᠪᠠᠮᠪᠠᠷ ᠳᠠᠮᠵᠢᠭᠤᠯᠬᠤ᠎ᠳᠤ ᠨᠡᠢ᠍ᠢᠳᠡ 165 ᠭᠠᠯ ᠪᠠᠮᠪᠠᠷᠴᠢᠨ ᠲᠣᠬᠢᠷᠠᠭᠤᠯᠵᠤ᠂ ᠰᠢᠯᠢᠳᠡᠭ ᠲᠠᠮᠢᠷᠴᠢᠨ᠎ᠤ ᠲᠥᠯᠥᠭᠡᠯᠡᠭᠴᠢ᠂ ᠵᠡᠮᠳᠡᠭᠴᠦᠳ᠎ᠦᠨ ᠲᠥᠯᠥᠭᠡᠯᠡᠭᠴᠢ᠂ ᠬᠥᠳᠡᠯᠮᠦᠷᠢ᠎ᠶᠢᠨ ᠵᠢᠱ᠌ᠢᠶᠡᠴᠢ ᠪᠠ ᠶᠣᠰᠣ᠌ ᠰᠤᠷᠲᠠᠬᠤᠨ᠎ᠤ ᠵᠢᠱ᠌ᠢᠶᠡᠴᠢ᠎ᠶᠢᠨ ᠲᠥᠯᠥᠭᠡᠯᠡᠭᠴᠢ᠂ ᠠᠵᠤ ᠠᠬᠤᠢᠯᠠᠯᠲᠠᠨ᠎ᠤ ᠲᠥᠯᠥᠭᠡᠯᠡᠭᠴᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠦᠭᠰᠡᠨ ᠴᠢᠳᠠᠪᠤᠷᠢᠲᠠᠨ᠎ᠤ ᠲᠥᠯᠥᠭᠡᠯᠡᠭᠴᠢ ᠵᠡᠷᠭᠡ ᠲᠦᠷᠦᠯ ᠢᠯᠭᠠᠯ᠎ᠢ ᠬᠠᠮᠤᠷᠴᠠᠢ᠃ ᠠᠩᠬᠠᠨ᠎ᠤ ᠥᠷᠲᠡᠭᠡᠨ᠎ᠳᠤ ᠭᠠᠯ ᠪᠠᠮᠪᠠᠷ᠎ᠢ ᠠᠮᠵᠢᠯᠲᠠ ᠲᠠᠢ ᠳᠠᠮᠵᠢᠭᠤᠯᠬᠤ ᠵᠢ ᠳᠠᠭᠠᠯᠳᠤᠨ᠂ ᠭᠠᠯ ᠪᠠᠮᠪᠠᠷ ᠢᠷᠡᠬᠦ ᠨᠢᠭᠡ ᠰᠠᠷ᠎ᠠ᠎ᠶᠢᠨ ᠳᠣᠲᠣᠷ᠎ᠠ ᠪᠤᠭᠤᠲᠤ ᠬᠤᠳᠠ᠎ᠶᠢᠨ ᠡᠯ᠎ᠡ ᠬᠣᠰᠢᠭᠤ ᠰᠢᠶᠠᠨ ᠲᠣᠭᠣᠷᠢᠭ᠋᠎ᠲᠤ ᠵᠠᠯᠭᠠᠪᠡᠷ ᠬᠦᠷᠴᠦ᠂ ᠲᠤᠰ ᠲᠤᠰ ᠪᠤᠭᠤᠲᠤ᠎ᠶᠢᠨ ᠪᠣᠯᠣᠳ ᠲᠡᠮᠦᠷ᠎ᠦᠨ ᠺᠣᠮᠫᠠᠨᠢ᠎ᠶᠢᠨ ᠠᠵᠤ ᠦᠢᠯᠡᠳᠪᠦᠷᠢ᠎ᠶᠢᠨ ᠵᠢᠭᠤᠯᠴᠢᠯᠠᠯ᠎ᠤᠨ ᠦᠵᠡᠮᠵᠢ᠎ᠶᠢᠨ ᠣᠷᠣᠨ᠂ ᠤᠮᠠᠷᠠᠲᠤ᠎ᠶᠢᠨ ᠴᠡᠷᠢᠭ᠎ᠦᠨ ᠵᠡᠪᠰᠡᠭ᠎ᠦᠨ ᠬᠤᠳᠠ᠂ ᠬᠠᠳᠤᠨ ᠭᠣᠣᠯ᠎ᠤᠨ ᠶᠡᠬᠡ ᠴᠤᠭᠯᠠᠭᠠᠨ᠂ ᠪᠠᠷᠠᠭᠤᠨ ᠪᠤᠭᠤᠮᠲᠠ ᠵᠢᠨ ᠠᠶᠠᠨ᠎ᠤ ᠰᠣᠶᠣᠯ᠎ᠤᠨ ᠵᠡᠭᠡᠯᠢ ᠲᠣᠭᠣᠷᠢᠭ᠋ ᠵᠡᠷᠭᠡ ᠲᠤᠬᠠᠢ᠎ᠶᠢᠨ ᠭᠠᠵᠠᠷ᠎ᠤᠨ 10 ᠲᠣᠮᠣ᠌ ᠰᠣᠶᠣᠯ ᠵᠢᠭᠤᠯᠴᠢᠯᠠᠯ᠎ᠤᠨ ᠭᠠᠵᠠᠷ ᠵᠦᠢ ᠵᠢᠨ ᠢᠯᠡᠷᠬᠡᠢᠯᠡᠯᠳᠤ ᠴᠡᠭ᠎ᠲᠦ ᠬᠦᠷᠴᠤ᠂ ᠡᠴᠦᠰ᠎ᠲᠡᠬᠡᠨ 8 ᠰᠠᠷ᠎ᠠ᠎ᠶᠢᠨ 8᠎ᠤ ᠡᠳᠦᠷ ᠪᠤᠭᠤᠲᠤ ᠬᠤᠳᠠ᠎ᠶᠢᠨ ᠣᠯᠢᠮᠫᠢᠺ᠎ᠤᠨ ᠲᠠᠮᠢᠷ᠎ᠤᠨ ᠲᠥᠪ᠎ᠦᠨ ᠪᠡᠶ᠎ᠡ᠎ᠶᠢᠨ ᠲᠠᠮᠢᠷ᠎ᠤᠨ ᠣᠷᠳᠣᠨ᠎ᠳᠤ ᠬᠦᠷᠴᠦ᠂ ᠡᠬᠢᠯᠡᠯᠲᠡ᠎ᠶᠢᠨ ᠶᠣᠰᠣᠯᠠᠯ᠎ᠤᠨ ᠲᠠᠯᠠᠪᠠᠢ᠎ᠳᠤ ᠬᠠᠮᠤᠭ᠎ᠤᠨ ᠰᠡᠭᠦᠯᠴᠢ᠎ᠶᠢᠨ ᠨᠢᠭᠡ ᠭᠠᠯ ᠪᠠᠮᠪᠠᠷ᠎ᠢ ᠳᠠᠮᠵᠢᠭᠤᠯᠬᠤ ᠵᠢᠴᠢ ᠭᠠᠯ ᠪᠠᠮᠪᠠᠷ᠎ᠤᠨ ᠰᠤᠪᠤᠷᠭ᠎ᠠ ᠵᠢ ᠠᠰᠠᠭᠠᠬᠤ ᠪᠤᠯᠦᠨ᠎ᠡ᠃

ᠠᠷᠢᠭᠤᠨ ᠭᠠᠯ ᠨᠢᠭᠡᠨᠲᠡ ᠲᠠᠯ᠎ᠠ ᠨᠤᠲᠤᠭ᠎ᠠᠴᠠ ᠮᠣᠷᠳᠠᠵᠤ᠂ ᠪᠤᠭᠤᠲᠤ ᠬᠤᠳᠠ ᠶᠠᠭ ᠣᠷᠭᠢᠯᠤᠮ᠎ᠠ ᠬᠠᠯᠠᠭᠤᠨ ᠰᠡᠳᠬᠢᠯᠭᠡ᠎ᠪᠡᠷ ᠦᠪᠤᠷ ᠮᠤᠩᠭᠤᠯ᠎ᠤᠨ ᠠᠷᠪᠠᠨ ᠵᠢᠷᠭᠤᠳᠤᠭᠠᠷ ᠬᠤᠭᠤᠴᠠᠭᠠᠨ᠎ᠤ ᠪᠡᠶ᠎ᠡ ᠵᠢᠨ ᠲᠠᠮᠢᠷ᠎ᠤᠨ ᠴᠤᠭᠯᠠᠭᠠᠨ᠎ᠢ ᠤᠭᠲᠤᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号